ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠤᠭᠴᠠ ᠵᠢᠨ ᠤᠬᠠᠮᠰᠠᠷ᠎ᠢ ᠪᠠᠲᠤ ᠴᠤᠭᠴᠠᠯᠠᠵᠤ ᠡᠬᠡ ᠤᠯᠤᠰ᠎ᠤᠨ ᠤᠮᠠᠷᠠᠲᠤ᠎ᠶ᠋ᠢᠨ ᠦᠵᠡᠰᠭᠦᠯᠡᠩᠲᠦ ᠰᠠᠢᠬᠠᠨ ᠦᠵᠡᠮᠵᠢ᠎ᠶ᠋ᠢᠨ ᠣᠷᠣᠨ᠎ᠢ ᠵᠢᠷᠤᠭᠯᠠᠨ᠎ᠠ
2022-08-12 11:09:04
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠶᠡᠷᠦᠩᠬᠡᠢ ᠱᠦᠵᠢ ᠰᠢ ᠵᠢᠨ ᠫᠢᠩ ᠤᠷᠢᠳ ᠬᠣᠵᠢᠳ ᠬᠣᠶᠠᠷ ᠤᠳᠠᠭ᠎ᠠ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠵᠤ᠂ ᠲᠠᠪᠤᠨ ᠵᠢᠯ ᠳᠠᠷᠠᠭᠠᠯᠠᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠵᠤ᠂ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠵᠢᠷᠤᠭ ᠲᠥᠰᠦᠪ᠎ᠢ ᠵᠢᠷᠤᠭ᠍ᠯᠠᠵᠤ᠂ ᠴᠢᠭ᠌ᠯᠡᠯ᠎ᠢ ᠲᠤᠭᠲᠠᠭᠠᠵᠤ ᠦᠭᠪᠡ᠃《ᠡᠬᠡ ᠤᠯᠤᠰ᠎ᠤᠨ ᠤᠮᠠᠷᠠᠲᠤ᠎ᠶ᠋ᠢᠨ ᠦᠵᠡᠮᠵᠢ᠎ᠶ᠋ᠢᠨ ᠣᠷᠣᠨ᠎ᠢ ᠨᠠᠩ ᠦᠵᠡᠰᠭᠦᠯᠡᠩᠲᠦ ᠰᠠᠢᠬᠠᠨ ᠪᠣᠯᠭᠠᠨ ᠪᠥᠲᠥᠭᠡᠨ ᠪᠠᠢᠭᠤᠯᠬᠤ》ᠪᠤᠯ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠳᠤᠷᠠᠳᠤᠭᠰᠠᠨ ᠶᠡᠷᠦᠩᠬᠡᠢ ᠬᠥᠭ᠌ᠵᠢᠯᠲᠡ᠎ᠶ᠋ᠢᠨ ᠲᠣᠳᠣᠷᠬᠠᠢ ᠬᠠᠷᠠᠯᠲᠠ ᠪᠠᠢᠵᠤ᠂ ᠡᠨᠡ ᠨᠢ ᠪᠦᠬᠦ ᠤᠷᠤᠨ᠎ᠤ ᠦᠨᠳᠦᠰᠦᠲᠡᠨ ᠨᠤᠭᠦᠳ᠎ᠤᠨ ᠠᠷᠠᠳ ᠲᠦᠮᠡᠨ᠎ᠤ ᠬᠠᠮᠲᠤ᠎ᠶ᠋ᠢᠨ ᠬᠦᠰᠡᠯ ᠡᠷᠡᠮᠡᠯᠵᠡᠯ ᠪᠠ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ᠎ᠪᠤᠯᠵᠤ᠂ ᠰᠡᠳᠬᠢᠯ ᠨᠢᠭᠡᠲᠦᠨ ᠬᠦᠴᠦ ᠪᠠᠨ ᠬᠠᠮᠲᠤᠳᠬᠠᠵᠤ ᠡᠭᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ ᠵᠢ ᠪᠦᠲᠦᠭᠡᠨ ᠪᠠᠢᠭᠤᠯᠵᠤ᠂ ᠰᠢᠨ᠎ᠡ ᠠᠶᠠᠨ᠎ᠳᠤ ᠦᠪᠦᠷ ᠮᠤᠩᠭᠤᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠡ᠃

ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠤᠯᠭᠠᠵᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠤᠨ᠎ᠠ

ᠥᠪᠥᠷ ᠮᠣᠩᠭᠣᠯ ᠪᠣᠯ ᠮᠠᠨ᠎ᠤ ᠤᠯᠤᠰ᠎ᠤᠨ ᠬᠠᠮᠤᠭ᠎ᠤᠨ ᠡᠷᠲᠡ ᠪᠠᠢᠭᠤᠯᠤᠭ᠍ᠳᠠᠭ᠍ᠰᠠᠨ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ ᠮᠦᠨ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ ᠵᠢ ᠠᠬᠢᠭᠤᠯᠬᠤ ᠲᠠᠯ᠎ᠠ᠎ᠪᠠᠷ ᠢᠷᠠᠭᠤ ᠠᠯᠳᠠᠷᠲᠤ ᠤᠯᠠᠮᠵᠢᠯᠠᠯ᠎ᠲᠠᠶ ᠪᠠᠢᠵᠤ᠂ ᠣᠷᠳᠣ ᠬᠤᠭᠤᠴᠠᠭᠠᠨ᠎ᠤ ᠲᠤᠷᠰᠢ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠎ᠤ᠋ ᠡᠷᠬᠢᠮ ᠳᠡᠭᠡᠳᠦ ᠢᠷᠠᠭᠤ ᠠᠯᠳᠠᠷ᠎ᠢ ᠪᠠᠲᠤᠯᠠᠭᠰᠠᠭᠠᠷ ᠢᠷᠡᠵᠡᠢ᠃

ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠱᠢᠩ ᠺᠸ ᠨᠡᠢᠭᠡᠮ ᠲᠣᠭᠣᠷᠢᠭ᠎ᠲᠤ᠂ ᠮᠣᠩᠭᠣᠯ ᠦᠨᠳᠦᠰᠦᠲᠡᠨ᠎ᠦ ᠰᠠᠭᠤᠭᠠᠯᠢ ᠠᠷᠠᠳ᠎ᠤᠨ ᠵᠣᠬᠢᠶᠠᠨ ᠪᠠᠢᠭᠤᠯᠤᠭ᠍ᠰᠠᠨ ᠲᠦᠷᠪᠡᠨ ᠤᠲᠠᠰᠤᠲᠤ ᠬᠤᠭᠤᠷ᠎ᠤᠨ ᠨᠡᠢᠭᠡᠮᠯᠢᠭ ᠪᠣᠯᠤᠨ ᠬᠢᠲᠠᠳ ᠦᠨᠳᠦᠰᠦᠲᠡᠨ᠎ᠦ ᠰᠠᠭᠤᠭᠠᠯᠢ ᠠᠷᠠᠳ᠎ᠤᠨ ᠵᠣᠬᠢᠶᠠᠨ ᠪᠠᠢᠭᠤᠯᠤᠭ᠍ᠰᠠᠨ ᠬᠤᠪᠢᠰᠬᠠᠯᠳᠤ ᠳᠠᠭᠤᠤ ᠤᠷᠠᠯᠢᠭ᠎ᠤᠨ ᠪᠦᠯᠬᠦᠮ᠎ᠤᠨ ᠬᠠᠮᠲᠤᠷᠠᠨ ᠵᠤᠬᠢᠶᠠᠨ ᠪᠦᠲᠦᠭᠡᠭᠰᠡᠨ ᠨᠠᠮ᠎ᠤᠨ ᠲᠡᠦᠬᠡ᠎ᠶ᠋ᠢᠨ ᠭᠣᠣᠯ ᠰᠡᠳᠦᠪᠲᠦ ᠬᠣᠯᠪᠣᠭ᠎ᠠ᠂ ᠴᠠᠷᠭᠢᠯ ᠬᠣᠯᠪᠣᠭ᠎ᠠ ᠵᠡᠷᠭᠡ ᠲᠣᠭ᠍ᠯᠠᠯᠲᠠ ᠨᠢ ᠤᠯᠠᠨ ᠲᠦᠮᠡᠨ᠎ᠤ ᠬᠠᠯᠠᠭᠤᠨ ᠬᠦᠷᠢᠶᠡᠯᠡᠯ᠎ᠢ ᠤᠯᠤᠨ᠎ᠠ᠃ ᠮᠣᠩᠭᠣᠯ ᠦᠨᠳᠦᠰᠦᠲᠡᠨ᠂ ᠬᠢᠲᠠᠳ ᠦᠨᠳᠦᠰᠦᠲᠡᠨ᠂ ᠮᠠᠨᠵᠤ ᠦᠨᠳᠦᠰᠦᠲᠡᠨ ᠵᠡᠷᠭᠡ ᠣᠯᠠᠨ ᠦᠨᠳᠦᠰᠦᠲᠡᠨ ᠲᠥᠪᠯᠡᠷᠡᠨ ᠰᠠᠭᠤᠷᠢᠱᠢᠭ᠍ᠰᠠᠨ ᠨᠡᠢᠭᠡᠮ ᠲᠣᠭᠣᠷᠢᠭ ᠪᠣᠯᠤᠭ᠍ᠰᠠᠨ᠎ᠤ ᠬᠤᠪᠢ᠎ᠳᠤ᠂ ᠣᠯᠠᠨ ᠵᠢᠯ᠎ᠦᠨ ᠲᠤᠷᠰᠢ ᠲᠤᠬᠠᠶ᠎ᠶ᠋ᠢᠨ ᠭᠠᠵᠠᠷ᠎ᠤᠨ᠎ᠬᠢᠨ《ᠦᠨᠳᠦᠰᠦᠲᠡᠨ᠎ᠨᠦᠭᠦᠳ ᠪᠦᠯᠬᠦᠮᠳᠡᠨ ᠨᠢᠭᠡ ᠬᠡᠷ᠎ᠦᠨ ᠬᠥᠮᠦᠨ ᠮᠡᠲᠦ ᠳᠣᠲᠣᠨᠣ》᠂ 《ᠨᠡᠢᠭᠡᠮ ᠲᠣᠭᠣᠷᠢᠭ᠎ᠤᠨ ᠬᠥᠷᠰᠢ ᠵᠡᠷᠬᠡᠯᠡᠳᠡᠬᠡ᠎ᠶ᠋ᠢᠨ ᠪᠠᠶᠠᠷ》 ᠵᠡᠷᠭᠡ ᠱᠢᠷᠢᠰ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠰᠣᠯᠢᠯᠴᠠᠵᠤ ᠨᠡᠪᠳᠡᠷᠡᠯᠴᠡᠬᠦ  ᠲᠠᠪᠴᠠᠩ᠎ᠢ ᠪᠠᠢᠭᠤᠯᠵᠤ ᠥᠭ᠌ᠴᠡᠶ᠃ 2014 ᠣᠨ᠎ᠳᠤ᠂ ᠱᠢᠩ ᠺᠸ ᠨᠡᠢᠭᠡᠮ ᠲᠣᠭᠣᠷᠢᠭ ᠨᠢ ᠪᠦᠬᠦ᠌ ᠤᠯᠤᠰ᠎ᠤᠨ ᠦᠨᠳᠦᠰᠦᠲᠡᠨ᠎ᠦ  ᠪᠦᠯᠬᠦᠮᠳᠡᠯ ᠲᠠᠪᠱᠢᠯᠳᠠ᠎ᠶ᠋ᠢᠨ ᠵᠢᠱ᠌ᠢᠶᠡᠴᠢ ᠬᠠᠮᠲᠤ᠎ᠨᠡᠢᠳᠡ ᠶ᠋ᠢᠨ ᠢᠷᠠᠭᠤ ᠠᠯᠳᠠᠷ᠎ᠢ ᠬᠦᠷᠳᠡᠪᠡ᠃

ᠤᠯᠠᠭᠠᠨᠬᠠᠳᠠ ᠬᠤᠳᠠ᠎ᠶ᠋ᠢᠨ ᠰᠦᠩᠱᠠᠨ ᠲᠣᠭᠣᠷᠢᠭ᠎ᠤᠨ ᠰᠢᠩ ᠠᠨ ᠵᠡᠭᠡᠯᠢ ᠭᠤᠳᠤᠮᠵᠢ᠎ᠶ᠋ᠢᠨ ᠯᠢᠨ ᠬᠤᠸᠠᠩ ᠭᠡᠷ ᠤᠷᠤᠨ ᠨᠡᠢᠭᠡᠮ ᠲᠣᠭᠣᠷᠢᠭ᠎ᠲᠤ᠂ ᠰᠠᠢ᠌ᠨ ᠳᠤᠷ᠎ᠠ᠎ᠶ᠋ᠢᠨ ᠠᠵᠢᠯᠯᠠᠭ᠍ᠴᠢ ᠵᠠᠩ ᡁᠢ ᠴᠤᠤ ᠬᠡᠦᠬᠡᠳ᠎ᠦᠳ᠎ᠢ ᠳᠠᠭᠠᠭᠤᠯᠤᠨ ᠥᠩᠭᠡᠲᠦ ᠳ᠋ᠧᠩ ᠦᠢᠯᠡᠳᠴᠦ᠍᠂ ᠠᠵᠢᠯ᠎ᠠᠴᠠ᠎ᠪᠠᠨ ᠠᠮᠠᠷᠠᠭ᠍ᠰᠠᠨ ᠰᠠᠭᠤᠭᠠᠯᠢ ᠠᠷᠠᠳ ᠯᠢᠦ ᠬᠦᠢ ᠱᠢᠶᠠ ᠰᠣᠯᠣᠩᠭᠣᠰ ᠦᠨᠳᠦᠰᠦᠲᠡᠨ᠎ᠦ ᠤᠯᠠᠨ ᠲᠦᠮᠡᠨ᠎ᠢ ᠵᠢᠯᠣᠭᠣᠳᠤᠨ ᠬᠠᠳᠭᠤᠮᠠᠯ ᠰᠦᠯᠵᠢᠮᠡᠯ᠎ᠦᠨ ᠪᠦᠲᠦᠭᠡᠯ ᠬᠢᠭᠡᠳ ᠶᠠᠭᠠᠷᠠᠨ᠎ᠠ ᠁ ᠤᠯᠠᠨ ᠦᠨᠳᠦᠰᠦᠲᠡᠨ ᠲᠥᠪᠯᠡᠷᠡᠨ ᠰᠠᠭᠤᠷᠢᠱᠢᠭ᠍ᠰᠠᠨ ᠨᠡᠢᠭᠡᠮ ᠲᠣᠭᠣᠷᠢᠭ᠎ᠲᠤ᠂ ᠡᠢᠮᠦᠷᠬᠦᠦ  ᠬᠦᠭᠵᠢᠶᠡᠨᠳᠦ ᠦᠵᠡᠭ᠌ᠳᠡᠯ ᠵᠦᠩᠳᠡᠭᠡᠨ ᠬᠠᠷᠠᠭᠳᠠᠨ᠎ᠠ᠃

ᠮᠠᠨ᠎ᠤ ᠤᠷᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠡᠭᠦᠳᠦᠨ ᠪᠠᠢᠭᠤᠯᠬᠤ ᠠᠵᠢᠯᠯᠠᠭ᠎ᠠ᠎ᠶ᠋ᠢᠨ ᠠᠭᠤᠯᠭ᠎ᠠ᠎ᠶ᠋ᠢ ᠲᠠᠰᠤᠷᠠᠯᠲᠠ ᠥᠬᠡᠶ ᠪᠠᠶᠠᠯᠢᠭ᠍ᠵᠢᠭᠤᠯᠵᠤ᠂ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠡᠭᠦᠳᠦᠨ ᠪᠠᠢᠭᠤᠯᠬᠤ ᠠᠵᠢᠯᠯᠠᠭ᠎ᠠ᠎ᠶ᠋ᠢ ᠪᠠᠢᠭᠤᠯᠭ᠎ᠠ᠂ ᠠᠵᠤ ᠠᠬᠤᠢᠯᠠᠯ᠂ ᠰᠤᠮᠤ ᠱᠢᠶᠠᠩ ᠪᠠᠯᠭᠠᠰᠤ᠂ ᠰᠤᠷᠭᠠᠭᠤᠯᠢ᠂ ᠨᠡᠢᠭᠡᠮ ᠲᠣᠭᠣᠷᠢᠭ᠂ ᠱᠠᠱᠢᠨ ᠰᠤᠷᠲᠠᠬᠤᠨ᠎ᠤ ᠠᠵᠢᠯᠯᠠᠭᠠᠨ᠎ᠤ ᠲᠠᠯᠠᠪᠤᠷ᠂ ᠴᠡᠷᠢᠭ  ᠠᠩᠭᠢ᠂ ᠰᠦᠯᠵᠢᠶ᠎ᠡ ᠵᠡᠷᠭᠡ᠎ᠳᠦ ᠤᠷᠤᠭᠤᠯᠤᠨ ᠭᠦᠨᠵᠡᠭᠡᠢᠷᠡᠭᠦᠯᠵᠦ᠂ ᠡᠨᠡ ᠵᠢᠯ᠎ᠦᠨ 6 ᠰᠠᠷ᠎ᠠ ᠪᠣᠯᠲᠠᠯ᠎ᠠ᠂ ᠪᠥᠬᠥ᠌ ᠣᠷᠣᠨ᠎ᠤ 69 ᠭᠠᠵᠠᠷ ᠣᠷᠣᠨ ᠪᠠ ᠨᠢᠭᠡᠴᠢ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠡᠭᠦᠳᠦᠨ ᠪᠠᠢᠭᠤᠯᠬᠤ ᠵᠢᠱ᠌ᠢᠶ᠎ᠡ ᠦᠵᠡᠭᠦᠯᠬᠦ᠌ ᠣᠷᠣᠨ᠎ᠤ ᠵᠢᠱ᠌ᠢᠶ᠎ᠡ ᠦᠵᠡᠭᠦᠯᠬᠦ᠌ ᠨᠢᠭᠡᠴᠢ᠎ᠪᠡᠷ ᠦᠨᠡᠯᠡᠭ᠌ᠳᠡᠵᠦ᠍᠂ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ 215 ᠵᠢᠱ᠌ᠢᠶᠡᠴᠢ ᠬᠠᠮᠲᠤ ᠨᠡᠢᠲᠡ᠂ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ 234 ᠵᠢᠱ᠌ᠢᠶᠡᠴᠢ ᠬᠤᠪᠢ ᠬᠥᠮᠦᠨ ᠦᠨᠳᠦᠰᠦᠲᠡᠨ ᠨᠤᠭᠦᠳ᠎ᠤᠨ ᠣᠯᠠᠨ ᠲᠦᠮᠡᠨ᠎ᠦ ᠳᠠᠭᠤᠷᠢᠶᠠᠯ ᠪᠣᠯᠤᠭᠰᠠᠨ ᠪᠠᠢᠨ᠎ᠠ᠃

ᠠᠷᠠᠳ ᠲᠦᠮᠡᠨ᠎ᠢᠶᠡᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠡᠷᠡᠰ ᠭᠤᠢᠪᠢᠰᠢ ᠦᠭᠡᠢ ᠪᠠᠷᠢᠮᠳᠠᠯᠠᠵᠤ ᠠᠷᠠᠳ᠎ᠤᠨ ᠰᠡᠳᠬᠢᠯ᠎ᠢ ᠨᠢᠭᠲᠠᠷᠠᠭᠤᠯᠤᠨ᠎ᠠ

ᠵᠤᠨ᠎ᠤ ᠤᠯᠠᠷᠢᠯ᠎ᠤᠨ ᠬᠢᠯᠢ ᠵᠢᠨ ᠬᠤᠳᠠ —  ᠷᠠᠱᠢᠶᠠᠨ ᠬᠤᠲᠠ ᠨᠤᠮᠢᠨ ᠨᠤᠭᠤᠭᠠᠨ ᠦᠩᠭᠡ ᠪᠡᠷ ᠴᠢᠮᠡᠭᠯᠡᠭᠳᠡᠵᠦ᠂ ᠬᠤᠷᠢᠭᠠᠳ ᠰᠠᠭᠤᠷᠢ ᠰᠠᠭᠤᠭᠠᠯᠢ ᠠᠷᠠᠳ᠎ᠤᠨ ᠤᠯᠠᠭᠠᠨ ᠠᠰᠠᠷ ᠣᠨᠴᠠ᠎ᠶ᠋ᠢᠨ ᠢᠯᠡ ᠬᠠᠷᠠᠭ᠍ᠳᠠᠨ᠎ᠠ᠃ ᠡᠨᠳᠡᠬᠢ ᠪᠣᠯ ᠲᠤᠬᠠᠶ᠎ᠶ᠋ᠢᠨ ᠭᠠᠵᠠᠷ᠎ᠤᠨ ᠣᠶ ᠱᠢᠭᠤᠶ᠎ᠶ᠋ᠢᠨ ᠠᠵᠢᠯᠲᠠᠨ ᠠᠵᠢᠯᠴᠢᠨ᠎ᠤ ᠳᠦᠭᠦᠮ ᠪᠦᠲᠦᠴᠡᠲᠦ ᠤᠷᠤᠨ ᠰᠠᠭᠤᠴᠠ ᠵᠢ ᠥᠭᠡᠷᠡᠴᠢᠯᠡᠭ᠌ᠰᠡᠨ᠎ᠦ ᠳᠠᠷᠠᠭᠠᠬᠢ ᠱᠢᠨ᠎ᠡ ᠭᠡᠷ ᠤᠷᠤᠨ ᠪᠤᠯᠤᠨ᠎ᠠ᠃ ᠨᠠᠢ᠍ᠮᠠᠨ ᠵᠢᠯ᠎ᠦᠨ ᠬᠤᠭᠤᠴᠠᠭᠠᠨ᠎ᠳᠤ᠂ ᠡᠨᠳᠡᠬᠢ ᠱᠢᠨ᠎ᠡ ᠣᠷᠣᠨ ᠰᠠᠭᠤᠴᠠ ᠨᠢ ᠳᠤᠯᠠᠭᠠᠯᠠᠭ᠎ᠠ ᠬᠠᠩᠭᠠᠬᠤ ᠤᠰᠤ ᠬᠠᠩᠭᠠᠬᠤ᠎ᠳᠤ ᠮᠠᠰᠢ ᠳᠥᠭᠥᠮ ᠲᠦᠳᠡ ᠪᠤᠯᠤᠭᠰᠠᠨ ᠵᠢᠡᠷ ᠪᠠᠷᠠᠬᠤ ᠥᠬᠡᠶ᠂ ᠪᠠᠰᠠ ᠴᠡᠴᠡᠷᠯᠢᠭ ᠪᠠ ᠠᠭᠤᠳᠠᠮ ᠲᠠᠯᠠᠪᠠᠶ᠎ᠪᠠᠢᠭᠤᠯᠵᠤ᠂ ᠵᠤᠭ᠎ᠠ ᠴᠡᠩᠭᠡᠯ᠎ᠦᠨ ᠲᠥᠬᠥᠭᠡᠷᠦᠮᠵᠢ ᠵᠢ ᠢᠵᠢ ᠪᠦᠷᠢᠳᠦᠬᠦᠯᠵᠦ ᠦᠨᠳᠦᠰᠦᠲᠡᠨ ᠨᠤᠭᠦᠳ᠎ᠤᠨ ᠠᠷᠠᠳ ᠲᠦᠮᠡᠨ ᠳ᠋ᠤ ᠰᠠᠢᠨ ᠰᠠᠢᠬᠠᠨ ᠠᠮᠢᠳᠤᠷᠠᠯ᠎ᠢ ᠡᠳ᠋ᠯᠡᠬᠦᠯᠦᠨ᠎ᠡ᠃ 2014 ᠣᠨ᠎ᠠᠴᠠ ᠨᠠᠭᠠᠰᠢ᠂ ᠷᠠᠱᠢᠶᠠᠨ ᠬᠣᠲᠠ ᠳᠥᠭᠥᠮ ᠪᠦᠲᠦᠴᠡᠲᠦ ᠣᠷᠣᠨ ᠰᠠᠭᠤᠴᠠ ᠵᠢᠨ ᠲᠣᠭᠣᠷᠢᠭ᠎ᠢ ᠥᠭᠡᠷᠡᠴᠢᠯᠡᠨ ᠱᠢᠨᠡᠳᠭᠡᠬᠦ᠌ ᠠᠵᠢᠯ᠎ᠢ ᠱᠠᠯᠠᠪᠳᠠᠭᠤᠯᠤᠨ ᠠᠬᠢᠭᠤᠯᠵᠤ᠂ ᠨᠡᠢᠲᠡ 42 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠵᠤ᠂ ᠳᠥᠭᠥᠮ ᠪᠦᠲᠦᠴᠡᠲᠦ ᠣᠷᠣᠨ ᠰᠠᠭᠤᠴᠠ ᠵᠢᠨ ᠲᠣᠭᠣᠷᠢᠭ᠎ᠤᠨ 70 ᠲᠦᠮᠡᠨ ᠲᠡᠭ᠌ᠰᠢ ᠳᠥᠷᠪᠡᠯᠵᠢᠨ ᠮᠧᠲ᠋ᠷ ᠬᠡᠷ ᠪᠠᠢᠱᠢᠩ᠎ᠢ ᠥᠭᠡᠷᠡᠴᠢᠯᠡᠨ ᠱᠢᠨᠡᠳᠭᠡᠵᠦ᠍᠂ ᠳᠥᠭᠥᠮ ᠪᠦᠲᠦᠴᠡᠲᠦ ᠣᠷᠣᠨ ᠰᠠᠭᠤᠴᠠ ᠵᠢᠨ ᠲᠣᠭᠣᠷᠢᠭ᠎ᠤᠨ ᠰᠠᠭᠤᠭᠠᠯᠢ ᠠᠷᠠᠳ ᠪᠦᠬᠦᠨ᠎ᠢᠶᠡᠷ᠎ᠢᠶᠡᠨ ᠠᠰᠠᠷ᠎ᠲᠤ ᠰᠢᠯᠵᠢᠵᠦ᠂ 3 ᠲᠦᠮᠡᠨ ᠬᠥᠮᠦᠨ 《 ᠠᠶᠤᠯ ᠲᠦᠭᠰᠢᠬᠦᠷᠢ᠎ᠲᠠᠶ ᠣᠷᠣᠨ ᠰᠠᠭᠤᠴᠠ》 ᠡᠴᠡ 《ᠴᠢᠨᠠᠷ ᠰᠠᠢᠳᠠᠢ ᠣᠷᠣᠨ ᠰᠠᠭᠤᠴᠠ》 ᠎ᠳ᠋ᠤ ᠰᠢᠯᠵᠢᠪᠡ᠃

2020 ᠣᠨ᠎ᠤ ᠡᠴᠦᠰ ᠪᠣᠯᠬᠤ᠎ᠳᠤ᠂ ᠮᠠᠨ᠎ᠤ ᠤᠷᠤᠨ᠎ᠤ 157 ᠲᠦᠮᠡᠨ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ᠂ 57 ᠶᠠᠳᠠᠭᠤ ᠬᠦᠴᠢᠷᠳᠡᠯᠲᠡᠶ ᠬᠣᠱᠢᠭᠤ ᠱᠢᠶᠠᠨ ᠪᠠ 3681 ᠶᠠᠳᠠᠭᠤ ᠬᠦᠴᠢᠷᠳᠡᠯᠲᠡᠶ ᠭᠠᠴᠠᠭ᠎ᠠ ᠲᠣᠰᠭᠣᠨ᠎ᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠵᠤ᠂ ᠬᠠᠮᠲᠤ᠎ᠪᠠᠷ ᠴᠢᠨᠡᠭᠡᠯᠢᠭ᠌ᠵᠢᠬᠦ᠌ ᠬᠠᠷᠠᠯᠲᠠ᠎ᠶ᠋ᠢ ᠲᠣᠭ᠍ᠲᠠᠭᠠᠵᠤ᠂ ᠠᠷᠠᠳ ᠲᠦᠮᠡᠨ᠎ᠢᠶᠡᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠡᠷᠡᠰ ᠭᠤᠢᠪᠢᠰᠢ ᠥᠬᠡᠶ ᠦᠶ᠋ᠯᠡᠳᠦᠯᠭᠡᠵᠢᠭᠦᠯᠪᠡ᠃

《ᠠᠵᠤ ᠦᠢᠯᠡᠰ ᠪᠣᠯ ᠬᠥᠭ᠌ᠵᠢᠯᠲᠡ᠎ᠶ᠋ᠢᠨ ᠰᠠᠭᠤᠷᠢ ᠮᠥᠨ᠂ ᠠᠵᠤ ᠦᠢᠯᠡᠰ ᠬᠥᠭ᠌ᠵᠢᠪᠡᠯ ᠨᠤᠲᠤᠭ᠎ᠤᠨ ᠤᠯᠠᠨ ᠲᠦᠮᠡᠨ᠎ᠤ ᠣᠷᠣᠯᠭ᠎ᠠ ᠰᠠᠶᠢ ᠲᠣᠭ᠍ᠲᠠᠭᠤᠨ᠎ᠢᠶᠠᠷ ᠨᠡᠮᠡᠭ᠌ᠳᠡᠵᠦ᠍ ᠴᠢᠳᠠᠨ᠎ᠠ᠃ ᠭᠠᠵᠠᠷ ᠣᠷᠣᠨ᠎ᠤ ᠪᠠᠢᠳᠠᠯ᠎ᠳ᠋ᠤ ᠪᠠᠨ ᠲᠣᠬᠢᠷᠠᠭᠤᠯᠬᠤ᠂ ᠲᠣᠰᠭᠣᠨ᠎ᠤ ᠪᠠᠢᠳᠠᠯ᠎ᠳ᠋ᠤ ᠪᠠᠨ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭ᠌ᠵᠢᠭᠦᠯᠬᠦ᠌᠎ᠶ᠋ᠢ ᠪᠠᠷᠢᠮᠲᠠᠯᠠᠵᠤ᠂ ᠲᠠᠷᠢᠬᠤ᠎ᠳᠤ ᠲᠣᠬᠢᠷᠠᠮᠵᠢᠲᠠᠶ ᠪᠣᠯ ᠲᠠᠷᠢᠵᠤ᠂ ᠲᠡᠵᠢᠭᠡᠬᠦ᠌᠎ᠳᠦ ᠲᠣᠬᠢᠷᠠᠮᠵᠢᠲᠠᠶ ᠪᠣᠯ ᠲᠡᠵᠢᠭᠡᠵᠦ᠍᠂ ᠣᠢᠵᠢᠭᠤᠯᠬᠤ ᠎ᠳᠤ ᠲᠣᠬᠢᠷᠠᠮᠵᠢᠲᠠᠶ ᠪᠣᠯ ᠣᠢᠵᠢᠭᠤᠯᠵᠤ᠂ ᠠᠵᠤ ᠦᠢᠯᠡᠰ᠎ᠦᠨ ᠬᠥᠭ᠌ᠵᠢᠯᠲᠡ ᠪᠡᠷ ᠲᠠᠷᠢᠶᠠᠴᠢᠳ᠎ᠤᠨ ᠣᠷᠣᠯᠭ᠎ᠠ᠎ᠶ᠋ᠢᠨ ᠨᠡᠮᠡᠭ᠌ᠳᠡᠯ᠎ᠢ ᠠᠬᠢᠭᠤᠯᠬᠤ ᠬᠡᠷᠡᠭᠲᠡᠢ》  ᠶᠡᠷᠦᠩᠬᠡᠢ ᠱᠦᠵᠢ ᠰᠢ ᠵᠢᠨ ᠫᠢᠩ᠎ᠦᠨ ᠬᠦᠰᠡᠯ ᠨᠠᠢᠳᠠᠯᠭ᠎ᠠ᠎ᠶ᠋ᠢ ᠤᠯᠠᠭᠠᠨᠬᠠᠳᠠ ᠬᠤᠳᠠ᠎ᠶ᠋ᠢᠨ ᠬᠠᠷᠠᠴᠢᠨ ᠬᠣᠱᠢᠭᠤᠨ᠎ᠤ ᠡᠮᠡᠭᠡᠯ ᠠᠭᠤᠯᠠ ᠲᠣᠰᠭᠣᠨ᠎ᠤ ᠨᠠᠮ᠎ᠤᠨ ᠶᠡᠷᠦᠩᠬᠡᠢ ᠡᠭᠦᠷ᠎ᠦᠨ ᠱᠦᠵᠢ ᠯᠢᠦ ᠶᠧ ᠶᠠᠩ ᠪᠠᠲᠤ ᠴᠡᠭᠡᠵᠢᠯᠡᠨ ᠭᠦᠨᠵᠡᠭᠡᠢ ᠦᠢᠯᠡᠳᠦᠯᠭᠡᠵᠢᠭᠦᠯᠦᠨ᠎ᠡ᠃ ᠤᠳᠤ ᠵᠢᠨ ᠡᠮᠡᠭᠡᠯ ᠠᠭᠤᠯᠠ ᠲᠣᠰᠭᠣᠨ ᠪᠦᠬᠦ᠌ ᠤᠯᠤᠰ᠎ᠤᠨ ᠪᠣᠯᠪᠠᠰᠤᠨ ᠲᠣᠰᠭᠣᠨ ᠪᠠᠯᠭᠠᠰᠤ ᠪᠣᠯᠤᠨ ᠬᠤᠪᠢᠷᠠᠵᠤ᠂ ᠦᠵᠦᠮ ᠂ ᠬᠥᠳᠡᠭᠡ ᠲᠣᠰᠭᠣᠨ᠎ᠤ  ᠵᠢᠭᠤᠯᠴᠢᠯᠠᠯ ᠬᠣᠶᠠᠷ ᠶᠡᠬᠡ ᠠᠵᠤ ᠦᠢᠯᠡᠰ᠎ᠲᠦ  ᠲᠦᠱᠢᠭ᠌ᠯᠡᠨ ᠲᠠᠷᠢᠶᠠᠴᠢᠳ᠎ᠤᠨ ᠣᠷᠣᠯᠭ᠎ᠠ᠎ᠶ᠋ᠢ ᠨᠡᠮᠡᠭ᠌ᠳᠡᠭᠦᠯᠵᠦ᠂ 2021 ᠣᠨ᠎ᠳᠤ ᠪᠥᠬᠥ᠌ ᠲᠣᠰᠭᠣᠨ᠎ᠤ ᠬᠥᠮᠦᠨ ᠳᠤᠮᠳᠠᠴᠢ᠎ᠶ᠋ᠢᠨ ᠵᠢᠯ᠎ᠦᠨ ᠴᠡᠪᠡᠷ ᠣᠷᠣᠯᠭ᠎ᠠ 1.59 ᠲᠦᠮᠡᠨ ᠲᠥᠭᠥᠷᠢᠭ᠎ᠲᠦ ᠬᠦᠷᠦᠭᠰᠡᠨ ᠪᠠᠢᠨ᠎ᠠ᠃ ᠥᠪᠥᠷ ᠮᠣᠩᠭᠣᠯ᠎ᠤᠨ ᠡᠯ᠎ᠡ ᠭᠠᠵᠠᠷ᠎ᠤᠨ᠎ᠬᠢᠨ ᠳᠠᠪᠠᠭᠤᠯᠢᠭ ᠣᠨᠴᠠᠯᠢᠭ᠍ᠲᠤ ᠠᠵᠤ ᠦᠶ᠋ᠯᠡᠰ᠎ᠢ ᠬᠦᠴᠦᠯᠡᠨ ᠬᠥᠭ᠌ᠵᠢᠭᠦᠯᠵᠦ᠍᠂ ᠲᠠᠷᠢᠶᠠᠯᠠᠩ ᠮᠠᠯ ᠠᠵᠤ ᠠᠬᠤᠶ᠎ᠶ᠋ᠢᠨ ᠠᠵᠤ ᠦᠢᠯᠡᠰᠵᠢᠯᠲᠡ᠂ ᠲᠥᠷᠥᠯ ᠲᠡᠮᠳᠡᠭ᠌ᠵᠢᠯᠲᠡ᠎ᠶ᠋ᠢ ᠠᠬᠢᠭᠤᠯᠬᠤ᠎ᠶ᠋ᠢᠨ ᠬᠠᠮᠲᠤ ᠰᠣᠶᠣᠯ ᠵᠢᠭᠤᠯᠴᠢᠯᠠᠯ᠂ ᠬᠥᠳᠡᠭᠡ ᠲᠣᠰᠭᠣᠨ᠎ᠤ ᠵᠢᠭᠤᠯᠴᠢᠯᠠᠯ᠎ᠢ ᠬᠥᠭ᠌ᠵᠢᠭᠦᠯᠬᠦ᠌᠎ᠯᠦᠭᠡ ᠤᠶᠠᠯᠳᠤᠭᠤᠯᠵᠤ᠂ ᠮᠠᠯᠴᠢᠨ ᠲᠠᠷᠢᠶᠠᠴᠢᠨ᠎ᠤ ᠣᠷᠣᠯᠭ᠎ᠠ᠎ᠶ᠋ᠢ ᠨᠡᠮᠡᠭ᠌ᠳᠡᠭᠦᠯᠦᠨ᠂ ᠦᠨᠳᠦᠰᠦᠲᠡᠨ ᠨᠤᠭᠦᠳ᠎ᠤᠨ ᠠᠷᠠᠳ ᠲᠦᠮᠡᠨ᠎ᠤ ᠠᠮᠢᠳᠤᠷᠠᠯ ᠪᠠᠶᠠᠨ ᠲᠠᠩᠰᠤᠭ᠂ ᠵᠤᠯ ᠵᠢᠷᠭᠠᠯ ᠲᠠᠢ᠂ ᠬᠦᠷᠰᠢ ᠵᠡᠷᠭᠡᠯᠡᠳᠡᠭᠡ ᠡᠶ᠎ᠡ ᠨᠠᠢᠷᠲᠠᠢ᠂ ᠪᠦᠯᠬᠦᠮᠳᠡᠯ ᠲᠠᠢ ᠰᠠᠢᠨ ᠰᠠᠢᠬᠠᠨ ᠨᠡᠢᠭᠡᠮ᠎ᠤᠨ ᠠᠭᠤᠷ ᠠᠮᠢᠰᠬᠤᠯ᠎ᠢ ᠪᠤᠢ ᠪᠤᠯᠭᠠᠭᠰᠠᠨ ᠪᠠᠢᠨ᠎ᠠ᠃

ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ ᠪᠤᠬᠢᠷᠳᠤᠯ ᠦᠭᠡᠢ ᠬᠦᠭᠵᠢᠯᠳᠡ ᠵᠢ ᠪᠠᠷᠢᠮᠳᠠᠯᠠᠵᠤ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠤᠭᠲᠠᠭᠤᠨ᠎ᠤ ᠬᠠᠯᠬᠠᠪᠴᠢ ᠵᠢ  ᠪᠠᠳᠤ ᠴᠤᠭᠴᠠᠯᠠᠨ᠎ᠠ

ᠬᠥᠬᠡᠬᠣᠲᠠ᠎ᠶ᠋ᠢᠨ ᠬᠣᠢᠲᠤ ᠳᠡᠬᠦᠷᠬᠡ᠎ᠶ᠋ᠢᠨ 3 ᠲᠦᠮᠡᠨ ᠮᠦ᠍ ᠱᠢᠬᠠᠮ  ᠴᠡᠯᠡᠭᠡᠷ ᠲᠠᠯ᠎ᠠ ᠳᠡᠭᠡᠷ᠎ᠡ᠂ ᠡᠪᠡᠰᠦ ᠮᠣᠳᠣ ᠬᠥᠬᠡᠷᠡᠨ ᠨᠣᠭᠣᠭᠠᠷᠠᠵᠤ᠂ ᠴᠡᠴᠡᠭ ᠬᠤᠸᠠᠷ ᠮᠢᠷᠠᠯᠵᠠᠨ ᠳᠡᠯᠭᠡᠷᠡᠵᠦ ᠵᠢᠭᠤᠯᠴᠢᠯᠠᠭᠰᠠᠳ᠎ᠤᠨ ᠲᠠᠭᠠᠰᠢᠶᠠᠯ᠎ᠢ ᠤᠯᠤᠨ᠎ᠠ᠃ 10 ᠵᠢᠯ᠎ᠦᠨ  ᠡᠮᠦᠨ᠎ᠡ ᠡᠨᠳᠡᠬᠢ ᠨᠢ ᠠᠲᠠᠷ ᠴᠦᠯ ᠪᠠᠢᠭᠰᠠᠨ ᠬᠡᠰᠡᠨ᠎ᠢ ᠬᠡᠨ ᠰᠠᠨᠠᠵᠤ ᠤᠯᠤᠨ᠎ᠠ ? 2012 ᠣᠨ᠎ᠳᠤ᠂ ᠬᠥᠬᠡᠬᠣᠲᠠ ᠳᠠᠯᠠᠨ ᠬᠠᠷ᠎ᠠ ᠠᠭᠤᠯᠠ᠎ᠶ᠋ᠢᠨ ᠡᠮᠦᠨ᠎ᠡ ᠪᠠᠯ᠎ᠤᠨ ᠠᠮᠢ ᠠᠬᠤᠶ᠎ᠶ᠋ᠢᠨ ᠵᠠᠰᠠᠯᠲᠠ᠎ᠶ᠋ᠢᠨ ᠢᠨᠵᠧᠨᠧᠷᠢᠩ᠎ᠢ ᠡᠬᠢᠯᠡᠭᠦᠯᠵᠦ᠍᠂ ᠴᠡᠯᠡᠭᠡᠷ ᠲᠠᠯ᠎ᠠ ᠵᠢᠨ ᠠᠮᠢ ᠠᠬᠤᠶ᠎ᠶ᠋ᠢ ᠰᠡᠷᠭᠦᠭᠡᠨ ᠵᠠᠰᠠᠪᠠ᠃ ᠬᠡᠳᠦᠨ ᠵᠢᠯ᠎ᠦᠨ ᠬᠤᠭᠤᠴᠠᠭᠠᠨ᠎ᠳᠤ᠂ ᠭᠠᠵᠠᠷ ᠣᠷᠣᠨ᠎ᠤ  ᠪᠠᠢᠳᠠᠯ᠎ᠳᠤ  ᠲᠣᠬᠢᠷᠠᠬᠤ᠂ ᠱᠢᠨᠵᠢᠯᠡᠬᠦ᠌ ᠤᠬᠠᠭᠠᠨᠴᠢ᠎ᠪᠠᠷ ᠵᠠᠰᠠᠨ ᠰᠡᠷᠭᠦᠭᠡᠬᠦ᠌ ᠲᠥᠰᠦᠯ᠎ᠢ ᠬᠡᠷᠡᠭᠵᠢᠭᠦᠯᠬᠦ ᠪᠡᠷ ᠳᠠᠮᠵᠢᠨ᠂ ᠴᠡᠯᠡᠭᠡᠷ ᠲᠠᠯ᠎ᠠ᠎ᠶ᠋ᠢᠨ ᠨᠤᠲᠤᠭ ᠪᠡᠯᠴᠢᠭᠡᠷ ᠦᠨᠳᠦᠰᠦᠨ᠎ᠳᠡᠭᠡᠨ ᠰᠡᠷᠭᠦᠵᠦ᠍ ᠠᠮᠢ ᠠᠬᠤᠢ ᠲᠣᠭ᠍ᠲᠠᠭᠤᠨ ᠪᠤᠯᠵᠤ᠂ ᠨᠤᠲᠤᠭ ᠪᠡᠯᠴᠢᠭᠡᠷ᠎ᠦᠨ ᠤᠷᠭᠤᠮᠠᠯ᠎ᠤᠨ ᠲᠥᠷᠥᠯ ᠵᠦᠢᠯ ᠵᠠᠰᠠᠨ ᠰᠡᠷᠭᠦᠭᠡᠬᠦ᠌᠎ᠡᠴᠡ ᠡᠮᠦᠨᠡᠬᠢ 20 ᠭᠠᠷᠤᠶ ᠵᠦᠢᠯ ᠪᠠᠢᠭ᠍ᠰᠠᠨ᠎ᠠᠴᠠ 50 ᠭᠠᠷᠤᠶ ᠵᠦᠢᠯ ᠪᠣᠯᠵᠤ ᠨᠡᠮᠡᠭᠳᠡᠪᠡ᠃ ᠡᠳᠦᠭᠡ ᠴᠡᠯᠡᠭᠡᠷ ᠲᠠᠯ᠎ᠠ ᠨᠢ ᠰᠠᠢᠨ ᠰᠠᠢᠬᠠᠨ ᠠᠮᠢ ᠠᠬᠤᠶ᠎ᠶ᠋ᠢᠨ ᠦᠵᠡᠮᠵᠢ᠎ᠳᠦ ᠲᠦᠱᠢᠭ᠌ᠯᠡᠨ᠂ ᠲᠣᠭᠣᠷᠢᠨ ᠵᠢᠭᠤᠯᠴᠢᠯᠠᠬᠤ᠂ ᠠᠮᠢ ᠠᠬᠤᠶ᠎ᠶ᠋ᠢ ᠰᠤᠳᠤᠯᠬᠤ᠂ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ ᠦᠷᠨᠢᠬᠦᠯᠬᠦ ᠵᠡᠷᠭᠡ᠎ᠶ᠋ᠢ ᠠᠭᠤᠰᠤᠯᠴᠠᠭᠤᠯᠤᠭ᠍ᠰᠠᠨ ᠪᠠᠢᠭᠠᠯᠢ᠎ᠶ᠋ᠢᠨ ᠠᠮᠢ ᠠᠬᠤᠶ᠎ᠶ᠋ᠢᠨ ᠲᠠᠯ᠎ᠠ ᠨᠤᠲᠤᠭ᠎ᠤᠨ ᠵᠢᠭᠤᠯᠴᠢᠯᠠᠯ᠎ᠤᠨ ᠣᠷᠣᠨ ᠪᠤᠯᠵᠤ ᠬᠤᠪᠢᠷᠠᠯ᠎ᠠ᠃

ᠦᠪᠡᠷᠲᠡᠭᠡᠨ ᠵᠠᠰᠠᠬᠤ ᠤᠷᠤᠨ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ ᠶ᠋ᠢ ᠪᠡᠬᠢᠵᠢᠬᠦᠯᠬᠦ ᠪᠠ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠴᠢᠬᠤᠯᠠ ᠪᠠᠢᠷᠢᠨ᠎ᠳᠤ ᠲᠠᠯᠪᠢᠬᠤ᠎ᠶ᠋ᠢ ᠢᠮᠠᠭᠲᠠ ᠪᠠᠷᠢᠮᠲᠠᠯᠠᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠪᠦᠬᠦᠯᠢ ᠴᠣᠭ᠍ᠴᠠ᠎ᠪᠠᠷ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠵᠢᠨ ᠬᠠᠮᠲᠤ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ ᠵᠢ ᠬᠦᠴᠦᠯᠡᠨ ᠠᠬᠢᠭᠤᠯᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠴᠢᠷᠮᠠᠢᠨ ᠪᠡᠶᠡᠯᠡᠭᠦᠯᠬᠦ᠌ ᠳᠤᠮᠳᠠ᠂ ᠡᠬᠡ ᠤᠯᠤᠰ᠎ᠤᠨ ᠤᠮᠠᠷᠠᠲᠤ᠎ᠶ᠋ᠢᠨ ᠨᠡᠩ ᠦᠵᠡᠰᠭᠦᠯᠡᠩᠲᠦ ᠰᠠᠢᠬᠠᠨ ᠦᠵᠡᠮᠵᠢ᠎ᠶ᠋ᠢᠨ ᠣᠷᠣᠨ᠎ᠢ ᠴᠤᠭᠴᠠᠯᠠᠨ᠎ᠠ᠃

ᠤᠯᠠᠭᠠᠨᠲᠤᠶᠠᠭ᠎ᠠ 《ᠭᠤᠸᠠᠩᠮᠢᠩ ᠡᠳᠦᠷ᠎ᠤᠨ ᠰᠤᠨᠢᠨ》 ᠡᠴᠡ ᠨᠠᠢᠷᠠᠭᠤᠯᠤᠨ ᠤᠷᠴᠢᠭᠤᠯᠪᠠ

ᠣᠷᠴᠢᠭᠤᠯᠤᠭ᠍ᠴᠢ᠄ᠤᠯᠠᠭᠠᠨᠲᠤᠶᠠᠭ᠎ᠠ
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号