ᠥᠪᠡᠷᠲᠡᠭᠡᠨ ᠵᠠᠰᠠᠬᠤ ᠣᠷᠣᠨ ᠤ ᠲᠥᠪ ᠬᠥᠬᠡᠬᠣᠲᠠ᠎ᠠᠴᠠ ᠤᠮᠠᠷᠠᠰᠢ 100 ᠺᠢᠯᠣᠮᠧᠲ᠋ᠷ ᠠᠶᠠᠯᠠᠪᠠᠯ᠂ ᠤᠯᠠᠭᠠᠨᠴᠠᠪ ᠬᠤᠳᠠ ᠵᠢᠨ ᠳᠥᠷᠪᠡᠳ ᠬᠣᠱᠢᠭᠤᠨ᠎ᠤ ᠤᠯᠠᠭᠠᠨᠬᠤᠸᠠ ᠪᠠᠯᠭᠠᠰᠤᠨ᠎ᠳᠤ ᠬᠦᠷᠳᠡᠭ᠃ ᠪᠥᠬᠥ᠌ ᠬᠣᠱᠢᠭᠤᠨ ᠤ 25513 ᠲᠡᠭ᠌ᠰᠢ ᠳᠥᠷᠪᠡᠯᠵᠢᠨ ᠺᠢᠯᠣᠮᠧᠲ᠋ᠷ ᠨᠤᠳᠤᠭ ᠲᠡᠪᠢᠰᠭᠡᠷ᠎ᠤᠨ 11829 ᠬᠥᠮᠦᠨ ᠠᠮᠠ᠎ᠶ᠋ᠢᠨ ᠴᠠᠬᠢᠯᠭᠠᠨ ᠬᠠᠩᠭᠠᠬᠤ ᠬᠠᠮᠢᠶᠠᠷᠤᠯᠲᠠ᠎ᠶ᠋ᠢᠨ ᠡᠭᠦᠷᠭᠡ᠎ᠶ᠋ᠢ ᠡᠭᠦᠷᠭᠡᠯᠡᠵᠦ᠍ ᠪᠠᠢᠭ᠎ᠠ ᠳᠥᠷᠪᠡᠳ ᠬᠣᠱᠢᠭᠤᠨ᠎ᠤ ᠴᠠᠬᠢᠯᠭᠠᠨ ᠬᠠᠩᠭᠠᠬᠤ ᠺᠣᠮᠫᠠᠨᠢ ᠤᠯᠠᠭᠠᠨᠬᠤᠸᠠ ᠪᠠᠯᠭᠠᠰᠤᠨ᠎ᠳᠤ ᠪᠠᠢᠷᠢᠯᠠᠵᠤ᠂ ᠬᠢᠲᠠᠳ᠂ ᠮᠣᠩᠭᠣᠯ᠂ ᠬᠣᠲᠣᠩ᠂ ᠮᠠᠨᠵᠤ ᠵᠡᠷᠭᠡ ᠤᠯᠠᠨ ᠦᠨᠳᠦᠰᠦᠲᠡᠨ᠎ᠦ 151 ᠺᠠᠳ᠋ᠷ ᠠᠵᠢᠯᠲᠠᠨ᠎ᠲᠠᠶ᠂ ᠲᠠᠳᠠ ᠬᠢᠯᠢ ᠬᠢᠵᠠᠭᠠᠷ ᠣᠷᠣᠨ᠎ᠤ ᠠᠵᠤ ᠠᠬᠤᠶ ᠨᠡᠢᠭᠡᠮ ᠦᠨ ᠬᠥᠭ᠌ᠵᠢᠯᠲᠡ ᠶ᠋ᠢ ᠠᠬᠢᠭᠤᠯᠬᠤ ᠬᠦᠨᠳᠦ ᠡᠭᠦᠷᠭᠡ ᠶ᠋ᠢ ᠰᠠᠨᠠᠭᠠᠴᠢᠯᠠᠭ᠎ᠠ ᠡᠴᠡ ᠪᠠᠨ ᠡᠭᠦᠷᠭᠡᠯᠡᠨ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠳᠤ ᠣᠷᠣᠯᠠᠭᠤᠯᠵᠤ ᠪᠣᠯᠤᠰᠢ ᠥᠬᠡᠶ ᠦᠶ᠋ᠯᠡᠳᠦᠯᠵᠢᠡᠨ ᠦᠵᠡᠬᠦᠯᠵᠦ ᠪᠤᠢ᠃
《ᠬᠤᠪᠢᠯᠭᠠᠨ ᠣᠩᠭᠣᠴᠠ ᠨᠢᠰᠭᠦ ᠣᠩᠭᠣᠴᠠ᠎ᠵᠢᠨ ᠪᠠᠭᠤᠭᠰᠠᠨ ᠭᠠᠵᠠᠷ》᠂ 《ᠲᠠᠯ᠎ᠠ ᠨᠤᠲᠤᠭ᠎ᠤᠨ ᠡᠵᠢ》 ᠲᠦᠬᠦᠢᠮᠡ ᠨᠠᠰᠤᠳᠠᠨ ᠪᠤᠯ ᠲᠠᠶᠠᠩ ᠳ᠋ᠤ ᠠᠯᠳᠠᠷᠰᠢᠭᠰᠠᠨ ᠲᠤᠰ ᠭᠠᠵᠠᠷ᠎ᠤᠨ《ᠨᠡᠷ᠎ᠡ ᠵᠢᠨ ᠬᠠᠭᠤᠳᠠᠰᠤ》 ᠪᠣᠯᠤᠨ᠎ᠠ᠃ ᠳᠥᠷᠪᠡᠳ ᠬᠣᠱᠢᠭᠤᠨ᠎ᠤ ᠴᠠᠬᠢᠯᠭᠠᠨ ᠬᠠᠩᠭᠠᠬᠤ ᠺᠣᠮᠫᠠᠨᠢ ᠵᠢᠨ ᠬᠢᠨ ᠡᠳᠡᠭᠡᠷ ᠡᠷᠬᠢᠮ ᠨᠠᠨᠳᠢᠨ ᠣᠶᠤᠨ ᠰᠠᠨᠠᠭᠠᠨ᠎ᠤ ᠥᠪ ᠬᠥᠷᠥᠩᠭᠡ᠎ᠵᠢ ᠨᠠᠨᠳᠢᠩᠨᠠᠨ ᠲᠡᠭᠡᠳᠦᠯᠡᠵᠦ᠂《ᠳᠤᠮᠳᠠᠳᠤ᠎ᠶ᠋ᠢᠨ ᠦᠨᠳᠦᠰᠦᠲᠡᠨ ᠨᠢᠭᠡ ᠭᠡᠷ᠎ᠦᠨ ᠬᠥᠮᠦᠨ ᠮᠡᠲᠦ ᠳᠣᠲᠣᠨᠣ ᠪᠠᠢᠵᠤ᠂ ᠰᠡᠳᠭᠢᠯ ᠨᠢᠭᠡᠳᠦᠨ ᠳᠤᠮᠳᠠᠳᠤ᠎ᠶ᠋ᠢᠨ ᠵᠡᠭᠦᠳᠦ᠍᠎ᠶ᠋ᠢ ᠬᠠᠮᠲᠤ᠎ᠪᠠᠷ ᠲᠡᠷᠭᠡᠯᠱᠢᠭᠦᠯᠬᠦ᠌》᠎ᠪᠡᠷ ᠶᠡᠷᠦᠩᠬᠡᠢ ᠬᠠᠷᠠᠯᠲᠠ ᠪᠣᠯᠭᠠᠵᠤ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠵᠢᠱ᠌ᠢᠢ᠎ᠡ ᠦᠵᠡᠭᠦᠯᠬᠦ᠌ ᠡᠭᠦᠳᠦᠨ ᠪᠠᠢᠭᠤᠯᠬᠤ ᠠᠵᠢᠯᠯᠠᠭ᠎ᠠ᠎ᠪᠠᠷ ᠠᠴᠢᠶᠠᠯᠠᠪᠤᠷᠢ ᠪᠣᠯᠭᠠᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠲᠠᠰᠤᠷᠠᠯᠳᠠ ᠦᠭᠡᠢ ᠪᠠᠲᠤ ᠴᠣᠭ᠍ᠴᠠᠯᠠᠵᠤ᠂ ᠡᠨᠡ ᠵᠢᠯ ᠤᠯᠠᠭᠠᠨᠴᠠᠪ ᠬᠣᠲᠠ᠎ᠶ᠋ᠢᠨ《ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠠᠵᠤ ᠠᠬᠤᠢᠯᠠᠯ》 ᠢ᠋ᠢᠡᠷ ᠦᠨᠡᠯᠡᠭ᠌ᠳᠡᠪᠡ᠃
《ᠦᠨᠳᠦᠰᠦᠲᠡᠨ᠎ᠨᠦᠭᠦᠳ ᠪᠦᠯᠬᠦᠮᠳᠡᠨ ᠨᠢᠭᠡ ᠬᠡᠷ ᠪᠦᠯᠢ ᠵᠢᠨ ᠮᠡᠲᠦ ᠳᠣᠲᠣᠨᠣ ᠪᠠᠢᠵᠤ᠂ ᠰᠡᠳᠭᠢᠯ ᠨᠢᠭᠡᠳᠦᠨ ᠳᠤᠮᠳᠠᠳᠤ᠎ᠶ᠋ᠢᠨ ᠵᠡᠭᠦᠳᠦ᠍᠎ᠪᠡᠨ ᠬᠠᠮᠲᠤ᠎ᠪᠠᠷ ᠲᠡᠷᠭᠡᠯᠱᠢᠭᠦᠯᠦᠶ᠎ᠡ》 ᠭᠡᠬᠦ᠌ ᠭᠤᠤᠯ ᠰᠡᠳᠦᠪᠲᠦ ᠠᠵᠢᠯᠯᠠᠭ᠎ᠠ ᠥᠷᠨᠢᠭᠦᠯᠵᠦ᠍᠂ ᠱᠢᠨ᠎ᠡ ᠴᠠᠭ ᠦᠶ᠎ᠡ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠦᠶ᠋ᠯᠡᠳᠦᠯ᠎ᠢ ᠭᠦᠶ᠋ᠴᠡᠳ ᠪᠠᠳᠠᠷᠠᠭᠤᠯᠤᠨ᠂ ᠦᠶ᠋ᠯᠡᠳᠪᠦᠷᠢᠯᠡᠯ᠎ᠦᠨ ᠨᠢᠭᠡᠳᠦᠭᠡᠷ ᠹᠷᠣᠨᠲ᠂ ᠮᠠᠯᠵᠢᠬᠤ ᠲᠠᠷᠢᠶᠠᠯᠠᠬᠤ ᠣᠷᠣᠨ᠂ ᠬᠢᠯᠢ᠎ᠶ᠋ᠢᠨ ᠬᠠᠮᠠᠭᠠᠯᠠᠯᠲᠠ᠎ᠶ᠋ᠢᠨ ᠬᠠᠷᠠᠭᠤᠯ ᠤᠨ ᠭᠠᠵᠠᠷ᠂ ᠶᠠᠳᠠᠭᠤ ᠶ᠋ᠢ ᠲᠡᠳᠬᠦᠬᠦ᠌ ᠬᠠᠷᠢᠯᠴᠠᠬᠤ ᠴᠡᠭ ᠵᠡᠷᠭᠡ ᠭᠠᠵᠠᠷ᠎ᠲᠤ ᠭᠦᠨᠵᠡᠭᠡᠢᠷᠡᠵᠦ᠍᠂ ᠣᠯᠠᠨ ᠵᠦᠶ᠋ᠯ᠎ᠦᠨ ᠤᠬᠠᠭᠤᠯᠤᠨ ᠲᠠᠢᠯᠪᠤᠷᠢᠯᠠᠬᠤ ᠬᠡᠯᠪᠡᠷᠢ᠎ᠶ᠋ᠢ ᠠᠪᠴᠤ᠌᠂ ᠦᠨᠳᠦᠰᠦᠨ ᠱᠠᠲᠤᠨ᠎ᠤ ᠠᠵᠢᠯᠲᠠᠨ ᠠᠵᠢᠯᠴᠢᠨ ᠵᠢᠴᠢ ᠮᠠᠯᠴᠢᠨ ᠲᠠᠷᠢᠶᠠᠴᠢᠨ ᠣᠯᠠᠨ ᠲᠦᠮᠡᠨ᠎ᠳᠦ ᠨᠠᠮ᠎ᠤᠨ ᠱᠤᠭᠤᠮ᠂ ᠴᠢᠭ᠌ᠯᠡᠯᠲᠡ᠂ ᠲᠥᠷᠥ᠎ᠶ᠋ᠢᠨ ᠪᠣᠳᠣᠯᠭ᠎ᠠ᠎ᠶ᠋ᠢ ᠴᠠᠭ ᠲᠤᠬᠠᠶ᠎ᠳᠤᠨᠢ ᠤᠬᠠᠭᠤᠯᠵᠤ᠂ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠎ᠢ ᠤᠬᠠᠭᠤᠯᠤᠨ ᠲᠠᠢᠯᠪᠤᠷᠢᠯᠠᠪᠠ᠃ 《ᠪᠢ ᠪᠣᠯ ᠬᠠᠮᠤᠭ᠎ᠤᠨ ᠭᠣᠶᠣ ᠮᠣᠩᠭᠣᠯ ᠴᠠᠬᠢᠯᠭᠠᠨᠴᠢ》 ᠨᠠᠮ ᠤᠨ ᠭᠡᠱᠢᠭᠦᠨ ᠦ ᠦᠶ᠋ᠯᠡᠴᠢᠯᠡᠭᠡᠨ ᠦ ᠠᠩᠭᠢ᠎ᠶ᠋ᠢ ᠵᠣᠬᠢᠶᠠᠨ ᠪᠠᠢᠭᠤᠯᠵᠤ᠂《ᠬᠡᠷ ᠲᠦᠨᠢ ᠬᠦᠷᠴᠦ᠍ ᠤᠬᠠᠭᠤᠯᠤᠨ ᠲᠠᠢᠯᠪᠤᠷᠢᠯᠠᠬᠤ + ᠦᠶ᠋ᠯᠡᠴᠢᠯᠡᠭᠡ》 ᠶ᠋ᠢᠨ ᠠᠷᠭ᠎ᠠ ᠬᠡᠯᠪᠡᠷᠢ᠎ᠶ᠋ᠢ ᠠᠪᠴᠤ᠂ ᠲᠠᠯ᠎ᠠ ᠨᠤᠲᠤᠭ᠎ᠤᠨ ᠭᠦᠨ᠎ᠳᠦ ᠬᠦᠷᠴᠦ᠍ ᠦᠨᠳᠦᠰᠦᠲᠡᠨ᠎ᠦ ᠪᠦᠯᠬᠦᠮᠳᠡᠯ᠎ᠦᠨ ᠲᠥᠷᠥ᠎ᠶ᠋ᠢᠨ ᠪᠣᠳᠣᠯᠭ᠎ᠠ᠎ᠶ᠋ᠢ ᠶᠠᠷᠢᠬᠤ᠎ᠶ᠋ᠢᠨ ᠬᠠᠮᠲᠤ᠂ ᠪᠣᠢᠳᠠ ᠪᠦᠭ᠌ᠯᠡᠭᠦᠦ ᠭᠠᠵᠠᠷ ᠣᠷᠣᠨ᠎ᠤ ᠮᠠᠯᠴᠢᠳ᠎ᠤᠨ ᠡᠯ᠎ᠡ ᠲᠥᠷᠥᠯ᠎ᠦᠨ ᠴᠠᠬᠢᠯᠭᠠᠨ ᠬᠡᠷᠡᠭ᠌ᠯᠡᠬᠦ᠌ ᠬᠦᠴᠢᠷᠳᠡᠯ ᠢ ᠬᠠᠪᠰᠤᠷᠤᠨ ᠱᠢᠶ᠋ᠳᠪᠦᠷᠢᠯᠡᠵᠦ᠍᠂ ᠠᠮᠤᠷ ᠲᠦᠪᠱᠢᠨ ᠴᠠᠬᠢᠯᠭᠠᠨ ᠬᠡᠷᠡᠭ᠌ᠯᠡᠬᠦ᠌ ᠮᠡᠳᠡᠯᠭᠡ ᠵᠡᠷᠭᠡ ᠦᠶ᠋ᠯᠡᠴᠢᠯᠡᠭᠡ᠎ᠶ᠋ᠢ ᠤᠬᠠᠭᠤᠯᠵᠤ᠂ ᠲᠣᠰ ᠨᠢᠭᠡᠴᠢ᠎ᠶ᠋ᠢᠨ ᠺᠠᠳ᠋ᠷ ᠠᠵᠢᠯᠲᠠᠨ ᠠᠵᠢᠯᠴᠢᠨ ᠡᠯ᠎ᠡ ᠦᠨᠳᠦᠰᠦᠲᠡᠨ᠎ᠦ ᠬᠡᠷᠡᠭ᠌ᠯᠡᠭ᠌ᠴᠢ᠂ ᠰᠠᠭᠤᠭᠠᠯᠢ ᠠᠷᠠᠳ᠎ᠲᠠᠶ ᠢᠯᠡᠭᠦᠬᠡᠨ ᠰᠣᠯᠢᠯᠴᠠᠨ ᠨᠡᠪᠲᠡᠷᠡᠯᠴᠡᠵᠦ᠂ ᠪᠦᠯᠬᠦᠮᠳᠡᠯ ᠲᠡᠶ ᠡᠶ᠎ᠡ ᠵᠣᠬᠢᠴᠠᠩᠭᠤᠶ ᠠᠭᠤᠷ ᠠᠮᠢᠰᠭᠤᠯ᠎ᠢ ᠪᠣᠶ ᠪᠣᠯᠭᠠᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠠᠵᠢᠯ᠎ᠢ ᠪᠥᠬᠥ᠌ ᠲᠠᠯ᠎ᠠ᠎ᠪᠠᠷ ᠭᠦᠨᠵᠡᠭᠡᠢᠷᠡᠭᠦᠯᠵᠠᠢ᠃
ᠦᠨᠳᠦᠰᠦᠲᠡᠨ ᠦ ᠪᠦᠯᠬᠦᠮᠳᠡᠯ ᠳᠠᠪᠱᠢᠯᠲᠠ ᠶ᠋ᠢᠨ ᠳᠤᠮᠳᠠ ᠴᠣᠯᠭᠣᠷᠠᠨ ᠭᠠᠷᠤᠭ᠍ᠰᠠᠨ ᠲᠡᠷᠢᠭᠦᠨ᠎ᠦ ᠨᠡᠢᠲᠡᠯᠢᠭ ᠦᠶ᠋ᠯᠡ ᠠᠵᠢᠯᠯᠠᠭ᠎ᠠ ᠶ᠋ᠢ ᠤᠬᠠᠭᠤᠯᠬᠤ ᠡᠷᠴᠢᠮ ᠢᠶᠡᠨ ᠴᠢᠩᠭᠠᠷᠠᠭᠤᠯᠵᠤ᠂ 《ᠶᠣᠰᠣ ᠰᠤᠷᠲᠠᠬᠤᠨ᠎ᠤ ᠬᠢᠴᠢᠶᠡᠯ᠎ᠦᠨ ᠲᠠᠩᠬᠢᠮ》᠂ 《ᠰᠤᠷᠤᠯᠴᠠᠯᠭ᠎ᠠ᠎ᠶ᠋ᠢᠨ ᠬᠢᠴᠢᠶᠡᠯ᠎ᠦᠨ ᠲᠠᠩᠬᠢᠮ》᠂ 《ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠴᠡᠭ》 ᠢ᠋ᠢᠡᠷ ᠠᠴᠢᠶᠠᠯᠠᠪᠤᠷᠢ ᠪᠣᠯᠭᠠᠵᠤ᠂ 《ᠳᠡᠷᠭᠡᠳᠡᠬᠢ ᠬᠥᠮᠦᠰ ᠳᠡᠷᠭᠡᠳᠡᠬᠢ ᠤᠴᠢᠷ ᠶᠠᠪᠤᠳᠠᠯ ᠵᠢᠡᠨ ᠶᠠᠷᠢᠬᠤ》 ᠬᠡᠯᠪᠡᠷᠢ ᠪᠡᠷ ᠺᠠᠳ᠋ᠷ ᠠᠵᠢᠯᠲᠠᠨ ᠠᠵᠢᠯᠴᠢᠨ ᠳᠤ ᠲᠡᠷᠢᠭᠦᠨ ᠦ ᠨᠡᠢᠲᠡᠯᠢᠭ ᠦᠶ᠋ᠯᠡ ᠠᠵᠢᠯᠯᠠᠭ᠎ᠠ᠎ᠶ᠋ᠢ ᠬᠠᠮᠲᠤ᠎ᠪᠠᠷ ᠰᠤᠷᠤᠯᠴᠠᠨ ᠬᠤᠪᠢᠶᠠᠯᠴᠠᠪᠠ᠃ ᠲᠣᠰ ᠺᠣᠮᠫᠠᠨᠢ ᠱᠢᠨ᠎ᠡ ᠴᠠᠭ ᠦᠶ᠎ᠡ ᠶ᠋ᠢᠨ ᠪᠣᠯᠪᠠᠰᠤᠨ ᠤ ᠦᠶ᠋ᠯᠡᠳᠦᠯᠭᠡ ᠶ᠋ᠢᠨ ᠴᠡᠭ ᠪᠠᠢᠭᠤᠯᠵᠤ᠂ ᠲᠦᠬᠦᠢᠮᠡ ᠶ᠋ᠢᠨ ᠱᠠᠩᠬᠠᠶ ᠶ᠋ᠢᠨ 28 ᠥᠨᠥᠴᠢᠨ ᠬᠡᠦᠬᠡᠳ᠎ᠢ ᠦᠷᠡᠴᠢᠯᠡᠨ ᠲᠡᠵᠢᠭᠡᠭᠰᠡᠨ ᠰᠡᠳᠭᠢᠯ ᠳᠣᠭ᠍ᠳᠣᠯᠤᠮᠠ ᠦᠯᠢᠭᠡᠷ᠎ᠢ ᠦᠷᠭᠦᠯᠵᠢᠯᠡᠭ᠌ᠰᠡᠨ ᠵᠢᠷᠤᠭ᠍ᠲᠤ ᠳᠡᠪᠲᠡᠷ᠎ᠦᠨ ᠬᠡᠯᠪᠡᠷᠢ᠎ᠪᠡᠷ ᠡᠯᠭᠦᠠ᠂ ᠲᠣᠭᠣᠷᠢᠨ ᠦᠵᠡᠭ᠌ᠴᠢ ᠶ᠋ᠢᠨ ᠰᠡᠳᠭᠢᠯᠭᠡ ᠶᠢ ᠲᠤᠭᠲᠤᠯᠤᠭᠤᠯᠤᠨᠠ;《ᠬᠥᠮᠦᠨ ᠰᠠᠭᠤᠯᠭᠠᠭ᠍ᠰᠠᠨ ᠰᠠᠨᠰᠠᠷ᠎ᠤᠨ ᠠᠶᠠᠯᠠᠯ᠎ᠤᠨ ᠵᠣᠷᠢᠭ ᠰᠠᠨᠠᠭ᠎ᠠ》 ᠵᠢ ᠱᠢᠨ᠎ᠡ ᠴᠠᠭ ᠦᠶ᠎ᠡ᠎ᠶ᠋ᠢᠨ ᠪᠣᠯᠪᠠᠰᠤᠨ ᠤ ᠦᠢᠯᠡᠳᠦᠯᠭᠡ ᠶ᠋ᠢᠨ ᠴᠡᠭ᠎ᠲᠦ ᠳᠡᠯᠭᠡᠵᠤ᠂ ᠴᠠᠬᠢᠯᠭᠠᠨ ᠬᠦᠴᠦᠨ ᠦ ᠰᠠᠢᠨ ᠳᠤᠷ᠎ᠠ᠎ᠶ᠋ᠢᠨ ᠬᠥᠩᠭᠡᠨ ᠮᠣᠷᠢᠲᠤ ᠴᠡᠷᠢᠭ ᠣᠯᠠᠨ ᠲᠦᠮᠡᠨ᠎ᠦ ᠳᠤᠮᠳᠠ ᠭᠦᠨᠵᠡᠭᠡᠢᠷᠡᠨ ᠠᠷᠠᠳ ᠲᠦᠮᠡᠨ᠎ᠳᠦ ᠦᠶ᠋ᠯᠡᠴᠢᠯᠡᠬᠦ᠌ ᠭᠤᠤᠯ ᠰᠡᠳᠦᠪᠲᠦ ᠦᠵᠡᠭᠦᠯᠦᠯᠭᠡ᠎ᠶ᠋ᠢ ᠣᠨᠴᠠᠭᠠᠢᠯᠠᠨ ᠨᠡᠭᠡᠭᠡᠵᠤ᠂ ᠦᠨᠳᠦᠰᠦᠲᠡᠨ᠎ᠦ ᠪᠦᠯᠬᠦᠮᠳᠡᠯ᠎ᠦᠨ ᠨᠡᠢᠲᠡᠯᠢᠭ ᠦᠯᠢᠭᠡᠷ ᠵᠢᠱ᠌ᠢᠶ᠎ᠡ᠎ᠶ᠋ᠢᠨ ᠵᠢᠱ᠌ᠢᠶ᠎ᠡ ᠦᠵᠡᠭᠦᠯᠵᠦ᠍ ᠬᠥᠲᠥᠯᠥᠨ ᠳᠠᠭᠠᠭᠤᠯᠬᠤ ᠦᠶ᠋ᠯᠡᠳᠦᠯ᠎ᠢ ᠬᠦᠢᠴᠡᠳ ᠪᠠᠳᠠᠷᠠᠭᠤᠯᠪᠠ᠃
ᠪᠥᠬᠥ᠌ ᠬᠣᠱᠢᠭᠤᠨ᠎ᠤ ᠨᠡᠢᠭᠡᠮ ᠠᠵᠤ ᠠᠬᠤᠶ᠎ᠶ᠋ᠢᠨ ᠲᠦᠷᠭᠡᠨ ᠬᠥᠭ᠌ᠵᠢᠯᠲᠡ ᠪᠠ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠬᠠᠩᠭᠠᠬᠤ ᠶ᠋ᠢᠨ ᠲᠥᠯᠥᠭᠡ᠂ ᠲᠣᠰ ᠺᠣᠮᠫᠠᠨᠢ ᠨᠢ ᠴᠠᠬᠢᠯᠭᠠᠨ ᠬᠠᠩᠭᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠡᠨᠡ ᠬᠦ᠌ ᠦᠨᠳᠦᠰᠦᠨ ᠵᠦᠶ᠋ᠯ ᠡᠴᠡ ᠭᠠᠷᠳᠠᠨ᠂ ᠠᠵᠢᠯ ᠲᠥᠷᠥᠯ᠎ᠦᠨ ᠳᠠᠪᠠᠭᠤᠯᠢᠭ᠎ᠢᠶᠠᠨ ᠭᠦᠶ᠋ᠴᠡᠳ ᠪᠠᠳᠠᠷᠠᠭᠤᠯᠵᠤ᠂ ᠪᠠᠲᠤ ᠴᠢᠩᠭ᠎ᠠ ᠴᠠᠬᠢᠯᠭᠠᠨ ᠲᠤᠤᠷ᠎ᠢ ᠪᠥᠲᠥᠭᠡᠨ ᠪᠠᠢᠭᠤᠯᠬᠤ᠂ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠨᠡᠢᠭᠡᠮ ᠦᠨ ᠬᠥᠭ᠌ᠵᠢᠯᠲᠡ ᠳᠦ ᠦᠶ᠋ᠯᠡᠴᠢᠯᠡᠬᠦ᠌᠎ᠶ᠋ᠢ ᠦᠨᠳᠦᠰᠦᠲᠡᠨ᠎ᠦ ᠪᠦᠯᠬᠦᠮᠳᠡᠯ᠎ᠦᠨ ᠠᠵᠢᠯ᠎ᠢ ᠨᠠᠢᠳᠠᠪᠤᠷᠢᠵᠢᠭᠤᠯᠬᠤ ᠪᠣᠳᠠᠲᠠᠶ ᠭᠠᠷᠳᠠᠴᠠ ᠪᠣᠯᠭᠠᠪᠠ᠃ 2017 ᠣᠨ᠎ᠠᠴᠠ ᠣᠲᠣ ᠪᠣᠯᠲᠠᠯ᠎ᠠ᠂ ᠳᠥᠷᠪᠡᠳ ᠬᠣᠱᠢᠭᠤᠨ᠎ᠤ ᠴᠠᠬᠢᠯᠭᠠᠨ ᠬᠠᠩᠭᠠᠬᠤ ᠺᠣᠮᠫᠠᠨᠢ ᠨᠡᠢᠲᠡ 3.9 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠵᠤ᠂ 10 ᠺᠢᠯᠤᠸᠠᠲ᠎ᠤᠨ ᠴᠠᠬᠢᠯᠭᠠᠨ ᠬᠦᠷᠬᠡᠬᠦ ᠱᠤᠭᠤᠮ᠎ᠢ 1618 ᠺᠢᠯᠣᠮᠧᠲ᠋ᠷ ᠱᠢᠨ᠎ᠡ᠎ᠪᠡᠷ ᠪᠠᠢᠭᠤᠯᠤᠨ ᠥᠭᠡᠷᠡᠴᠢᠯᠡᠵᠦ᠍᠂ 0.4 ᠺᠢᠯᠤᠸᠠᠲ᠎ᠤᠨ ᠴᠠᠬᠢᠯᠭᠠᠨ ᠬᠦᠷᠬᠡᠬᠦ ᠱᠤᠭᠤᠮ᠎ᠢ 908 ᠺᠢᠯᠣᠮᠧᠲ᠋ᠷ ᠱᠢᠨ᠎ᠡ᠎ᠪᠡᠷ ᠪᠠᠢᠭᠤᠯᠤᠨ ᠥᠭᠡᠷᠡᠴᠢᠯᠡᠵᠠᠢ᠃ ᠵᠢᠯ ᠪᠦᠷᠢ᠎ᠶ᠋ᠢᠨ ᠴᠠᠬᠢᠯᠭᠠᠨ ᠬᠦᠷᠬᠡᠬᠦ ᠱᠤᠭᠤᠮ ᠤ᠋ᠨ ᠢᠨᠵᠧᠨᠧᠷᠢᠩ᠎ᠢᠶᠡᠷ ᠳᠡᠮᠵᠢᠨ᠂ 3 ᠬᠢᠯᠢ᠎ᠶ᠋ᠢᠨ ᠬᠠᠮᠠᠭᠠᠯᠠᠯᠲᠠ᠎ᠶ᠋ᠢᠨ ᠴᠡᠷᠢᠭ ᠠᠩᠭᠢ᠂ 5 ᠬᠢᠯᠢ᠎ᠶ᠋ᠢᠨ ᠬᠠᠮᠠᠭᠠᠯᠠᠯᠲᠠ᠎ᠶ᠋ᠢᠨ ᠲᠣᠮᠢᠯᠠᠭ᠍ᠰᠠᠨ ᠰᠠᠯᠪᠤᠷᠢ᠂ 1965 ᠮᠠᠯᠴᠢᠨ ᠡᠷᠦᠬᠡ᠎ᠳᠦ ᠴᠠᠬᠢᠯᠭᠠᠨ ᠬᠠᠩᠭᠠᠵᠤ᠂ ᠬᠢᠯᠢ ᠬᠢᠵᠠᠭᠠᠷᠲᠤ ᠬᠥᠷᠬᠥ᠌ ᠠᠢᠯ ᠲᠣᠰᠭᠣᠨ᠎ᠤ ᠴᠠᠬᠢᠯᠭᠠᠨ ᠬᠠᠩᠭᠠᠬᠤ ᠠᠰᠠᠭᠤᠳᠠᠯ᠎ᠢ ᠱᠢᠶ᠋ᠳᠪᠦᠷᠢᠯᠡᠨ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠴᠠᠬᠢᠯᠭᠠᠨ ᠬᠠᠩᠭᠠᠬᠤ ᠬᠡᠷᠡᠭ᠌ᠴᠡᠭᠡ᠎ᠶ᠋ᠢ ᠬᠠᠩᠭᠠᠵᠤ᠂ ᠬᠢᠯᠢ ᠬᠢᠵᠠᠭᠠᠷ᠎ᠤᠨ ᠲᠣᠭ᠍ᠲᠠᠭᠤᠨ᠎ᠳᠤ ᠴᠢᠬᠤᠯᠠ ᠶᠡᠬᠡ ᠬᠤᠪᠢ ᠨᠡᠮᠡᠷᠢ ᠦᠵᠡᠭᠦᠯᠵᠠᠢ᠃
ᠲᠣᠰ ᠺᠤᠮᠫᠠᠨᠢ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠲᠠᠰᠤᠷᠠᠯᠲᠠ ᠥᠬᠡᠶ ᠱᠢᠯᠢᠳᠡᠭ᠌ᠵᠢᠭᠦᠯᠵᠦ᠍᠂ ᠬᠥᠳᠡᠭᠡ ᠲᠣᠰᠭᠣᠨ ᠤ ᠴᠠᠬᠢᠯᠭᠠᠨ ᠲᠤᠤᠷ ᠢ ᠲᠠᠰ ᠳᠡᠪᠱᠢᠭᠦᠯᠦᠨ ᠥᠭᠡᠷᠡᠴᠢᠯᠡᠨ ᠪᠠᠢᠭᠤᠯᠬᠤ ᠢᠨᠵᠧᠨᠧᠷᠢᠩ᠂ ᠠᠵᠢᠯ ᠲᠥᠷᠥᠯ᠎ᠢᠶᠡᠷ᠎ᠢᠶᠡᠨ ᠬᠠᠪᠰᠤᠷᠤᠨ ᠲᠡᠳᠬᠦᠬᠦ᠌ ᠢᠨᠵᠧᠨᠧᠷᠢᠩ ᠵᠢᠴᠢ ᠭᠠᠵᠠᠷ ᠣᠷᠣᠨ ᠤ ᠠᠵᠤ ᠠᠬᠤᠶ᠎ᠶ᠋ᠢᠨ ᠬᠥᠭ᠌ᠵᠢᠯᠲᠡ ᠶ᠋ᠢ ᠳᠡᠮᠵᠢᠬᠦ᠌᠂ ᠦᠨᠳᠦᠰᠦᠲᠡᠨ᠎ᠨᠦᠭᠦᠳ᠎ᠦᠨ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡ ᠬᠠᠩᠭᠠᠬᠤ ᠵᠡᠷᠭᠡ ᠬᠠᠮᠢᠶ᠎ᠠ ᠪᠥᠬᠥᠶ ᠡᠭᠦᠳᠦᠨ ᠪᠠᠢᠭᠤᠯᠬᠤ ᠠᠵᠢᠯᠯᠠᠭ᠎ᠠ ᠲᠠᠶ ᠤᠶᠠᠯᠳᠤᠭᠤᠯᠤᠨ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠴᠢᠩ ᠰᠡᠳᠭᠢᠯ ᠪᠥᠬᠥ᠌ ᠬᠦᠴᠦᠨ᠎ᠢᠶᠡᠷ᠎ᠢᠶᠡᠨ ᠦᠶ᠋ᠯᠡᠴᠢᠯᠡᠪᠡ᠃ ᠲᠠᠷᠢᠶᠠᠯᠠᠩ ᠮᠠᠯ ᠠᠵᠤ ᠠᠬᠤᠢ᠎ᠶ᠋ᠢᠨ ᠠᠵᠤ ᠦᠢᠯᠡᠰᠵᠢᠯᠲᠡ᠂ ᠬᠢᠮᠳᠠ ᠲᠦᠷᠢᠶᠡᠰᠦᠨ ᠤᠷᠤᠨ ᠰᠠᠭᠤᠴᠠ ᠵᠡᠷᠭᠡ ᠭᠤᠤᠯᠳᠠᠯᠭ᠎ᠠ᠎ᠲᠠᠶ ᠲᠥᠷᠥᠯ ᠵᠦᠶ᠋ᠯ᠎ᠢ ᠬᠡᠷᠡᠭᠵᠢᠬᠦᠯᠦᠨ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠤ ᠭᠡᠷ᠎ᠲᠦᠨᠢ ᠬᠦᠷᠴᠦ᠍ ᠦᠶ᠋ᠯᠡᠴᠢᠯᠡᠨ᠂《ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠺᠣᠮᠫᠠᠨᠢ》 ᠵᠢᠷᠬᠢᠶ᠎ᠡ ᠵᠢᠨ ᠣᠯᠠᠨ ᠨᠡᠢᠲᠡ᠎ᠶ᠋ᠢᠨ ᠳ᠋ᠤᠭᠠᠷ᠂《ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ e ᠵᠢᠶᠠ》 ᠭᠠᠷ ᠤᠲᠠᠰᠤᠨ᠎ᠤ APP᠂ 《ᠨᠢᠭᠡ ᠬᠣᠲᠠ᠎ᠶ᠋ᠢᠨ ᠤᠨᠳᠤᠤ ᠭᠠᠵᠠᠷ》 ᠵᠡᠷᠭᠡ ᠣᠯᠠᠨ ᠵᠦᠶ᠋ᠯ᠎ᠦᠨ ᠰᠦᠶ᠋ᠳᠭᠡᠯ ᠲᠤᠱᠢᠶᠠᠬᠤ ᠠᠷᠭ᠎ᠠ ᠵᠠᠮ᠎ᠢ ᠰᠠᠢᠲᠤᠷ ᠠᠱᠢᠭ᠍ᠯᠠᠵᠤ᠂ 《ᠠᠷᠪᠠᠨ ᠮᠢᠨᠦ᠋ᠲᠲᠸ᠋ ᠰᠦᠶ᠋ᠳᠭᠡᠯ ᠲᠤᠱᠢᠶᠠᠬᠤ ᠲᠣᠭᠣᠷᠢᠭ》᠎ᠢ᠋ ᠪᠠᠢᠭᠤᠯᠵᠤ᠂ ᠦᠨᠳᠦᠰᠦᠲᠡᠨ ᠨᠤᠬᠦᠳ᠎ᠤᠨ ᠤᠯᠠᠨ ᠲᠦᠮᠡᠨ ᠳ᠋ᠤ ᠦᠶ᠋ᠯᠡᠴᠢᠯᠡᠬᠦ᠌ 《ᠡᠴᠦᠰ᠎ᠦᠨ ᠨᠢᠭᠡ ᠺᠢᠯᠣᠮᠧᠲ᠋ᠷ》 ᠢ᠋ ᠨᠡᠪᠲᠡᠷᠡᠭᠦᠯᠵᠠᠢ᠃ ᠬᠠᠪᠰᠤᠷᠤᠯᠴᠠᠭ᠎ᠠ ᠪᠠᠢᠭᠤᠯᠤᠭᠰᠠᠨ ᠡᠷᠦᠬᠡ ᠶ᠋ᠢᠨ ᠪᠦᠬᠦ᠌ ᠲᠠᠯ᠎ᠠ ᠶ᠋ᠢᠨ ᠦᠢᠯᠡᠴᠢᠯᠡᠭᠡᠨ᠎ᠦ ᠱᠢᠰᠲ᠋ᠧᠮ ᠤᠨ ᠪᠠᠢᠭᠤᠯᠤᠯᠲᠠ᠎ᠶ᠋ᠢ ᠡᠬᠢᠯᠡᠭᠦᠯᠵᠦ᠍᠂ ᠡᠯ᠎ᠡ ᠦᠨᠳᠦᠰᠦᠲᠡᠨ᠎ᠦ ᠭᠠᠵᠠᠷ ᠣᠷᠣᠨ᠎ᠤ ᠴᠠᠬᠢᠯᠭᠠᠨ ᠵᠣᠭ᠍ᠰᠣᠬᠤ ᠤᠳᠠᠭ᠎ᠠ᠎ᠶ᠋ᠢ ᠪᠦᠬᠦ᠌ ᠬᠦᠴᠦᠨ᠎ᠢᠶᠡᠷ᠎ᠢᠶᠡᠨ ᠪᠠᠭᠠᠰᠭᠠᠨ᠂ ᠴᠠᠬᠢᠯᠭᠠᠨ ᠵᠣᠭ᠍ᠰᠣᠬᠤ ᠴᠠᠭ᠎ᠢ ᠪᠣᠭᠣᠨᠢᠰᠭᠠᠵᠤ᠂ ᠴᠠᠬᠢᠯᠭᠠᠨ ᠬᠠᠩᠭᠠᠬᠤ ᠨᠠᠢᠳᠠᠪᠤᠷᠢᠲᠤ ᠴᠢᠨᠠᠷ᠎ᠢ ᠭᠣᠣᠯᠳᠠᠯᠭ᠎ᠠ᠎ᠲᠠᠶ ᠳᠡᠭᠡᠭ᠌ᠰᠢᠯᠡᠭᠦᠯᠪᠠ᠃
ᠦᠨᠳᠦᠰᠦᠲᠡᠨ ᠦ ᠭᠠᠵᠠᠷ ᠣᠷᠣᠨ ᠳᠤ ᠦᠨᠳᠦᠰᠦᠯᠡᠭ᠌ᠰᠡᠨ ᠤᠯᠤᠰ ᠤᠨ ᠥᠮᠴᠢᠯᠡᠯ ᠦᠨ ᠠᠵᠤ ᠠᠬᠤᠢᠯᠠᠯ ᠪᠣᠯᠤᠭ᠍ᠰᠠᠨ ᠤ ᠬᠤᠪᠢ᠎ᠳᠤ᠂ ᠳᠥᠷᠪᠡᠳ ᠬᠣᠱᠢᠭᠤᠨ᠎ᠤ ᠴᠠᠬᠢᠯᠭᠠᠨ ᠬᠠᠩᠭᠠᠬᠤ ᠺᠣᠮᠫᠠᠨᠢ᠎ᠨᠢ ᠠᠵᠤ ᠠᠬᠤᠢᠯᠠᠯ᠎ᠤᠨ ᠦᠨᠳᠦᠰᠦᠲᠡᠨ᠎ᠨᠦᠭᠦᠳ᠎ᠦᠨ ᠺᠠᠳ᠋ᠷ ᠠᠵᠢᠯᠲᠠᠨ᠎ᠤ ᠡᠶ᠎ᠡ ᠨᠠᠢᠷᠲᠠᠶ᠎ᠪᠠᠷ ᠬᠠᠮᠲᠤ ᠣᠷᠣᠱᠢᠬᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠬᠤ᠂ ᠡᠶ᠎ᠡ ᠵᠣᠬᠢᠴᠠᠩᠭᠤᠶ ᠪᠠᠷ ᠬᠥᠭ᠌ᠵᠢᠬᠦ᠌ ᠰᠠᠢᠨ ᠰᠠᠢᠬᠠᠨ ᠪᠠᠢᠳᠠᠯ ᠢ ᠲᠠᠰᠤᠷᠠᠯᠲᠠ ᠥᠬᠡᠶ ᠪᠡᠬᠢᠵᠢᠭᠦᠯᠵᠦ᠍᠂ ᠦᠨᠳᠦᠰᠦᠲᠡᠨ᠎ᠨᠦᠭᠦᠳ᠎ᠦᠨ ᠺᠠᠳ᠋ᠷ ᠠᠵᠢᠯᠲᠠᠨ᠎ᠤ ᠠᠬ᠎ᠠ ᠳᠡᠭᠦᠦ ᠮᠡᠲᠦ ᠳᠣᠲᠣᠨᠣ ᠪᠠᠢᠵᠤ᠂ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠵᠤ᠂ ᠪᠥᠬᠥ᠌ ᠬᠣᠱᠢᠭᠤᠨ᠎ᠤ ᠦᠨᠳᠦᠰᠦᠲᠡᠨ ᠨᠤᠭᠦᠳ᠎ᠦᠨ ᠠᠷᠠᠳ ᠲᠦᠮᠡᠨ᠎ᠳᠦ ᠴᠢᠩ ᠰᠡᠳᠬᠢᠯ ᠵᠢᠡᠷ ᠦᠶ᠋ᠯᠡᠴᠢᠯᠡᠵᠦ᠍᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠠᠵᠢᠯ᠎ᠢ ᠪᠥᠬᠥ᠌ ᠲᠠᠯ᠎ᠠ ᠪᠠᠷ ᠭᠦᠨᠵᠡᠭᠡᠢᠷᠡᠭᠦᠯᠵᠦ᠍᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ᠃