ᠤᠯᠠᠭᠠᠨᠴᠠᠪ ᠬᠣᠲᠠ᠎ᠶ᠋ᠢᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠢᠩᠬᠢᠮ᠎ᠦᠨ ᠠᠰᠠᠷ ᠤᠢᠷᠠᠳᠬᠤ ᠳ᠋ᠤ᠂ 《ᠬᠡᠷᠡᠭᠴᠡᠭᠡ ᠱᠠᠭᠠᠷᠳᠠᠯᠭ᠎ᠠ ᠪᠠᠢᠪᠠᠯ ᠪᠢ ᠲᠠᠨ ᠳ᠋ᠤ ᠬᠠᠪᠰᠤᠷᠤᠶ᠎ᠠ》 ᠭᠡᠬᠦ ᠤᠯᠠᠭᠠᠨᠴᠠᠪ ᠬᠣᠲᠠ᠎ᠶ᠋ᠢᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠢᠩᠬᠢᠮ᠎ᠦᠨ ᠡᠭᠦᠳᠡᠨ ᠳᠡᠭᠡᠷᠡᠬᠢ ᠪᠢᠴᠢᠭᠡᠰᠤ ᠤᠨᠴᠠ ᠢᠯᠡ ᠬᠠᠷᠠᠭᠳᠠᠵᠤ᠂ ᠲᠤᠰ ᠬᠣᠲᠠ ᠬᠠᠪᠰᠤᠷᠤᠨ ᠬᠦᠢᠴᠡᠳᠬᠡᠬᠦ ᠣᠷᠣᠯᠠᠨ ᠭᠦᠶ᠋ᠴᠡᠳᠭᠡᠬᠦ᠌ ᠠᠵᠢᠯ᠎ᠤᠨ ᠱᠢᠨ᠎ᠡ᠎ᠶ᠋ᠢ ᠡᠭᠦᠳᠦᠨ᠂ ᠬᠣᠲᠠ ᠱᠢᠶᠠᠨ ᠱᠢᠶᠠᠩ ᠲᠣᠰᠭᠣᠨ ᠳᠥᠷᠪᠡᠨ ᠱᠠᠲᠤᠨ᠎ᠤ ᠬᠠᠪᠰᠤᠷᠤᠨ ᠬᠦᠢᠴᠡᠳᠬᠡᠬᠦ ᠣᠷᠣᠯᠠᠨ ᠭᠦᠶ᠋ᠴᠡᠳᠭᠡᠬᠦ᠌ ᠠᠵᠢᠯ ᠢ᠋ ᠭᠦᠨᠵᠡᠭᠡᠢᠷᠡᠬᠦᠯᠦᠨ ᠪᠤᠳᠠᠳᠠᠢᠵᠢᠭᠤᠯᠵᠤ᠂《ᠱᠢᠨ᠎ᠡ ᠰᠣᠷᠣᠭ᠍ᠴᠢ᠎ᠶ᠋ᠢᠨ ᠰᠤᠷᠭᠠᠭᠤᠯᠢ᠎ᠳᠤ ᠣᠷᠣᠬᠤ ᠶᠠᠪᠤᠳᠠᠯ》᠂ 《ᠡᠷᠡᠭᠦᠯ ᠮᠡᠨᠳᠦ᠍᠎ᠶ᠋ᠢᠨ ᠦᠨᠡᠮᠯᠡᠯ᠎ᠦᠨ ᠶᠠᠪᠤᠳᠠᠯ 》᠂ 《ᠵᠡᠮᠳᠡᠭ᠌ᠴᠦᠳ᠎ᠦᠨ ᠦᠨᠡᠮᠯᠡᠯ ᠠᠪᠬᠤ ᠶᠠᠪᠤᠳᠠᠯ》᠂ 《ᠲᠦᠷᠢᠶᠡᠰᠦᠨ ᠮᠠᠱᠢᠨ᠎ᠤ ᠠᠵᠢᠯ ᠡᠷᠭᠢᠯᠡᠬᠦ᠌ ᠬᠢᠷᠢ ᠬᠡᠮ᠎ᠦᠨ ᠦᠨᠡᠮᠯᠡᠯ ᠰᠣᠯᠢᠬᠤ ᠶᠠᠪᠤᠳᠠᠯ 》 ᠵᠡᠷᠭᠡ ᠳᠥᠷᠪᠡᠨ ᠥᠨᠳᠥᠷ ᠳᠠᠪᠲᠠᠮᠵᠢᠲᠤ ᠬᠡᠷᠡᠭ ᠶᠠᠪᠤᠳᠠᠯ ᠢ᠋ ᠴᠥᠮ 《ᠠᠯᠠᠭᠠᠨ ᠳᠡᠭᠡᠷ᠎ᠡ ᠭᠦᠶ᠋ᠴᠡᠳᠭᠡᠬᠦ᠌》 ᠵᠢ ᠪᠡᠶᠡᠯᠡᠭᠦᠯᠦᠨ᠂︽ᠢᠨᠲᠸᠷ ᠰᠦᠯᠵᠢᠶ᠎ᠠ + ᠵᠠᠰᠠᠭ ᠤ᠋ᠨ ᠶᠠᠪᠤᠳᠠᠯ ᠤ᠋ᠨ ᠤᠢᠯᠠᠴᠢᠯᠡᠭᠡ》ᠵᠢᠨ ᠬᠡᠯᠪᠡᠷᠢ ᠪᠡᠷ ᠵᠠᠰᠠᠭ ᠤ᠋ᠨ ᠶᠠᠪᠤᠳᠠᠯ ᠤ᠋ᠨ ᠤᠢᠯᠡᠴᠢᠯᠡᠭᠡ ᠵᠢ ᠰᠢᠯᠢᠳᠡᠭᠵᠢᠭᠦᠯᠵᠤ᠂ ᠤᠯᠨᠨ ᠲᠦᠮᠡᠨ ᠤ᠋ ᠵᠣᠯ ᠵᠢᠷᠭᠠᠯᠲᠤ᠌ ᠲᠦᠷᠦᠭᠳᠡᠯ ᠢ᠋ ᠨᠡᠮᠡᠭᠳᠡᠭᠦᠯᠵᠤ ᠪᠤᠢ᠃
ᠲᠤᠭ᠎ᠠ ᠪᠠᠷᠢᠮᠳᠠ ᠵᠢ ᠢᠯᠡᠬᠦᠤ 《ᠬᠦᠶᠦᠯᠭᠡᠵᠤ》 ᠤᠯᠠᠨ ᠲᠦᠮᠡᠨ ᠢ᠋ ᠲᠤᠳᠠᠭᠤ ︽ᠬᠦᠶᠦᠯᠬᠡᠬᠦ》 ᠪᠤᠯᠭᠠᠪᠠ᠃ ᠵᠢᠨᠢᠩ ᠲᠣᠭᠣᠷᠢᠭ᠎ᠤᠨ ᠸᠠᠩ ᠴᠤᠸᠠᠨ ᠯᠦᠩ᠎ᠤᠨ ᠬᠡᠦᠬᠡᠳ ᠡᠨᠡ ᠵᠢᠯ ᠬᠡᠦᠬᠡᠳ᠎ᠦᠨ ᠴᠡᠴᠡᠷᠯᠢᠭ᠎ᠡᠴᠡ ᠪᠠᠭ᠎ᠠ ᠰᠤᠷᠭᠠᠭᠤᠯᠢ᠎ᠳᠤ ᠳᠡᠪᠱᠢᠬᠦ᠌ ᠪᠣᠯᠤᠨ᠎ᠠ᠃ 7 ᠰᠠᠷ᠎ᠠ᠎ᠶ᠋ᠢᠨ 6᠎ᠤ ᠡᠳᠦᠷ ᠂ ᠸᠠᠩ ᠴᠤᠸᠠᠨ ᠯᠦᠩ ᠵᠢᠨᠢᠩ ᠲᠣᠭᠣᠷᠢᠭ᠎ᠤᠨ ᠰᠢᠨ᠎ᠠ ᠰᠤᠷᠤᠭᠴᠢ ᠵᠢᠨ ᠰᠦᠯᠵᠢᠶᠡᠨ᠎ᠦ ᠨᠡᠷ᠎ᠡ ᠮᠡᠳᠡᠭᠦᠯᠬᠦ᠌ ᠱᠢᠰᠲ᠋ᠧᠮ᠎ᠢᠶᠡᠷ ᠳᠡᠮᠵᠢᠨ᠂ 10 ᠮᠢᠨᠦ᠋ᠲ ᠪᠣᠯᠤᠭ᠍ᠰᠠᠨ ᠥᠬᠡᠶ᠎ᠪᠡᠷ ᠬᠡᠤᠬᠡᠳ ᠤ᠋ᠨ ᠵᠢᠠᠨ ᠨᠡᠷ᠎ᠡ ᠮᠡᠳᠡᠭᠦᠯᠬᠦ᠌ ᠭᠠᠷ ᠬᠦᠢᠴᠡᠳᠭᠡᠯ ᠢ᠋ ᠬᠢᠵᠤ ᠳᠠᠭᠤᠰᠭᠠᠵᠠᠶ᠃ ᠲᠡᠷᠡ᠄ 《ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ᠌ ᠨᠢ ᠮᠠᠰᠢ ᠲᠥᠬᠥᠮ᠂ ᠡᠯ᠎ᠡ ᠰᠠᠯᠠᠭ᠎ᠠ ᠮᠥᠴᠢᠷ᠎ᠲᠦ ᠣᠴᠢᠬᠤ ᠬᠡᠷᠡᠭ ᠥᠬᠡᠶ ᠪᠤᠯᠵᠤ ᠂ ᠪᠢᠳᠡᠨ ᠤ᠋ ᠴᠠᠭ ᠢ᠋ ᠠᠷᠪᠢᠯᠠᠵᠤ ᠰᠡᠳᠬᠢᠯ ᠰᠠᠨᠠᠭ᠎ᠠ ᠵᠢᠨ ᠲᠠᠯ᠎ᠠ ᠪᠡᠷ ᠬᠢ ᠲᠠᠷᠤᠭᠠᠰᠤ ᠵᠢ ᠴᠤ᠌ ᠬᠦᠡᠭᠭᠡᠷᠡᠬᠦᠯᠦᠭᠰᠡᠨ︾ᠬᠡᠵᠤ ᠶᠠᠷᠢᠨ᠎ᠠ᠃
2021 ᠣᠨ᠎ᠳᠤ᠂ ᠵᠢᠨᠢᠩ ᠲᠣᠭᠣᠷᠢᠭ᠎ᠤᠨ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠯ ᠪᠠ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠣᠪᠴᠢᠶ᠎ᠠ ᠲᠤᠰ ᠲᠣᠭᠣᠷᠢᠭ᠎ᠤᠨ ᠰᠤᠷᠭᠠᠨ ᠬᠥᠮᠦᠵᠢᠯ᠎ᠦᠨ ᠲᠣᠪᠴᠢᠶ᠎ᠠ᠂ ᠳᠣᠲᠣᠭᠠᠳᠤ᠎ᠶ᠋ᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠲᠤᠭᠳᠠᠮᠠᠯ ᠬᠥᠷᠥᠩᠭᠡ᠎ᠶ᠋ᠢ ᠳᠡᠩᠰᠡᠯᠡᠨ ᠲᠡᠮᠳᠡᠭ᠌ᠯᠡᠬᠦ᠌ ᠲᠥᠪ ᠵᠡᠷᠭᠡ ᠰᠠᠯᠠᠭ᠎ᠠ ᠮᠥᠴᠢᠷ ᠲᠠᠢ ᠬᠤᠯᠪᠤᠭᠠᠯᠠᠨ᠂ ᠨᠢᠭᠡ ᠵᠢᠯ᠎ᠦᠨ ᠬᠤᠭᠤᠴᠠᠭ᠎ᠠ ᠲᠠᠢ ᠲᠣᠭ᠎ᠠ ᠪᠠᠷᠢᠮᠲᠠ ᠵᠢᠨ ᠪᠠᠢᠳᠠᠯ᠎ᠢ ᠣᠢᠯᠠᠭᠠᠵᠤ ᠂ ᠪᠣᠳᠠᠲᠤ ᠭᠠᠵᠠᠷ᠎ᠲᠤᠨᠢ ᠬᠢᠨᠠᠨ ᠬᠠᠷᠭᠤᠭᠤᠯᠬᠤ᠎ᠪᠠᠷ ᠳᠡᠮᠵᠢᠨ ᠂ ᠪᠥᠬᠥ᠌ ᠣᠷᠣᠨ᠎ᠳᠤ ᠲᠦᠷᠦᠭᠦᠯᠡᠨ 《ᠱᠢᠨ᠎ᠡ ᠰᠣᠷᠣᠭ᠍ᠴᠢ ᠵᠢᠨ ᠰᠤᠷᠭᠠᠭᠤᠯᠢ᠎ᠳᠤ ᠣᠷᠣᠬᠤ ᠶᠠᠪᠤᠳᠠᠯ᠎ᠢ ᠠᠯᠠᠭᠠᠨ ᠳᠡᠭᠡᠷ᠎ᠡ ᠭᠦᠶ᠋ᠴᠡᠳᠭᠡᠬᠦ᠌》 ᠥᠭᠡᠷᠡᠴᠢᠯᠡᠯᠲᠡ᠎ᠶ᠋ᠢ ᠬᠡᠷᠡᠭ᠌ᠵᠢᠭᠦᠯᠵᠦ᠍ ᠂ ᠲᠣᠭ᠎ᠠ ᠪᠠᠷᠢᠮᠲᠠ ᠵᠢ ᠢᠯᠡᠬᠦᠤ ︽ᠬᠦᠶᠦᠯᠭᠡᠵᠤ》 ᠣᠯᠠᠨ ᠲᠦᠮᠡᠨ᠎ᠢ ᠳᠤᠲᠠᠭᠤ 《ᠭᠦᠶᠦᠯᠭᠡᠬᠦ᠌》 ᠪᠣᠯᠭᠠᠪᠠ᠃
ᠤᠯᠠᠭᠠᠨᠴᠠᠪ ᠬᠣᠲᠠ᠎ᠶ᠋ᠢᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠤᠪᠴᠢᠶᠠᠨ ᠤ᠋ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠬᠤᠤ ᠸᠧᠨ ᠶᠤᠸᠠᠢ᠄ 《ᠪᠢᠳᠡ ᠪᠥᠬᠥ᠌ ᠣᠷᠣᠨ᠎ᠳᠤ ᠲᠦᠷᠦᠭᠦᠯᠡᠨ 〈ᠱᠢᠨ᠎ᠡ ᠰᠣᠷᠣᠭ᠍ᠴᠢ ᠵᠢᠨ ᠰᠤᠷᠭᠠᠭᠤᠯᠢ᠎ᠳᠤ ᠣᠷᠣᠬᠤ ᠶᠠᠪᠤᠳᠠᠯ᠎ᠢ ᠠᠯᠠᠭᠠᠨ ᠳᠡᠭᠡᠷ᠎ᠡ ᠭᠦᠶ᠋ᠴᠡᠳᠭᠡᠬᠦ᠌〉 ᠥᠭᠡᠷᠡᠴᠢᠯᠡᠯᠲᠡ᠎ᠶ᠋ᠢ ᠬᠡᠷᠡᠭ᠌ᠵᠢᠭᠦᠯᠦᠭ᠌ᠰᠡᠨ ᠵᠢᠡᠷ ᠪᠠᠷᠠᠬᠤ ᠥᠬᠡᠶ ᠪᠠᠰᠠ ᠢᠯᠡ᠎ᠪᠡᠷ ᠰᠤᠷᠭᠠᠭᠤᠯᠢ ᠬᠤᠪᠢᠶᠠᠬᠤ᠂ ᠢᠯᠡ᠎ᠪᠡᠷ ᠠᠩᠭᠢ ᠬᠤᠪᠢᠶᠠᠬᠤ᠎ᠶ᠋ᠢ ᠬᠡᠷᠡᠭ᠌ᠵᠢᠭᠦᠯᠵᠦ᠍᠂ ᠰᠤᠷᠤᠭ᠍ᠴᠢᠳ᠎ᠤᠨ ᠰᠤᠷᠭᠠᠭᠤᠯᠢ᠂ ᠠᠩᠭᠢ ᠰᠣᠩᠭᠣᠬᠤ ᠵᠡᠷᠭᠡ ᠲᠠᠯ᠎ᠠ᠎ᠪᠡᠷ ᠡᠷᠬᠡ ᠲᠡᠭ᠌ᠰᠢ ᠪᠠᠢᠬᠤ᠎ᠶ᠋ᠢ ᠪᠠᠲᠤᠯᠠᠪᠠ᠃ ᠡᠭᠦᠨ᠎ᠡᠴᠡ ᠭᠠᠳᠠᠨ᠎ᠠ ᠂ ᠪᠢᠳᠡ ᠪᠠᠰᠠ ᠦᠨ᠎ᠡ ᠲᠥᠯᠥᠪᠦᠷᠢ ᠥᠬᠡᠶ᠎ᠪᠡᠷ ᠱᠢᠤᠳᠠᠨ᠎ᠢᠶᠠᠷ ᠢᠯᠡᠭᠡᠬᠦ᠌᠂ ᠦᠨ᠎ᠡ ᠲᠥᠯᠥᠪᠦᠷᠢ ᠥᠬᠡᠶ᠎ᠪᠡᠷ ᠬᠡᠷᠡᠯ ᠵᠢᠷᠤᠭ ᠠᠪᠬᠤ᠂ ᠦᠨ᠎ᠡ ᠲᠥᠯᠥᠪᠦᠷᠢ ᠥᠬᠡᠶ᠎ᠪᠡᠷ ᠭᠡᠷᠡᠴᠢ ᠦᠨᠡᠮᠯᠡᠯ ᠳᠠᠷᠤᠮᠠᠯᠯᠠᠬᠤ᠂ ᠶᠠᠪᠤᠵᠦ ᠰᠠᠭᠤᠬᠤ᠎ᠳᠤ ᠳᠥᠭᠥᠮ ᠦᠭᠡᠢ ᠣᠯᠠᠨ ᠲᠦᠮᠡᠨ᠎ᠦ ᠬᠡᠷ᠎ᠲᠦᠨᠢ ᠬᠦᠷᠴᠦ᠍ ᠬᠠᠪᠰᠤᠷᠤᠨ ᠭᠦᠶ᠋ᠴᠡᠳᠭᠡᠬᠦ᠌ ᠵᠡᠷᠭᠡ ᠦᠶ᠋ᠯᠡᠴᠢᠯᠡᠭᠡ᠎ᠶ᠋ᠢ ᠭᠠᠷᠭᠠᠪᠠ᠃ ᠡᠲᠡᠭᠡᠷ ᠱᠢᠨ᠎ᠡ᠎ᠶ᠋ᠢ ᠡᠭᠦᠳᠦᠭ᠌ᠰᠡᠨ ᠠᠷᠭ᠎ᠠ ᠬᠡᠮᠵᠢᠶ᠎ᠡ᠎ᠶ᠋ᠢᠨ ᠡᠴᠦᠰ᠎ᠦᠨ ᠵᠣᠷᠢᠯᠭ᠎ᠠ᠎ᠨᠢ ᠴᠥᠮ ᠣᠯᠠᠨ ᠲᠦᠮᠡᠨ᠎ᠳᠦ ᠲᠥᠬᠥᠮ ᠦᠵᠡᠭᠦᠯᠵᠦ᠍᠂ ᠣᠯᠠᠨ ᠲᠦᠮᠡᠨ᠎ᠳᠦ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ᠎ᠡᠴᠡ ᠣᠯᠭᠣᠭ᠍ᠰᠠᠨ〈ᠠᠱᠢᠭ〉᠎ᠢ᠋ ᠡᠳ᠋ᠯᠡᠭᠦᠯᠬᠦ᠌᠎ᠶ᠋ᠢᠨ ᠲᠥᠯᠥᠭᠡ ᠶᠤᠮ︾ᠬᠡᠵᠤ ᠲᠠᠨᠢᠯᠴᠠᠭᠤᠯᠤᠨ᠎ᠠ᠃
ᠣᠢᠯᠠᠭᠠᠭ᠍ᠰᠠᠨ᠎ᠢᠶᠠᠷ᠂ ᠤᠯᠠᠭᠠᠨᠴᠠᠪ ᠬᠣᠲᠠ᠎ᠶ᠋ᠢᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ ᠦ ᠲᠣᠪᠴᠢᠶ᠎ᠠ ᠪᠥᠬᠥ᠌ ᠣᠷᠣᠨ᠎ᠳᠤ ᠬᠠᠮᠤᠭ᠎ᠤᠨ ᠲᠡᠷᠢᠭᠦᠨ᠎ᠳᠦ 《ᠨᠢᠭᠡ ᠯᠡ ᠤᠳᠠᠭ᠎ᠠ ᠳᠤ ᠭᠦᠶ᠋ᠴᠡᠳᠭᠡᠬᠦ᠌ 》 ᠰᠦᠯᠵᠢᠶᠡᠨ ᠳᠡᠭᠡᠷᠡᠬᠢ ᠱᠢᠰᠲ᠋ᠧᠮ᠎ᠢ ᠰᠤᠳᠤᠯᠤᠨ ᠨᠡᠭᠡᠭᠡᠵᠦ᠍᠂ ᠪᠥᠬᠥ᠌ ᠬᠣᠲᠠ᠎ᠶ᠋ᠢᠨ 118 ᠵᠦᠶ᠋ᠯ᠎ᠦᠨ《ᠨᠢᠭᠡ ᠯᠡ ᠤᠳᠠᠭ᠎ᠠ᠎ᠳᠤ ᠭᠦᠶ᠋ᠴᠡᠳᠭᠡᠬᠦ᠌》 ᠶᠠᠪᠤᠳᠠᠯ᠎ᠢ ᠴᠥᠮ ᠠᠯᠠᠭᠠᠨ ᠳᠡᠭᠡᠷ᠎ᠡ ᠭᠦᠶ᠋ᠴᠡᠳᠭᠡᠬᠦ᠌᠎ᠶ᠋ᠢ ᠪᠡᠶᠡᠯᠡᠭᠦᠯᠪᠡ᠃ ᠡᠨᠡ ᠵᠢᠯ ᠂ ᠲᠣᠰ ᠲᠣᠪᠴᠢᠶ᠎ᠠ᠎ᠨᠢ ᠪᠥᠬᠥ᠌ ᠣᠷᠣᠨ ᠳ᠋ᠤ ᠲᠦᠷᠦᠭᠦᠯᠡᠨ ᠵᠡᠮᠳᠡᠭ᠌ᠴᠦᠳ᠎ᠦᠨ ᠦᠨᠡᠮᠯᠡᠯ᠂ ᠲᠦᠷᠢᠶᠡᠰᠦᠨ ᠮᠠᠱᠢᠨ᠎ᠤ ᠠᠵᠢᠯ ᠡᠷᠭᠢᠯᠡᠬᠦ᠌ ᠬᠢᠷᠢ ᠬᠡᠮ᠎ᠦᠨ ᠦᠨᠡᠮᠯᠡᠯ ᠰᠤᠯᠢᠵᠤ ᠣᠯᠭᠣᠬᠤ ᠪᠠ ᠱᠢᠨ᠎ᠡ ᠰᠣᠷᠣᠭ᠍ᠴᠢ ᠰᠤᠷᠭᠠᠭᠤᠯᠢ᠎ᠳᠤ ᠣᠷᠣᠬᠤ ᠶᠠᠪᠤᠳᠠᠯ᠎ᠢ ᠠᠯᠠᠭᠠᠨ ᠳᠡᠭᠡᠷ᠎ᠡ ᠭᠠᠷᠲᠠᠨ ᠭᠦᠶ᠋ᠴᠡᠳᠭᠡᠵᠦ᠍᠂ ᠠᠵᠢᠯ ᠶᠠᠪᠤᠳᠠᠯ ᠭᠦᠶ᠋ᠴᠡᠳᠭᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠪᠠ᠃ ᠡᠭᠦᠨ᠎ᠦ ᠳᠡᠭᠡᠷ᠎ᠡ ᠨᠢᠳᠤᠨᠤᠨ᠎ᠤ ᠭᠠᠷᠭᠠᠭᠰᠠᠨ ᠡᠷᠡᠭᠦᠯ ᠮᠡᠨᠳᠦ᠍᠎ᠶ᠋ᠢᠨ ᠦᠨᠡᠮᠯᠡᠯ᠎ᠦᠨ 《ᠶᠠᠪᠤᠳᠠᠯ》 ᠢ᠋ ᠪᠠᠭᠳᠠᠭᠠᠵᠤ᠂ ᠨᠡᠢᠲᠡ 15 ᠲᠦᠮᠡ ᠱᠢᠬᠠᠮ ᠬᠥᠮᠦᠨ ᠤᠳᠠᠭ᠎ᠠ ᠣᠯᠠᠨ ᠲᠦᠮᠡᠨ᠎ᠳᠦ ᠠᠱᠢᠭ ᠬᠦᠷᠲᠡᠭᠡᠵᠠᠢ᠃
ᠬᠠᠪᠰᠤᠷᠤᠨ ᠬᠦᠢᠴᠡᠳᠬᠡᠬᠦ ᠣᠷᠣᠯᠠᠨ ᠭᠦᠶ᠋ᠴᠡᠳᠬᠡᠬᠦ ᠤᠢᠯᠡᠴᠢᠯᠡᠭᠡ ᠨᠢ ᠤᠯᠠᠨ ᠲᠦᠮᠡᠨ ᠤ᠋ ᠰᠡᠳᠬᠢᠯ ᠢ᠋ ᠲᠤᠯᠠᠭᠠᠴᠠᠭᠤᠯᠤᠨ᠎ᠠ᠃ 2021 ᠣᠨ᠎ᠤ 6 ᠰᠠᠷ᠎ᠠ᠎ᠳᠤ᠂ ᠤᠯᠠᠭᠠᠨᠴᠠᠪ᠎ᠤᠨ ᠳᠤᠮᠳᠠᠳᠤ ᠤᠯᠤᠰ᠎ᠤᠨ ᠴᠢᠯᠠᠭᠤᠨ ᠲᠣᠰᠣᠨ᠎ᠤ ᠺᠦᠨᠯᠦᠢ᠍ᠨ ᠱᠢᠲᠠᠮᠠᠬᠠᠶ ᠬᠡᠶ᠎ᠶ᠋ᠢᠨ ᠬᠢᠵᠠᠭᠠᠷᠲᠤ ᠺᠣᠮᠫᠠᠨᠢ ᠤᠯᠠᠭᠠᠨᠴᠠᠪ᠎ᠤᠨ ᠲᠦᠷᠦᠭᠦᠦ ᠥᠷᠲᠡᠭᠡ ᠡᠴᠡ ᠮᠠ ᠴᠠᠩ ᠡᠴᠦᠰ᠎ᠦᠨ ᠥᠷᠲᠡᠭᠡ ᠬᠦᠷᠬᠦ ᠰᠢᠳᠠᠮᠠᠬᠠᠢ ᠬᠡᠶ ᠳᠠᠮᠵᠢᠭᠤᠯᠬᠤ ᠬᠣᠭᠣᠯᠠᠶ᠎ᠶ᠋ᠢᠨ ᠹᠸᠡᠭᠵᠸᠨ ᠤ᠋ ᠬᠡᠰᠡᠭ᠎ᠦᠨ ᠲᠥᠷᠥᠯ ᠵᠦᠶ᠋ᠯ ᠤ᠋ᠨ ᠭᠠᠷ ᠬᠦᠢᠴᠡᠳᠭᠡᠯ ᠬᠢᠬᠦ ᠶᠠᠪᠤᠴᠠ᠎ᠳᠤ᠂ ᠬᠠᠮᠢᠶ᠎ᠠ ᠪᠦᠬᠦᠢ ᠰᠠᠯᠠᠭ᠎ᠠ ᠮᠦᠴᠢᠷ ᠬᠤᠭᠤᠷᠤᠨᠳᠤ ᠪᠠᠨ ᠬᠠᠷᠢᠭᠤᠴᠠᠯᠭ᠎ᠠ ᠪᠠᠨ ᠲᠦᠯᠬᠢᠯᠴᠡᠬᠦ ᠪᠠᠢᠳᠠᠯ ᠢᠯᠡᠷᠡᠵᠤ ᠬᠦᠴᠢᠷᠳᠠᠯ ᠲᠤᠯᠭᠠᠷᠠᠪᠠ᠃
ᠤᠯᠠᠭᠠᠨᠴᠠᠪ ᠬᠣᠲᠠ᠎ᠶ᠋ᠢᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠣᠪᠴᠢᠶ᠎ᠠ᠎ᠶ᠋ᠢᠨ ᠲᠥᠷᠥᠯ ᠵᠦᠶ᠋ᠯ᠎ᠦᠨ ᠪᠠᠯᠠ ᠣᠷᠣᠭᠤᠯᠤᠯᠲᠠ᠎ᠶ᠋ᠢ ᠣᠷᠣᠯᠠᠨ ᠭᠦᠶ᠋ᠴᠡᠳᠭᠡᠬᠦ᠌ ᠦᠶ᠋ᠯᠡᠴᠢᠯᠡᠭᠡᠨ᠎ᠦ ᠲᠥᠪ ᠪᠠᠢᠳᠠᠯ᠎ᠢ ᠣᠢᠯᠠᠭᠠᠭ᠍ᠰᠠᠨ᠎ᠤ ᠳᠠᠷᠠᠭ᠎ᠠ᠂ ᠲᠡᠷᠡ ᠳᠠᠷᠤᠶᠳᠤᠨᠢ ᠬᠣᠲᠠ᠎ᠶ᠋ᠢᠨ ᠵᠠᠰᠠᠭ᠎ᠤᠨ ᠣᠷᠳᠣᠨ᠎ᠤ ᠤᠳᠤᠷᠢᠳᠤᠯᠭ᠎ᠠ᠎ᠳᠤ ᠬᠠᠷᠢᠭᠤ ᠮᠡᠳᠡᠭᠦᠯᠵᠦ᠍᠂ ᠳᠠᠷᠠᠭ᠎ᠠ᠎ᠨᠢ ᠬᠣᠲᠠ᠎ᠶ᠋ᠢᠨ ᠱᠠᠲᠤᠨ᠎ᠤ ᠬᠠᠮᠢᠶ᠎ᠠ ᠪᠥᠬᠥᠶ ᠰᠠᠯᠠᠭ᠎ᠠ ᠮᠥᠴᠢᠷ᠂ ᠹᠧᠩᠵᠧᠨ ᠬᠣᠲᠠ᠎ᠶ᠋ᠢᠨ ᠵᠠᠰᠠᠭ᠎ᠤᠨ ᠣᠷᠳᠣᠨ᠎ᠤ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠪᠣᠯᠤᠨ ᠠᠵᠤ ᠠᠬᠤᠢᠯᠠᠯ᠎ᠤᠨ ᠬᠠᠷᠢᠭᠤᠴᠠᠯᠭᠠᠲᠠᠨ᠎ᠢ ᠴᠤᠭ᠍ᠯᠠᠭᠤᠯᠵᠤ ᠬᠠᠮᠲᠤᠷᠠᠭ᠍ᠰᠠᠨ ᠬᠤᠷᠠᠯ ᠬᠤᠷᠠᠯᠳᠤᠭᠤᠯᠵᠤ᠂ ᠠᠵᠢᠯ ᠶᠠᠪᠤᠳᠠᠯ ᠭᠦᠶ᠋ᠴᠡᠳᠭᠡᠬᠦ᠌ ᠰᠠᠯᠠᠭ᠎ᠠ ᠮᠥᠴᠢᠷ ᠵᠢᠴᠢ ᠭᠠᠷ ᠬᠦᠢᠴᠡᠳᠭᠡᠯ ᠬᠢᠬᠦ ᠠᠯᠬᠤᠮ ᠲᠠᠷᠠᠭᠠᠯᠠᠯ ᠢ᠋ ᠶᠠᠷᠢᠯᠴᠠᠨ ᠲᠣᠭ᠍ᠲᠠᠭᠠᠵᠤ᠂ ᠠᠵᠤ ᠠᠬᠤᠢᠯᠠᠯ᠎ᠢ ᠬᠠᠪᠰᠤᠷᠤᠨ ᠬᠠᠮᠢᠶ᠎ᠠ ᠪᠥᠬᠥᠶ ᠭᠠᠷ ᠬᠦᠢᠴᠡᠳᠭᠡᠯ ᠬᠢᠬᠦ ᠶᠠᠪᠤᠳᠠᠯ ᠢ᠋ ᠤᠷᠤᠭ᠍ᠰᠢᠲᠠᠶ ᠪᠡᠶᠡᠯᠡᠭᠦᠯᠪᠡ ᠃
《ᠲᠠ ᠵᠥᠪᠬᠡᠨ ᠨᠢᠭᠡ ᠯᠡ ᠤᠳᠠᠭ᠎ᠠ ᠭᠦᠶᠦᠪᠡᠯ ᠪᠣᠯᠴᠢᠬᠠᠨ᠎ᠠ ᠂ ᠪᠤᠰᠤᠳ ᠤᠴᠢᠷ᠎ᠢ ᠨᠢ ᠪᠢᠳᠡᠨ᠎ᠳᠦ ᠲᠤᠱᠢᠶᠠᠴᠢᠬᠠ》 ᠡᠨᠡ ᠪᠣᠯ ᠤᠯᠠᠭᠠᠨᠴᠠᠪ ᠬᠣᠲᠠ᠎ᠶ᠋ᠢᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠣᠪᠴᠢᠶ᠎ᠠ᠎ᠶ᠋ᠢᠨ ᠳᠤᠷᠠᠳᠤᠭ᠍ᠰᠠᠨ ᠦᠶ᠋ᠯᠡᠴᠢᠯᠡᠭᠡᠨ᠎ᠦ ᠣᠢᠯᠠᠭᠠᠭ᠍ᠳᠠᠬᠤᠨ ᠪᠣᠯᠤᠨ᠎ᠠ᠃ ᠲᠣᠰ ᠬᠣᠲᠠ᠎ᠶ᠋ᠢᠨ ᠬᠢᠨ ᠳᠤᠮᠳᠠ ᠪᠠᠭ᠎ᠠ ᠠᠵᠤ ᠠᠬᠤᠢᠯᠠᠯ᠂ ᠬᠦᠴᠢᠷᠳᠡᠯᠲᠡᠶ ᠣᠯᠠᠨ ᠲᠦᠮᠡᠨ᠎ᠢ ᠣᠷᠣᠯᠠᠨ ᠭᠦᠶ᠋ᠴᠡᠳᠭᠡᠵᠦ᠍ ᠬᠠᠪᠰᠤᠷᠤᠨ ᠭᠦᠶ᠋ᠴᠡᠳᠭᠡᠬᠦ᠌ ᠦᠶ᠋ᠯᠡᠴᠢᠯᠡᠭᠡᠨ᠎ᠦ ᠡᠲᠡᠭᠡᠳ ᠪᠣᠯᠭᠠᠵᠤ᠂ ᠰᠠᠨᠠᠭᠠᠴᠢᠯᠠᠭ᠎ᠠ᠎ᠠᠴᠠ᠎ᠪᠠᠨ ᠬᠡᠷ᠎ᠲᠦᠨᠢ ᠬᠥᠷᠬᠥ᠌᠂ ᠪᠣᠯᠵᠣᠨ ᠲᠣᠭ᠍ᠲᠠᠭ᠍ᠰᠠᠨ ᠴᠠᠭ᠎ᠢ ᠤᠷᠲᠤᠳᠭᠠᠬᠤ᠂ ᠠᠯᠠᠭᠠᠨ ᠳᠡᠭᠡᠷᠡᠬᠢ ᠱᠢᠰᠲ᠋ᠧᠮ ᠤ᠋ᠨ ᠬᠦᠢᠴᠡᠳᠬᠡᠬᠦ ᠴᠢᠬᠤᠯᠠᠲᠠᠢ ᠬᠡᠷᠡᠭ ᠶᠠᠪᠤᠳᠠᠯ ᠢ᠋ ᠴᠠᠭ ᠲᠤᠬᠠᠶ᠎ᠳᠤᠨᠢ ᠭᠥᠯᠢᠶᠡᠨ ᠠᠪᠴᠤ᠌ ᠱᠢᠶ᠋ᠳᠪᠦᠷᠢᠯᠡᠬᠦ᠌᠂ ᠬᠠᠯᠠᠮᠰᠢᠯ ᠤᠲᠠᠰᠤ᠎ᠶ᠋ᠢ ᠴᠠᠭ ᠬᠢᠵᠠᠭᠠᠷᠯᠠᠨ ᠭᠥᠯᠢᠶᠡᠨ ᠠᠪᠴᠤ᠌ ᠰᠣᠨᠣᠰᠭᠤ ᠵᠢᠴᠢ 12345《ᠲᠠᠨ᠎ᠢ ᠬᠠᠪᠰᠤᠷᠤᠨ ᠭᠦᠶ᠋ᠴᠡᠳᠭᠡᠬᠦ᠌》 ᠲᠤᠰᠭᠠᠶ ᠬᠠᠯᠠᠮᠰᠢᠯ ᠤᠳᠠᠰᠤ ᠵᠢᠨ ᠪᠠᠢᠷᠢ ᠭᠠᠷᠭᠠᠬᠤ ᠵᠡᠷᠭᠡ ᠦᠶ᠋ᠯᠡᠴᠢᠯᠡᠭᠡᠨ᠎ᠦ ᠵᠠᠭ᠍ᠪᠤᠷ᠎ᠢᠶᠠᠷ ᠳᠠᠮᠵᠢᠭᠤᠯᠤᠨ᠂ 389 ᠠᠵᠤ ᠠᠬᠤᠢᠯᠠᠯ ᠤ᠋ᠨ ᠠᠵᠤ ᠠᠬᠤᠢᠯᠠᠯ ᠡᠷᠭᠢᠯᠡᠨ ᠪᠠᠢᠭᠤᠯᠬᠤ᠂ ᠳᠠᠩᠰᠠᠯᠠᠭᠤᠯᠬᠤ᠂ ᠬᠦᠴᠦᠨ ᠥᠬᠡᠶ ᠪᠣᠯᠭᠠᠬᠤ ᠵᠡᠷᠭᠡ ᠲᠠᠯ᠎ᠠ ᠵᠢᠨ ᠠᠵᠢᠯ ᠶᠠᠪᠤᠳᠠᠯ ᠳ᠋ᠤ ᠦᠨ᠎ᠡ ᠲᠥᠯᠥᠪᠦᠷᠢ ᠥᠬᠡᠶ᠎ᠪᠡᠷ ᠣᠷᠣᠯᠠᠨ ᠭᠦᠶ᠋ᠴᠡᠳᠭᠡᠵᠦ᠍ ᠬᠠᠪᠰᠤᠷᠤᠨ ᠭᠦᠶ᠋ᠴᠡᠳᠭᠡᠬᠦ᠌ ᠦᠶ᠋ᠯᠡᠴᠢᠯᠡᠭᠡ ᠬᠠᠩᠭᠠᠪᠠ᠃
7 ᠰᠠᠷ᠎ᠠ᠎ᠶ᠋ᠢᠨ 5 ᠪ ᠦᠳᠡ᠎ᠶ᠋ᠢᠨ ᠬᠣᠢᠨ᠎ᠠ᠂ ᠤᠯᠠᠭᠠᠨᠴᠠᠪ ᠬᠣᠲᠠ᠎ᠶ᠋ᠢᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠣᠪᠴᠢᠶ᠎ᠠ᠎ᠶ᠋ᠢᠨ ᠣᠷᠣᠯᠠᠨ ᠭᠦᠶ᠋ᠴᠡᠳᠭᠡᠭ᠌ᠴᠢ᠎ᠡᠴᠡ ᠶᠠᠪᠤᠵᠤ ᠰᠠᠭᠤᠬᠤ᠎ᠳᠤ ᠳᠥᠭᠥᠮ ᠦᠭᠡᠢ ᠵᠢᠨᠢᠩ ᠲᠣᠭᠣᠷᠢᠭ᠎ᠤᠨ ᠰᠠᠭᠤᠭᠠᠯᠢ ᠠᠷᠠᠳ ᠯᠢᠦ ᠹᠦ᠋ ᠬᠠᠶ᠎ᠳᠤ ᠬᠡᠷ᠎ᠲᠦᠨᠢ ᠬᠦᠷᠴᠦ᠍ ᠬᠠᠪᠰᠤᠷᠤᠨ ᠭᠦᠶ᠋ᠴᠡᠳᠭᠡᠬᠦ᠌ ᠦᠶ᠋ᠯᠡᠴᠢᠯᠡᠭᠡ ᠬᠠᠩᠭᠠᠪᠠ᠃ 《ᠲᠠ᠎ᠨᠠᠷ᠎ᠤᠨ ᠦᠢᠯᠡᠴᠢᠯᠡᠭᠡ ᠦᠨᠡᠬᠡᠷ ᠲᠤᠳᠤᠨᠤᠰᠤᠭ ᠪᠠᠢᠨ᠎ᠠ᠂ ᠮᠠᠨᠤᠰ ᠰᠢᠬ ᠶᠠᠪᠤᠵᠤ ᠰᠠᠭᠤᠬᠤ᠎ᠳᠤ ᠳᠥᠭᠥᠮ ᠦᠭᠡᠢ ᠨᠠᠰᠤᠲᠠᠢᠴᠤᠤᠯ ᠭᠡᠷ ᠲᠡᠭᠡᠨ ᠰᠠᠭᠤᠵᠤ ᠪᠠᠢᠭᠠᠳ ᠤᠴᠢᠷ ᠶᠠᠪᠤᠳᠠᠯ ᠵᠢᠡᠨ ᠬᠦᠢᠴᠡᠳᠭᠡᠵᠤ ᠴᠢᠳᠠᠬᠤ ᠪᠤᠯᠵᠠᠢ᠂ ᠲᠠᠨᠠᠷ᠎ᠲᠤ ᠲᠠᠯᠠᠷᠬᠠᠵᠤ ᠪᠠᠢᠨ᠎ᠠ》 ᠭᠡᠵᠦ᠍ ᠨᠠᠰᠤᠲᠠᠨ ᠭᠡᠷ᠎ᠲᠦᠨᠢ ᠢᠷᠡᠵᠦ᠍ ᠦᠢᠯᠡᠴᠢᠯᠡᠵᠦ᠍ ᠪᠠᠢᠭ᠎ᠠ ᠠᠵᠢᠯᠳᠠᠨ᠎ᠳᠤ ᠲᠠᠯᠠᠷᠬᠠᠯ ᠵᠢᠡᠨ ᠢᠯᠡᠳᠭᠡᠨ᠎ᠠ᠃