ᠬᠢᠩᠭᠠᠨ ᠠᠢᠮᠠᠬ ᠤ᠋ᠨ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨᠤ ᠰᠢᠩ ᠺᠸ ᠨᠡᠢᠬᠡᠮ ᠲᠤᠭᠤᠷᠢᠬ ᠲᠦ᠍᠂ ᠮᠤᠩᠭᠤᠯ ᠦᠨᠳᠦᠰᠦᠳᠡᠨ ᠤ᠋ ᠰᠠᠭᠤᠭᠠᠯᠢ ᠠᠷᠠᠳ ᠵᠢᠡᠷ ᠪᠦᠷᠢᠯᠳᠦᠭᠰᠡᠨ ᠲᠦᠷᠪᠡᠨ ᠤᠳᠠᠰᠤᠳᠤ ᠬᠤᠭᠤᠷ ᠤ᠋ᠨ ᠨᠡᠢᠬᠡᠮᠯᠢᠭ ᠪᠤᠯᠤᠨ ᠬᠢᠳᠠᠳ ᠦᠨᠳᠦᠰᠦᠳᠡᠨ ᠤ᠋ ᠰᠠᠭᠤᠭᠠᠯᠢ ᠠᠷᠠᠳ ᠵᠢᠡᠷ ᠪᠦᠷᠢᠯᠳᠦᠭᠰᠡᠨ ᠬᠤᠪᠢᠰᠬᠠᠯᠳᠤ ᠲᠠᠭᠤᠤ ᠤᠷᠠᠯᠢᠭᠤᠨ ᠪᠦᠯᠬᠦᠮ ᠤ᠋ᠨ ᠬᠠᠮᠳᠤᠷᠠᠨ ᠵᠤᠬᠢᠶᠠᠨ ᠪᠦᠳᠦᠭᠡᠭᠰᠡᠨ ᠨᠠᠮ ᠤ᠋ᠨ ᠲᠡᠦᠬᠡ ᠵᠢᠨ ᠭᠤᠤᠯ ᠰᠡᠳᠦᠪᠳᠦ ᠬᠤᠯᠪᠤᠭ᠎ᠠ᠂ ᠴᠠᠷᠬᠢᠯ ᠬᠤᠯᠪᠤᠭ᠎ᠠ ᠵᠢᠨ ᠲᠤᠬᠯᠠᠯᠳᠠ ᠨᠢ ᠲᠤᠬᠠᠢ ᠵᠢᠨ ᠭᠠᠵᠠᠷᠤᠨ ᠤᠯᠠᠨ ᠲᠦᠮᠡᠨᠳ᠋ᠤ ᠦᠪᠡᠳᠡᠭᠰᠢ ᠤᠷᠠᠯᠢᠭᠤᠨ ᠰᠤᠨᠢᠷᠬᠠᠯ ᠬᠦᠷᠳᠡᠭᠡᠨ ᠦᠷᠭᠡᠨ ᠲᠡᠯᠭᠡᠷ ᠬᠦᠷᠢᠶᠡᠯᠡᠯᠢ ᠤᠯᠤᠨ᠎ᠠ᠃ ᠮᠤᠩᠭᠤᠯ ᠦᠨᠳᠦᠰᠦᠳᠡᠨ᠂ ᠬᠢᠳᠠᠳ ᠦᠨᠳᠦᠰᠦᠳᠡᠨ᠂ ᠮᠠᠨᠵᠤ ᠦᠨᠳᠦᠰᠦᠳᠡᠨ ᠵᠡᠷᠬᠡ ᠤᠯᠠᠨ ᠦᠨᠳᠦᠰᠦᠳᠡᠨ ᠲᠦᠪᠯᠡᠷᠡᠨ ᠰᠠᠭᠤᠷᠢᠰᠢᠬᠰᠠᠨ ᠨᠡᠢᠬᠡᠮ ᠲᠤᠭᠤᠷᠢᠬ ᠪᠤᠯᠤᠬᠰᠠᠨ ᠤ᠋ ᠬᠤᠪᠢ ᠳ᠋ᠤ᠂ ᠤᠯᠠᠨ ᠵᠢᠯ ᠤ᠋ᠨ ᠲᠤᠷᠰᠢ ᠲᠤᠬᠠᠢ ᠵᠢᠨ ᠭᠠᠵᠠᠷ ᠨᠢ 《ᠦᠨᠳᠦᠰᠦᠳᠡᠨ ᠨᠤᠬᠦᠳ ᠪᠦᠯᠬᠦᠮᠳᠡᠨ ᠨᠢᠬᠡ ᠬᠡᠷᠤᠨ ᠬᠦᠮᠦᠨ ᠮᠡᠳᠦ ᠲᠤᠳᠤᠨᠤ》᠂ 《ᠨᠡᠢᠬᠡᠮ ᠲᠤᠭᠤᠷᠢᠬ ᠤ᠋ᠨ ᠬᠦᠷᠰᠢ ᠵᠡᠷᠬᠡᠯᠡᠳᠡᠬᠡ ᠵᠢᠨ ᠪᠠᠶᠠᠷ》ᠵᠡᠷᠬᠡ ᠰᠢᠷᠢᠰ ᠠᠵᠢᠯᠯᠠᠭ᠎ᠠ ᠵᠢ ᠬᠦᠨᠵᠡᠬᠡᠢ ᠦᠷᠨᠢᠬᠦᠯᠵᠦ᠂ ᠦᠨᠳᠦᠰᠦᠳᠡᠨ ᠨᠤᠬᠦᠳᠤᠨ ᠤᠯᠠᠨ ᠲᠦᠮᠡᠨ ᠳ᠋ᠦ᠍ ᠪᠤᠳᠤᠯ ᠰᠠᠨᠠᠯ ᠵᠢᠡᠨ ᠰᠤᠯᠢᠯᠴᠠᠵᠤ ᠨᠡᠪᠳᠡᠷᠡᠯᠴᠡᠬᠦ ᠲᠠᠪᠴᠠᠩ ᠢ᠋ ᠴᠤᠬᠴᠠᠯᠠᠨ ᠦᠭᠴᠦ᠂ ᠦᠨᠳᠦᠰᠦᠳᠡᠨ ᠨᠤᠬᠦᠳᠤᠨ ᠰᠤᠯᠢᠯᠴᠠᠭ᠎ᠠ ᠶᠠᠪᠤᠯᠴᠠᠭ᠎ᠠ ᠠᠭᠤᠰᠤᠯᠴᠠᠯᠢ ᠠᠬᠢᠭᠤᠯᠵᠤ᠂ 2014 ᠤᠨ ᠳ᠋ᠤ ᠪᠦᠬᠦ ᠤᠯᠤᠰ ᠤ᠋ᠨ ᠦᠨᠳᠦᠰᠦᠳᠡᠨ ᠤ᠋ ᠪᠦᠯᠬᠦᠮᠳᠡᠯ ᠲᠠᠪᠰᠢᠯᠳᠠ ᠵᠢᠨ ᠵᠢᠱ᠌ᠢᠶᠡᠴᠢ ᠬᠠᠮᠳᠤ ᠨᠡᠢᠳᠡ ᠵᠢᠨ ᠢᠷᠠᠭᠤ ᠠᠯᠳᠠᠷᠢ ᠬᠦᠷᠳᠡᠭᠰᠡᠨ ᠪᠠᠢᠨ᠎ᠠ᠃
ᠨᠡᠢᠬᠡᠮ ᠲᠤᠭᠤᠷᠢᠬ ᠪᠤᠯ ᠦᠨᠳᠦᠰᠦᠳᠡᠨ ᠨᠤᠬᠦᠳᠤᠨ ᠤᠯᠠᠨ ᠲᠦᠮᠡᠨ ᠤ᠋ ᠬᠡᠷ ᠤᠷᠤᠨ ᠮᠦᠨ᠂ ᠪᠠᠰᠠ ᠴᠦ᠍ ᠦᠨᠳᠦᠰᠦᠳᠡᠨ ᠤ᠋ ᠪᠦᠯᠬᠦᠮᠳᠡᠯ ᠤ᠋ᠨ ᠭᠤᠤᠯ ᠵᠢᠬᠰᠠᠭᠠᠯ ᠤ᠋ᠨ ᠭᠠᠵᠠᠷ ᠮᠦᠨ᠃ ᠡᠨᠡ ᠬᠦ᠌ ᠵᠢᠬᠰᠠᠭᠠᠯ ᠤ᠋ᠨ ᠭᠠᠵᠠᠷ ᠲᠦ᠍ ᠭᠠᠵᠠᠷ ᠤᠷᠤᠨᠤ ᠪᠠᠢᠳᠠᠯ ᠳ᠋ᠤᠨᠢ ᠵᠤᠬᠢᠴᠠᠬᠰᠠᠨ᠂ ᠦᠨᠳᠦᠰᠦᠳᠡᠨ ᠨᠤᠬᠦᠳᠤᠨ ᠤᠯᠠᠨ ᠲᠦᠮᠡᠨ ᠤ᠋ ᠪᠤᠳᠤᠯ ᠰᠠᠨᠠᠯ ᠵᠢᠨᠨ ᠰᠤᠯᠢᠯᠴᠠᠵᠤ ᠨᠡᠪᠳᠡᠷᠡᠯᠴᠡᠬᠦ ᠳ᠋ᠤ ᠲᠦᠬᠦᠮ ᠲᠠᠪᠴᠠᠩ ᠭᠠᠷᠭᠠᠵᠤ ᠦᠭᠬᠦ ᠨᠢ ᠨᠡᠭᠡᠷᠡᠨ ᠪᠠᠷᠰ ᠲᠦ᠍ ᠵᠢᠬᠦᠷ ᠤᠷᠭᠤᠭᠤᠯᠤᠬᠰᠠᠨ ᠠᠳᠠᠯᠢ ᠪᠤᠯᠵᠤ᠂ ᠬᠢᠵᠠᠭᠠᠯᠠᠰᠢ ᠦᠭᠡᠢ ᠨᠢᠭᠳᠠᠷᠠᠯᠤᠨ ᠬᠦᠴᠦᠨᠢ ᠤᠨᠳᠤᠷᠤᠭᠤᠯᠵᠤ ᠴᠢᠳᠠᠨ᠎ᠠ᠃ ᠰᠢᠩ ᠺᠸ ᠨᠡᠢᠬᠡᠮ ᠲᠤᠭᠤᠷᠢᠬ ᠰᠠᠭᠤᠭᠠᠯᠢ ᠠᠷᠠᠳ ᠤ᠋ᠨ ᠦᠵᠡᠵᠦ ᠰᠤᠨᠢᠷᠬᠠᠬᠤ ᠲᠤᠷᠠᠳᠠᠢ ᠤᠳᠬ᠎ᠠ ᠤᠷᠠᠯᠢᠬ ᠤ᠋ᠨ ᠲᠤᠬᠯᠠᠯᠳᠠ ᠵᠢᠨ ᠬᠡᠯᠪᠡᠷᠢ ᠪᠡᠷ ᠲᠠᠮᠵᠢᠭᠤᠯᠤᠨ ᠲᠡᠳᠡᠨ ᠤ᠋ ᠠᠵᠢᠯᠤᠨ ᠴᠢᠯᠦᠭᠡᠨᠤ ᠰᠤᠶᠤᠯ ᠤ᠋ᠨ ᠠᠮᠢᠳᠤᠷᠠᠯ ᠢ᠋ ᠪᠠᠶᠠᠯᠢᠬᠵᠢᠭᠤᠯᠵᠤ᠂ᠨᠡᠢᠬᠡᠮ ᠲᠤᠭᠤᠷᠢᠬ ᠤ᠋ᠨ ᠠᠭᠤᠷ ᠠᠮᠢᠰᠬᠤᠯ ᠢ᠋ ᠡᠶ᠎ᠡ ᠨᠠᠢᠷᠳᠠᠢ ᠬᠦᠷ ᠬᠦᠭᠵᠢᠶᠡᠨ ᠲᠠᠢ ᠪᠤᠯᠭᠠᠬᠤ ᠲᠤᠮᠳᠠ᠂ ᠨᠠᠮᠤᠨ ᠦᠨᠳᠦᠰᠦᠳᠡᠨᠤ ᠲᠤᠬᠠᠢ ᠤᠨᠤᠯ ᠲᠦᠷᠦ ᠵᠢᠨ ᠪᠤᠳᠤᠯᠭ᠎ᠠ ᠵᠢ ᠠᠮᠢᠳᠤᠯᠢᠭ ᠤᠬᠠᠭᠤᠯᠵᠤ᠂ ᠠᠷᠠᠳ ᠤᠯᠠᠨᠤ《ᠬᠤᠶᠠᠷᠢ ᠲᠤᠭᠳᠠᠭᠠᠭᠰᠠᠨ》ᠢ ᠬᠦᠷᠢᠶᠡᠯᠡᠬᠦ ᠲᠠᠨᠢᠯᠳᠠ ᠤᠬᠠᠮᠰᠠᠷᠢ ᠨᠡᠮᠡᠭᠳᠡᠬᠦᠯᠵᠦ᠂ ᠲᠤᠮᠳᠠᠳᠤ ᠵᠢᠨ ᠬᠦᠮᠦᠨᠤ ᠤᠮᠤᠭᠰᠢᠯᠳᠤ ᠰᠡᠳᠬᠢᠯᠭᠡ ᠵᠢ ᠨᠡᠮᠡᠭᠳᠡᠬᠦᠯᠦᠨ᠎ᠡ᠃ ᠡᠯ᠎ᠡ ᠨᠡᠢᠬᠡᠮ ᠲᠤᠭᠤᠷᠢᠬᠤᠨ ᠬᠢᠨ ᠰᠢᠩ ᠺᠸ ᠨᠡᠢᠬᠡᠮ ᠲᠤᠭᠤᠷᠢᠬ ᠲᠠᠢ ᠠᠳᠠᠯᠢᠬᠠᠨ ᠵᠢᠡᠷ ᠠᠮᠢᠳᠤᠯᠢᠬ ᠬᠦᠳᠡᠯᠦᠩᠬᠦᠢ ᠰᠢᠨ᠎ᠡ ᠵᠢ ᠡᠬᠦᠳᠦᠭᠰᠡᠨ ᠠᠭᠤᠯᠭ᠎ᠠ ᠬᠡᠯᠪᠡᠷᠢ ᠵᠢ ᠠᠰᠢᠬᠯᠠᠨ᠂ ᠦᠨᠳᠦᠰᠦᠳᠡᠨ ᠨᠤᠬᠦᠳᠤᠨ ᠤᠯᠠᠨ ᠲᠦᠮᠡᠨ ᠤ᠋ ᠰᠤᠯᠢᠯᠴᠠᠭ᠎ᠠ ᠶᠠᠪᠤᠯᠴᠠᠭᠠᠨᠤ ᠲᠠᠪᠴᠠᠩ ᠢ᠋ ᠨᠡᠩ ᠤᠯᠠᠨ ᠴᠤᠬᠴᠠᠯᠠᠪᠠᠯ᠂ ᠦᠨᠳᠦᠰᠦᠳᠡᠨ ᠨᠤᠬᠦᠳᠤᠨ ᠤᠯᠠᠨ ᠲᠦᠮᠡᠨ ᠤ᠋ ᠬᠠᠢᠷ᠎ᠠ ᠰᠡᠳᠬᠢᠯᠬᠡ ᠵᠢᠨ ᠨᠡᠪᠳᠡᠷᠡᠯᠴᠡᠬᠡᠨ ᠤ᠋ ᠬᠦᠬᠦᠷᠬᠡ ᠬᠤᠯᠪᠤᠭᠠᠰᠤ ᠵᠢ ᠪᠡᠬᠢᠵᠢᠬᠦᠯᠵᠦ᠂ ᠲᠤᠮᠳᠠᠳᠤ ᠵᠢᠨ ᠦᠨᠳᠦᠰᠦᠳᠡᠨ ᠤ᠋ ᠬᠠᠮᠳᠤ ᠵᠢᠨ ᠴᠤᠬᠴᠠ ᠵᠢᠨ ᠤᠬᠠᠮᠰᠠᠷ ᠢ᠋ ᠪᠠᠳᠤ ᠴᠤᠬᠴᠠᠯᠠᠬᠤ ᠳ᠋ᠤ ᠦᠪᠡᠷᠮᠢᠴᠡ ᠬᠤᠪᠢ ᠨᠡᠮᠡᠷᠢ ᠦᠵᠡᠬᠦᠯᠵᠦ ᠴᠢᠳᠠᠬᠤ ᠨᠢ ᠯᠠᠪᠳᠠᠢ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号