《ᠬᠦᠮᠦᠨ᠎ᠤ ᠠᠮᠢᠳᠤᠷᠡᠯ᠎ᠤᠨ ᠭᠤᠷᠪᠡᠨ ᠠᠯᠬᠤᠮ》᠎ᠤᠨ ᠲᠡᠤᠭᠡ ᠤᠯᠪᠠᠭ᠎ᠠ᠎ᠵᠢ ᠬᠠᠷᠠᠬᠤᠢ
2022-07-06 09:23:18
ᠵᠣᠬᠢᠶᠠᠭ᠍ᠴᠢ᠄
ᠬᠤᠩ ᠱᠢᠶᠠ ᠰᠠᠷᠭᠠᠢ ᠢᠳᠡᠷᠡᠭᠦᠨ
ᠣᠩᠱᠢᠭ᠍ᠰᠠᠨ ᠣᠳᠠᠭ᠎ᠠ᠄
★★★☆☆

— ᠬᠥᠯᠥᠨ ᠪᠣᠢᠷ᠎ᠤᠨ ᠡᠪ ᠬᠠᠮᠳᠦ ᠵᠠᠯᠠᠭᠤᠴᠤᠳ᠎ᠤᠨ ᠠᠵᠢᠯ᠎ᠤᠨ ᠲᠡᠤᠬᠡ ᠤᠯᠪᠠᠭ᠎ᠠ ᠬᠢᠭᠡᠳ ᠪᠠᠷᠠᠯᠠᠯ ᠦᠵᠡᠭᠦᠯᠭᠡ᠎ᠵᠢ  ᠰᠤᠨᠢᠷᠬᠠᠭᠠᠳ

ᠪᠠᠭᠠᠴᠤᠳ᠎ᠤᠨ ᠬᠤᠰᠢᠭᠤᠴᠢ ᠠᠡᠭᠬᠢ᠎ᠳᠦ ᠤᠷᠤᠬᠤ᠂ ᠡᠪᠯᠡᠯ᠎ᠳᠦ ᠤᠷᠤᠬᠤ᠂ ᠨᠠᠮ᠎ᠳᠦ ᠤᠷᠤᠬᠤ ᠪᠤᠯ ᠵᠠᠯᠠᠭᠤᠴᠤᠳ᠎ᠤᠨ ᠤᠯᠤᠰ ᠲᠦᠷᠦ᠎ᠶᠢᠨ ᠲᠠᠪᠰᠢᠯᠳᠠ᠎ᠵᠢ ᠬᠦᠬᠡᠬᠡᠴᠡᠯᠳᠤᠬᠦ 《ᠬᠦᠮᠦᠨ᠎ᠤ ᠠᠮᠢᠳᠤᠷᠡᠯ᠎ᠤᠨ ᠭᠤᠷᠪᠡᠨ ᠠᠯᠬᠤᠮ》 ᠮᠦᠨ᠃ ᠬᠦᠯᠦᠨ ᠪᠤᠢᠷ ᠬᠤᠳᠠ ᠵᠢᠨ ᠡᠪᠯᠡᠯ᠎ᠤᠨ ᠬᠤᠷᠢᠶ᠎ᠠ 1946 ᠣᠨ᠎ᠤ 7 ᠰᠠᠷ᠎ᠠ᠎ᠳᠤ  ᠪᠠᠢᠭᠤᠯᠤᠬᠳᠠᠬᠰᠠᠨ ᠡᠴᠡ ᠨᠠᠭᠠᠰᠢ᠂ ᠨᠠᠮ᠎ᠤᠨ ᠤᠳᠤᠷᠢᠳᠤᠯᠭ᠎ᠠ ᠳᠣᠣᠷ᠎ᠠ᠂ ᠥᠷᠭᠡᠨ ᠣᠯᠠᠨ ᠵᠠᠯᠠᠭᠤᠴᠤᠳ᠎ᠢ ᠬᠦᠳᠤᠯᠤᠨ ᠳᠠᠭᠠᠭᠤᠯᠵᠦ ᠡᠷᠡᠮᠡᠬᠡᠢᠯᠡᠨ ᠤᠷᠤᠬᠰᠢᠯᠠᠬᠰᠠᠭᠠᠷ ᠮᠦᠷᠳᠡᠭᠡᠨ ᠥᠷᠭᠡᠨ ᠤᠯᠠᠨ ᠵᠠᠯᠠᠭᠤᠴᠤᠳ᠎ᠤᠨ ᠢᠲᠡᠭᠡᠭᠦᠱᠢᠲᠡᠢ᠂ ᠨᠠᠢᠳᠠᠪᠤᠷᠢᠲᠠᠢ᠂ ᠳᠣᠲᠣᠨᠣ ᠨᠠᠢᠵᠢ ᠪᠣᠯᠤᠭ᠍ᠰᠠᠭᠠᠷ ᠢᠷᠡᠵᠠᠢ᠃

ᠬᠥᠯᠥᠨ ᠪᠤᠢ᠌ᠷ᠎ᠤᠨ ᠵᠠᠯᠠᠭᠤᠴᠤᠳ᠎ᠤᠨ ᠠᠵᠢᠯ᠎ᠤᠨ ᠬᠥᠭ᠌ᠵᠢᠯᠲᠡ᠎ᠶ᠋ᠢ ᠡᠷᠭᠢᠴᠡᠭᠦᠯᠦᠭᠦᠶ᠎ᠡ᠂ ᠨᠠᠮ᠎ᠤᠨ ᠤᠳᠤᠷᠢᠳᠤᠯᠭ᠎ᠠ ᠳᠣᠣᠷᠠᠬᠢ ᠬᠤᠪᠢᠰᠭᠠᠯ᠂ ᠪᠦᠳᠦᠭᠡᠨ ᠪᠠᠢᠭᠤᠯᠤᠯᠲᠠ᠂ ᠥᠭᠡᠷᠡᠴᠢᠯᠡᠯᠲᠡ᠎ᠶᠢᠨ ᠠᠭᠤᠤ ᠶᠡᠭᠡ ᠵᠠᠮᠨᠠᠯ᠎ᠳᠦ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ ᠪᠡᠷ ᠲᠡᠮᠡᠴᠡᠭᠰᠡᠨ ᠨᠠᠨᠳᠢᠨ ᠲᠤᠷᠡᠰᠤᠮᠵᠢ ᠲᠠᠢ ᠴᠠᠭ ᠮᠥᠴᠡ ᠪᠢᠯᠡ᠃

ᠣᠢᠷ᠎ᠠ᠎ᠳᠤ᠂ ᠬᠦᠯᠦᠨ ᠪᠤᠢᠷ ᠬᠤᠳᠠ᠎ᠶᠢᠨ ᠤᠬᠠᠭᠤᠯᠬᠤ ᠬᠡᠯᠳᠡᠰ᠂ ᠬᠦᠯᠦᠨ ᠪᠤᠢᠷ ᠬᠤᠳᠠ ᠵᠢᠨ ᠡᠪᠯᠡᠯ᠎ᠤᠨ ᠬᠤᠷᠢᠶ᠎ᠠ ᠵᠡᠷᠭᠡ ᠪᠠᠢᠭᠤᠯᠭ᠎ᠠ ᠨᠢᠭᠡᠴᠢ ᠬᠠᠮᠳᠤᠷᠡᠨ 《ᠨᠠᠮ᠎ᠤᠨ ᠬᠤᠷᠢᠳᠤᠭᠠᠷ ᠶᠡᠭᠡ ᠬᠤᠷᠡᠯ᠎ᠢ ᠪᠠᠶᠠᠷᠯᠡᠨ ᠤᠬᠳᠤᠵᠦ ᠡᠬᠦᠷᠢᠳᠠ ᠨᠠᠮ ᠵᠢᠡᠨ ᠲᠠᠭᠠᠵᠦ  ᠰᠢᠨ᠎ᠠ ᠴᠠᠭ ᠦᠶ᠎ᠠ᠎ᠳᠦ ᠡᠷᠡᠮᠡᠬᠡᠢᠯᠡᠨ ᠤᠷᠤᠬᠰᠢᠯᠡᠶ᠎ᠠ》 ᠬᠡᠬᠦ ᠭᠤᠤᠯ ᠰᠡᠳᠤᠪᠳᠦ ᠬᠥᠯᠥᠨ ᠪᠣᠢᠷ᠎ᠤᠨ ᠵᠠᠯᠠᠭᠤᠴᠤᠳ᠎ᠤᠨ ᠠᠵᠢᠯ᠎ᠤᠨ ᠲᠡᠤᠬᠡ ᠤᠯᠪᠠᠭ᠎ᠠ ᠬᠢᠭᠡᠳ ᠪᠠᠷᠠᠯᠠᠯ᠎ᠤᠨ ᠬᠡᠷᠡᠯ ᠵᠢᠷᠤᠭ ᠤᠷᠠᠨ ᠪᠢᠴᠢᠯᠭᠡ ᠤᠷᠠᠨ ᠵᠢᠷᠤᠭ᠎ᠤᠨ ᠦᠵᠡᠭᠦᠯᠭᠡ ᠎ᠶᠢᠨ ᠠᠵᠢᠯᠯᠠᠭ᠎ᠠ ᠶᠠᠪᠤᠬᠳᠠᠭᠤᠯᠵᠠᠢ᠃ ᠦᠵᠡᠭᠦᠯᠭᠡ ᠎ᠳᠦ᠂ 《ᠲᠤᠳᠤᠨᠤ ᠬᠠᠯᠠᠮᠵᠢᠯᠠᠯ》᠂ 《ᠵᠤᠬᠢᠶᠠᠨ ᠪᠠᠢᠭᠤᠯᠤᠯᠲᠠ ᠵᠢᠨ ᠴᠤᠬᠴᠠᠯᠠᠯᠲᠠ》᠂《ᠵᠠᠯᠠᠭᠤ ᠨᠠᠰᠤᠨ ᠳ᠋ᠠᠭᠠᠨ ᠭᠠᠪᠢᠶ᠎ᠠ ᠪᠠᠢᠭᠤᠯᠬᠤ》᠂《ᠵᠠᠯᠠᠭᠤ ᠨᠠᠰᠤᠨ᠎ᠤ ᠴᠤᠬ ᠵᠢᠪᠬᠤᠭ᠎ᠠ》᠂ 《ᠵᠠᠯᠠᠭᠤᠴᠤᠳ᠎ᠤᠨ ᠤᠷᠠᠨ ᠪᠢᠴᠢᠯᠭᠡ ᠤᠷᠠᠨ ᠵᠢᠷᠤᠬ》ᠵᠡᠷᠭᠡ ᠬᠡᠰᠡᠭ᠎ᠢ᠋ᠢᠡᠷ ᠬᠥᠯᠥᠨ ᠪᠤᠢ᠌ᠷ᠎ᠤᠨ ᠵᠠᠯᠠᠭᠤᠴᠤᠳ᠎ᠤᠨ ᠠᠵᠢᠯ᠎ᠢ ᠪᠦᠬᠦ᠌ ᠲᠠᠯ᠎ᠠ᠎ᠪᠠᠷ ᠡᠷᠭᠢᠴᠡᠭᠦᠯᠵᠦ᠍᠂ ᠤᠯᠠᠨ ᠲᠦᠮᠡᠨ᠎ᠦ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠤᠭ᠍ᠰᠠᠨ ᠪᠠᠢᠨ᠎ᠠ᠃

300 ᠭᠠᠷᠤᠢ ᠭᠡᠷᠡᠯ ᠵᠢᠷᠤᠭ ᠪᠣᠯᠤᠨ 200 ᠭᠠᠷᠤᠢ ᠤᠷᠠᠨ ᠵᠢᠷᠤᠭ᠂ ᠤᠷᠡᠨ ᠪᠢᠴᠢᠯᠭᠡ᠎ᠶᠢᠨ ᠪᠦᠳᠦᠭᠡᠯ ᠪᠦᠬᠦᠢ ᠲᠡᠯᠭᠡᠨ ᠦᠵᠡᠬᠦᠯᠭᠡ᠎ᠳᠦ᠂ ᠵᠠᠯᠠᠭᠤᠴᠤᠳ ᠪᠠᠭᠠᠴᠤᠳ᠎ᠢ ᠬᠦᠳᠦᠯᠦᠨ ᠳᠠᠭᠠᠭᠤᠯᠵᠤ ᠲᠤᠭ᠎ᠢᠶᠠᠨ ᠥᠨᠳᠥᠷ ᠮᠠᠨᠳᠤᠭᠤᠯᠤᠨ ᠤᠯᠤᠰ ᠲᠦᠷᠦ᠍᠎ᠶ᠋ᠢᠨ ᠤᠬᠠᠮᠰᠠᠷ᠎ᠵᠢᠡᠨ ᠪᠠᠳᠤᠳᠬᠠᠨ᠂ ᠤᠯᠤᠰ᠎ᠢᠶᠠᠨ ᠬᠠᠢᠷᠠᠯᠠᠬᠤ᠂ ᠨᠤᠲᠤᠭ ᠤᠰᠤ᠎ᠪᠠᠨ ᠬᠠᠢᠷᠠᠯᠠᠬᠤ ᠴᠢᠩ ᠦᠨᠡᠨᠴᠢ ᠰᠡᠳᠭᠢᠯᠭᠡ ᠪᠣᠯᠤᠨ ᠥᠭᠡᠳᠡᠯᠡᠨ ᠲᠠᠪᠱᠢᠵᠦ᠍᠂ ᠴᠢᠷᠮᠠᠢᠨ ᠲᠡᠮᠡᠴᠡᠬᠦ᠌ ᠵᠣᠷᠢᠭ ᠰᠠᠨᠠᠭᠠᠨ᠎ᠤ ᠳᠦᠷᠰᠦ ᠪᠠᠢᠳᠠᠯ᠎ᠵᠢᠴᠢ ᠬᠥᠯᠥᠨ ᠪᠤᠢ᠌ᠷ ᠬᠤᠳᠠ᠎ᠶ᠋ᠢᠨ ᠥᠷᠭᠡᠨ ᠤᠯᠠᠨ ᠡᠪᠯᠡᠯ᠎ᠦᠨ ᠭᠡᠱᠢᠭᠦᠨ ᠵᠠᠯᠠᠭᠤᠴᠤᠳ᠎ᠤᠨ ᠴᠤᠭ ᠪᠠᠳᠠᠷᠠᠩᠭᠤᠢ᠂ ᠬᠦᠴᠦᠯᠡᠨ ᠴᠢᠷᠮᠠᠢᠵᠤ ᠦᠢᠯᠡᠰ ᠪᠤᠰᠬᠠᠬᠤ ᠤᠶᠤᠨ ᠰᠠᠨᠠᠭᠠᠨ᠎ᠤ ᠳᠦᠷᠰᠦ ᠪᠠᠢᠳᠠᠯ᠎ᠢ ᠬᠦᠢᠴᠡᠳ ᠬᠠᠷᠠᠭᠤᠯᠤᠬᠰᠠᠨ ᠪᠠᠢᠨ᠎ᠠ᠃ ᠡᠬᠦᠨ᠎ᠳᠦ᠂ ᠳᠡᠭᠡᠷ᠎ᠡ ᠵᠠᠭᠤᠨ᠎ᠤ ᠲᠠᠪᠢᠭᠠᠳ ᠣᠨ᠂ ᠳᠠᠯᠠᠭᠠᠳ ᠣᠨ᠎ᠤ ᠦᠶ᠎ᠠ᠎ᠶᠢᠨ ᠡᠪᠯᠡᠯ᠎ᠳᠦ ᠭᠤᠶᠤᠴᠢᠯᠠᠬᠤ ᠪᠢᠴᠢᠭ ᠵᠡᠷᠭᠡ ᠬᠤᠪᠤᠷ ᠴᠤᠬᠠᠭ ᠲᠤᠷᠡᠰᠬᠠᠯᠳᠦ ᠵᠤᠢᠯᠡᠰ ᠪᠠᠬᠳᠠᠵᠦ ᠪᠤᠢ᠃ 

ᠣᠢᠯᠠᠭᠠᠭ᠍ᠰᠠᠨ᠎ᠢᠶᠠᠷ᠂ ᠣᠳᠣᠬᠠᠨ᠎ᠳᠤ ᠬᠦᠯᠦᠨ ᠪᠤᠢᠷ ᠬᠣᠲᠠ᠎ᠳᠤ  55467 ᠡᠪᠯᠡᠯ᠎ᠦᠨ ᠭᠡᠱᠢᠭᠦᠨ ᠬᠢᠭᠡᠳ 4417 ᠡᠪᠯᠡᠯ᠎ᠦᠨ ᠵᠣᠬᠢᠶᠠᠨ ᠪᠠᠢᠭᠤᠯᠤᠯᠲᠠ᠂ 161 ᠵᠠᠯᠠᠭᠤᠴᠤᠳ᠎ᠤᠨ ᠠᠢᠯ ᠪᠣᠳᠠᠲᠤ ᠴᠣᠭ᠍ᠴᠠᠲᠤ ᠵᠢᠭ᠍ᠰᠠᠭᠠᠯ᠎ᠤᠨ ᠭᠠᠵᠠᠷ᠂ 41 ᠵᠠᠯᠠᠭᠤᠴᠤᠳ᠎ᠤᠨ ᠠᠢᠯ ᠡᠬᠦᠯᠡᠨ ᠲᠠᠪᠴᠡᠡᠭ ᠪᠤᠯᠤᠨ 12 ᠡᠪᠯᠡᠯ᠎ᠦᠨ ᠲᠥᠯᠥᠭᠡᠯᠡᠭ᠌ᠴᠢᠳ᠎ᠦᠨ ᠬᠠᠷᠢᠯᠴᠠᠬᠤ ᠥᠷᠲᠡᠭᠡ ᠪᠣᠶ᠃


QQ图片20220706091606.png


ᠡᠪᠯᠡᠯ ᠳ᠋ᠦ ᠤᠷᠤᠬᠤ ᠲᠠᠩᠭᠠᠷᠢᠬ᠎ᠤᠨ ᠦᠭᠡᠰ ᠵᠢᠡᠨ ᠲᠠᠬᠢᠨ ᠰᠠᠨᠠᠭᠠᠯᠵᠠᠨ᠎ᠠ 


QQ图片20220706091639.png


ᠪᠠᠭᠠᠴᠤᠳ᠎ᠤᠨ ᠬᠤᠰᠢᠭᠤᠴᠢ ᠠᠩᠬᠢ ᠵᠢᠨ ᠲᠠᠭᠤᠤ ᠲᠠᠭᠤᠯᠠᠨ᠎ᠠ 


QQ图片20220706091648.png


ᠪᠠᠭᠠᠴᠤᠳ᠎ᠤᠨ ᠬᠤᠰᠢᠭᠤᠴᠢ ᠠᠩᠬᠢ ᠳ᠋ᠦ ᠤᠷᠤᠨ᠎ᠠ 


QQ图片20220706091629.png


ᠡᠸᠡᠩᠬᠢ ᠦᠨᠳᠦᠰᠦᠲᠡᠨ᠎ᠤ ᠦᠪᠡᠷᠲᠡᠭᠡᠨ ᠵᠠᠰᠠᠬᠤ ᠬᠤᠰᠢᠭᠤᠨ ᠤ᠋ 《ᠵᠠᠯᠠᠭᠤᠴᠤᠳ᠎ᠤᠨ ᠠᠢᠯ》᠎ᠤᠨ ᠫᠠᠢᠰᠠ ᠡᠯᠬᠦᠬᠦ  ᠶᠤᠰᠤᠯᠠᠯ


QQ图片20220706091735.png


QQ图片20220706091745.png


ᠮᠠᠯᠴᠢᠨ ᠵᠠᠯᠠᠭᠤᠴᠤᠳ ᠡᠪᠯᠡᠯ᠎ᠤᠨ ᠬᠦᠳᠡᠯᠭᠡᠭᠡᠨ ᠳ᠋ᠦ ᠤᠷᠤᠯᠴᠠᠨ᠎ᠠ


QQ图片20220706091758.png


ᠪᠦᠬᠦ ᠤᠯᠤᠰ᠎ᠤᠨ ᠰᠢᠯᠢᠳᠡᠭ《ᠵᠠᠯᠠᠭᠤᠴᠤᠳ᠎ᠤᠨ ᠠᠢᠯ》— ᠰᠢᠨ᠎ᠡ ᠪᠠᠷᠭᠤ ᠵᠡᠭᠦᠨ ᠬᠤᠰᠢᠭᠤᠨ᠎ᠤ ᠪᠠᠶᠠᠨᠨᠠᠭᠤᠷ ᠭᠠᠴᠠᠭᠠᠨ᠎ᠤ ᠡᠪᠯᠡᠯ᠎ᠤᠨ ᠡᠭᠦᠷ ᠬᠦᠳᠡᠯᠭᠡᠭᠡᠨ ᠦᠷᠨᠢᠭᠦᠯᠵᠦ ᠪᠠᠢᠭ᠎ᠠ ᠨᠢ


QQ图片20220706091807.png



QQ图片20220706091816.png


ᠲᠡᠭᠡᠷ᠎ᠡ ᠵᠠᠭᠤᠨ᠎ᠤ ᠲᠠᠪᠢᠭᠠᠳ ᠤᠨ᠎ᠤ ᠦᠶ᠎ᠡ ᠵᠢᠨ ᠡᠪᠯᠡᠯ ᠳ᠋ᠦ ᠭᠤᠶᠤᠴᠢᠯᠠᠬᠤ ᠪᠢᠴᠢᠭ


QQ图片20220706091706.png


ᠦᠨᠳᠦᠰᠦᠲᠡᠨ᠎ᠤ ᠪᠦᠯᠬᠦᠮᠳᠡᠯ ᠲᠠᠪᠰᠢᠯᠲᠠ ᠵᠢᠨ ᠬᠦᠮᠦᠵᠢᠯ ᠎ᠤᠨ ᠭᠤᠤᠯ ᠰᠡᠳᠦᠪᠲᠤ ᠬᠦᠳᠡᠯᠭᠡᠭᠡᠨ


QQ图片20220706091657.png


ᠬᠡᠤᠬᠡᠳ᠎ᠤᠨ ᠵᠢᠷᠤᠬ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠹᠦ᠋ ᠭᠸᠨ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号