ᠣᠢᠷ᠎ᠠ᠎ᠳ᠋ᠤ᠂ ᠬᠦᠯᠦᠨ ᠪᠤᠢᠷ ᠬᠤᠳᠠ ᠵᠢᠨ ᠱᠢᠨ᠎ᠡ ᠪᠠᠷᠭᠤ ᠵᠡᠭᠦᠨ ᠬᠣᠱᠢᠭᠤ 《ᠨᠠᠮ᠎ᠤᠨ ᠦᠨᠳᠦᠰᠦᠲᠡᠨ᠎ᠦ ᠣᠨᠣᠯ ᠲᠥᠷᠥ᠎ᠶ᠋ᠢᠨ ᠪᠣᠳᠣᠯᠭ᠎ᠠ᠎ᠶ᠋ᠢ ᠭᠦᠨᠵᠡᠭᠡᠶ ᠤᠬᠠᠭᠤᠯᠤᠨ ᠲᠤᠭᠤᠰᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠶ᠎ᠠ》 ᠭᠡᠬᠦ ᠭᠤᠤᠯ ᠰᠡᠳᠦᠪᠳᠦ ᠤᠬᠠᠭᠤᠯᠭ᠎ᠠ ᠵᠢᠨ ᠠᠵᠢᠯᠯᠠᠭ᠎ᠠ᠎ᠶ᠋ᠢ ᠠᠮᠵᠢᠯᠳᠠ ᠲᠠᠢ ᠦᠷᠨᠢᠬᠦᠯᠪᠡ᠃
ᠨᠠᠮ᠎ᠤᠨ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠎ᠶ᠋ᠢᠨ ᠭᠠᠷ ᠳᠡᠪᠲᠡᠷ᠂ ᠡᠯ᠎ᠡ ᠲᠥᠷᠥᠯ᠎ᠦᠨ ᠤᠬᠠᠭᠤᠯᠭ᠎ᠠ ᠶ᠋ᠢᠨ ᠮᠠᠲ᠋ᠧᠷᠢᠶᠠᠯ᠎ᠢ 4000 ᠭᠠᠷᠤᠶ ᠬᠤᠪᠢ ᠲᠠᠷᠬᠠᠭᠠᠵᠤ᠂ ᠬᠢᠯᠢ ᠬᠢᠵᠠᠭᠠᠷ᠎ᠤᠨ ᠦᠨᠳᠦᠰᠦᠲᠡᠨ᠎ᠦ ᠪᠦᠯᠬᠦᠮᠳᠡᠯ᠎ᠦᠨ ᠵᠢᠱ᠌ᠢᠶᠡᠴᠢ ᠬᠣᠩᠭᠢᠯ᠂ ᠨᠡᠢᠭᠡᠮ ᠲᠣᠭᠣᠷᠢᠭ᠎ᠤᠨ《ᠠᠨᠠᠷ᠎ᠤᠨ ᠦᠷ᠎ᠡ ᠵᠢᠨ ᠬᠡᠷ ᠣᠷᠣᠨ》 ᠵᠡᠷᠭᠡ ᠠᠴᠢᠶᠠᠯᠠᠪᠤᠷᠢ᠎ᠳᠤ ᠲᠦᠱᠢᠭ᠌ᠯᠡᠨ᠂ 62 ᠲᠠᠯᠠᠪᠠᠢ (ᠤᠳᠠᠭ᠎ᠠ ) ᠲᠥᠪᠯᠡᠷᠡᠭᠦᠯᠦᠨ ᠤᠬᠠᠭᠤᠯᠭ᠎ᠠ ᠬᠢᠵᠦ᠂ ᠲᠤᠰᠭᠠᠶ ᠰᠡᠳᠦᠪᠲᠦ ᠰᠤᠷᠤᠯᠴᠠᠯᠭ᠎ᠠ ᠵᠢ 7 ᠤᠳᠠᠭ᠎ᠠ ᠡᠷᠬᠢᠯᠡᠵᠦ᠂ ᠬᠠᠮᠢᠶ᠎ᠠ ᠪᠥᠬᠥᠶ ᠪᠣᠯᠪᠠᠰᠤᠷᠠᠯ᠎ᠢ 6 ᠤᠳᠠᠭ᠎ᠠ ᠦᠷᠨᠢᠬᠦᠯᠵᠦ᠂ ᠦᠨᠳᠦᠰᠦᠲᠡᠨ᠎ᠦ ᠪᠦᠯᠬᠦᠮᠳᠡᠯ᠎ᠦᠨ ᠦᠳᠭᠡᠨ ᠵᠤᠵᠠᠭᠠᠨ ᠠᠭᠤᠷ ᠠᠮᠢᠰᠭᠤᠯ᠎ᠢ ᠪᠣᠶ ᠪᠣᠯᠭᠠᠵᠠᠢ᠃
ᠨᠠᠮ᠎ᠤᠨ ᠦᠨᠳᠦᠰᠦᠲᠡᠨ᠎ᠦ ᠣᠨᠣᠯ ᠲᠥᠷᠥ᠎ᠶ᠋ᠢᠨ ᠪᠣᠳᠣᠯᠭ᠎ᠠ᠎ᠶ᠋ᠢ ᠰᠤᠷᠤᠯᠴᠠᠨ ᠪᠣᠯᠪᠠᠰᠤᠷᠠᠬᠤ ᠠᠩᠭᠢ᠂ ᠦᠨᠳᠦᠰᠦᠲᠡᠨ᠎ᠦ ᠬᠠᠤᠯᠢ ᠴᠠᠭᠠᠵᠠ ᠬᠠᠤᠯᠢ ᠲᠣᠭ᠍ᠲᠠᠭᠠᠯ᠎ᠤᠨ ᠶᠠᠷᠢᠶᠠᠨ᠎ᠤ ᠲᠠᠩᠬᠢᠮ᠂ ᠣᠨᠣᠯ ᠰᠤᠷᠤᠯᠴᠠᠬᠤ ᠭᠤᠤᠯ ᠳᠤᠭᠤᠢᠯᠠᠩ᠎ᠤᠨ ᠬᠤᠷᠠᠯ ᠵᠡᠷᠭᠡ᠎ᠶ᠋ᠢ ᠡᠷᠭᠢᠯᠡᠵᠦ᠍᠂ ᠶᠡᠷᠦᠩᠬᠡᠶ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠨᠠᠮ᠎ᠤᠨ ᠭᠡᠱᠢᠭᠦᠨ ᠺᠠᠳ᠋ᠷᠴᠤᠳ᠎ᠤᠨ ᠵᠠᠪᠠᠯ ᠰᠤᠷᠤᠯᠴᠠᠬᠤ ᠠᠭᠤᠯᠭ᠎ᠠ ᠪᠤᠯᠭᠠᠪᠠ; ᠡᠯ᠎ᠡ ᠳᠤᠮᠳᠠᠳᠤ ᠪᠠᠭ᠎ᠠ ᠰᠤᠷᠭᠠᠭᠤᠯᠢ ᠵᠢᠨ ᠬᠢᠨ ᠤᠳᠭ᠎ᠠ ᠤᠷᠠᠯᠢᠭ᠎ᠤᠨ ᠨᠠᠭᠠᠳᠤᠮ᠂ ᠰᠤᠷᠭᠠᠭᠤᠯᠢ᠎ᠶ᠋ᠢᠨ ᠬᠦᠷᠢᠶᠡᠨ᠎ᠦ ᠰᠣᠶᠣᠯ᠎ᠤᠨ ᠨᠠᠢᠷ᠂ ᠭᠤᠤᠯ ᠰᠡᠳᠦᠪᠲᠦ ᠠᠩᠭᠢ ᠶ᠋ᠢᠨ ᠬᠤᠷᠠᠯ᠂ ᠦᠶ᠋ᠯᠡᠳᠦᠯᠭᠡ᠎ᠶ᠋ᠢᠨ ᠠᠵᠢᠯᠯᠠᠭ᠎ᠠ ᠵᠡᠷᠭᠡ ᠠᠵᠢᠯᠯᠠᠭ᠎ᠠ᠎ᠪᠠᠷ ᠳᠠᠮᠵᠢᠭᠤᠯᠤᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠶ᠋ᠢᠨ ᠴᠣᠭ᠍ᠴᠠ᠎ᠶ᠋ᠢᠨ ᠤᠬᠠᠮᠰᠠᠷ᠎ᠢ᠋ ᠵᠠᠯᠠᠭᠤᠴᠤᠳ ᠪᠠᠭᠠᠴᠤᠳ᠎ᠤᠨ ᠰᠡᠳᠭᠢᠯ᠎ᠳᠦ ᠦᠨᠳᠦᠰᠦᠯᠡᠭᠦᠯᠦᠨ᠎ᠡ᠃






(ᠬᠡᠷᠠᠯ ᠵᠢᠷᠤᠭ᠎ᠢ ᠦᠪᠠᠷᠲᠠᠬᠡᠨ ᠵᠠᠰᠠᠬᠤ ᠤᠷᠤᠨ᠎ᠤ ᠦᠨᠲᠤᠰᠤᠲᠠᠨ᠎ᠤ ᠬᠡᠷᠡᠭ ᠡᠷᠬᠢᠯᠡᠬᠦ ᠵᠦᠪᠯᠡᠯ ᠡᠴᠠ ᠬᠠᠡᠭᠭᠠᠪᠠ )