《ᠢᠨᠲ᠋ᠧᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ 》 ᠬᠠᠤᠯᠢᠵᠢᠬᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠎ᠳᠦ ᠬᠦᠴᠦᠨ ᠨᠡᠮᠡᠷᠢᠯᠡᠨ᠎ᠡ
2022-07-09 20:04:53
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠡᠨᠡ ᠵᠢᠯ ᠡᠴᠡ ᠨᠠᠭᠠᠰᠢ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠥᠲᠥᠯᠥᠨ ᠳᠠᠭᠠᠭᠤᠯᠬᠤ ᠪᠠ ᠲᠤᠯᠭᠠᠭᠤᠷᠢᠯᠠᠬᠤ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠣᠯᠠᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠨ᠂ ᠲᠥᠪ ᠭᠤᠤᠯᠴᠢ ᠢᠯᠡ ᠲᠣᠳᠣ᠂ ᠬᠠᠤᠯᠢᠵᠢᠬᠰᠠᠨ᠂ ᠳᠥᠭᠥᠮ ᠳᠥᠲᠡ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠣᠶ ᠪᠣᠯᠭᠠᠬᠤ᠎ᠶ᠋ᠢ ᠦᠷᠭᠦᠯᠵᠢᠯᠡᠨ ᠠᠬᠢᠭᠤᠯᠵᠦ᠂ ᠬᠠᠤᠯᠢ ᠴᠠᠭᠠᠵᠠ ᠢ᠋ᠢᠨ ᠵᠠᠰᠠᠭ ᠵᠠᠬᠢᠷᠭᠠᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠦᠶ᠋ᠯᠡᠴᠢᠯᠡᠬᠦ᠌᠂ ᠨᠡᠢᠭᠡᠮ᠎ᠦᠨ ᠡᠶ᠎ᠡ ᠵᠣᠬᠢᠴᠠᠯ ᠪᠠ ᠲᠣᠭ᠍ᠲᠠᠭᠤᠨ ᠪᠠᠢᠳᠠᠯ᠎ᠢ ᠬᠠᠮᠠᠭᠠᠯᠠᠬᠤ᠎ᠳᠤ ᠨᠠᠩ ᠰᠠᠢᠨ ᠬᠦᠴᠦᠲᠡᠶ ᠪᠠᠲᠤᠯᠠᠭ᠎ᠠ ᠬᠠᠩᠭᠠᠪᠠ᠃

《ᠪᠥᠬᠥ᠌ ᠣᠷᠣᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠵᠦᠶ᠋ᠯᠡᠰ᠎ᠢ ᠨᠠᠷᠢᠯᠢᠭ᠍ᠵᠢᠭᠤᠯᠤᠨ ᠡᠮᠬᠢᠯᠡᠬᠦ᠌ ᠪᠠ ᠥᠪᠡᠷᠲᠡᠭᠡᠨ ᠵᠠᠰᠠᠬᠤ ᠣᠷᠣᠨ᠎ᠤ ᠰᠠᠯᠠᠭ᠎ᠠ ᠮᠥᠴᠢᠷ ᠤ᠋ᠨ ᠰᠢᠭᠤᠳ ᠬᠠᠮᠢᠶᠠᠷᠬᠤ ᠲᠤᠬᠠᠢᠯᠠᠭᠰᠠᠨ ᠠᠵᠢᠯ᠎ᠤᠨ ᠰᠢᠰᠲᠸᠮ ᠬᠢᠭᠡᠳ ᠨᠢᠭᠡ ᠴᠣᠭ᠍ᠴᠠᠵᠢᠭᠤᠯᠤᠭ᠍ᠰᠠᠨ ᠰᠦᠯᠵᠢᠶᠡᠨ ᠳᠡᠭᠡᠷᠡᠬᠢ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠠᠪᠴᠠᠩ᠎ᠢ ᠵᠣᠯᠭᠠᠭᠤᠯᠬᠤ ᠬᠡᠷᠡᠭ᠌ᠵᠢᠭᠦᠯᠬᠦ᠌ ᠲᠥᠰᠦᠯ》ᠤ᠋ᠨ ᠱᠠᠭᠠᠷᠳᠠᠯᠭ᠎ᠠ ᠶᠣᠰᠣᠭᠠᠷ᠂ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠬᠦ᠌ ᠵᠦᠶ᠋ᠯᠡᠰ᠎ᠲᠦ ᠬᠣᠯᠪᠣᠭ᠍ᠳᠠᠭ᠍ᠰᠠᠨ ᠰᠢᠭᠤᠳ ᠬᠠᠮᠢᠶᠠᠷᠬᠤ ᠲᠤᠬᠠᠢᠯᠠᠭᠰᠠᠨ ᠠᠵᠢᠯ᠎ᠤᠨ ᠰᠢᠰᠲᠸᠮ ᠬᠢᠭᠡᠳ ᠪᠥᠬᠥ᠌ ᠣᠷᠣᠨ᠎ᠤ ᠨᠢᠭᠡ ᠴᠣᠭ᠍ᠴᠠᠵᠢᠭᠤᠯᠤᠭ᠍ᠰᠠᠨ ᠰᠦᠯᠵᠢᠶᠡᠨ ᠳᠡᠭᠡᠷᠡᠬᠢ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠠᠪᠴᠠᠩ᠎ᠤᠨ《ᠶᠡᠷᠦᠩᠬᠡᠢᠯᠡᠭ᠌ᠰᠡᠨ ᠨᠢᠭᠡ ᠴᠣᠩᠬᠤᠪᠴᠢ᠎ᠪᠠᠷ ᠭᠥᠯᠢᠶᠡᠨ ᠠᠪᠴᠤ᠌ ᠱᠢᠶ᠋ᠳᠪᠦᠷᠢᠯᠡᠬᠦ᠌》 ᠱᠢᠰᠲ᠋ᠧᠮ᠂ ᠠᠵᠢᠯ ᠭᠦᠶ᠋ᠴᠡᠳᠭᠡᠬᠦ᠌ ᠲᠣᠭ᠎ᠠ ᠪᠠᠷᠢᠮᠲᠠ ᠰᠣᠯᠢᠯᠴᠠᠬᠤ ᠱᠢᠰᠲ᠋ᠧᠮ ᠪᠣᠯᠤᠨ ᠬᠡᠷᠡᠭ᠌ᠯᠡᠭ᠌ᠴᠢ᠎ᠶ᠋ᠢᠨ ᠱᠢᠰᠲ᠋ᠧᠮ ᠢ᠋ ᠵᠣᠯᠭᠠᠭᠤᠯᠬᠤ᠎ᠶ᠋ᠢ ᠪᠡᠶᠡᠯᠡᠭᠦᠯᠵᠦ᠍᠂ 27 ᠵᠦᠶ᠋ᠯ᠎ᠦᠨ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠬᠦ᠌ ᠵᠦᠶ᠋ᠯᠡᠰ᠎ᠢ《ᠨᠢᠭᠡ ᠰᠦᠯᠵᠢᠶ᠎ᠡ᠎ᠪᠡᠷ ᠨᠡᠢᠳᠡᠮ ᠭᠦᠶ᠋ᠴᠡᠳᠭᠡᠬᠦ᠌》᠂《ᠨᠢᠭᠡ ᠰᠦᠯᠵᠢᠶ᠎ᠡ᠎ᠪᠡᠷ ᠨᠢᠭᠡᠳᠦᠯᠲᠡᠶ ᠬᠠᠮᠢᠶᠠᠷᠬᠤ》 ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠱᠢᠰᠲ᠋ᠧᠮ᠎ᠳᠦ ᠣᠷᠣᠭᠤᠯᠬᠤ᠎ᠶ᠋ᠢ ᠪᠡᠶᠡᠯᠡᠭᠦᠯᠪᠡ᠃

《ᠮᠥᠩᠬᠡ ᠰᠤᠪᠠᠭ》ᠨᠡᠭᠦᠳᠡᠯ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠠᠪᠴᠠᠩ᠎ᠤᠨ ᠣᠨᠴᠠᠯᠢᠭ᠍ᠲᠤ ᠬᠡᠷᠡᠭ᠌ᠯᠡᠭᠡᠨ᠎ᠢ ᠵᠤᠯᠭᠠᠭᠤᠯᠬᠤ ᠠᠵᠢᠯ᠎ᠤᠨ ᠲᠤᠬᠠᠶ ᠬᠠᠮᠢᠶ᠎ᠠ ᠪᠥᠬᠥᠶ ᠮᠡᠳᠡᠭ᠌ᠳᠡᠯ᠎ᠦᠨ ᠱᠠᠭᠠᠷᠳᠠᠯᠭ᠎ᠠ᠎ᠶ᠋ᠢ ᠬᠢᠨᠠᠮᠠᠭᠠᠶ ᠨᠠᠢᠳᠠᠪᠤᠷᠢᠵᠢᠭᠤᠯᠵᠤ᠂ ᠬᠠᠤᠯᠢ ᠴᠠᠭᠠᠵᠠ᠎ᠶ᠋ᠢᠨ ᠲᠢᠩᠬᠢᠮ᠎ᠦᠨ ᠣᠨᠴᠠᠯᠢᠭ᠍ᠲᠤ ᠠᠷᠠᠳ᠎ᠲᠤ ᠲᠥᠬᠥᠮ ᠦᠵᠡᠭᠦᠯᠬᠦ᠌ ᠬᠡᠷᠡᠭ᠌ᠯᠡᠭᠡᠨ᠎ᠢ ᠨᠡᠢᠲᠡ 17 ᠵᠦᠶ᠋ᠯ ᠰᠤᠳᠤᠯᠤᠨ ᠨᠡᠭᠡᠭᠡᠭ᠌ᠰᠡᠨ᠎ᠦ ᠬᠠᠮᠲᠤ᠂ ᠪᠠᠷᠢᠮᠵᠢᠶ᠎ᠠ ᠵᠢᠷᠤᠮᠵᠢᠯ ᠶᠣᠰᠣᠭᠠᠷ ᠮᠥᠩᠬᠡ ᠰᠤᠪᠠᠭ APP ᠲᠠᠢ ᠴᠠᠭ ᠲᠤᠬᠠᠶ᠎ᠳᠤᠨᠢ ᠵᠤᠯᠭᠠᠭᠤᠯᠵᠤ᠂ ᠥᠷᠭᠡᠨ ᠣᠯᠠᠨ ᠠᠵᠤ ᠠᠬᠤᠢᠯᠠᠯ᠂ ᠣᠯᠠᠨ ᠲᠦᠮᠡᠨ᠎ᠳᠦ ᠠᠯᠠᠭᠠᠨ ᠳᠡᠭᠡᠷ᠎ᠠ ᠡᠴᠡ ᠪᠠᠨ ᠪᠠᠢᠴᠠᠭᠠᠨ ᠯᠠᠪᠯᠠᠬᠤ᠂ ᠠᠯᠠᠭᠠᠨ ᠳᠡᠭᠡᠷ᠎ᠠ ᠡᠴᠡ ᠪᠠᠨ ᠤᠷᠢᠳᠴᠢᠯᠠᠨ ᠪᠣᠯᠵᠣᠬᠤ᠂ ᠠᠯᠠᠭᠠᠨ ᠳᠡᠭᠡᠷ᠎ᠠ ᠡᠴᠡ ᠪᠠᠨ ᠭᠤᠶᠤᠴᠢᠯᠠᠬᠤ ᠵᠡᠷᠭᠡ ᠰᠦᠯᠵᠢᠶᠡᠨ ᠳᠡᠭᠡᠷᠡᠬᠢ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ ᠬᠠᠩᠭᠠᠪᠠ᠃

ᠡᠯᠧᠺᠲ᠋ᠷᠣᠨ ᠦᠨᠡᠮᠯᠡᠯ᠎ᠢ ᠬᠠᠮᠲᠤ ᠪᠠᠷ ᠡᠳ᠋ᠯᠡᠬᠦ ᠬᠡᠷᠡᠭᠯᠡᠭᠡᠨ ᠢ᠋ ᠢᠳᠡᠪᠬᠢᠲᠡᠶ ᠠᠬᠢᠭᠤᠯᠵᠤ᠂ ᠬᠠᠤᠯᠢᠴᠢ᠂ ᠠᠯᠪᠠᠨ ᠭᠡᠷᠡᠴᠢᠯᠡᠭᠡ᠂ ᠬᠠᠤᠯᠢ ᠴᠠᠭᠠᠵᠠ᠎ᠶ᠋ᠢᠨ ᠬᠢᠨᠠᠨ ᠲᠣᠭ᠍ᠲᠠᠭᠠᠯᠲᠠ᠂ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠦᠯᠲᠡ ᠵᠡᠷᠭᠡ 9 ᠲᠥᠷᠥᠯ᠎ᠦᠨ ᠡᠯᠧᠺᠲ᠋ᠷᠣᠨ ᠦᠨᠡᠮᠯᠡᠯ᠎ᠢ ᠪᠥᠬᠥ᠌ ᠣᠷᠣᠨ᠎ᠤ ᠨᠢᠭᠡᠳᠦᠯᠲᠡᠶ ᠡᠯᠧᠺᠲ᠋ᠷᠣᠨ ᠦᠨᠡᠮᠯᠡᠯ᠎ᠦᠨ ᠱᠢᠰᠲ᠋ᠧᠮ᠎ᠯᠦᠭᠡ ᠴᠠᠭ ᠲᠤᠬᠠᠶ᠎ᠳᠤᠨᠢ ᠵᠣᠯᠭᠠᠭᠤᠯᠬᠤ ᠪᠠ ᠲᠣᠭ᠎ᠠ ᠪᠠᠷᠢᠮᠲᠠ᠎ᠶ᠋ᠢ ᠵᠡᠷᠭᠡ᠎ᠳᠦᠨᠢ ᠪᠠᠢᠯᠭᠠᠬᠤ᠎ᠶ᠋ᠢ ᠪᠡᠶᠡᠯᠡᠭᠦᠯᠵᠦ᠍᠂ ᠨᠢᠭᠡᠨᠲᠡ 82133 ᠬᠤᠪᠢ ᠡᠯᠧᠺᠲ᠋ᠷᠣᠨ ᠦᠨᠡᠮᠯᠡᠯ᠎ᠦᠨ ᠲᠣᠭ᠎ᠠ ᠪᠠᠷᠢᠮᠲᠠ᠎ᠶ᠋ᠢ ᠳᠠᠮᠵᠢᠭᠤᠯᠤᠨ ᠬᠦᠷᠭᠡᠪᠡ᠃

ᠲᠤᠭ᠎ᠠ ᠪᠠᠷᠢᠮᠲᠠ᠎ᠶ᠋ᠢ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌᠎ᠶ᠋ᠢ ᠴᠢᠩᠭᠠᠳᠭᠠᠵᠤ᠂ ᠬᠠᠮᠲᠤ ᠪᠡᠷ ᠡᠳ᠋ᠯᠡᠵᠦ ᠪᠣᠯᠬᠤ ᠲᠤᠭ᠎ᠠ ᠪᠠᠷᠢᠮᠲᠠ᠎ᠶ᠋ᠢᠨ ᠡᠬᠢ ᠪᠠᠶᠠᠯᠢᠭ᠎ᠢ ᠢᠳᠡᠪᠬᠢᠲᠡᠶ ᠡᠮᠬᠢᠯᠡᠨ ᠳᠢᠭ᠌ᠯᠡᠵᠦ᠍᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠬᠠᠮᠲᠤ᠎ᠪᠠᠷ ᠡᠳ᠋ᠯᠡᠬᠦ ᠲᠠᠪᠴᠠᠩ ᠪᠠ ᠭᠥᠯᠢᠶᠡᠨ ᠠᠪᠴᠤ᠌ ᠱᠢᠶ᠋ᠳᠪᠦᠷᠢᠯᠡᠬᠦ᠌ ᠱᠢᠰᠲ᠋ᠧᠮ᠎ᠳᠦ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠥᠷᠥᠯ ᠪᠠ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠪᠤᠰᠤ ᠲᠥᠷᠥᠯ᠎ᠦᠨ ᠭᠠᠷᠴᠠᠭ᠎ᠤᠨ ᠡᠬᠢ ᠪᠠᠶᠠᠯᠢᠭ᠎ᠢ 31 ᠵᠤᠷᠪᠤᠰ ᠵᠤᠯᠭᠠᠭᠤᠯᠵᠦ᠂ ᠲᠤᠭ᠎ᠠ ᠪᠠᠷᠢᠮᠲᠠ᠎ᠶ᠋ᠢ ᠬᠠᠮᠲᠤ᠎ᠪᠠᠷ ᠡᠳ᠋ᠯᠡᠬᠦ ᠶᠡᠷᠦᠩᠬᠡᠶ ᠬᠡᠮᠵᠢᠶ᠎ᠡ᠎ᠨᠢ 180 ᠲᠦᠮᠡ ᠭᠠᠷᠤᠶ ᠵᠤᠷᠪᠤᠰ ᠪᠠᠢᠵᠤ᠂ ᠲᠤᠭ᠎ᠠ ᠪᠠᠷᠢᠮᠲᠠ᠎ᠶ᠋ᠢᠨ ᠡᠬᠢ ᠪᠠᠶᠠᠯᠢᠭ᠎ᠢ ᠠᠭᠤᠰᠣᠯᠴᠠᠭᠤᠯᠥᠨ ᠬᠠᠮᠲᠤ᠎ᠪᠠᠷ ᠡᠳ᠋ᠯᠡᠬᠦ᠂ ᠬᠠᠮᠲᠤ ᠪᠡᠷ ᠡᠳ᠋ᠯᠡᠬᠦ ᠲᠤᠭ᠎ᠠ ᠪᠠᠷᠢᠮᠲᠠ᠎ᠶ᠋ᠢ ᠥᠪᠡᠰᠦᠪᠡᠨ ᠳᠠᠬᠢᠨ ᠬᠡᠷᠡᠭ᠌ᠯᠡᠬᠦ᠌᠎ᠶ᠋ᠢ ᠭᠦᠨᠵᠡᠭᠡᠶ ᠠᠬᠢᠭᠤᠯᠤᠨ᠂ ᠠᠵᠤ ᠠᠬᠤᠢᠯᠠᠯ᠂ ᠣᠯᠠᠨ ᠲᠦᠮᠡᠨ᠎ᠦ ᠵᠥᠪᠬᠡᠨ ᠨᠢᠭᠡ ᠯᠡ ᠤᠳᠠᠭ᠎ᠠ᠎ᠶ᠋ᠢᠨ ᠲᠤᠭ᠎ᠠ ᠪᠠᠷᠢᠮᠲᠠ ᠬᠠᠩᠭᠠᠬᠤ᠎ᠶ᠋ᠢ ᠠᠬᠢᠭᠤᠯᠵᠤ᠂ ᠠᠵᠢᠯ ᠶᠠᠪᠤᠳᠠᠯ ᠭᠦᠶ᠋ᠴᠡᠳᠭᠡᠬᠦ᠌᠎ᠳᠦ《ᠬᠦᠰᠦᠨᠦᠭ᠌ᠲᠦ ᠲᠠᠭ᠍ᠯᠠᠬᠤ》ᠡᠴᠡ《ᠬᠦᠰᠦᠨᠦᠭ᠌ᠲᠦ ᠬᠢᠨᠠᠵᠦ᠂ ᠬᠦᠰᠦᠨᠦᠭᠲᠦ ᠨᠦᠬᠦᠬᠦ》 ᠬᠤᠪᠢᠷᠠᠯᠲᠠ ᠵᠢ ᠪᠡᠶᠡᠯᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠹᠦ᠋ ᠭᠸᠨ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号