ᠪᠠᠢᠭᠤᠯᠭ᠎ᠠ᠎ᠶᠢᠨ ᠨᠠᠮ᠎ᠤᠨ ᠪᠠᠢᠭᠤᠯᠤᠯᠲᠠ ᠪᠣᠯᠣᠨ ᠨᠠᠮ᠎ᠤᠨ ᠭᠡᠰᠢᠭᠦᠨ᠎ᠦ ᠰᠠᠢᠨ ᠳᠤᠷ᠎ᠠ᠎ᠶᠢᠨ ᠦᠢᠯᠡᠴᠢᠯᠡᠭᠡ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠬᠥᠬᠡᠬᠣᠲᠠ᠎ᠶᠢᠨ ᠪᠦᠬᠦ ᠤᠯᠤᠰ᠎ᠤᠨ ᠪᠣᠯᠪᠠᠰᠤᠨ ᠬᠤᠳᠠ᠎ᠶᠢ ᠡᠭᠦᠳᠦᠨ ᠪᠠᠶ᠋ᠢᠭᠤᠯᠬᠤ᠎ᠳᠤ ᠬᠦᠴᠦᠨ ᠨᠡᠮᠡᠷᠢᠯᠡᠬᠦ᠎ᠶᠢᠨ ᠲᠥᠯᠥᠭᠡ᠂ ᠣᠢᠷ᠎ᠠ᠎ᠳᠤ᠂《ᠪᠠᠢᠭᠤᠯᠭᠠᠨᠢᠬᠡᠴᠢ ᠲᠦᠮᠡᠨ ᠨᠠᠮ᠎ᠤᠨ ᠭᠡᠰᠢᠭᠦᠨ ᠨᠡᠢᠭᠡᠮ ᠲᠣᠭᠣᠷᠢᠭ᠋᠎ᠲᠤ ᠬᠦᠷᠴᠦ᠂ ᠪᠣᠯᠪᠠᠰᠤᠨ ᠬᠤᠳᠠ᠎ᠶᠢ ᠡᠭᠦᠳᠦᠨ ᠪᠠᠶ᠋ᠢᠭᠤᠯᠬᠤ᠎ᠳᠤ ᠬᠦᠴᠦᠨ ᠨᠡᠮᠡᠷᠢᠯᠡᠬᠦ》 ᠠᠵᠢᠯᠯᠠᠭ᠎ᠠ ᠢ᠋ᠢᠨ ᠡᠬᠢᠯᠡᠯᠲᠡ᠎ᠶᠢᠨ ᠶᠣᠰᠣᠯᠠᠯ ᠶᠠᠪᠤᠭᠳᠠᠪᠠ᠃
ᠣᠳᠣᠬᠠᠨ᠎ᠳᠤ᠂ ᠬᠥᠬᠡᠬᠣᠲᠠ᠎ᠶᠢᠨ ᠪᠣᠯᠪᠠᠰᠤᠨ ᠬᠣᠲᠠ᠎ᠶᠢ ᠡᠭᠦᠳᠦᠨ ᠪᠠᠶ᠋ᠢᠭᠤᠯᠬᠤ ᠠᠵᠢᠯ ᠨᠢᠭᠡᠨᠲᠡ ᠪᠤᠭᠤᠮᠲᠠ ᠰᠢᠪᠲᠤᠯᠬᠤ ᠱᠠᠲᠤᠨ᠎ᠳᠤ ᠣᠷᠣᠵᠤ᠂ ᠪᠠᠢᠭᠤᠯᠭ᠎ᠠ᠎ᠶᠢᠨ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ᠂ ᠰᠠᠢᠨ ᠳᠤᠷᠠᠴᠤᠤᠯ ᠬᠣᠲᠠ᠎ᠶᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠤᠷᠢᠶᠠᠯᠠᠭ᠎ᠠ᠎ᠶᠢ ᠰᠠᠨᠠᠭᠠᠴᠢᠯᠠᠭ᠎ᠠ ᠠ᠋ᠴᠠ᠎ᠪᠠᠨ ᠳᠠᠭᠠᠵᠤ᠂ ᠪᠣᠯᠪᠠᠰᠤᠨ ᠬᠣᠲᠠ᠎ᠶᠢ ᠡᠭᠦᠳᠦᠨ ᠪᠠᠶ᠋ᠢᠭᠤᠯᠬᠤ ᠠᠵᠢᠯ᠎ᠤᠨ ᠬᠠᠮᠤᠭ᠎ᠤᠨ ᠡᠮᠦᠨ᠎ᠡ ᠡᠩᠨᠡᠭᠡᠨ᠎ᠳᠦ ᠢᠳᠡᠪᠬᠢᠲᠡᠢ ᠣᠷᠣᠯᠴᠠᠵᠤ ᠪᠠᠢᠨ᠎ᠠ᠃ ᠥᠪᠡᠷᠲᠡᠭᠡᠨ ᠵᠠᠰᠠᠬᠤ ᠣᠷᠣᠨ᠂ ᠬᠥᠬᠡᠬᠣᠲᠠ ᠪᠣᠯᠣᠨ ᠬᠣᠲᠠ᠎ᠶᠢᠨ ᠳᠥᠷᠪᠡᠨ ᠲᠣᠭᠣᠷᠢᠭ᠋᠎ᠤᠨ ᠭᠤᠷᠪᠠᠨ ᠱᠠᠲᠤᠨ᠎ᠤ ᠪᠠᠢᠭᠤᠯᠭ᠎ᠠ ᠡᠴᠡ ᠪᠠᠢᠭᠤᠯᠭ᠎ᠠ᠎ᠶᠢᠨ ᠲᠦᠮᠡᠨ ᠨᠠᠮ᠎ᠤᠨ ᠭᠡᠰᠢᠭᠦᠨ ᠲᠠᠭᠠᠭᠠᠴᠢᠯᠠᠨ ᠬᠠᠷᠢᠯᠴᠠᠵᠦ ᠪᠠᠢᠭ᠎ᠠ ᠨᠡᠢᠭᠡᠮ ᠲᠣᠭᠣᠷᠢᠭ᠋᠎ᠲᠤ ᠬᠦᠷᠴᠦ ᠪᠥᠬᠥ ᠤᠯᠤᠰ᠎ᠤᠨ ᠪᠣᠯᠪᠠᠰᠤᠨ ᠬᠣᠲᠠ᠎ᠶᠢ ᠡᠭᠦᠳᠦᠨ ᠪᠠᠶ᠋ᠢᠭᠤᠯᠬᠤ ᠠᠵᠢᠯ᠎ᠢ ᠡᠬᠢᠯᠡᠭᠦᠯᠪᠡ᠃ ᠲᠤᠰ ᠤᠳᠠᠭ᠎ᠠ᠎ᠶᠢᠨ ᠠᠵᠢᠯᠯᠠᠭ᠎ᠠ᠎ᠪᠠᠷ ᠳᠠᠮᠵᠢᠭᠤᠯᠵᠤ᠂ ᠪᠠᠢᠭᠤᠯᠭ᠎ᠠ᠎ᠶᠢᠨ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ᠎ᠢ ᠬᠥᠲᠥᠯᠥᠨ ᠵᠢᠯᠤᠭᠣᠳᠴᠤ ᠪᠠᠢᠭᠠᠳ ᠪᠣᠯᠪᠠᠰᠤᠨ ᠬᠤᠳᠠ᠎ᠶᠢ ᠡᠭᠦᠳᠦᠨ ᠪᠠᠶ᠋ᠢᠭᠤᠯᠬᠤ ᠠᠵᠢᠯ᠎ᠳᠤ ᠰᠠᠨᠠᠭᠠᠴᠢᠯᠠᠭ᠎ᠠ ᠡᠴᠡ᠎ᠪᠠᠨ ᠣᠷᠣᠯᠴᠠᠭᠤᠯᠵᠤ᠂ 《ᠲᠥᠪ ᠬᠤᠳᠠ ᠪᠤᠯ ᠮᠠᠨ ᠤ᠋ ᠬᠡᠷ ᠤᠷᠤᠨ᠂ ᠡᠭᠦᠳᠦᠨ ᠪᠠᠶ᠋ᠢᠭᠤᠯᠬᠤ᠎ᠳᠤ ᠲᠠ ᠪᠢᠲᠠ᠎ᠨᠢ ᠲᠦᠰᠢᠭᠯᠡᠨ᠎ᠡ》 ᠵᠢᠴᠢ ᠨᠠᠮ᠎ᠤᠨ ᠭᠡᠰᠢᠭᠦᠨ᠎ᠦ 《ᠬᠣᠣᠰ ᠨᠡᠷ᠎ᠡ ᠮᠡᠳᠡᠭᠦᠯᠦᠯᠲᠡ》 ᠢ᠋ᠢᠨ ᠲᠠᠭᠠᠭᠠᠴᠢᠯᠠᠨ ᠬᠠᠷᠢᠯᠴᠠᠵᠦ ᠪᠠᠢᠭ᠎ᠠ ᠨᠡᠢᠭᠡᠮ ᠲᠣᠭᠣᠷᠢᠭ᠂ ᠰᠠᠭᠤᠭᠠᠯᠢ ᠠᠷᠠᠳ ᠤ᠋ᠨ ᠲᠣᠭᠣᠷᠢᠭ᠋᠎ᠤᠨ ᠪᠣᠯᠪᠠᠰᠤᠨ ᠬᠤᠳᠠ᠎ᠶᠢ ᠡᠭᠦᠳᠦᠨ ᠪᠠᠶ᠋ᠢᠭᠤᠯᠬᠤ ᠵᠡᠷᠭᠡ ᠡᠯ᠎ᠡ ᠵᠦᠢᠯ᠎ᠦᠨ ᠰᠠᠢᠨ ᠳᠤᠷ᠎ᠠ᠎ᠶᠢᠨ ᠦᠢᠯᠡᠴᠢᠯᠡᠭᠡᠨ᠎ᠦ ᠠᠵᠢᠯᠯᠠᠭ᠎ᠠ᠎ᠶᠢ ᠪᠠᠢᠩᠭᠤᠵᠢᠭᠤᠯᠤᠨ ᠥᠷᠨᠢᠭᠦᠯᠵᠦ᠂ ᠪᠦᠬᠦ ᠤᠯᠤᠰ᠎ᠤᠨ ᠪᠣᠯᠪᠠᠰᠤᠨ ᠬᠤᠳᠠ᠎ᠶᠢ ᠴᠢᠷᠮᠠᠢᠨ ᠪᠠᠶ᠋ᠢᠭᠤᠯᠬᠤ ᠡᠯ᠎ᠡ ᠵᠦᠢᠯ᠎ᠦᠨ ᠠᠵᠢᠯ᠎ᠢ ᠪᠦᠬᠦ ᠬᠦᠴᠦᠨ᠎ᠢᠶᠡᠷ᠎ᠢᠶᠡᠨ ᠰᠠᠢᠲᠤᠷ ᠬᠢᠬᠦ ᠪᠤᠯᠤᠨ᠎ᠠ᠃
ᠲᠤᠬᠠᠢ᠎ᠶᠢᠨ ᠡᠳᠦᠷ᠂ ᠥᠪᠡᠷᠲᠡᠭᠡᠨ ᠵᠠᠰᠠᠬᠤ ᠣᠷᠣᠨ᠂ ᠬᠥᠬᠡᠬᠣᠲᠠ᠎ᠶᠢᠨ ᠬᠠᠮᠢᠶ᠎ᠠ ᠪᠦᠬᠦᠢ ᠤᠳᠤᠷᠢᠳᠤᠯᠭ᠎ᠠ ᠪᠣᠯᠣᠨ ᠰᠢᠭᠤᠳ ᠬᠠᠷᠢᠶ᠎ᠠ ᠪᠠᠢᠭᠤᠯᠭ᠎ᠠ᠎ᠶᠢᠨ ᠨᠠᠮ᠎ᠤᠨ ᠭᠡᠰᠢᠭᠦᠨ᠎ᠦ ᠲᠥᠯᠥᠭᠡᠯᠡᠭᠴᠢ᠎ᠶᠢᠨ ᠪᠠᠢᠭ᠎ᠠ ᠭᠣᠣᠯ ᠬᠤᠷᠠᠯ᠎ᠤᠨ ᠲᠠᠯᠠᠪᠠᠶ ᠵᠢᠴᠢ ᠬᠣᠲᠠ᠎ᠶᠢᠨ ᠳᠥᠷᠪᠡᠨ ᠲᠣᠭᠣᠷᠢᠭ᠋᠎ᠤᠨ ᠬᠤᠪᠢᠶᠠᠷᠢ ᠬᠤᠷᠠᠯ᠎ᠤᠨ ᠲᠠᠯᠠᠪᠠᠶ᠎ᠶᠢᠨ ᠪᠠᠢᠭᠤᠯᠭ᠎ᠠ᠎ᠶᠢᠨ ᠲᠥᠯᠥᠭᠡᠯᠡᠭᠴᠢ ᠵᠡᠷᠭᠡ 1000 ᠭᠠᠷᠤᠢ ᠬᠥᠮᠥᠨ ᠠᠵᠢᠯᠯᠠᠭ᠎ᠠ᠎ᠳᠤ ᠣᠷᠣᠯᠴᠠᠵᠠᠢ᠃ ᠡᠬᠢᠯᠡᠯᠲᠡ᠎ᠶᠢᠨ ᠶᠣᠰᠣᠯᠠᠯ᠎ᠤᠨ ᠲᠤᠬᠠᠢ᠎ᠶᠢᠨ ᠲᠠᠯᠠᠪᠠᠢ᠎ᠳᠤ ᠦᠨᠳᠦᠰᠦᠲᠡᠨ᠎ᠦ ᠪᠦᠯᠬᠦᠮᠳᠡᠯ᠎ᠦᠨ ᠲᠦᠷᠦ᠎ᠶᠢᠨ ᠪᠣᠳᠣᠯᠭ᠎ᠠ᠂ ᠪᠤᠯᠪᠠᠰᠤᠨ ᠬᠤᠳᠠ ᠵᠢ ᠡᠭᠦᠲᠦᠨ ᠪᠠᠶ᠋ᠢᠭᠤᠯᠬᠤ ᠮᠡᠳᠡᠯᠭᠡ᠂ ᠨᠠᠰᠤᠨ᠎ᠳᠤ ᠦᠯᠦ ᠬᠦᠷᠦᠭᠰᠡᠳ᠎ᠢ ᠬᠠᠮᠠᠭᠠᠯᠠᠬᠤ᠂ ᠢᠳᠡᠭᠡᠨ᠎ᠦ ᠠᠮᠤᠷ ᠲᠦᠪᠰᠢᠨ ᠵᠡᠷᠭᠡ ᠪᠤᠯᠪᠠᠰᠤᠨ ᠬᠤᠳᠠ ᠵᠢ ᠡᠭᠦᠲᠦᠨ ᠪᠠᠶ᠋ᠢᠭᠤᠯᠬᠤ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠵᠡᠢ᠃