■ ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠦᠨᠳᠦᠰᠦᠲᠡᠨ᠎ᠦ ᠪᠣᠳᠠᠲᠤ ᠪᠠᠢᠳᠠᠯ᠎ᠢ ᠦᠨᠳᠦᠰᠦᠯᠡᠨ᠂ ᠡᠷᠬᠡ ᠲᠡᠭ᠌ᠰᠢ ᠲᠥᠪ ᠭᠣᠣᠯᠴᠢ ᠪᠠᠢᠬᠤ᠎ᠪᠠᠷ ᠵᠠᠷᠴᠢᠮ ᠪᠣᠯᠭᠠᠵᠤ᠂ ᠣᠷᠣᠨ ᠪᠦᠰᠡᠵᠢᠬᠦ᠌ ᠪᠠ ᠨᠠᠷᠢᠯᠢᠭ ᠤᠨᠤᠴᠠᠳᠤ ᠴᠢᠨᠠᠷ᠎ᠢ ᠲᠤᠪᠤᠢ᠌ᠯᠭᠠᠨ᠂ ᠣᠨᠴᠠᠭᠠᠢ ᠭᠠᠵᠠᠷ ᠣᠷᠣᠨ᠂ ᠣᠨᠴᠠᠭᠠᠢ ᠠᠰᠠᠭᠤᠳᠠᠯ᠂ ᠣᠨᠴᠠᠭᠠᠢ ᠵᠦᠢᠯᠡᠰ᠎ᠲᠦ ᠨᠡᠩ ᠢᠯᠡᠭᠦᠦ ᠴᠢᠭ᠌ᠯᠡᠭᠦᠯᠦᠨ ᠣᠷᠣᠨ ᠪᠦᠰᠡ᠎ᠪᠡᠷ ᠳᠡᠮᠵᠢᠬᠦ᠌ ᠵᠥᠷᠢᠶᠡᠲᠦ ᠲᠦᠷᠦ᠍᠎ᠶ᠋ᠢᠨ ᠪᠤᠳᠤᠯᠭ᠎ᠠ᠎ᠶ᠋ᠢ ᠲᠣᠭ᠍ᠲᠠᠭᠠᠨ ᠬᠡᠷᠡᠭ᠌ᠵᠢᠭᠦᠯᠬᠦ᠌ ᠬᠡᠷᠡᠭ᠌ᠲᠡᠢ᠃
■ ᠦᠨᠳᠦᠰᠦᠨ ᠱᠠᠲᠤᠨ᠎ᠤ ᠦᠨᠳᠦᠰᠦᠲᠡᠨ᠎ᠦ ᠠᠵᠢᠯ᠎ᠤᠨ ᠪᠠᠢᠭᠤᠯᠤᠮᠵᠢ᠎ᠶ᠋ᠢᠨ ᠪᠠᠢᠭᠤᠯᠤᠯᠲᠠ ᠪᠠ ᠦᠨᠳᠦᠰᠦᠲᠡᠨ᠎ᠦ ᠠᠵᠢᠯ᠎ᠤᠨ ᠬᠦᠴᠦᠨ᠎ᠢ ᠴᠢᠩᠭᠠᠳᠭᠠᠵᠤ᠂ ᠦᠨᠳᠦᠰᠦᠨ ᠱᠠᠲᠤᠨ᠎ᠤ ᠦᠨᠳᠦᠰᠦᠲᠡᠨ᠎ᠦ ᠠᠵᠢᠯ᠎ᠤᠨ ᠪᠦᠲᠦᠮᠵᠢᠲᠡᠢ ᠶᠠᠪᠤᠭ᠍ᠳᠠᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃
■ ᠱᠢᠨ᠎ᠡ ᠴᠠᠭ ᠦᠶ᠎ᠡ᠎ᠶ᠋ᠢᠨ ᠰᠠᠢ᠌ᠨ ᠺᠠᠳ᠋ᠷ᠎ᠤᠨ ᠪᠠᠷᠢᠮᠵᠢᠶ᠎ᠠ᠎ᠶ᠋ᠢ ᠪᠠᠷᠢᠮᠲᠠᠯᠠᠵᠤ᠂ ᠨᠠᠮ᠎ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠡᠷᠡᠰ ᠬᠠᠮᠠᠭᠠᠯᠠᠵᠤ᠂ ᠵᠥᠪ ᠪᠤᠷᠤᠭᠤ᠎ᠶ᠋ᠢ ᠲᠣᠳᠣᠷᠬᠠᠢ ᠢᠯᠭᠠᠬᠤ ᠵᠣᠭ᠍ᠰᠣᠯᠲᠠ ᠲᠤᠳᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠤᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯᠯᠠᠭ᠎ᠠ ᠡᠷᠡᠰ ᠴᠢᠡᠭᠭ᠎ᠠ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠬᠠᠢᠷᠠᠯᠠᠬᠤ ᠬᠠᠢᠷ᠎ᠠ ᠰᠡᠳᠭᠢᠯᠭᠡ ᠴᠢᠩ ᠦᠨᠡᠨᠴᠢ ᠪᠠᠢ᠌ᠳᠠᠭ ᠦᠨᠳᠦᠰᠦᠲᠡᠨ᠎ᠦ ᠭᠠᠵᠠᠷ ᠣᠷᠣᠨ᠎ᠤ ᠺᠠᠳ᠋ᠷ᠎ᠤᠨ ᠡᠩᠨᠡᠭᠡ᠎ᠶ᠋ᠢ ᠴᠢᠷᠮᠠᠢᠨ ᠪᠠᠢᠭᠤᠯᠵᠤ᠂ ᠡᠯ᠎ᠡ ᠱᠠᠲᠤᠨ᠎ᠤ ᠤᠳᠤᠷᠢᠳᠭᠤ ᠡᠷᠬᠡ᠎ᠶ᠋ᠢ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠬᠦᠷᠭᠡᠯᠡᠯ ᠲᠠᠢ ᠺᠠᠳ᠋ᠷ᠎ᠤᠨ ᠭᠠᠷ᠎ᠲᠤ ᠡᠵᠡᠮᠳᠡᠬᠦᠯᠬᠦ᠌ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃
■ ᠨᠥᠬᠥᠴᠡᠯ ᠬᠠᠲᠠᠭᠤᠵᠢᠯᠲᠠᠢ ᠭᠠᠵᠠᠷ ᠣᠷᠣᠨ᠎ᠳᠤ ᠠᠵᠢᠯᠯᠠᠵᠤ ᠪᠠᠢᠭ᠎ᠠ ᠡᠮᠦᠨ᠎ᠡ ᠹᠷᠣᠨᠲ᠎ᠤᠨ ᠺᠠᠳ᠋ᠷ᠎ᠢ ᠨᠡᠩ ᠴᠢᠬᠤᠯᠠᠴᠢᠯᠠᠵᠤ ᠂ ᠬᠠᠯᠠᠮᠵᠢᠯᠠᠵᠤ ᠂ ᠬᠠᠢᠷᠠᠯᠠᠵᠤ᠂ ᠨᠡᠩ ᠤᠯᠠᠨ ᠱᠢᠯᠢᠳᠡᠭ ᠴᠢᠳᠠᠪᠤᠷᠢᠲᠠᠨ᠎ᠢ ᠲᠠᠲᠠᠬᠤ ᠬᠡᠷᠡᠭ᠌ᠲᠡᠢ᠃
■ ᠴᠥᠭᠡᠨ ᠲᠣᠭᠠᠲᠤ ᠦᠨᠳᠦᠰᠦᠲᠡᠨ᠎ᠦ ᠺᠠᠳ᠋ᠷ᠎ᠢ ᠬᠥᠮᠦᠵᠢᠭᠦᠯᠬᠦ᠌ ᠪᠠ ᠰᠠᠢᠲᠤᠷ ᠬᠡᠷᠡᠭ᠌ᠯᠡᠬᠦ᠌᠎ᠶ᠋ᠢ ᠴᠢᠬᠤᠯᠠᠴᠢᠯᠠᠵᠤ᠂ ᠤᠯᠤᠰ ᠲᠦᠷᠦ᠍᠎ᠶ᠋ᠢᠨ ᠲᠠᠯ᠎ᠠ᠎ᠪᠠᠷ ᠪᠠᠲᠤ ᠴᠢᠩᠭ᠎ᠠ ᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠳᠡᠭ ᠴᠥᠭᠡᠨ ᠲᠣᠭᠠᠲᠤ ᠦᠨᠳᠦᠰᠦᠲᠡᠨ᠎ᠦ ᠱᠢᠯᠢᠳᠡᠭ ᠺᠠᠳ᠋ᠷ᠎ᠢ ᠭᠦᠢᠴᠡᠳ ᠢᠲᠡᠭᠡᠵᠦ᠍᠂ ᠬᠦᠨᠳᠦ ᠡᠭᠦᠷᠭᠡ ᠡᠭᠦᠷᠭᠡᠯᠡᠭᠦᠯᠬᠦ᠌ ᠬᠡᠷᠡᠭ᠌ᠲᠡᠢ᠃
■ ᠦᠨᠳᠦᠰᠦᠲᠡᠨ᠎ᠦ ᠭᠠᠵᠠᠷ ᠣᠷᠣᠨ᠎ᠤ ᠦᠨᠳᠦᠰᠦᠨ ᠱᠠᠲᠤᠨ᠎ᠤ ᠵᠠᠰᠠᠭ᠎ᠤᠨ ᠡᠷᠬᠡ᠎ᠵᠢᠨ ᠪᠠᠢᠭᠤᠯᠤᠯᠲᠠ᠎ᠶ᠋ᠢ ᠴᠢᠩᠭᠠᠳᠭᠠᠵᠤ ᠂ ᠦᠨᠳᠦᠰᠦᠨ ᠱᠠᠲᠤᠨ᠎ᠤ ᠰᠠᠭᠤᠷᠢ᠎ᠶ᠋ᠢ ᠪᠡᠬᠢᠵᠢᠭᠦᠯᠦᠨ᠂ ᠨᠠᠮ᠎ᠤᠨ ᠦᠨᠳᠦᠰᠦᠲᠡᠨ᠎ᠦ ᠤᠨᠤᠯ ᠪᠠ ᠦᠨᠳᠦᠰᠦᠲᠡᠨ᠎ᠦ ᠲᠦᠷᠦ᠍᠎ᠶ᠋ᠢᠨ ᠪᠤᠳᠤᠯᠭ᠎ᠠ᠎ᠶ᠋ᠢ ᠦᠨᠳᠦᠰᠦᠨ ᠱᠠᠲᠤᠨ᠎ᠳᠤ ᠬᠦᠷᠲᠡᠯ᠎ᠡ ᠣᠢᠯᠠᠭᠠᠬᠤ ᠬᠥᠮᠦᠨ᠎ᠲᠡᠶ ᠂ ᠦᠨᠳᠦᠰᠦᠲᠡᠨ᠎ᠦ ᠠᠵᠢᠯ᠎ᠢ ᠦᠨᠳᠦᠰᠦᠨ ᠱᠠᠲᠤᠨ᠎ᠳᠤ ᠠᠳᠭᠤᠬᠤ ᠬᠥᠮᠦᠨ᠎ᠲᠡᠶ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ ᠃
— ᠶᠠᠷᠦᠡᠭᠬᠡᠢ ᠱᠦᠵᠢ ᠰᠢ ᠵᠢᠨ ᠫᠢᠡᠭ᠎ᠤᠨ ᠲᠦᠪ᠎ᠤᠨ ᠦᠨᠲᠤᠰᠤᠲᠠᠨ᠎ᠤ ᠠᠵᠢᠯ᠎ᠤᠨ ᠬᠤᠷᠠᠯ ᠲᠠᠬᠡᠷᠠᠬᠢ ᠴᠢᠬᠤᠯᠠ ᠶᠠᠷᠢᠶ᠎ᠠ ᠡᠴᠠ ᠬᠡᠰᠡᠭᠯᠡᠪᠠ