ᠱᠢᠨ᠎ᠡ
ᠳᠤᠮᠳᠠᠳᠤ ᠤᠯᠤᠰ ᠪᠠᠢᠭᠤᠯᠤᠭ᠍ᠳᠠᠭ᠍ᠰᠠᠨ᠎ᠤ ᠳᠠᠷᠠᠭ᠎ᠠ᠂ ᠪᠡᠭᠡᠵᠢᠩ᠎ᠦᠨ ᠠᠩᠬᠠᠳᠠᠭ᠍ᠴᠢ ᠡᠭᠡᠯᠵᠢ ᠵᠢᠨ ᠬᠤᠳᠠ᠎ᠶ᠋ᠢᠨ
ᠨᠠᠮ᠎ᠤᠨ ᠬᠣᠷᠢᠶᠠᠨ᠎ᠤ ᠱᠦᠵᠢ ᠫᠸᠩ ᠵᠧᠨ (1951ᠣᠨ᠎ᠤ 2 ᠰᠠᠷ᠎ᠠ᠎ᠠᠴᠠ ᠡᠬᠢᠯᠡᠨ ᠬᠤᠳᠠ᠎ᠶ᠋ᠢᠨ ᠳᠠᠷᠤᠭ᠎ᠠ᠎ᠶ᠋ᠢᠨ
ᠲᠤᠱᠢᠶᠠᠯ᠎ᠢ ᠬᠠᠪᠰᠤᠷᠭᠠᠨ ᠡᠭᠦᠷᠭᠡᠯᠡᠪᠡ) ᠪᠡᠭᠡᠵᠢᠩ ᠴᠢᠯᠥᠭᠡᠯᠡᠭ᠌ᠳᠡᠭ᠌ᠰᠡᠨᠦ ᠳᠠᠷᠠᠭᠠᠬᠢ 17 ᠵᠢᠯ᠎ᠦᠨ
ᠬᠤᠳᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠠᠵᠢᠯ᠎ᠢ ᠱᠢᠭᠤᠳ ᠤᠳᠤᠷᠢᠳᠤᠭᠰᠠᠨ ᠶᠤᠮ᠃ 1956 ᠣᠨ᠎ᠤ10 ᠰᠠᠷ᠎ᠠ᠎ᠳᠤ᠂ ᠫᠸᠩ ᠵᠧᠨ ᠪᠡᠭᠡᠵᠢᠩ ᠬᠤᠳᠠ᠎ᠶ᠋ᠢᠨ ᠨᠠᠮ᠎ᠤᠨ ᠬᠣᠷᠢᠶᠠᠨ᠎ᠤ ᠪᠠᠢᠩᠭᠤ ᠶ᠋ᠢᠨ ᠬᠣᠷᠢᠶᠠᠨ ᠤ ᠬᠤᠷᠠᠯ ᠳᠡᠭᠡᠷ᠎ᠡ
ᠪᠡᠭᠡᠵᠢᠩ ᠬᠤᠳᠠ ᠶ᠋ᠢᠨ ᠲᠥᠯᠥᠪᠵᠢᠭᠦᠯᠭᠡ᠎ᠶ᠋ᠢᠨ ᠲᠤᠬᠠᠶ ᠶᠠᠷᠢᠬᠤ᠎ᠳᠠᠭᠠᠨ ᠨᠡᠢᠰᠯᠡᠯ᠎ᠦᠨ ᠬᠥᠭ᠌ᠵᠢᠯᠲᠡ᠎ᠳᠦ
ᠠᠯᠢ ᠤᠯᠠᠨ ᠪᠣᠳᠠᠲᠠᠶ ᠪᠦᠬᠡᠳ ᠬᠡᠷᠡᠭ᠌ᠵᠢᠭᠦᠯᠦᠭᠦᠱᠢᠲᠡᠶ ᠰᠠᠨᠠᠯ ᠳᠤᠷᠠᠳᠴᠠᠶ᠂ ᠡᠭᠦᠨ᠎ᠤ ᠳᠤᠮᠳᠠ ᠠᠭᠤᠯᠤᠭ᠍ᠳᠠᠵᠤ
ᠪᠠᠢᠭ᠎ᠠ ᠦᠵᠡᠯ ᠰᠠᠨᠠᠭ᠎ᠠ ᠠᠷᠭ᠎ᠠ ᠪᠤᠳᠤᠯᠭ᠎ᠠ ᠨᠢ ᠤᠳᠤ ᠴᠣ᠌ ᠬᠡᠰᠡᠨ ᠪᠢᠳᠡᠡ᠎ᠤ ᠰᠤᠷᠤᠯᠴᠠᠭᠤᠱᠢᠲᠠᠶ ᠵᠦᠢᠯ
ᠪᠤᠯᠬᠤ ᠶᠤᠮ᠃
ᠬᠥᠮᠦᠨ ᠠᠮᠠ᠎ᠶ᠋ᠢᠨ ᠲᠤᠬᠠᠢ ᠫᠸᠩ ᠵᠧᠨ᠎ᠦ ᠦᠵᠡᠬᠦ᠌᠎ᠪᠡᠷ᠂ ᠲᠤᠬᠠᠢ᠎ᠵᠢᠨ ᠦᠶᠡᠰ
ᠪᠡᠭᠡᠵᠢᠩ ᠬᠤᠳᠠ᠎ᠶ᠋ᠢᠨ ᠬᠥᠮᠦᠨ ᠠᠮᠠ ᠨᠡᠮᠡᠭᠳᠡᠭᠡᠳ 500 ᠲᠦᠮᠡ ᠣᠷᠴᠢᠮ ᠪᠤᠯᠵᠤ᠂ ᠬᠣᠵᠢᠮ ᠬᠦᠮᠦᠨ ᠠᠮᠠ ᠮᠢᠨᠭᠭᠠᠨ
ᠲᠦᠮᠡ ᠪᠣᠯᠬᠤ ᠪᠤᠯᠤᠮᠵᠢ ᠶᠡᠬᠡ ᠪᠤᠢ᠂ ᠥᠨᠥᠳᠦᠷ᠎ᠦᠨ ᠲᠥᠯᠥᠪᠯᠡᠭᠡ ᠨᠢ ᠬᠣᠢᠱᠢᠳᠠ᠎ᠶ᠋ᠢᠨ ᠬᠥᠭ᠌ᠵᠢᠯᠲᠡ᠎ᠶ᠋ᠢᠨ
ᠬᠡᠷᠡᠭ᠌ᠴᠡᠭᠡ᠎ᠶ᠋ᠢ ᠪᠣᠳᠣᠯᠬᠢᠯᠠᠬᠤ ᠬᠡᠷᠡᠭ᠌ᠲᠡᠢ ᠬᠡᠪᠡ᠃ ᠵᠠᠮ᠎ᠤᠨ ᠥᠷᠭᠡᠨ ᠨᠠᠷᠢᠨᠤ ᠲᠤᠬᠠᠢ ᠲᠡᠷᠡ᠄ ᠢᠷᠡᠭᠡᠳᠦᠢ
ᠳ᠋ᠤ ᠳᠤᠯᠭᠠᠷᠠᠬᠤ ᠠᠰᠠᠭᠤᠳᠠᠯ ᠨᠢ ᠵᠠᠰᠠᠮᠠᠯ ᠵᠠᠮ ᠳᠡᠩᠳᠡᠭᠦᠦ ᠢᠪᠴᠤᠤ ᠬᠡᠬᠦ ᠡᠴᠡ ᠪᠢᠰᠢ ᠬᠠᠷᠢᠨ ᠳᠡᠨᠭᠳᠡᠬᠦᠦ
ᠥᠷᠭᠡᠨ ᠪᠢᠰᠢ ᠶᠤᠮ᠂ ᠪᠢᠳᠡ ᠭᠠᠭᠴᠠ ᠬᠦ᠌ ᠤᠳᠤ᠎ᠶ᠋ᠢᠨ ᠪᠡᠭᠡᠵᠢᠩ ᠬᠤᠳᠠ᠎ᠳᠤ ᠲᠦᠮᠡ ᠬᠦᠷᠬᠦ᠌ ᠦᠭᠡᠢ ᠪᠠᠭ᠎ᠠ ᠮᠠᠱᠢᠨ
ᠲᠡᠷᠭᠡ᠎ᠲᠡᠶ ᠪᠠᠢᠬᠤ᠎ᠶ᠋ᠢ ᠯᠠ ᠦᠵᠡᠭᠡᠳ ᠪᠣᠯᠬᠤ ᠦᠭᠡᠢ᠂ ᠢᠷᠡᠭᠡᠳᠦᠢ ᠳᠦ ᠬᠡᠳᠦᠨ ᠠᠷᠪᠠᠨ ᠲᠦᠮᠡ᠂ ᠵᠠᠭᠤ ᠭᠠᠷᠤᠢ
ᠲᠦᠮᠡᠨ ᠮᠠᠱᠢᠨ ᠲᠡᠷᠭᠡ᠎ᠲᠡᠶ ᠪᠣᠯᠤᠨ᠎ᠠ ᠭᠡᠵᠦ᠍ ᠪᠤᠳᠤᠯᠬᠢᠯᠡᠬᠤ ᠬᠡᠷᠡᠭ᠌ᠲᠡᠢ᠃ ᠵᠠᠮ ᠢᠪᠴᠤᠦ ᠪᠤᠯ᠂ ᠮᠠᠱᠢᠨ
ᠲᠡᠷᠭᠡ ᠨᠢᠭᠡ ᠴᠠᠭ᠎ᠲᠤ ᠰᠠᠶᠢ ᠠᠷᠪᠠᠭᠠᠳ ᠺᠢᠯᠣᠮᠧᠲ᠋ᠷ ᠠᠶᠠᠯᠠᠨ᠎ᠠ᠂ ᠡᠨᠡ ᠨᠢ ᠮᠠᠰᠢ ᠶᠡᠬᠡ ᠪᠦᠷᠢᠯᠭᠡᠯ ᠪᠢᠰᠢ
ᠦᠦ? ᠬᠡᠪᠡ᠃
ᠫᠸᠩ ᠵᠧᠨ ᠪᠠᠰᠠ ᠲᠡᠷᠭᠡᠨ ᠵᠣᠭ᠍ᠰᠣᠭᠠᠯ ᠪᠠᠢᠭᠤᠯᠬᠤ ᠠᠰᠠᠭᠤᠳᠠᠯ᠎ᠢ ᠨᠢᠭᠡᠨ ᠴᠢᠬᠤᠯᠠ
ᠶᠠᠪᠤᠳᠠᠯ ᠪᠣᠯᠭᠠᠨ ᠲᠥᠪ ᠴᠢᠩᠭ᠎ᠠ᠎ᠪᠠᠷ ᠳᠤᠷᠠᠳᠤᠭ᠍ᠰᠠᠨ ᠪᠠᠢᠨ᠎ᠠ᠃ ᠲᠡᠷᠡ᠂ ᠡᠨᠡ ᠨᠢ ᠪᠠᠭ᠎ᠠ ᠠᠰᠠᠭᠤᠳᠠᠯ ᠪᠢᠰᠢ᠂
ᠪᠡᠭᠡᠵᠢᠩ᠎ᠳᠦ ᠬᠡᠷᠪᠡ ᠬᠤᠵᠢᠮ ᠬᠡᠳᠦᠨ ᠠᠷᠪᠠᠨ ᠲᠦᠮᠡ᠂ ᠵᠠᠭᠤ ᠭᠠᠷᠤᠢ ᠲᠦᠮᠡᠨ ᠮᠠᠱᠢᠨ ᠲᠡᠷᠭᠡ ᠲᠡᠶ ᠪᠣᠯᠪᠠᠯ ᠬᠠᠮᠢᠭ᠎ᠠ
ᠵᠤᠭᠰᠤᠭᠠᠬᠤ ᠪᠤᠢ? ᠲᠡᠭᠦᠨ ᠦ ᠦᠵᠡᠬᠦ᠌ ᠪᠡᠷ᠂ ᠤᠳᠤ ᠬᠦᠢᠴᠡᠳ
ᠪᠤᠳᠤᠯᠬᠢᠯᠠᠪᠠᠯ᠂ ᠬᠣᠵᠢᠮ ᠮᠠᠱᠢᠨ ᠲᠡᠷᠭᠡ ᠠᠷᠪᠢᠳᠤᠪᠠᠯ ᠲᠦᠪᠡᠭᠳᠡᠬᠦ ᠪᠠᠢᠳᠠᠯ᠎ᠠᠴᠠ ᠵᠠᠢᠯᠠᠰᠭᠢᠵᠤ
ᠳᠡᠢᠯᠦᠨ᠎ᠡ ᠭᠡᠪᠡ᠃ ᠬᠣᠲᠠ᠎ᠶ᠋ᠢᠨ ᠨᠣᠭᠣᠭᠠᠷᠠᠭᠤᠯᠤᠯᠲᠠ ᠶ᠋ᠢᠨ ᠲᠤᠬᠠᠶ ᠫᠸᠩ ᠵᠧᠨ᠂ ᠬᠣᠲᠠ ᠳᠣᠲᠣᠷ᠎ᠠ ᠤᠷᠢᠳᠠᠪᠡᠷ
ᠡᠯ᠎ᠡ ᠲᠣᠭᠣᠷᠢᠭ ᠤᠨ ᠴᠡᠴᠡᠷᠯᠢᠭ ᠦᠨ ᠲᠠᠷᠬᠠᠯᠲᠠ ᠶ᠋ᠢᠨ ᠰᠦᠯᠵᠢᠶ᠎ᠡ᠎ᠶ᠋ᠢ ᠵᠠᠭᠠᠭ᠍ᠯᠠᠨ ᠲᠣᠭ᠍ᠲᠠᠭᠠᠵᠤ᠂
ᠵᠠᠭᠠᠭ᠍ᠯᠠᠨ ᠲᠣᠭ᠍ᠲᠠᠭᠠᠭ᠍ᠰᠠᠨ᠎ᠤ ᠳᠠᠷᠠᠭ᠎ᠠ ᠳᠠᠷᠤᠶ ᠲᠦᠷᠭᠡᠨ ᠨᠡᠢᠲᠡᠯᠡᠵᠦ᠍᠂ ᠬᠣᠢᠱᠢᠳᠠ ᠲᠦᠪᠡᠭᠳᠡᠬᠦ ᠪᠠᠢᠳᠠᠯ᠎ᠳᠤ
ᠣᠷᠣᠬᠤ᠎ᠠᠴᠠ ᠵᠠᠢᠯᠠᠰᠭᠢᠬᠦ᠌ ᠬᠡᠷᠡᠭ᠌ᠲᠡᠶ᠃ ᠰᠠᠭᠤᠭᠠᠯᠢ ᠠᠷᠠᠳ᠎ᠤᠨ ᠠᠰᠠᠷ᠎ᠤᠨ ᠡᠮᠦᠨᠡᠬᠢ ᠵᠠᠰᠠᠮᠠᠯ ᠵᠠᠮ᠎ᠢ ᠳᠠᠭᠠᠭ᠍ᠰᠠᠨ ᠭᠠᠵᠠᠷ᠎ᠲᠤ ᠬᠡᠰᠡᠭ ᠰᠤᠯᠠ ᠭᠠᠵᠠᠷ
ᠦᠯᠡᠳᠡᠭᠡᠵᠦ᠍ ᠨᠣᠭᠣᠭᠠᠷᠠᠭᠤᠯᠤᠯᠲᠠ ᠬᠢᠵᠦ᠍ ᠪᠣᠯᠤᠨ᠎ᠠ᠃ ᠦᠢᠯᠡᠳᠪᠦᠷᠢ᠎ᠶ᠋ᠢᠨ ᠲᠣᠭᠣᠷᠢᠭ᠎ᠲᠤ ᠪᠠᠰᠠ ᠭᠦᠢᠴᠡᠳ
ᠬᠣᠭᠣᠰᠣᠨ ᠭᠠᠵᠠᠷ ᠭᠠᠷᠭᠠᠵᠤ ᠴᠡᠴᠡᠷᠯᠢᠭ ᠪᠠᠢᠭᠤᠯᠤᠭᠠᠳ ᠣᠷᠴᠢᠨ ᠲᠣᠭᠣᠷᠢᠨ ᠢᠶᠠᠨ ᠨᠤᠭᠤᠭᠠᠷᠠᠭᠤᠯᠬᠤ ᠬᠡᠷᠡᠭ᠌ᠲᠡᠢ
ᠬᠡᠵᠤ ᠬᠡᠯᠡᠪᠡ᠃
ᠲᠤᠬᠠᠢ᠎ᠶ᠋ᠢᠨ ᠦᠶ᠎ᠡ᠎ᠳᠦ ᠲᠥᠯᠥᠪᠯᠡᠭᠡᠨ᠎ᠦ ᠰᠠᠯᠠᠭ᠎ᠠ ᠮᠥᠴᠢᠷ᠎ᠦᠨ ᠬᠢᠨ ᠠᠳᠠᠯᠢ ᠪᠤᠰᠤ
ᠰᠠᠨᠠᠯ᠎ᠲᠠᠶ ᠪᠠᠢᠵᠤ᠂ ᠬᠥᠮᠦᠨ ᠠᠮᠠ᠎ᠶ᠋ᠢᠨ ᠬᠡᠪᠴᠢᠶ᠎ᠡ ᠬᠡᠲᠦᠷᠬᠡᠢ ᠶᠡᠬᠡᠳᠴᠦ᠍᠂ ᠣᠷᠣᠨ ᠰᠠᠭᠤᠴᠠ ᠶ᠋ᠢᠨ ᠲᠣᠭᠣᠷᠢᠭ᠎ᠲᠤ
ᠬᠡᠷᠡᠭ᠌ᠯᠡᠬᠦ᠌ ᠭᠠᠵᠠᠷ᠎ᠤᠨ ᠲᠣᠭ᠎ᠠ ᠨᠤᠷᠮ᠎ᠠ ᠪᠠᠬᠠᠨ ᠥᠨᠳᠥᠷ ᠪᠣᠯᠵᠦ᠂ ᠲᠥᠯᠥᠪᠵᠢᠭᠦᠯᠦᠭ᠌ᠰᠡᠨ ᠵᠠᠮ ᠨᠢ ᠥᠷᠭᠡᠨ᠂ ᠨᠤᠭᠤᠭᠠᠷᠠᠭᠤᠯᠬᠤ ᠭᠠᠵᠠᠷ᠂ ᠭᠤᠤᠯ ᠨᠠᠭᠤᠷ᠎ᠤᠨ ᠤᠰᠤᠨ ᠱᠢᠰᠲ᠋ᠧᠮ᠎ᠦᠨ ᠲᠠᠯᠠᠪᠠᠢ ᠨᠢ ᠶᠡᠬᠡ ᠪᠤᠯᠴᠢᠬᠠᠵᠠᠢ ᠬᠡᠵᠦ ᠪᠠᠢᠯ᠎ᠠ᠃ ᠡᠢᠮᠦ᠍ ᠰᠠᠨᠠᠯ᠎ᠤᠨ ᠲᠤᠬᠠᠢ
ᠫᠸᠩ ᠵᠧᠨ᠂ ᠬᠤᠲᠠ᠎ᠶ᠋ᠢᠨ ᠲᠥᠯᠥᠪᠵᠢᠭᠦᠯᠭᠡ᠎ᠳᠦ ᠠᠯᠤᠰ ᠬᠤᠯᠠ ᠶ᠋ᠢ
ᠪᠣᠳᠣᠯᠬᠢᠯᠠᠬᠤ ᠬᠡᠷᠡᠭ᠌ᠲᠡᠢ᠂ ᠨᠡᠢᠭᠡᠮ ᠵᠢᠷᠤᠮ᠎ᠤᠨ ᠠᠯᠤᠰ᠎ᠤᠨ ᠲᠥᠰᠦᠪ᠎ᠢ ᠣᠯᠵᠤ ᠬᠠᠷᠠᠬᠤ ᠬᠡᠷᠡᠭ᠌ᠲᠡᠢ᠂
ᠬᠣᠵᠢᠮ᠎ᠤᠨ ᠬᠥᠮᠦᠰ᠎ᠲᠦ ᠬᠥᠭ᠌ᠵᠢᠬᠦ᠌ ᠵᠠᠮ ᠦᠯᠡᠳᠡᠭᠡᠵᠦ᠍ ᠥᠭ᠌ᠬᠦ ᠬᠡᠷᠡᠭ᠌ᠲᠡᠢ᠂ ᠨᠢᠳᠤᠨ ᠡᠮᠦᠨᠡᠬᠢ ᠪᠡᠨ ᠯᠡ
ᠬᠠᠷᠠᠭᠠᠳ ᠪᠠᠢᠵᠤ ᠪᠣᠯᠬᠤ ᠦᠭᠡᠢ ᠭᠡᠪᠡ᠃ ᠬᠤᠳᠠ᠎ᠶ᠋ᠢᠨ ᠲᠥᠯᠥᠪᠵᠢᠭᠦᠯᠭᠡ ᠬᠢᠬᠦ᠌᠎ᠳᠦ ᠬᠡᠷᠪᠡ ᠠᠯᠤᠰ᠎ᠤᠨ ᠲᠥᠰᠦᠪ᠎ᠢ ᠪᠣᠳᠣᠯᠬᠢᠯᠠᠬᠤ ᠦᠭᠡᠢ ᠪᠣᠯ ᠡᠴᠦᠰ᠎ᠲᠡᠬᠡᠨ ᠪᠢᠳᠡ ᠰᠢᠬᠦᠮᠵᠢᠯᠡᠭᠳᠡᠵᠦ ᠬᠠᠷᠢᠶᠠᠭ᠍ᠳᠠᠬᠤ ᠪᠣᠯᠤᠨ᠎ᠠ ᠭᠡᠵᠡᠢ᠃
ᠡᠳᠡᠭᠡᠷ ᠦᠭᠡ᠎ᠶ᠋ᠢ ᠶᠠᠷᠢᠬᠤ ᠦᠶ᠎ᠡ᠎ᠳᠦ᠂ ᠪᠡᠭᠡᠵᠢᠩ ᠬᠤᠳᠠ᠎ᠶ᠋ᠢᠨ ᠮᠠᠱᠢᠨ ᠲᠡᠷᠭᠡ ᠴᠥᠭᠡᠨ ᠡᠴᠡ ᠪᠤᠯᠵᠤ᠂ ᠵᠠᠰᠠᠮᠠᠯ ᠵᠠᠮ ᠬᠣᠪ ᠬᠣᠭᠣᠰᠣᠨ ᠪᠣᠯᠤᠭ᠍ᠰᠠᠨ᠎ᠳᠤ᠂
ᠵᠠᠷᠢᠮ ᠬᠥᠮᠦᠨ ᠵᠠᠰᠠᠮᠠᠯ ᠵᠠᠮ᠎ᠢ ᠥᠷᠭᠡᠨ ᠱᠢᠭ ᠵᠠᠰᠠᠬᠤ ᠵᠣᠷᠢᠯᠲᠠ᠎ᠶ᠋ᠢ 《ᠶᠡᠬᠡ ᠵᠠᠰᠠᠮᠠᠯ ᠵᠠᠮ᠎ᠤᠨ ᠦᠵᠡᠯ》 ᠭᠡᠵᠦ᠍ ᠨᠡᠷᠡᠯᠡᠪᠡ᠃ ᠫᠸᠩ ᠵᠧᠨ᠄ 《1953 ᠣᠨ᠎ᠳᠤ
ᠳ᠋ᠦᠩ ᠳ᠋ᠠᠨ᠎ᠠᠴᠠ ᠰᠢ ᠳ᠋ᠠᠨ ᠬᠦᠷᠲᠡᠯᠡᠬᠢ ᠶᠡᠬᠡ ᠵᠡᠭᠡᠯᠢ᠎ᠶ᠋ᠢ ᠶᠡᠷᠡᠨ ᠮᠧᠲ᠋ᠷ ᠥᠷᠭᠡᠨ ᠵᠠᠰᠠᠨ᠎ᠠ ᠭᠡᠵᠦ᠍
ᠳᠤᠷᠠᠳᠤᠭᠰᠠᠨ ᠳ᠋ᠤ ᠵᠠᠷᠢᠮ ᠬᠥᠮᠦᠨ ᠡᠭᠦᠨ᠎ᠢ 〈ᠶᠡᠬᠡ ᠵᠠᠰᠠᠮᠠᠯ ᠵᠠᠮ᠎ᠤᠨ ᠦᠵᠡᠯ〉 ᠭᠡᠵᠦ᠍ ᠱᠢᠭᠦᠮᠵᠢᠯᠡᠵᠡᠶ᠃
ᠶᠡᠬᠡ ᠵᠠᠰᠠᠮᠠᠯ ᠵᠠᠮ᠎ᠤᠨ ᠦᠵᠡᠯ ᠬᠡᠵᠤ ᠬᠡᠯᠡᠪᠡᠯ ᠬᠡᠯᠡᠭ᠃ ᠪᠢᠲᠡᠭᠡᠶ ᠠᠶᠤ᠂ ᠬᠥᠭ᠌ᠵᠢᠯᠲᠡ᠎ᠶ᠋ᠢᠨ ᠱᠠᠭᠠᠷᠳᠠᠯᠭ᠎ᠠ᠎ᠳᠤ
ᠨᠡᠢᠴᠡᠬᠦ᠌ ᠡᠰᠡᠬᠦ᠌᠎ᠶ᠋ᠢ ᠦᠵᠡᠬᠦ᠌ ᠬᠡᠷᠡᠭ᠌ᠲᠡᠢ》 ᠬᠡᠵᠤ ᠬᠠᠷᠢᠭᠤᠯᠪᠠ᠃
1953 ᠣᠨ᠎ᠤ 《ᠪᠡᠭᠡᠵᠢᠩ ᠬᠤᠳᠠ᠎ᠶ᠋ᠢ ᠥᠭᠡᠷᠡᠴᠢᠯᠡᠨ ᠪᠠᠢᠭᠤᠯᠬᠤ ᠪᠠ ᠥᠷᠭᠡᠳᠭᠡᠨ ᠪᠠᠢᠭᠤᠯᠬᠤ ᠲᠥᠯᠥᠪᠵᠢᠭᠦᠯᠭᠡ ᠶ᠋ᠢᠨ
ᠲᠥᠰᠦᠯ᠎ᠦᠨ ᠭᠣᠣᠯᠳᠠᠯᠭ᠎ᠠ》 ᠡᠴᠡ 1957 ᠣᠨ ᠤ 《ᠪᠡᠭᠡᠵᠢᠩ᠎ᠦᠨ ᠬᠤᠳᠠ᠎ᠶ᠋ᠢᠨ
ᠪᠦᠳᠦᠭᠡᠨ ᠪᠠᠢᠭᠤᠯᠤᠯᠲᠠ᠎ᠶ᠋ᠢᠨ ᠶᠡᠷᠦᠩᠬᠡᠶ ᠲᠥᠯᠥᠪᠵᠢᠭᠦᠯᠭᠡ᠎ᠶ᠋ᠢᠨ ᠠᠩᠬᠠᠨ᠎ᠤ ᠲᠥᠰᠦᠯ》 ᠢ ᠰᠤᠳᠤᠯᠤᠨ ᠨᠠᠢᠷᠠᠭᠤᠯᠬᠤ ᠬᠦᠷᠲᠡᠯ᠎ᠡ᠂ ᠫᠸᠩ ᠵᠧᠨ ᠪᠦᠷ ᠣᠷᠣᠯᠴᠠᠵᠤ᠂ ᠮᠠᠰᠢ ᠤᠯᠠᠨ
ᠴᠢᠬᠤᠯᠠ ᠶᠡᠬᠡ ᠠᠰᠠᠭᠤᠳᠠᠯ᠎ᠢ ᠪᠦᠷ ᠲᠡᠷᠡ ᠡᠷᠬᠢᠯᠡᠨ ᠰᠤᠳᠤᠯᠵᠤ᠂ ᠦᠵᠡᠯᠲᠡ᠎ᠪᠡᠨ ᠳᠤᠷᠠᠳᠴᠤ᠌᠂ ᠬᠤᠳᠠ᠎ᠶ᠋ᠢᠨ
ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠢᠶᠠᠷ ᠶᠠᠷᠢᠯᠴᠠᠭᠤᠯᠤᠨ ᠪᠠᠲᠤᠯᠠᠭᠤᠯᠤᠭᠠᠳ᠂ ᠲᠥᠪ ᠬᠣᠷᠢᠶ᠎ᠠ᠎ᠳᠤ ᠮᠡᠳᠡᠭᠦᠯᠦᠨ
ᠵᠥᠪᠱᠢᠶᠡᠷᠡᠭᠦᠯᠦᠭᠰᠡᠨ ᠶᠤᠮ᠃ ᠡᠨᠡ ᠮᠡᠲᠦ᠍᠎ᠪᠡᠷ᠂ ᠲᠤᠬᠠᠢ᠎ᠶ᠋ᠢᠨ ᠦᠶ᠎ᠡ᠎ᠳᠦ ᠨᠡᠢᠰᠯᠡᠯ᠎ᠦᠨ ᠪᠦᠳᠦᠬᠡᠨ ᠪᠠᠢᠭᠤᠯᠤᠯᠲᠠ᠎ᠶ᠋ᠢᠨ
ᠠᠤᠭ᠎ᠠ ᠲᠥᠰᠦᠪ᠎ᠢ ᠪᠣᠳᠠᠲᠠᠢ ᠵᠢᠷᠤᠭ᠍ᠯᠠᠬᠤ ᠦᠶ᠎ᠡ᠎ᠳᠦ᠂ ᠫᠸᠩ ᠵᠧᠨ ᠬᠣᠵᠢᠮ᠎ᠤᠨ ᠬᠥᠮᠦᠰ᠎ᠲᠦ ᠬᠥᠭ᠌ᠵᠢᠯᠲᠡ᠎ᠶ᠋ᠢᠨ ᠠᠭᠤᠵᠢᠮ ᠣᠷᠣᠨ ᠵᠠᠢ ᠦᠯᠡᠳᠡᠭᠡᠵᠦ᠍ ᠥᠭ᠌ᠬᠦ ᠶ᠋ᠢ
ᠪᠠᠷᠢᠮᠲᠠᠯᠠᠭᠰᠠᠨ ᠪᠢᠯᠡ᠃
ᠮᠠᠲ᠋ᠸᠷᠢᠶᠠᠯ᠎ᠤᠨ ᠢᠷᠡᠯᠳᠡ᠄ 《ᠡᠪ ᠬᠠᠮᠳᠤ ᠵᠢᠨ ᠨᠠᠮ᠎ᠤᠨ ᠬᠡᠰᠢᠬᠦᠨ᠎ᠤ ᠮᠡᠳᠡᠬᠦ ᠶᠤᠰᠤᠳᠠᠢ ᠨᠠᠮ᠎ᠤᠨ
ᠳᠡᠦᠬᠡ ᠵᠢᠨ ᠵᠢᠵᠢᠭ ᠦᠯᠢᠭᠡᠷ᠎ᠤᠳ》