《ᠬᠠᠮᠤᠭ᠎ᠤᠨ ᠬᠦᠴᠦᠷᠬᠡᠭ ᠨᠠᠮ᠎ᠤᠨ ᠡᠭᠦᠷ》 ᠢ᠋ᠢᠡᠷ ᠦᠨᠳᠦᠰᠦᠨ ᠱᠠᠲᠤᠨ ᠤ᠋ ᠲᠠᠢᠴᠢᠨ ᠪᠡᠬᠢᠯᠡᠯᠲᠡ ᠵᠢ ᠴᠤᠬᠴᠠᠯᠠᠨ᠎ᠠ
2022-08-22 09:39:02
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠨᠠᠮ᠎ᠤᠨ ᠡᠭᠦᠷ ᠪᠣᠯ ᠨᠡᠢᠭᠡᠮ᠎ᠦᠨ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠳᠠᠬᠢ ᠨᠠᠮ᠎ᠤᠨ ᠲᠡᠢ᠍ᠢᠴᠢᠠ ᠪᠡᠬᠢᠯᠡᠯᠲᠡ᠂ ᠨᠠᠮ᠎ᠤᠨ ᠪᠦᠬᠦ ᠠᠵᠢᠯ ᠪᠠ ᠲᠡᠢ᠍ᠢᠴᠢᠠ ᠬᠦᠴᠦᠨ᠎ᠦ ᠰᠠᠭᠤᠷᠢ ᠮᠥᠨ᠃ ᠨᠠᠮ᠎ᠤᠨ ᠡᠭᠦᠷ᠎ᠦᠨ ᠤᠯᠤᠰ ᠲᠥᠷᠥ᠍᠎ᠶᠢᠨ ᠴᠢᠳᠠᠪᠬᠢ ᠪᠠ ᠵᠣᠬᠢᠶᠠᠨ ᠪᠠᠶ᠋ᠢᠭᠤᠯᠬᠤ ᠬᠦᠴᠦᠨ᠎ᠢ ᠴᠢᠩᠭᠠᠳᠬᠠᠬᠤ᠎ᠶᠢᠨ ᠲᠥᠯᠥᠭᠡ᠂ ᠤᠯᠠᠭᠠᠨᠬᠠᠳᠠ ᠬᠤᠳᠠ᠎ᠶᠢᠨ ᠬᠢᠨ 3 ᠵᠢᠯ ᠳᠠᠷᠠᠭᠠᠯᠠᠨ ᠡᠯ᠎ᠡ ᠬᠦᠷᠢᠶᠡᠨ᠎ᠦ ᠨᠠᠮ᠎ᠤᠨ ᠡᠭᠦᠷ᠎ᠦᠨ ᠪᠠᠷᠢᠮᠵᠢᠶᠠᠵᠢᠭᠤᠯᠤᠯᠲᠠ ᠵᠢᠷᠤᠮᠵᠢᠭᠤᠯᠤᠯᠲᠠ᠎ᠶᠢᠨ ᠪᠠᠢᠭᠤᠯᠤᠯᠲᠠ᠎ᠶᠢ ᠪᠦᠬᠦ ᠲᠠᠯ᠎ᠠ᠎ᠪᠠᠷ ᠬᠡᠷᠡᠭᠵᠢᠭᠦᠯᠦᠨ᠂ 《ᠬᠠᠮᠤᠭ᠎ᠤᠨ ᠬᠦᠴᠦᠷᠬᠡᠭ ᠨᠠᠮ᠎ᠤᠨ ᠡᠭᠦᠷ》ᠤ᠋ᠨ ᠪᠠᠢᠭᠤᠯᠤᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠵᠦ ᠲᠡᠰ ᠳᠡᠪᠰᠢᠭᠦᠯᠬᠦ ᠠᠵᠢᠯ᠎ᠢ ᠭᠦᠨᠵᠡᠭᠡᠢ ᠥᠷᠨᠢᠭᠦᠯᠵᠦ᠂ 《ᠤᠯᠤᠰ ᠲᠦᠷᠦ᠎ᠶᠢ ᠴᠢᠩᠭᠠᠳᠬᠠᠬᠤ᠂ ᠰᠤᠷᠲᠠᠯ᠎ᠢ ᠴᠢᠩᠭᠠᠳᠬᠠᠬᠤ᠂ ᠦᠢᠯᠡᠳᠦᠯ᠎ᠢ ᠴᠢᠩᠭᠠᠳᠬᠠᠬᠤ᠂ ᠡᠭᠦᠷᠭᠡ ᠴᠢᠳᠠᠪᠬᠢ᠎ᠶᠢ ᠰᠢᠯᠢᠳᠡᠭᠵᠢᠭᠦᠯᠬᠦ᠂ ᠡᠩᠨᠡᠭᠡ᠎ᠶᠢ ᠰᠢᠯᠢᠳᠡᠭᠵᠢᠭᠦᠯᠬᠦ᠂ ᠪᠠᠲᠤᠯᠠᠭ᠎ᠠ᠎ᠶᠢ ᠰᠢᠯᠢᠳᠡᠭᠵᠢᠭᠦᠯᠬᠦ》 ᠠᠵᠢᠯ᠎ᠤᠨ ᠬᠠᠷᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠪᠦᠬᠦ ᠲᠠᠯ᠎ᠠ᠎ᠪᠠᠷ ᠳᠠᠪᠰᠢᠬᠤ᠎ᠶᠢ ᠪᠦᠬᠦ ᠬᠦᠴᠦᠨ᠎ᠢᠶᠡᠷ ᠠᠬᠢᠭᠤᠯᠪᠠ᠃

ᠠᠰᠠᠭᠤᠲᠠᠯ ᠢ᠋ ᠰᠢᠢᠳᠪᠦᠷᠢᠯᠡᠬᠦ ᠪᠤᠷᠤ ᠲᠦᠰᠦᠪ ᠢ᠋ ᠵᠢᠷᠤᠬᠯᠠᠪᠠ

ᠨᠠᠮ᠎ᠤᠨ ᠡᠭᠦᠷ᠎ᠦᠨ ᠤᠯᠤᠰ ᠲᠦᠷᠦ᠎ᠶᠢᠨ ᠴᠢᠳᠠᠪᠬᠢ᠎ᠶᠢ ᠴᠢᠩᠭᠠᠳᠬᠠᠬᠤ᠂ ᠠᠳᠠᠯᠢ ᠪᠤᠰᠤ ᠬᠦᠷᠢᠶᠡᠨ᠎ᠦ ᠨᠠᠮ᠎ᠤᠨ ᠡᠭᠦᠷ᠎ᠦᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ᠎ᠶᠢ ᠰᠢᠯᠢᠳᠡᠭᠵᠢᠭᠦᠯᠬᠦ᠎ᠶᠢᠨ ᠲᠣᠭᠣᠷᠢᠨ᠎ᠳᠤ᠂ ᠤᠯᠠᠭᠠᠨᠬᠠᠳᠠ ᠬᠤᠳᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤ᠎ᠶᠢ ᠵᠠᠰᠠᠬᠤ ᠵᠡᠷᠭᠡ ᠭᠣᠣᠯᠳᠠᠯᠭ᠎ᠠ᠎ᠲᠠᠢ ᠠᠵᠢᠯ᠎ᠢ ᠨᠢᠭᠡᠳᠦᠯᠲᠡᠢ ᠲᠥᠯᠥᠪᠵᠢᠭᠦᠯᠵᠦ᠂ 《ᠬᠠᠮᠤᠭ᠎ᠤᠨ ᠬᠦᠴᠦᠷᠬᠡᠭ ᠨᠠᠮ᠎ᠤᠨ ᠡᠭᠦᠷ》 ᠤ᠋ᠨ ᠪᠠᠢᠭᠤᠯᠤᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠵᠦ ᠲᠡᠰ ᠳᠡᠪᠰᠢᠭᠦᠯᠬᠦ ᠡᠭᠦᠷᠭᠡ ᠬᠠᠷᠠᠯᠲᠠ᠎ᠶᠢ ᠲᠣᠳᠣᠷᠬᠠᠢᠯᠠᠪᠠ᠃

ᠲᠦᠷᠦᠭᠦᠦ ᠵᠢᠯ ᠳ᠋ᠦ᠍ᠨᠢ ᠰᠢᠰᠲᠧᠮ᠎ᠲᠠᠢ᠎ᠪᠡᠷ ᠳᠡᠭᠡᠭᠰᠢᠯᠡᠭᠦᠯᠬᠦ ᠂ ᠳᠠᠷᠠᠭ᠎ᠠ ᠵᠢᠯ ᠳ᠋ᠦ᠍ᠨᠢ ᠲᠦᠷᠦᠯ ᠲᠡᠮᠳᠡᠭ᠎ᠢ ᠪᠣᠢᠵᠢᠭᠤᠯᠬᠤ ᠂ ᠭᠤᠷᠪᠠᠳᠤᠭᠠᠷ ᠵᠢᠯ ᠳ᠋ᠦ᠍ᠨᠢ ᠪᠡᠬᠢᠵᠢᠭᠦᠯᠦᠨ ᠭᠦᠨᠵᠡᠭᠡᠢᠷᠡᠭᠦᠯᠬᠦ 《ᠭᠤᠷᠪᠠᠨ ᠠᠯᠬᠤᠮ᠎ᠢᠶᠠᠷ ᠶᠠᠪᠤᠬᠤ》 ᠠᠵᠢᠯ᠎ᠤᠨ ᠰᠡᠳᠬᠢᠴᠡ᠎ᠪᠡᠷ ᠂《ᠬᠠᠮᠤᠭ᠎ᠤᠨ ᠬᠦᠴᠦᠷᠬᠡᠭ ᠨᠠᠮ᠎ᠤᠨ ᠡᠭᠦᠷ》 ᠤ᠋ᠨ ᠤᠯᠤᠰ ᠲᠥᠷᠥ᠍᠎ᠶᠢᠨ ᠴᠢᠳᠠᠪᠬᠢ ᠪᠠᠷ ᠬᠦᠴᠦᠷᠬᠡᠭ᠂ ᠡᠩᠨᠡᠭᠡᠨ᠎ᠦ ᠪᠠᠢᠭᠤᠯᠤᠯᠲᠠ᠎ᠪᠠᠷ ᠬᠦᠴᠦᠷᠬᠡᠭ ᠂ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ ᠎ᠢᠶᠠᠷ ᠬᠦᠴᠦᠷᠬᠡᠭ᠂ ᠦᠢᠯᠡᠳᠦᠯ᠎ᠢᠶᠡᠨ ᠪᠠᠳᠠᠷᠠᠭᠤᠯᠬᠤ ᠎ᠪᠠᠷ ᠬᠦᠴᠦᠷᠬᠡᠭ᠂ ᠣᠯᠠᠨ ᠲᠦᠮᠡᠨ᠎ᠦ ᠠᠵᠢᠯ᠎ᠢᠶᠠᠷ ᠬᠦᠴᠦᠷᠬᠡᠭ ᠪᠠᠢᠳᠠᠭ 《ᠲᠠᠪᠤᠨ ᠬᠦᠴᠦᠷᠬᠡᠭ》 ᠤ᠋ᠨ ᠪᠠᠷᠢᠮᠵᠢᠶ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂《ᠬᠠᠮᠤᠭ᠎ᠤᠨ ᠬᠦᠴᠦᠷᠬᠡᠭ ᠨᠠᠮ᠎ᠤᠨ ᠡᠭᠦᠷ》ᠤ᠋ᠨ ᠪᠠᠢᠭᠤᠯᠤᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠦᠨ ᠲᠡᠰ ᠳᠡᠪᠰᠢᠭᠦᠯᠬᠦ᠂ ᠰᠢᠯᠭᠠᠨ ᠠᠪᠴᠤ ᠦᠨᠡᠯᠡᠨ ᠵᠢᠱ᠌ᠢᠬᠦ᠂ ᠳᠠᠪᠲᠠᠨ ᠪᠣᠯᠪᠠᠰᠤᠷᠠᠭᠤᠯᠵᠤ ᠲᠣᠭᠣᠷᠢᠨ ᠦᠵᠡᠬᠦ᠂ ᠨᠡᠢᠲᠡᠯᠢᠭ ᠲᠤᠷᠰᠢᠯᠭ᠎ᠠ᠎ᠶᠢ ᠤᠬᠠᠭᠤᠯᠤᠨ ᠲᠠᠨᠢᠯᠴᠠᠭᠤᠯᠬᠤ 《1 + 3》 ᠰᠢᠷᠢᠰ ᠠᠵᠢᠯ᠎ᠤᠨ ᠲᠥᠰᠥᠯ᠎ᠢ ᠰᠤᠳᠤᠯᠤᠨ ᠲᠣᠭᠲᠠᠭᠠᠵᠤ᠂ ᠥᠪᠡᠷᠮᠢᠴᠡ ᠣᠨᠴᠠᠯᠢᠭ᠋ ᠪᠦᠬᠦᠢ ᠨᠡᠢᠲᠡᠯᠢᠭ ᠲᠤᠷᠰᠢᠯᠭ᠎ᠠ᠂ ᠵᠢᠱ᠌ᠢᠶ᠎ᠡ ᠦᠵᠡᠭᠦᠯᠵᠦ ᠳᠠᠢᠴᠢᠯᠠᠬᠤ ᠦᠢᠯᠡᠳᠦᠯ᠂ ᠨᠡᠢᠭᠡᠮ᠎ᠦᠨ ᠦᠨᠡᠯᠡᠯᠲᠡ᠎ᠶᠢᠨ ᠨᠥᠯᠥᠭᠡ ᠵᠡᠷᠭᠡ 5 ᠲᠠᠯ᠎ᠠ᠎ᠶᠢᠨ 22 ᠵᠦᠢᠯ᠎ᠦᠨ ᠪᠣᠳᠠᠲᠠᠢ ᠱᠠᠭᠠᠷᠳᠠᠯᠭ᠎ᠠ᠎ᠶᠢ ᠳᠤᠷᠠᠳᠤᠨ ᠭᠠᠷᠭᠠᠪᠠ᠃

12 ᠬᠣᠰᠢᠭᠤ ᠰᠢᠶᠠᠨ ᠲᠣᠭᠣᠷᠢᠭ᠋ ᠪᠠ 6 ᠬᠣᠲᠠ᠎ᠶᠢᠨ ᠨᠠᠮ᠎ᠤᠨ ᠬᠣᠷᠢᠶ᠎ᠠ᠎ᠶᠢᠨ ᠰᠢᠭᠤᠳ ᠬᠠᠷᠢᠶ᠎ᠠ ᠨᠠᠮ ᠤ᠋ᠨ (ᠠᠵᠢᠯ ᠎ᠤ᠋ᠨ) ᠬᠣᠷᠢᠶ᠎ᠠ ᠲᠣᠰ ᠲᠣᠰ᠎ᠤᠨ ᠪᠣᠳᠠᠲᠠᠢ᠎ᠲᠠᠢ᠎ᠪᠠᠨ ᠤᠶᠠᠯᠳᠤᠭᠤᠯᠤᠨ᠂ ᠭᠠᠴᠠᠭ᠎ᠠ ᠲᠣᠰᠬᠣᠨ᠂ ᠨᠡᠢᠭᠡᠮ ᠲᠣᠭᠣᠷᠢᠭ᠋᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ ᠵᠡᠷᠭᠡ ᠠᠳᠠᠯᠢ ᠪᠤᠰᠤ ᠬᠦᠷᠢᠶᠡᠨ᠎ᠳᠡᠬᠢ 《ᠬᠠᠮᠤᠭ᠎ᠤᠨ ᠬᠦᠴᠦᠷᠬᠡᠭ ᠨᠠᠮ᠎ᠤᠨ ᠡᠭᠦᠷ》 ᠤ᠋ᠨ ᠪᠠᠢᠭᠤᠯᠤᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ ᠪᠠᠢᠭᠤᠯᠤᠯᠲᠠ᠎ᠶᠢᠨ ᠪᠠᠷᠢᠮᠵᠢᠶ᠎ᠠ᠎ᠶᠢ ᠨᠠᠷᠢᠯᠢᠭ᠍ᠵᠢᠭᠤᠯᠵᠤ᠂ ᠪᠥᠬᠥ ᠲᠠᠯ᠎ᠠ᠎ᠶᠢ ᠬᠠᠮᠤᠷᠤᠭᠰᠠᠨ᠂ ᠪᠥᠬᠥ ᠬᠦᠴᠦᠨ ᠵᠦᠢᠯ᠎ᠢ ᠵᠣᠯᠭᠠᠭᠤᠯᠤᠭᠰᠠᠨ᠂ ᠪᠥᠬᠥ ᠶᠠᠪᠤᠴᠠ᠎ᠶᠢ ᠵᠢᠷᠤᠮᠵᠢᠭᠤᠯᠤᠭᠰᠠᠨ ᠠᠵᠢᠯ᠎ᠤᠨ ᠰᠢᠰᠲᠧᠮ ᠢ᠋ ᠪᠠᠢᠭᠤᠯᠵᠤ ᠂ ᠪᠥᠬᠥ ᠬᠣᠲᠠ᠎ᠶᠢᠨ 《ᠬᠠᠮᠤᠭ᠎ᠤᠨ ᠬᠦᠴᠦᠷᠬᠡᠭ ᠨᠠᠮ᠎ᠤᠨ ᠡᠭᠦᠷ》 ᠤ᠋ᠨ ᠪᠠᠢᠭᠤᠯᠤᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ ᠪᠤᠷᠤ ᠲᠦᠰᠦᠪ ᠢ᠋ ᠵᠢᠷᠤᠬᠯᠠᠪᠠ᠃

ᠠᠵᠢᠯ ᠬᠢᠬᠦ ᠵᠢᠩᠬᠢᠨᠢ ᠴᠢᠳᠠᠪᠤᠷᠢ᠎ᠪᠠᠨ ᠳᠡᠭᠡᠭᠰᠢᠯᠡᠭᠦᠯᠪᠡ

ᠰᠤᠷᠲᠠᠯ᠎ᠢ ᠴᠢᠩᠭᠠᠳᠬᠠᠬᠤ ᠠᠵᠢᠯ᠎ᠤᠨ ᠬᠠᠷᠠᠯᠲᠠ᠎ᠶᠢᠨ ᠲᠣᠭᠣᠷᠢᠨ᠎ᠳᠤ᠂ ᠤᠯᠠᠭᠠᠨᠬᠠᠳᠠ ᠬᠣᠲᠠ ᠡᠩᠨᠡᠭᠡ᠎ᠶᠢᠨ ᠪᠠᠢᠭᠤᠯᠤᠯᠲᠠ᠎ᠪᠠᠨ ᠲᠠᠰᠤᠷᠠᠯᠲᠠ ᠦᠭᠡᠢ ᠰᠢᠯᠢᠳᠡᠭᠵᠢᠭᠦᠯᠵᠦ ᠂ 《 ᠬᠠᠮᠤᠭ᠎ᠤᠨ ᠬᠦᠴᠦᠷᠬᠡᠭ ᠨᠠᠮ᠎ᠤᠨ ᠡᠭᠦᠷ 》  ᠤ᠋ᠨ ᠪᠠᠢᠭᠤᠯᠤᠯᠲᠠ᠎ᠶᠢᠨ ᠬᠦᠴᠢᠷ ᠠᠰᠠᠭᠤᠳᠠᠯ᠎ᠢ ᠰᠢᠢᠳᠪᠦᠷᠢᠯᠡᠬᠦ᠎ᠶᠢ ᠠᠬᠢᠭᠤᠯᠪᠠ᠃ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢᠯᠠᠩ) ᠵᠢᠨ ᠱᠦᠵᠢ ᠨᠢᠭᠡᠳᠦᠭᠡᠷ ᠹᠷᠣᠨᠲ᠎ᠲᠤ ᠭᠦᠨᠵᠡᠭᠡᠢᠷᠡᠨ ᠪᠠᠢᠴᠠᠭᠠᠨ ᠰᠤᠳᠤᠯᠤᠯᠲᠠ ᠪᠠ ᠬᠢᠨᠠᠨ ᠵᠢᠯᠣᠭᠣᠳᠤᠯᠭ᠎ᠠ᠎ᠶᠢ ᠪᠠᠢᠩᠭᠤᠵᠢᠭᠤᠯᠤᠨ ᠥᠷᠨᠢᠭᠦᠯᠵᠦ᠂ ᠠᠷᠭ᠎ᠠ ᠪᠣᠳᠣᠯᠭ᠎ᠠ ᠵᠢ ᠠᠷᠠᠳ ᠡᠴᠡ ᠠᠰᠠᠭᠤᠵᠦ᠂ ᠬᠡᠷᠡᠭᠴᠡᠭᠡ ᠱᠠᠭᠠᠷᠲᠠᠯᠭ᠎ᠠ ᠵᠢ ᠠᠷᠠᠳ ᠡᠴᠡ ᠠᠰᠠᠭᠤᠵᠦ᠂ ᠵᠠᠰᠠᠭ᠎ᠤᠨ ᠶᠠᠪᠤᠳᠠᠯ᠎ᠢ ᠠᠷᠠᠳ ᠡᠴᠡ ᠠᠰᠠᠭᠤᠵᠤ᠂ ᠤᠯᠠᠨ ᠲᠦᠮᠡᠨ᠎ᠦ ᠵᠤᠪᠠᠨᠢᠵᠦ ᠪᠠᠢᠭ᠎ᠠ ᠶᠠᠪᠤᠳᠠᠯ᠎ᠢ ᠣᠢᠯᠠᠭᠠᠵᠤ᠂ ᠤᠷᠢᠳ ᠬᠣᠵᠢᠳ 8700 ᠭᠠᠷᠤᠢ ᠬᠦᠴᠢᠷᠳᠡᠯ᠎ᠲᠠᠢ ᠠᠰᠠᠭᠤᠳᠠᠯ᠎ᠢ ᠰᠢᠢᠳᠪᠦᠷᠢᠯᠡᠪᠡ᠃

ᠨᠠᠮ᠎ᠤᠨ ᠡᠭᠦᠷ᠎ᠤᠨ ᠱᠦᠵᠢ ᠴᠡᠭ᠎ᠲᠦ ᠰᠠᠭᠤᠨ ᠪᠠᠢᠴᠠᠭᠠᠨ ᠰᠤᠳᠤᠯᠤᠯᠲᠠ ᠬᠢᠬᠦ᠎ᠪᠡᠷ ᠳᠠᠮᠵᠢᠨ᠂ ᠨᠠᠮ᠎ᠤᠨ ᠡᠭᠦᠷ᠎ᠦᠨ ᠪᠠᠢᠭᠤᠯᠤᠯᠲᠠ᠂ ᠨᠠᠮ᠎ᠤᠨ ᠭᠡᠰᠢᠭᠦᠨ᠎ᠦ ᠦᠢᠯᠡᠳᠦᠯ᠎ᠢ ᠪᠠᠳᠠᠷᠠᠭᠤᠯᠤᠭᠰᠠᠨ᠂ ᠦᠨᠳᠦᠰᠦᠨ ᠱᠠᠲᠤᠨ᠎ᠤ ᠤᠯᠠᠨ ᠲᠦᠮᠡᠨ᠎ᠦ ᠦᠨᠡᠯᠡᠯᠲᠡ ᠵᠡᠷᠭᠡ ᠪᠠᠢᠳᠠᠯ᠎ᠢ ᠠᠰᠠᠭᠤᠨ ᠣᠨᠣᠰᠢᠯᠠᠵᠤ᠂ ᠬᠠᠷᠢᠯᠴᠠᠬᠤ ᠴᠡᠭ᠎ᠦᠨ ᠨᠠᠮ᠎ᠤᠨ ᠡᠭᠦᠷ᠎ᠲᠠᠢ ᠬᠠᠮᠲᠤ ᠪᠠᠷ ᠠᠬᠢᠭᠤᠯᠬᠤ ᠠᠷᠭ᠎ᠠ ᠬᠡᠮᠵᠢᠶ᠎ᠡ᠎ᠶᠢ ᠰᠤᠳᠤᠯᠵᠤ᠂ ᠲᠦᠷᠦᠭᠦᠯᠡᠨ 1060 ᠨᠠᠮ᠎ᠤᠨ ᠡᠭᠦᠷ᠎ᠦᠨ ᠠᠵᠢᠯ᠎ᠤᠨ ᠬᠠᠷᠢᠯᠴᠠᠬᠤ ᠴᠡᠭ᠎ᠢ ᠪᠠᠢᠭᠤᠯᠵᠤ᠂ 1035 ᠪᠣᠳᠠᠲᠤ ᠶᠠᠪᠤᠳᠠᠯ᠎ᠤᠨ ᠲᠦᠷᠦᠯ ᠵᠦᠢᠯ᠎ᠢ ᠠᠪᠴᠤ ᠰᠢᠢᠳᠪᠦᠷᠢᠯᠡᠪᠡ᠃ ᠬᠣᠲᠠ ᠰᠢᠶᠠᠨ᠎ᠤ ᠬᠣᠶᠠᠷ ᠱᠠᠲᠤᠨ᠎ᠤ ᠬᠢᠨ ᠵᠣᠬᠢᠶᠠᠨ ᠪᠠᠶ᠋ᠢᠭᠤᠯᠬᠤ ᠠᠵᠢᠯ᠎ᠤᠨ ᠡᠭᠦᠯᠡᠨ ᠬᠢᠴᠢᠶᠡᠯ᠎ᠦᠨ ᠲᠠᠩᠬᠢᠮ ᠂ ᠨᠠᠮ᠎ᠤᠨ ᠪᠠᠢᠭᠤᠯᠤᠯᠲᠠ᠎ᠶᠢᠨ ᠰᠢᠭᠤᠳ ᠨᠡᠪᠲᠡᠷᠡᠬᠦ ᠲᠡᠷᠭᠡ ᠂ ᠨᠠᠮ᠎ᠤᠨ ᠰᠤᠷᠭᠠᠭᠤᠯᠢ᠎ᠶᠢᠨ ᠪᠣᠯᠪᠠᠰᠤᠷᠠᠯ᠎ᠢ ᠡᠭᠡᠯᠵᠢᠯᠡᠨ ᠪᠣᠯᠪᠠᠰᠤᠷᠠᠭᠤᠯᠬᠤ ᠂ ᠶᠠᠷᠢᠯᠴᠠᠨ ᠰᠤᠳᠤᠯᠬᠤ ᠵᠡᠷᠭᠡ ᠣᠯᠠᠨ ᠵᠦᠢᠯ᠎ᠦᠨ ᠠᠷᠭ᠎ᠠ ᠵᠠᠮ᠎ᠢᠶᠠᠷ ᠳᠠᠮᠵᠢᠭᠤᠯᠤᠨ ᠂ ᠲᠤᠰᠬᠠᠢ ᠰᠡᠳᠦᠪᠲᠦ ᠪᠣᠯᠪᠠᠰᠤᠷᠠᠯ᠎ᠢ 40 ᠭᠠᠷᠤᠢ ᠲᠠᠯᠠᠪᠤᠷ ( ᠤᠳᠠᠭ᠎ᠠ ) ᠥᠷᠨᠢᠭᠦᠯᠵᠦ ᠂ ᠡᠯ᠎ᠡ ᠱᠠᠲᠤᠨ᠎ᠤ ᠨᠠᠮ᠎ᠤᠨ ᠠᠵᠢᠯ᠎ᠤᠨ ᠠᠵᠢᠯᠲᠠᠨ᠎ᠤ ᠲᠤᠰᠬᠠᠢ ᠮᠡᠷᠭᠡᠵᠢᠯ᠎ᠦᠨ ᠴᠢᠳᠠᠪᠤᠷᠢ ᠪᠠ ᠬᠡᠪ ᠴᠢᠨᠠᠷ᠎ᠢ ᠲᠠᠰᠤᠷᠠᠯᠲᠠ ᠦᠭᠡᠢ ᠳᠡᠭᠡᠭᠰᠢᠯᠡᠭᠦᠯᠪᠡ ᠃

ᠪᠠᠭᠠᠷᠢᠨ ᠪᠠᠷᠠᠭᠤᠨ ᠬᠣᠰᠢᠭᠤᠨ᠎ᠤ ᠦᠨᠳᠦᠰᠦᠲᠡᠨ᠎ᠦ ᠬᠡᠷᠡᠭ ᠡᠷᠬᠢᠯᠡᠬᠦ ᠵᠥᠪᠯᠡᠯ᠎ᠦᠨ ᠪᠠᠢᠭᠤᠯᠭ᠎ᠠ᠎ᠶᠢᠨ ᠨᠠᠮ᠎ᠤᠨ ᠡᠭᠦᠷ᠎ᠦᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ《1+9+N》 ᠵᠠᠭᠪᠤᠷ᠎ᠢ ᠠᠬᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠦᠨᠡᠨ᠎ᠬᠦ ᠪᠠᠲᠤᠳᠬᠠᠪᠠ; ᠰᠦᠩᠱᠠᠨ ᠲᠣᠭᠣᠷᠢᠭ᠋᠎ᠤᠨ ᠯᠢᠤᠢ ᠴᠸᠩ ᠠᠳᠠᠯ ᠠᠬᠤᠢ᠎ᠶᠢᠨ ᠺᠣᠮᠫᠠᠨᠢ᠎ᠶᠢᠨ ᠨᠠᠮ᠎ᠤᠨ ᠡᠭᠦᠷ᠎ᠦᠨ 《ᠬᠤᠪᠢᠰᠬᠠᠯᠲᠤ ᠠᠳᠠᠯ ᠠᠬᠤᠢ》 ᠵᠢᠨ ᠨᠠᠷᠢᠯᠢᠭ᠍ᠵᠢᠭᠤᠯᠤᠭᠰᠠᠨ ᠦᠢᠯᠡᠴᠢᠯᠡᠭᠡᠨ᠎ᠦ ᠵᠠᠭᠪᠤᠷ ᠨᠢ ᠤᠯᠠᠨ ᠲᠦᠮᠡᠨ᠎ᠦ ᠵᠣᠯ ᠵᠢᠷᠭᠠᠯ᠎ᠤᠨ ᠲᠥᠷᠥᠭᠳᠡᠯ᠎ᠢ ᠬᠦᠴᠦᠯᠡᠨ ᠳᠡᠭᠡᠭᠰᠢᠯᠡᠭᠦᠯᠪᠡ ᠁ ᠪᠦᠬᠦ ᠬᠤᠳᠠ᠎ᠶᠢᠨ 130 ᠭᠠᠷᠤᠢ 《ᠬᠠᠮᠤᠭ᠎ᠤᠨ ᠬᠦᠴᠦᠷᠬᠡᠭ ᠨᠠᠮ᠎ᠤᠨ ᠡᠭᠦᠷ》 ᠤ᠋ᠨ ᠪᠠᠢᠭᠤᠯᠤᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠵᠦ ᠲᠡᠰ ᠳᠡᠪᠰᠢᠭᠦᠯᠵᠦ ᠰᠢᠨ᠎ᠡ᠎ᠶᠢ ᠡᠭᠦᠳᠦᠭᠰᠡᠨ ᠬᠡᠷᠡᠭ᠎ᠦᠨ ᠵᠢᠱ᠌ᠢᠶ᠎ᠡ ᠪᠣᠯᠣᠨ ᠣᠨᠴᠠᠯᠢᠭ᠍ᠲᠤ ᠠᠷᠭ᠎ᠠ ᠬᠢᠳᠡᠯ ᠨᠢ ᠤᠯᠠᠠ ᠬᠢᠯᠠᠰ ᠴᠡᠭ᠎ᠲᠠᠢ ᠪᠣᠯᠵᠠᠢ᠃

ᠡᠭᠦᠨ᠎ᠦ ᠬᠠᠮᠲᠤ ᠂ ᠬᠣᠰᠢᠭᠤ ᠰᠢᠶᠠᠨ ᠨᠢ ᠬᠦᠷᠢᠶ᠎ᠠ ᠴᠠᠷᠠᠭ᠎ᠠ ᠬᠤᠪᠢᠶᠠᠨ 《 ᠬᠠᠮᠤᠭ᠎ᠤᠨ ᠬᠦᠴᠦᠷᠬᠡᠭ ᠨᠠᠮ᠎ᠤᠨ ᠡᠭᠦᠷ》 ᠤ᠋ᠨ ᠪᠠᠢᠭᠤᠯᠤᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠵᠦ ᠲᠠᠰ ᠳᠡᠪᠰᠢᠭᠦᠯᠬᠦ ᠤᠷᠤᠯᠳᠤᠭᠠᠨ᠎ᠤ ᠲᠠᠪᠴᠠᠩ᠎ᠤᠨ ᠮᠥᠷᠥᠢᠴᠡᠭᠡᠨ᠎ᠢ ᠵᠣᠬᠢᠶᠠᠨ ᠪᠠᠢᠭᠤᠯᠵᠤ ᠂ ᠦᠢᠯᠡᠳᠦᠯᠭᠡ᠎ᠶᠢᠨ ᠳᠤᠮᠳᠠ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠱᠦᠵᠢ᠎ᠶᠢᠨ ᠨᠠᠮ᠎ᠤᠨ ᠪᠠᠢᠭᠤᠯᠤᠯᠲᠠ᠎ᠶᠢ ᠠᠳᠬᠤᠵᠤ ᠲᠠᠰ ᠳᠡᠪᠰᠢᠭᠦᠯᠬᠦ᠎ᠶᠢ ᠠᠬᠢᠭᠤᠯᠬᠤ ᠲᠤᠬᠠᠢᠯᠠᠭᠰᠠᠨ ᠠᠵᠢᠯ᠎ᠤᠨ ᠴᠢᠳᠠᠪᠤᠷᠢ᠎ᠶᠢ ᠳᠠᠪᠲᠠᠨ ᠪᠣᠯᠪᠠᠰᠤᠷᠠᠭᠤᠯᠪᠠ᠃ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ  ᠶ᠋ᠢᠨ ᠱᠦᠵᠢ ᠪᠣᠯᠣᠨ ᠨᠠᠮ᠎ᠤᠨ ᠠᠵᠢᠯ᠎ᠤᠨ ᠠᠵᠢᠯᠲᠠᠳ 《ᠪᠣᠯᠪᠠᠰᠤᠷᠠᠯ + ᠪᠣᠳᠠᠲᠤ ᠳᠠᠶ᠋ᠢᠨ》 ᠤ᠋ ᠵᠠᠭᠪᠤᠷ᠎ᠢᠶᠠᠷ ᠳᠠᠮᠵᠢᠭᠤᠯᠤᠨ᠂ ᠶᠠᠰᠤ ᠴᠢᠨᠠᠷ ᠢ᠋ ᠳᠡᠭᠡᠭᠰᠢᠯᠡᠭᠦᠯᠦᠨ ᠳᠡᠰ ᠳᠡᠪᠰᠢᠭᠦᠯᠬᠦ ᠶᠠᠪᠤᠴᠠ᠎ᠳᠤ 《ᠶᠠᠭᠤ  ᠶ᠋ᠢ ᠠᠳᠬᠤᠬᠤ᠂ ᠬᠡᠷᠬᠢᠨ ᠠᠳᠬᠤᠬᠤ》 ᠪᠠᠷ ᠭᠣᠣᠯᠳᠠᠯᠭ᠎ᠠ ᠪᠣᠯᠭᠠᠵᠤ᠂ ᠠᠵᠢᠯ ᠤ᠋ᠨ ᠶᠠᠰᠤ ᠴᠢᠨᠠᠷ ᠪᠣᠯᠣᠨ ᠬᠢᠷᠢ ᠲᠦᠪᠰᠢᠨ  ᠢ᠋ ᠦᠨᠡᠨ᠎ᠬᠦ ᠳᠡᠭᠡᠭᠰᠢᠯᠡᠭᠦᠯᠦᠭᠰᠡᠨ ᠪᠠᠢᠨ᠎ᠠ᠃

ᠰᠢᠯᠢᠳᠡᠭ᠎ᠢ ᠡᠭᠦᠳᠬᠦ ᠴᠢᠳᠠᠮᠠᠭᠠᠢ ᠴᠢᠨᠠᠷ᠎ᠢ ᠬᠥᠭᠵᠢᠭᠡᠪᠡ

ᠤᠯᠠᠭᠠᠨᠬᠠᠳᠠ ᠬᠣᠲᠠ᠎ᠶᠢᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠠᠮ᠎ᠤᠨ ᠪᠠᠢᠭᠤᠯᠤᠯᠲᠠ᠎ᠶᠢᠨ ᠠᠵᠢᠯᠯᠠᠭ᠎ᠠ᠎ᠶᠢᠨ ᠵᠠᠷᠤᠳᠠᠯ᠎ᠤᠨ ᠳᠡᠮᠵᠢᠯᠭᠡ ᠪᠠ ᠨᠠᠮ᠎ᠤᠨ ᠵᠣᠬᠢᠶᠠᠨ ᠪᠠᠢᠭᠤᠯᠤᠯᠲᠠ᠎ᠶᠢᠨ ᠠᠵᠢᠯ᠎ᠤᠨ ᠵᠠᠷᠤᠳᠠᠯ᠎ᠢ ᠠᠰ ᠲᠤᠨᠢ ᠵᠢᠭ᠍ᠰᠠᠭᠠᠬᠤ ᠵᠡᠷᠭᠡ ᠠᠷᠭ᠎ᠠ ᠵᠠᠮ᠎ᠢᠶᠠᠷ ᠳᠠᠮᠵᠢᠭᠤᠯᠤᠨ ᠂ 《ᠬᠠᠮᠤᠭ᠎ᠤᠨ ᠬᠦᠴᠦᠷᠬᠡᠭ ᠨᠠᠮ᠎ᠤᠨ ᠡᠭᠦᠷ 》ᠤ᠋ᠨ ᠪᠠᠢᠭᠤᠯᠤᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ᠎ᠳᠦ ᠢᠯᠡᠳᠲᠡ ᠦᠷ᠎ᠡ ᠪᠦᠲᠦᠮᠵᠢ ᠣᠯᠵᠦ᠂ ᠵᠠᠷᠤᠳᠠᠯ᠎ᠤᠨ ᠪᠠᠲᠤᠯᠠᠭ᠎ᠠ᠎ᠶᠢᠨ ᠬᠡᠯᠪᠡᠢᠯᠭᠡᠬᠦ ᠲᠣᠭᠲᠠᠴᠠ᠎ᠶᠢ ᠨᠠᠢᠳᠠᠪᠤᠷᠢᠵᠢᠭᠤᠯᠪᠠ᠃ ᠬᠣᠰᠢᠭᠤ ᠰᠢᠶᠠᠨ ᠲᠣᠭᠣᠷᠢᠭ᠋᠎ᠤᠨ ᠱᠠᠲᠤᠨ ᠠ᠋ᠴᠠ ᠳᠡᠭᠡᠭᠰᠢᠬᠢ ᠨᠠᠮ᠎ᠤᠨ ᠬᠣᠷᠢᠶ᠎ᠠ᠎ᠳᠤ 《ᠬᠠᠮᠤᠭ᠎ᠤᠨ ᠬᠦᠴᠦᠷᠬᠡᠭ ᠨᠠᠮ᠎ᠤᠨ ᠡᠭᠦᠷ》  ᠢ᠋ᠢᠡᠷ ᠦᠨᠡᠯᠡᠭᠳᠡᠭᠰᠡᠨ ᠪᠠᠢᠪᠠᠯ᠂ ᠤᠳᠤᠷᠢᠳᠬᠤ ᠪᠠᠭ᠎ᠤᠨ ᠪᠦᠷᠢᠯᠳᠦᠭᠦᠨ᠎ᠳᠦ ᠨᠢᠭᠡ ᠤᠳᠠᠭ᠎ᠠ᠎ᠶᠢᠨ ᠴᠢᠨᠠᠷᠲᠠᠢ ᠲᠤᠰᠬᠠᠢ ᠠᠵᠢᠯ᠎ᠤᠨ ᠠᠮᠵᠢᠯᠲᠠ ᠪᠦᠲᠦᠮᠵᠢ᠎ᠶᠢᠨ ᠱᠠᠩᠨᠠᠯ ᠣᠯᠭᠣᠵᠤ᠂ ᠨᠠᠮ᠎ᠤᠨ ᠡᠭᠦᠷ᠎ᠦᠨ ᠱᠦᠵᠢ᠎ᠶᠢ ᠲᠣᠮᠢᠯᠠᠵᠤ ᠰᠤᠷᠤᠯᠴᠠᠭᠤᠯᠬᠤ ᠂ ᠲᠤᠰᠢᠶᠠᠯ ᠡᠭᠦᠷᠭᠡᠯᠡᠭᠦᠯᠦᠨ ᠪᠣᠯᠪᠠᠰᠤᠷᠠᠭᠤᠯᠬᠤ ᠂ ᠮᠡᠷᠭᠡᠵᠢᠯ᠎ᠦᠨ ᠴᠣᠯᠠ ᠲᠣᠭᠲᠠᠭᠠᠬᠤ ᠂ ᠳᠡᠪᠰᠢᠭᠦᠯᠦᠨ ᠬᠡᠷᠡᠭᠯᠡᠬᠦ ᠵᠡᠷᠭᠡ ᠲᠠᠯ᠎ᠠ᠎ᠪᠠᠷ ᠤᠷᠢᠳ ᠢ᠋ᠢᠡᠷ ᠪᠣᠳᠣᠯᠬᠢᠯᠠᠵᠤ᠂ ᠡᠯ᠎ᠡ ᠱᠠᠲᠤᠨ᠎ᠤ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ ᠂ ᠤᠯᠤᠰ ᠲᠥᠷᠥ᠍᠎ᠶᠢᠨ ᠵᠥᠪᠯᠡᠯᠭᠡᠨ᠎ᠦ ᠭᠡᠰᠢᠭᠦᠨ᠎ᠦ ᠵᠢᠱ᠌ᠢᠭᠳᠡᠭᠴᠢ ᠪᠣᠯᠭᠠᠬᠤ ᠪᠤᠶᠤ ᠤᠷᠢᠳ ᠢ᠋ᠢᠡᠷ ᠲᠠᠨᠢᠯᠴᠠᠭᠤᠯᠲᠠᠭ᠃

《ᠠᠮᠵᠢᠯᠲᠠ ᠪᠦᠲᠦᠮᠵᠢ ᠭᠠᠷᠭᠠᠪᠠᠯ ᠱᠠᠩᠨᠠᠯ᠎ᠲᠠᠢ᠂ ᠠᠬᠢᠭᠤᠯᠪᠠᠯ ᠪᠡᠯᠡ ᠮᠥᠩᠭᠥ᠎ᠲᠠᠢ᠂ ᠶᠠᠮᠠᠷ ᠬᠦᠴᠢᠷᠳᠡᠯ ᠪᠠᠢᠪᠠᠯ ᠪᠢᠳᠡ ᠬᠣᠯᠪᠤᠭᠠᠯᠠᠨ ᠪᠠᠢᠭᠤᠯᠵᠤ ᠬᠠᠮᠲᠤ᠎ᠪᠠᠷ ᠪᠠᠶ᠋ᠢᠭᠤᠯᠬᠤ ᠨᠠᠮ᠎ᠤᠨ ᠵᠣᠬᠢᠶᠠᠨ ᠪᠠᠢᠭᠤᠯᠤᠯᠲᠠ᠎ᠶᠢ ᠡᠷᠢᠵᠦ ᠬᠠᠪᠰᠤᠷᠤᠭᠤᠯᠵᠤ ᠪᠣᠯᠣᠨ᠎ᠠ᠂ ᠪᠢᠳᠡ ᠬᠣᠲᠠ᠎ᠶᠢᠨ ᠲᠠᠰ᠎ᠤᠨ 〈 ᠬᠠᠮᠤᠭ᠎ᠤᠨ ᠬᠦᠴᠦᠷᠬᠡᠭ ᠨᠠᠮ᠎ᠤᠨ ᠡᠭᠦᠷ〉 ᠤ᠋ᠨ ᠵᠢᠱ᠌ᠢᠶ᠎ᠡ ᠦᠵᠡᠭᠦᠯᠬᠦ ᠴᠡᠭ᠎ᠢ ᠴᠢᠷᠮᠠᠢᠨ ᠡᠭᠦᠳᠤᠶ᠎ᠠ ! 》 ᠣᠢᠷ᠎ᠠ᠎ᠶᠢᠨ ᠡᠳᠦᠷ᠂ ᠣᠩᠨᠢᠭᠤᠳ ᠬᠣᠰᠢᠭᠤᠨ᠎ᠤ ᠦ᠋ ᠹᠸᠨ ᠎ᠳᠢ ᠪᠠᠯᠭᠠᠰᠤᠨ᠎ᠤ ᠵᠡᠭᠦᠨ ᠲᠠᠯ᠎ᠠ ᠲᠣᠰᠬᠣᠨ᠎ᠤ ᠨᠠᠮ᠎ᠤᠨ ᠡᠭᠦᠷ᠎ᠦᠨ ᠭᠡᠰᠢᠭᠦᠳ᠎ᠦᠨ ᠬᠤᠷᠠᠯ ᠳᠡᠭᠡᠷ᠎ᠡ᠂ ᠨᠠᠮ᠎ᠤᠨ ᠡᠭᠦᠷ᠎ᠦᠨ ᠱᠦᠵᠢ ᠫᠠᠨ ᠰᠢᠶᠠᠩ ᠰᠢᠤᠸᠠᠢ ᠤᠯᠠᠨ᠎ᠢ ᠲᠠᠢ᠍ᠢᠴᠢᠯᠠᠨ ᠶᠠᠷᠢᠬᠰᠠᠨ ᠪᠠᠢᠨ᠎ᠠ᠃

ᠤᠯᠠᠭᠠᠨᠬᠠᠳᠠ ᠬᠣᠲᠠ《ᠬᠠᠮᠤᠭ᠎ᠤᠨ ᠬᠦᠴᠦᠷᠬᠡᠭ ᠨᠠᠮ᠎ᠤᠨ ᠡᠭᠦᠷ》 ᠤ᠋ᠨ ᠪᠠᠢᠭᠤᠯᠤᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠵᠦ ᠲᠠᠰ ᠳᠡᠪᠰᠢᠭᠦᠯᠬᠦ ᠰᠠᠭᠤᠷᠢ ᠪᠠᠲᠤᠯᠠᠭ᠎ᠠ᠎ᠶᠢ ᠰᠢᠯᠢᠳᠡᠭᠵᠢᠭᠦᠯᠦᠨ ᠠᠬᠢᠭᠤᠯᠬᠤ ᠠᠵᠢᠯ᠎ᠤᠨ ᠳᠤᠮᠳᠠ ᠂ ᠤᠯᠤᠰ ᠲᠥᠷᠥ᠍᠎ᠶᠢᠨ ᠪᠠᠢᠭᠤᠯᠤᠯᠲᠠ᠎ᠶᠢ ᠲᠡᠷᠢᠭᠦᠨ ᠪᠠᠢᠷᠢᠨ᠎ᠳᠤ ᠲᠠᠯᠪᠢᠬᠤ᠎ᠶᠢ ᠪᠠᠷᠢᠮᠲᠠᠯᠠᠵᠤ ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠭᠦᠷ᠎ᠦᠨ ᠠᠵᠢᠯ᠎ᠤᠨ ᠳᠦᠷᠢᠮ ( ᠲᠤᠷᠰᠢᠨ ᠬᠡᠷᠡᠭᠵᠢᠭᠦᠯᠬᠦ) 》 ᠳ᠋ᠤ ᠲᠣᠭᠲᠠᠭᠠᠭᠰᠠᠨ ᠲᠤᠯᠤᠭᠠᠨ ᠵᠦᠢᠯ᠎ᠦᠨ ᠡᠭᠦᠷᠭᠡ ᠬᠠᠷᠢᠭᠤᠴᠠᠯᠭ᠎ᠠ ᠪᠠ ᠨᠠᠢ᠍ᠮᠠᠨ ᠵᠦᠢᠯ᠎ᠦᠨ ᠦᠨᠳᠦᠰᠦᠨ ᠡᠭᠦᠷᠭᠡ᠎ᠶᠢ ᠬᠢᠨᠠᠮᠠᠭᠠᠢ ᠨᠠᠢᠳᠠᠪᠤᠷᠢᠵᠢᠭᠤᠯᠪᠠ ᠃ ᠠᠳᠠᠯᠢ ᠪᠤᠰᠤ ᠬᠦᠷᠢᠶᠡᠨ᠎ᠦ ᠨᠠᠮ᠎ᠤᠨ ᠡᠭᠦᠷ ᠥᠪᠡᠷ ᠥᠪᠡᠷ᠎ᠦᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ᠂ ᠨᠠᠮ᠎ᠤᠨ ᠵᠣᠬᠢᠶᠠᠨ ᠪᠠᠢᠭᠤᠯᠤᠯᠲᠠ᠎ᠶᠢᠨ ᠬᠣᠯᠪᠤᠭᠠᠯᠠᠨ ᠪᠠᠶ᠋ᠢᠭᠤᠯᠬᠤ ᠬᠠᠮᠲᠤ᠎ᠪᠠᠷ ᠪᠠᠶ᠋ᠢᠭᠤᠯᠬᠤ᠎ᠳᠤ ᠢᠳᠡᠪᠬᠢᠲᠡᠢ ᠣᠷᠣᠯᠴᠠᠵᠤ᠂ ᠪᠦᠬᠦ ᠬᠤᠳᠠ᠎ᠳᠤ ᠤᠷᠢᠳ ᠬᠣᠵᠢᠳ ᠡᠯ᠎ᠡ ᠲᠦᠷᠦᠯ᠎ᠦᠨ ᠨᠠᠮ᠎ᠤᠨ ᠪᠠᠢᠭᠤᠯᠤᠯᠲᠠ᠎ᠶᠢᠨ ᠬᠣᠯᠪᠣᠭᠠᠲᠤ ᠴᠣᠭᠴᠠ᠎ᠶᠢ 673 ᠪᠠᠢᠭᠤᠯᠵᠤ᠂ 7300 ᠭᠠᠷᠤᠢ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢ ᠣᠷᠣᠯᠴᠠᠭᠤᠯᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠬᠥᠲᠥᠯᠥᠨ ᠳᠠᠭᠠᠭᠤᠯᠬᠤ ᠦᠢᠯᠡᠳᠦᠯ᠎ᠢ ᠦᠨᠡᠨ᠎ᠬᠦ ᠴᠢᠩᠭᠠᠳᠬᠠᠵᠤ᠂ ᠦᠨᠳᠦᠰᠦᠨ ᠱᠠᠲᠤᠨ᠎ᠤ ᠲᠠᠢ᠍ᠢᠴᠢᠨ ᠪᠡᠬᠢᠯᠡᠯᠲᠡ᠎ᠶᠢ ᠪᠡᠬᠢᠵᠢᠭᠦᠯᠪᠡ᠃

《ᠪᠢᠳᠡᠨ᠎ᠦ ᠡᠨᠡ᠎ᠬᠦ ᠠᠵᠢᠯ  ᠢ᠋ ᠠᠬᠢᠭᠤᠯᠬᠤ  ᠶ᠋ᠢᠨ ᠬᠠᠷᠠᠯᠲᠠ ᠪᠣᠯ ᠳᠠᠷᠤᠢ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠶ᠋ᠢ ᠪᠠᠢᠭᠤᠯᠤᠨ ᠬᠦᠴᠦᠷᠬᠡᠭᠵᠢᠭᠦᠯᠬᠦ᠎ᠪᠡᠷ ᠳᠠᠮᠵᠢᠭᠤᠯᠤᠨ᠂ ᠨᠠᠮ᠎ᠤᠨ ᠤᠷᠲᠤ ᠬᠤᠭᠤᠴᠠᠭ᠎ᠠ᠎ᠪᠠᠷ ᠲᠥᠷᠥ᠍ ᠪᠠᠷᠢᠬᠤ ᠵᠣᠬᠢᠶᠠᠨ ᠪᠠᠢᠭᠤᠯᠤᠯᠲᠠ  ᠶ᠋ᠢᠨ ᠰᠠᠭᠤᠷᠢ  ᠶ᠋ᠢ ᠪᠡᠬᠢᠵᠢᠭᠦᠯᠬᠦ ᠶᠠᠪᠤᠳᠠᠯ ᠪᠣᠯᠣᠨ᠎ᠠ 》 ᠭᠡᠵᠦ ᠤᠯᠠᠭᠠᠨᠬᠠᠳᠠ ᠬᠤᠳᠠ᠎ᠶᠢᠨ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠵᠣᠬᠢᠶᠠᠨ ᠪᠠᠶ᠋ᠢᠭᠤᠯᠬᠤ ᠬᠡᠯᠲᠡᠰ᠎ᠦᠨ ᠳᠠᠷᠤᠭ᠎ᠠ ᠴᠢᠶᠣᠤ ᠢᠦᠢ ᡂᠢ ᠶᠠᠷᠢᠨ᠎ᠠ᠃ ᠣᠲᠣ᠌ ᠪᠣᠯᠲᠠᠯ᠎ᠠ ᠂ ᠲᠣᠰ ᠬᠣᠲᠠ᠎ᠶᠢᠨ 2717 ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠢᠭᠡᠨᠲᠡ《ᠬᠠᠮᠤᠭ᠎ᠤᠨ ᠬᠦᠴᠦᠷᠬᠡᠭ ᠨᠠᠮ᠎ᠤᠨ ᠡᠭᠦᠷ》 ᠤ᠋ᠨ ᠪᠠᠢᠭᠤᠯᠤᠯᠲᠠ᠎ᠶᠢᠨ ᠪᠠᠷᠢᠮᠵᠢᠶ᠎ᠠ᠎ᠳᠤ ᠬᠦᠷᠴᠦ᠂ ᠪᠦᠬᠦ ᠨᠠᠮ᠎ᠤᠨ ᠡᠭᠦᠷ᠎ᠤᠨ 33.6%᠎ᠶᠢ ᠡᠵᠡᠯᠡᠪᠡ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠮᠦᠩᠭᠦᠨᠬᠤᠸᠠᠷ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号