ᠦᠨᠳᠦᠰᠦᠲᠡᠨ᠎ᠦ ᠪᠦᠯᠬᠦᠮᠳᠡᠯ ᠪᠣᠯ ᠬᠥᠭ᠌ᠵᠢᠯᠳᠡ ᠶ᠋ᠢᠨ ᠰᠠᠭᠤᠷᠢ
2022-07-15 10:13:35
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

ᠦᠨᠳᠦᠰᠦᠲᠡᠨ ᠪᠦᠬᠦᠨ ᠡᠷᠬᠡ ᠲᠡᠭ᠌ᠰᠢ ᠪᠠᠢᠬᠤ᠎ᠶ᠋ᠢ ᠪᠠᠷᠢᠮᠲᠠᠯᠠᠵᠤ᠂ ᠬᠠᠤᠯᠢᠵᠢᠯ ᠵᠢᠡᠷ ᠦᠨᠳᠦᠰᠦᠲᠡᠨ᠎ᠦ ᠪᠦᠯᠬᠦᠮᠳᠡᠯ᠎ᠢ ᠪᠠᠲᠤᠯᠠᠬᠤ ᠪᠣᠯ ᠮᠠᠨ᠎ᠤ ᠤᠯᠤᠰ ᠤᠷᠤᠨ᠎ᠤ ᠦᠨᠳᠦᠰᠦᠲᠡᠨ᠎ᠦ ᠠᠵᠢᠯ᠎ᠤᠨ ᠡᠷᠬᠢᠮ ᠨᠠᠨᠳᠢᠨ ᠲᠤᠷᠱᠢᠯᠭ᠎ᠠ ᠪᠣᠯᠬᠤ ᠶᠤᠮ᠃ ᠦᠨᠳᠦᠰᠦᠲᠡᠨ᠎ᠦ ᠠᠵᠢᠯ᠎ᠤᠨ ᠬᠠᠤᠯᠢᠵᠢᠯ᠎ᠤᠨ ᠱᠢᠰᠲ᠋ᠧᠮ᠎ᠢ ᠲᠠᠰᠤᠷᠠᠯᠳᠠ ᠦᠭᠡᠢ ᠲᠡᠭᠦᠯᠳᠡᠷᠵᠢᠭᠦᠯᠦᠨ᠂ ᠦᠨᠳᠦᠰᠦᠲᠡᠨ᠎ᠦ ᠪᠦᠯᠬᠦᠮᠳᠡᠯ᠎ᠢ ᠬᠠᠤᠯᠢᠵᠢᠯ ᠵᠢᠡᠷ ᠪᠠᠲᠤᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠠᠤᠯᠢᠵᠢᠯ᠎ᠤᠨ ᠰᠠᠭᠤᠷᠢ᠎ᠶ᠋ᠢ ᠲᠠᠰᠤᠷᠠᠯᠳᠠ ᠦᠭᠡᠢ ᠪᠡᠬᠢᠵᠢᠭᠦᠯᠬᠦ᠌ ᠪᠤᠯ ᠮᠠᠰᠢ ᠴᠢᠬᠤᠯᠠ ᠶᠤᠮ᠃

ᠮᠠᠨ᠎ᠤ ᠤᠯᠤᠰ ᠪᠣᠯ ᠤᠯᠠᠨ ᠦᠨᠳᠦᠰᠦᠲᠡᠨ᠎ᠲᠡᠶ ᠨᠢᠭᠡᠳᠦᠭ᠌ᠰᠡᠨ ᠤᠯᠤᠰ ᠮᠥᠨ᠂ ᠦᠨᠳᠦᠰᠦᠲᠡᠨ᠎ᠨᠦᠭᠦᠳ ᠪᠦᠯᠬᠦᠮᠳᠡᠯ᠎ᠲᠡᠶ ᠡᠶ᠎ᠡ ᠵᠣᠬᠢᠴᠠᠩᠭᠤᠢ ᠪᠠᠢᠪᠠᠯ ᠰᠠᠶᠢ ᠤᠯᠤᠰ ᠬᠦᠷᠦᠨ ᠬᠦᠴᠦᠷᠭᠡᠭᠵᠢᠨ ᠮᠠᠨᠳᠤᠵᠤ᠂ ᠨᠡᠢᠭᠡᠮ ᠠᠮᠤᠷ ᠲᠣᠭ᠍ᠲᠠᠭᠤᠨ ᠪᠠᠢᠵᠤ᠂ ᠠᠷᠠᠳ ᠲᠦᠮᠡᠨ ᠵᠣᠯ ᠵᠢᠷᠭᠠᠯ᠎ᠲᠠᠶ ᠪᠠᠢᠵᠤ ᠴᠢᠳᠠᠨ᠎ᠠ᠃ 《ᠦᠨᠳᠦᠰᠦᠲᠡᠨ᠎ᠦ ᠪᠦᠯᠬᠦᠮᠳᠡᠯ ᠪᠣᠯ ᠮᠠᠨ᠎ᠤ ᠤᠯᠤᠰ᠎ᠤᠨ ᠦᠨᠳᠦᠰᠦᠲᠡᠨ ᠨᠤᠭᠦᠳ᠎ᠦᠨ ᠠᠷᠠᠳ ᠲᠦᠮᠡᠨ᠎ᠦ ᠠᠮᠢᠨ ᠰᠤᠳᠠᠰᠤ ᠮᠥᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠪᠣᠯ ᠦᠨᠳᠦᠰᠦᠲᠡᠨ᠎ᠦ ᠪᠦᠯᠬᠦᠮᠳᠡᠯ᠎ᠦᠨ ᠦᠨᠳᠦᠰᠦ ᠮᠥᠨ᠃》 ᠡᠨᠡ ᠪᠣᠯ ᠲᠡᠦᠬᠡ᠎ᠶ᠋ᠢᠨ ᠲᠤᠷᠱᠢᠯᠭ᠎ᠠ ᠰᠤᠷᠭᠠᠮᠵᠢ᠎ᠶ᠋ᠢ ᠭᠦᠨᠵᠡᠭᠡᠢ ᠬᠤᠷᠢᠶᠠᠩᠭᠤᠢᠯᠠᠭᠰᠠᠨ ᠴᠢᠬᠤᠯᠠ ᠳ᠋ᠦᠩᠨᠡᠯᠲᠡ ᠪᠤᠯᠤᠨ᠎ᠠ᠂ ᠪᠠᠰᠠ ᠴᠤ᠌ ᠳᠤᠮᠳᠠᠳᠤ᠎ᠶ᠋ᠢᠨ ᠦᠨᠳᠦᠰᠦᠲᠡᠨ᠎ᠦ ᠶᠡᠬᠡ ᠪᠦᠯᠬᠦᠮᠳᠡᠯ᠎ᠢ ᠬᠠᠮᠠᠭᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠳᠤᠮᠳᠠᠳᠤ ᠵᠢᠨ ᠵᠡᠭᠦᠳᠦ᠍᠎ᠶ᠋ᠢ ᠪᠡᠶᠡᠯᠡᠭᠦᠯᠬᠦ᠌ ᠵᠢᠨ ᠪᠤᠰᠤᠳᠴᠢ ᠱᠠᠭᠠᠷᠳᠠᠯᠭ᠎ᠠ ᠪᠤᠯᠤᠨ᠎ᠠ ᠃

ᠶᠡᠷᠦᠩᠬᠡᠢ ᠱᠦᠵᠢ ᠰᠢ ᠵᠢᠨ ᠫᠢᠩ ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠬᠥᠬᠢᠭᠦᠯᠦᠨ ᠰᠠᠢᠱᠢᠶᠠᠬᠤ ᠶᠡᠬᠡ ᠬᠤᠷᠠᠯ ᠳᠡᠭᠡᠷ᠎ᠡ 《ᠬᠠᠤᠯᠢ ᠴᠠᠭᠠᠵᠠ᠎ᠶ᠋ᠢᠨ ᠡᠮᠦᠨ᠎ᠡ ᠦᠨᠳᠦᠰᠦᠲᠡᠨ ᠪᠦᠬᠦᠨ ᠡᠷᠬᠡ ᠲᠡᠭ᠌ᠰᠢ ᠪᠠᠢᠬᠤ᠎ᠶ᠋ᠢ ᠪᠠᠷᠢᠮᠲᠠᠯᠠᠵᠤ᠂ ᠬᠠᠤᠯᠢ ᠴᠠᠭᠠᠵᠠ᠎ᠪᠠᠷ ᠦᠨᠳᠦᠰᠦᠲᠡᠨ᠎ᠦ ᠪᠦᠯᠬᠦᠮᠳᠡᠯ᠎ᠢ ᠪᠠᠲᠤᠯᠠᠬᠤ》 ᠵᠢ ᠱᠢᠨ᠎ᠡ ᠳᠤᠮᠳᠠᠳᠤ ᠤᠯᠤᠰ᠎ᠤᠨ ᠦᠨᠳᠦᠰᠦᠲᠡᠨ᠎ᠦ ᠠᠵᠢᠯ᠎ᠤᠨ ᠶᠢᠰᠦᠨ ᠲᠤᠷᠱᠢᠯᠭ᠎ᠠ᠎ᠶ᠋ᠢᠨ ᠨᠢᠭᠡ ᠪᠤᠯᠭᠠᠨ ᠴᠢᠬᠤᠯᠠᠴᠢᠯᠠᠪᠠ᠃ ᠡᠨᠡ ᠬᠦ᠌ ᠴᠢᠬᠤᠯᠠ ᠨᠤᠲᠠᠯᠠᠯᠲᠠ ᠨᠢ ᠦᠨᠳᠦᠰᠦᠲᠡᠨ᠎ᠨᠦᠭᠦᠳ ᠡᠷᠬᠡ ᠲᠡᠭ᠌ᠰᠢ ᠪᠠᠢᠬᠤ ᠦᠨᠳᠦᠰᠦᠨ ᠵᠠᠷᠴᠢᠮ ᠪᠠ ᠪᠦᠬᠦ᠌ ᠲᠠᠯ᠎ᠠ᠎ᠪᠠᠷ ᠬᠠᠤᠯᠢ ᠶᠣᠰᠣᠭᠠᠷ ᠤᠯᠤᠰ᠎ᠢᠶᠠᠨ ᠵᠠᠰᠠᠬᠤ ᠡᠨᠡ ᠬᠦ᠌ ᠲᠦᠷᠦ᠍᠎ᠶ᠋ᠢ ᠵᠠᠰᠠᠵᠤ ᠵᠠᠰᠠᠭ᠎ᠢ ᠡᠷᠬᠢᠯᠡᠬᠦ᠌ ᠦᠨᠳᠦᠰᠦᠨ ᠠᠷᠭ᠎ᠠ ᠪᠤᠳᠤᠯᠭ᠎ᠠ᠎ᠶ᠋ᠢᠨ ᠲᠤᠬᠠᠢ ᠲᠠᠬᠢᠨ ᠲᠣᠳᠣᠷᠬᠠᠢᠯᠠᠯᠲᠠ ᠪᠣᠯᠬᠤ᠎ᠪᠠᠷ ᠪᠠᠷᠠᠬᠤ ᠦᠭᠡᠢ ᠪᠠᠰᠠ ᠴᠤ᠌ ᠮᠠᠨ᠎ᠤ ᠤᠯᠤᠰ᠎ᠤᠨ 70 ᠭᠠᠷᠤᠢ ᠵᠢᠯ᠎ᠦᠨ ᠲᠤᠷᠱᠢᠬᠢ ᠦᠨᠳᠦᠰᠦᠲᠡᠨ᠎ᠦ ᠬᠡᠷᠡᠭ ᠶᠠᠪᠤᠳᠠᠯ᠎ᠢ ᠬᠠᠤᠯᠢ ᠶᠣᠰᠣᠭᠠᠷ ᠵᠠᠰᠠᠭ᠍ᠰᠠᠨ ᠡᠯᠪᠡᠭ ᠪᠠᠶᠠᠯᠢᠭ ᠦᠷ᠎ᠡ ᠪᠦᠲᠦᠭᠡᠯ᠎ᠦᠨ ᠲᠤᠬᠠᠢ ᠨᠤᠲᠠᠯᠠᠯᠲᠠ ᠪᠠ ᠳ᠋ᠦᠩᠨᠡᠯᠲᠡ ᠪᠠᠢᠵᠤ᠂ ᠦᠨᠳᠦᠰᠦᠲᠡᠨ᠎ᠦ ᠪᠦᠯᠬᠦᠮᠳᠡᠯ᠎ᠢ ᠪᠠᠲᠤᠯᠠᠬᠤ᠎ᠳᠤ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠲᠣᠳᠣᠷᠬᠠᠢ ᠵᠢᠭᠠᠵᠤ ᠥᠭ᠌ᠭᠦᠭ᠌ᠰᠡᠨ ᠪᠠᠢᠨ᠎ᠠ᠃

ᠣᠢᠷ᠎ᠠ᠎ᠶ᠋ᠢᠨ ᠵᠢᠯ᠎ᠡᠴᠡ ᠨᠠᠭᠠᠰᠢ᠂ ᠦᠪᠡᠷᠳᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠦᠨᠳᠦᠰᠦᠲᠡᠨ᠎ᠦ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠰᠦᠪᠡᠭ᠌ᠴᠢᠯᠡᠵᠦ᠍᠂ ᠬᠠᠤᠯᠢᠵᠢᠯ᠎ᠤᠨ ᠰᠡᠳᠭᠢᠬᠦᠶ ᠪᠠ ᠬᠠᠤᠯᠢᠵᠢᠯ᠎ᠤᠨ ᠠᠷᠭ᠎ᠠ ᠬᠡᠯᠪᠡᠷᠢ᠎ᠪᠡᠷ ᠬᠠᠮᠢᠶ᠎ᠠ ᠪᠥᠬᠥᠶ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢ ᠪᠠᠷᠢᠮᠲᠠᠯᠠᠵᠤ᠂ ᠦᠨᠳᠦᠰᠦᠲᠡᠨ᠎ᠦ ᠠᠵᠢᠯ᠎ᠳᠤ ᠬᠣᠯᠪᠣᠭ᠍ᠳᠠᠬᠤ ᠬᠦᠷᠢᠶᠡᠨ᠎ᠳᠡᠬᠢ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠬᠡᠷᠡᠭ᠌ᠵᠢᠭᠦᠯᠦᠭ᠌ᠰᠡᠨ ᠪᠠᠢᠳᠠᠯ᠎ᠤᠨ ᠪᠠᠢᠴᠠᠭᠠᠯᠲᠠ᠎ᠶ᠋ᠢ ᠴᠠᠭ ᠲᠤᠬᠠᠶ᠎ᠳᠤᠨᠢ ᠥᠷᠨᠢᠭᠦᠯᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ  ᠬᠠᠤᠯᠢ ᠶᠣᠰᠣᠨ᠎ᠤ ᠡᠷᠬᠡ ᠠᠱᠢᠭ᠎ᠢ ᠦᠨᠡᠨ ᠬᠦ᠌ ᠬᠠᠮᠠᠭᠠᠯᠠᠵᠤ᠂ ᠦᠨᠳᠦᠰᠦᠲᠡᠨ ᠪᠦᠯᠬᠦᠮᠳᠡᠯ ᠲᠠᠢ᠂ ᠨᠡᠢᠭᠡᠮ ᠲᠣᠭ᠍ᠲᠠᠭᠤᠨ᠂ ᠬᠢᠯᠢ ᠬᠢᠵᠠᠭᠠᠷ ᠠᠮᠤᠷ ᠲᠣᠭ᠍ᠲᠠᠭᠤᠨ ᠰᠠᠢᠨ ᠰᠠᠢᠬᠠᠨ ᠪᠠᠢᠳᠠᠯ᠎ᠢ ᠲᠠᠰᠤᠷᠠᠯᠲᠠ ᠥᠬᠡᠶ ᠪᠡᠬᠢᠵᠢᠭᠦᠯᠦᠨ ᠬᠥᠭ᠌ᠵᠢᠭᠦᠯᠪᠡ᠃ ᠦᠨᠳᠦᠰᠦᠲᠡᠨ᠎ᠦ ᠪᠦᠯᠬᠦᠮᠳᠡᠯ ᠪᠣᠯ ᠡᠴᠦᠰ᠎ᠦᠨ ᠡᠴᠦᠰ᠎ᠲᠡᠬᠡᠨ ᠬᠥᠮᠦᠨ ᠬᠥᠮᠦᠨ᠎ᠦ ᠬᠤᠭᠤᠷᠤᠨᠳᠤᠬᠢ ᠪᠦᠯᠬᠦᠮᠳᠡᠯ ᠮᠥᠨ᠂ ᠨᠡᠢᠭᠡᠮ ᠳᠠᠶᠠᠭᠠᠷ᠎ᠢᠶᠠᠨ ᠬᠠᠤᠯᠢᠵᠢᠯ᠎ᠤᠨ ᠰᠡᠳᠬᠢᠬᠦᠢ ᠵᠢ ᠪᠠᠷᠢᠮᠳᠠᠯᠠᠵᠤ᠂ ᠬᠠᠤᠯᠢᠵᠢᠯ᠎ᠤᠨ ᠦᠵᠡᠯ ᠤᠬᠠᠮᠰᠠᠷ ᠵᠢᠡᠨ ᠲᠡᠭᠡᠭᠰᠢᠯᠡᠬᠦᠯᠵᠦ᠂ ᠡᠬᠦᠨ᠎ᠤ ᠤᠯᠠᠮ ᠵᠢᠡᠷ ᠦᠨᠳᠦᠰᠦᠳᠡᠨ ᠨᠤᠬᠦᠳ᠎ᠤᠨ ᠬᠠᠷᠢᠯᠴᠠᠭ᠎ᠠ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠭ᠎ᠠ ᠵᠢᠨ ᠰᠠᠢᠨ ᠰᠠᠢᠬᠠᠨ ᠤᠷᠴᠢᠨ ᠲᠤᠭᠤᠷᠢᠨ᠎ᠢ ᠪᠦᠷᠢᠯᠳᠦᠬᠦᠯᠬᠦ ᠨᠢ ᠦᠨᠳᠦᠰᠦᠳᠡᠨ ᠨᠤᠬᠦᠳ᠎ᠤᠨ ᠬᠦᠴᠦᠨ ᠴᠢᠳᠠᠯ ᠎ᠢ ᠨᠢᠭ᠍ᠲᠠᠷᠠᠭᠤᠯᠵᠤ ᠂ ᠬᠠᠢᠷ᠎ᠠ ᠰᠡᠳᠭᠢᠯᠭᠡ ᠵᠢ ᠵᠤᠵᠠᠭᠠᠳᠬᠠᠨ᠂ ᠰᠠᠢᠨ ᠰᠠᠢᠬᠠᠨ ᠭᠡᠷ ᠤᠷᠤᠨ᠎ᠶ᠋ᠢᠡᠨ ᠬᠠᠮᠳᠤ ᠪᠡᠷ ᠪᠦᠲᠦᠭᠡᠨ ᠪᠠᠢᠭᠤᠯᠬᠤ ᠵᠢ ᠠᠬᠢᠭᠤᠯᠬᠤ ᠨᠢ ᠯᠠᠪᠲᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠹᠦ᠋ ᠭᠸᠨ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号