ᠤᠷᠴᠢᠮᠬᠠᠨ ᠾᠸᠪᠸᠢ ᠮᠤᠵᠢ ᠵᠢᠨ ᠱᠢᠶᠦ᠋ᠩ ᠠᠨ ᠱᠢᠨ᠎ᠡ ᠲᠣᠭᠣᠷᠢᠭ᠎ᠲᠤ ᠶᠠᠪᠤᠭ᠍ᠳᠠᠭ᠍ᠰᠠᠨ ᠠᠷᠪᠠᠨ ᠭᠤᠷᠪᠠᠳᠤᠭᠠᠷ ᠬᠤᠭᠤᠴᠠᠭᠠᠨ ᠤ᠋ ᠳᠤᠮᠳᠠᠳᠤ ᠤᠯᠤᠰ ᠤ᠋ᠨ ᠤᠷᠠᠯᠢᠭ ᠤ᠋ᠨ ᠨᠠᠢᠷ ᠤ᠋ᠨ ᠲᠡᠭᠦᠰᠭᠦ ᠶᠣᠰᠣᠯᠠᠯ ᠳᠡᠭᠡᠷ᠎ᠡ ᠂ ᠥᠪᠥᠷ ᠮᠣᠩᠭᠣᠯ ᠤ᠋ᠨ ᠤᠷᠠᠯᠢᠭ ᠵᠦᠴᠦᠭᠡ᠎ᠶ᠋ᠢᠨ ᠬᠦᠷᠢᠶᠡᠯᠡᠩ᠎ᠦᠨ ᠵᠤᠬᠢᠶᠠᠨ ᠪᠦᠳᠦᠭᠡᠭᠰᠡᠨ ᠪᠦᠵᠢᠭᠳᠦ ᠵᠦᠴᠦᠭᠡ 《ᠮᠣᠷᠢᠲᠤ ᠴᠡᠷᠢᠭ 》 ᠠᠷᠪᠠᠨ ᠳᠣᠯᠣᠳᠤᠭᠠᠷ ᠬᠤᠭᠤᠴᠠᠭᠠᠨ ᠤ᠋ ᠸᠸᠨ ᠬᠤᠸᠠ ᠱᠠᠩᠨᠠᠯ᠎ᠢ ᠬᠦᠷᠳᠡᠪᠡ᠃
ᠪᠦᠵᠢᠭᠳᠦ ᠵᠦᠴᠦᠭᠡ 《ᠮᠣᠷᠢᠲᠤ ᠴᠡᠷᠢᠭ 》 ᠪᠣᠯ ᠳᠤᠮᠳᠠᠳᠤ ᠤᠯᠤᠰ ᠤ᠋ᠨ ᠲᠠᠢᠰᠠᠨ ᠤ᠋ ᠤᠷᠠᠯᠢᠭ ᠳᠡᠭᠡᠷᠡᠬᠢ ᠠᠩᠬᠠᠳᠠᠭᠴᠢ ᠮᠣᠷᠢᠲᠤ ᠴᠡᠷᠢᠭ᠎ᠢᠶᠡᠷ ᠰᠡᠳᠦᠪᠯᠡᠭ᠌ᠰᠡᠨ ᠪᠥᠵᠢᠭ᠌ᠲᠦ ᠵᠦᠴᠦᠭᠡ ᠶᠤᠮ᠃ ᠵᠦᠴᠦᠭᠡ᠎ᠳᠦ᠂ ᠮᠣᠩᠭᠣᠯ ᠵᠠᠯᠠᠭᠤ ᠴᠢᠯᠠᠭᠤ ᠲᠡᠦᠬᠡ ᠶ᠋ᠢᠨ ᠵᠠᠩᠭᠢᠯᠠᠭ᠎ᠠ ᠶ᠋ᠢᠨ ᠦᠶ᠎ᠡ᠎ᠳᠦ ᠡᠷᠡᠰ ᠰᠢᠭᠤᠷᠬᠠᠢ ᠰᠤᠩᠭᠤᠯᠳᠠ ᠬᠢᠵᠦ᠂ ᠡᠷᠡᠯᠬᠡᠭ ᠪᠠᠭᠠᠲᠤᠷᠯᠢᠭ ᠮᠣᠷᠢᠳᠦ ᠴᠡᠷᠢᠭ ᠪᠣᠯᠤᠨ ᠬᠦᠮᠦᠵᠢᠭᠳᠡᠵᠦ᠂ ᠱᠢᠨ᠎ᠡ ᠳᠤᠮᠳᠠᠳᠤ ᠤᠯᠤᠰ ᠪᠠᠢᠭᠤᠯᠤᠭ᠍ᠳᠠᠬᠤ᠎ᠳᠤ ᠲᠡᠦᠬᠡᠲᠦ ᠴᠢᠨᠠᠷᠲᠠᠢ ᠭᠠᠪᠢᠶ᠎ᠠ ᠵᠢᠳᠬᠦᠯ ᠦᠵᠡᠭᠦᠯᠦᠭ᠌ᠰᠡᠨ ᠥᠩᠭᠡᠷᠡᠯᠲᠡ᠎ᠵᠢ ᠳᠡᠯᠭᠡᠵᠦ᠂ ᠥᠪᠥᠷ ᠮᠣᠩᠭᠣᠯ ᠤ᠋ᠨ ᠠᠷᠠᠳ ᠲᠦᠮᠡᠨ᠎ᠦ ᠡᠬᠡ ᠣᠷᠣᠨᠴᠢ ᠰᠡᠳᠭᠢᠯᠭᠡ ᠪᠠ ᠮᠤᠨᠭᠭᠤᠯ ᠮᠤᠷᠢᠨ ᠤ᠋ ᠴᠤᠴᠠᠯᠳᠠ ᠦᠭᠡᠢ ᠤᠷᠤᠭ᠍ᠰᠢᠯᠠᠬᠤ ᠵᠤᠷᠢᠭ ᠰᠠᠨᠠᠭ᠎ᠠ᠎ᠶ᠋ᠢ ᠮᠠᠭ᠍ᠲᠠᠨ ᠳᠠᠭᠤᠯᠠᠵᠦ᠂ ᠬᠥᠮᠦᠨ ᠲᠥᠷᠥᠯᠬᠢᠲᠡᠨ᠎ᠦ ᠡᠩᠬᠡ ᠲᠠᠢᠪᠤᠩ ᠤ᠋ᠨ ᠬᠦᠰᠡᠯ ᠮᠦᠷᠦᠭᠡᠳᠦᠯ ᠢ᠋ ᠬᠠᠷᠠᠭᠤᠯᠵᠦ᠂ ᠬᠥᠮᠦᠨ ᠴᠢᠨᠠᠷ ᠤ᠋ᠨ ᠭᠤᠤ᠎ᠠ ᠰᠠᠢᠬᠠᠨ ᠢ᠋ ᠦᠵᠡᠬᠦᠯᠦᠭᠰᠡᠨ ᠤᠷᠠᠯᠢᠭ ᠤ᠋ᠨ ᠪᠦᠲᠦᠭᠡᠯ ᠪᠤᠯᠬᠤ ᠶᠤᠮ᠃ ᠲᠣᠰ ᠪᠥᠵᠢᠭ᠌ᠲᠦ ᠵᠦᠴᠦᠭᠡ᠎ᠶ᠋ᠢ 2019 ᠣᠨ᠎ᠳᠤ ᠵᠣᠬᠢᠶᠠᠨ ᠪᠦᠲᠦᠭᠡᠵᠦ᠍ ᠂ ᠤᠷᠢᠳ ᠬᠣᠵᠢᠳ ᠠᠷᠪᠠᠨ ᠬᠣᠶᠠᠳᠤᠭᠠᠷ ᠬᠤᠭᠤᠴᠠᠭᠠᠨ ᠤ᠋ ᠳᠤᠮᠳᠠᠳᠤ ᠤᠯᠤᠰ ᠤ᠋ᠨ ᠪᠥᠵᠢᠭ ᠦᠨ 《ᠯᠢᠩᠬᠤ᠎ᠠ ᠱᠠᠩᠨᠠᠯ 》 ᠂ ᠳᠤᠮᠳᠠᠳᠤ ᠤᠯᠤᠰ ᠤ᠋ᠨ ᠬᠡᠪᠯᠡᠯ᠎ᠦᠨ ᠡᠷᠬᠡ᠎ᠶ᠋ᠢᠨ ᠬᠠᠮᠤᠭ ᠤ᠋ᠨ ᠰᠠᠢᠨ ᠠᠭᠤᠯᠭ᠎ᠠ᠎ᠶ᠋ᠢ ᠵᠣᠬᠢᠶᠠᠨ ᠪᠦᠲᠦᠭᠡᠭ᠌ᠰᠡᠨ ᠱᠠᠩᠨᠠᠯ ᠵᠡᠷᠭᠡ ᠱᠠᠩᠨᠠᠯ᠎ᠢ ᠭᠥᠷᠳᠡᠪᠡ᠃
《ᠥᠪᠥᠷ ᠮᠣᠩᠭᠣᠯ ᠤ᠋ᠨ ᠤᠷᠠᠯᠢᠭ ᠵᠦᠴᠦᠭᠡ᠎ᠶ᠋ᠢᠨ ᠬᠦᠷᠢᠶᠡᠯᠡᠩ ᠪᠥᠵᠢᠭ᠌ᠲᠦ ᠵᠦᠴᠦᠭᠡ 〈ᠮᠣᠷᠢᠲᠤ ᠴᠡᠷᠢᠭ〉 ᠢ᠋ ᠵᠣᠬᠢᠶᠠᠨ ᠪᠦᠲᠦᠭᠡᠬᠦ᠌ ᠪᠣᠯᠪᠠᠰᠤᠷᠠᠯ ᠳᠤᠮᠳᠠ᠂ ᠲᠥᠷᠥᠯ ᠵᠦᠶ᠋ᠯ᠎ᠦᠨ ᠬᠠᠷᠢᠭᠤᠴᠠᠯᠭᠠᠲᠠᠨ ᠤ᠋ ᠲᠦᠷᠢᠮ᠎ᠢ ᠬᠡᠷᠡᠭ᠌ᠵᠢᠭᠦᠯᠵᠦ᠍ ᠂ ᠵᠦᠴᠦᠭᠡ᠎ᠪᠡᠷ ᠪᠦᠯᠬᠦᠮ᠎ᠢ ᠳᠠᠢᠴᠢᠯᠠᠬᠤ ᠂ ᠴᠢᠳᠠᠪᠤᠷᠢᠲᠠᠨ ᠢ ᠬᠥᠮᠦᠵᠢᠭᠦᠯᠬᠦ᠌ ᠲᠠᠯ᠎ᠠ ᠪᠠᠷ ᠵᠣᠷᠢᠭ᠍ᠲᠠᠶ᠎ᠪᠠᠷ ᠥᠭᠡᠷᠡᠴᠢᠯᠡᠯᠲᠡ ᠬᠢᠪᠠ ᠃ ᠡᠨᠡ ᠤᠳᠠᠭᠠᠨ ᠤ᠋ ᠠᠮᠵᠢᠯᠳᠠ ᠪᠤᠯ ᠮᠠᠨ ᠤ᠋ ᠬᠦᠷᠢᠶᠡᠯᠡᠩ᠎ᠦᠨ ᠤᠷᠠᠯᠢᠭ ᠤ᠋ᠨ ᠵᠣᠬᠢᠶᠠᠨ ᠪᠦᠲᠦᠭᠡᠯᠭᠡ 〈ᠥᠨᠳᠥᠷᠯᠢᠭ〉 ᠡᠴᠡ 〈ᠤᠷᠬᠢᠯ〉 ᠲᠡᠢᠰᠢ ᠤᠷᠤᠭ᠍ᠰᠢᠯᠠᠬᠤ᠎ᠶ᠋ᠢ ᠪᠡᠶᠡᠯᠡᠬᠦᠯᠵᠦ ᠂ ᠪᠢᠳᠡ ᠡᠨᠡ ᠬᠦ᠌ ᠱᠢᠯᠢᠳᠡᠭ ᠠᠮᠵᠢᠯᠲᠠ᠎ᠪᠠᠷ᠎ᠢᠶᠠᠨ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠠᠮᠵᠢᠯᠲᠠ᠎ᠲᠠᠶ ᠬᠤᠷᠠᠯᠳᠤᠬᠤ᠎ᠶ᠋ᠢ ᠪᠠᠶᠠᠷᠯᠠᠨ ᠤᠭ᠍ᠲᠤᠵᠦ ᠪᠠᠢᠨ᠎ᠠ》 ᠭᠡᠵᠦ ᠥᠪᠥᠷ ᠮᠣᠩᠭᠣᠯ ᠤ᠋ᠨ ᠤᠷᠠᠯᠢᠭ ᠵᠦᠴᠦᠭᠡ᠎ᠶ᠋ᠢᠨ ᠬᠦᠷᠢᠶᠡᠯᠡᠩ᠎ᠦᠨ ᠨᠠᠮ ᠤ᠋ᠨ ᠬᠣᠷᠢᠶᠠᠨ ᠤ᠋ ᠱᠦᠵᠢ ᠂ ᠬᠦᠷᠢᠶᠡᠯᠡᠩ᠎ᠦᠨ ᠳᠠᠷᠤᠭ᠎ᠠ ᠯᠢ ᠯᠢ ᠬᠡᠯᠡᠪᠡ᠃
ᠸᠸᠨ ᠬᠤᠸᠠ ᠱᠠᠩᠨᠠᠯ ᠪᠣᠯ ᠳᠤᠮᠳᠠᠳᠤ ᠤᠯᠤᠰ ᠤ᠋ᠨ ᠲᠠᠢᠰᠠᠨ ᠤ᠋ ᠲᠣᠭ᠍ᠯᠠᠯᠲᠠ᠎ᠶ᠋ᠢᠨ ᠤᠷᠠᠯᠢᠭ ᠤ᠋ᠨ ᠵᠠᠰᠠᠭ ᠤ᠋ᠨ ᠣᠷᠳᠣᠨ ᠤ᠋ ᠬᠠᠮᠤᠭ ᠤ᠋ᠨ ᠳᠡᠭᠡᠳᠦ ᠱᠠᠩᠨᠠᠯ ᠪᠠᠢᠵᠤ᠂ 1991 ᠤᠨ᠎ᠳᠤ ᠰᠣᠶᠣᠯ ᠪᠠ ᠵᠢᠭᠤᠯᠴᠢᠯᠠᠯ ᠤ᠋ᠨ ᠶᠠᠮᠤᠨ᠎ᠠᠴᠠ ᠪᠠᠢᠭᠤᠯᠤᠨ ᠂ ᠭᠤᠷᠪᠠᠨ ᠵᠢᠯ᠎ᠳᠦ ᠨᠢᠭᠡ ᠤᠳᠠᠭ᠎ᠠ ᠱᠢᠯᠭᠠᠷᠠᠭᠤᠯᠳᠠᠭ᠃ ᠪᠦᠵᠢᠭᠳᠦ ᠵᠦᠴᠦᠭᠡ 《ᠮᠣᠷᠢᠲᠤ ᠴᠡᠷᠢᠭ》 ᠪᠣᠯ ᠲᠣᠰ ᠤᠳᠠᠭᠠᠨ ᠤ᠋ ᠸᠸᠨ ᠬᠤᠸᠠ ᠱᠠᠩᠨᠠᠯ ᠤ᠋ᠨ ᠱᠢᠯᠭᠠᠷᠠᠭᠤᠯᠤᠯᠲᠠ᠎ᠳᠤ ᠰᠤᠩᠭᠤᠭᠳᠠᠭᠰᠠᠨ ᠥᠪᠥᠷ ᠮᠣᠩᠭᠣᠯ ᠤ᠋ᠨ ᠴᠣᠷ ᠤ᠋ᠨ ᠭᠠᠭ᠍ᠴᠠ ᠪᠦᠲᠦᠭᠡᠯ ᠪᠣᠯᠤᠨ᠎ᠠ᠃