ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠠᠵᠢᠯᠯᠠᠭ᠎ᠠ᠎ᠦᠷ᠎ᠠ ᠪᠦᠲᠦᠮᠵᠢ ᠦᠯᠠᠮᠵᠢ
2022-09-23 16:25:56
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

ᠡᠨᠡ ᠵᠢᠯ ᠪᠤᠯ ᠥᠪᠡᠷᠲᠡᠭᠡᠨ ᠵᠠᠰᠠᠬᠤ ᠣᠷᠣᠨ᠎ᠤ ᠭᠤᠴᠢ ᠶᠢᠰᠦᠳᠡᠬᠢ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠠᠵᠢᠯᠯᠠᠭ᠎ᠠ ᠵᠢᠨ ᠰᠠᠷ᠎ᠠ ᠪᠣᠯᠤᠨ᠎ᠠ᠂ ᠡᠨᠡ ᠵᠢᠯ ᠮᠠᠨ᠎ᠤ ᠤᠷᠤᠨ《ᠱᠢᠨ᠎ᠡ ᠠᠶᠠᠨ᠎ᠳᠠᠭᠠᠨ ᠡᠷᠡᠮᠡᠬᠡᠢᠯᠡᠨ ᠤᠷᠤᠭ᠍ᠰᠢᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠢ ᠤᠭ᠍ᠲᠤᠶ᠎ᠠ》ᠬᠡᠬᠦ ᠭᠤᠤᠯ ᠰᠠᠲᠤᠪ᠎ᠤᠨ ᠲᠤᠭᠤᠷᠢᠨ ᠳ᠋ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠠᠵᠢᠯᠯᠠᠭ᠎ᠠ ᠶᠠᠪᠤᠭᠲᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠤᠬᠠᠭᠤᠯᠤᠨ ᠲᠠᠢᠯᠪᠤᠷᠢᠯᠠᠵᠤ ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ᠎ᠶ᠋ᠢ ᠭᠦᠨᠵᠡᠭᠡᠶ ᠠᠭᠤᠳᠠᠯᠵᠤ᠂ ᠦᠨᠳᠦᠰᠦᠲᠡᠨ᠎ᠨᠦᠭᠦᠳ᠎ᠦᠨ ᠡᠷᠡᠰ ᠭᠤᠢᠪᠢᠰᠢ ᠥᠬᠡᠶ᠎ᠪᠡᠷ ᠨᠠᠮ᠎ᠢᠶᠠᠨ ᠳᠠᠭᠠᠬᠤ ᠬᠤᠪᠢᠰᠭᠠᠯ᠎ᠤᠨ ᠤᠳᠤᠮᠱᠢᠯ᠎ᠢ ᠵᠠᠯᠭᠠᠮᠵᠢᠯᠠᠵᠤ᠂《ᠳᠥᠷᠪᠡᠨ ᠬᠠᠮᠲᠤ ᠵᠢᠨ ᠲᠠᠨᠢᠯᠲᠠ》ᠵᠢᠨ ᠤᠬᠠᠭᠤᠯᠭ᠎ᠠ ᠬᠥᠮᠦᠵᠢᠯ᠎ᠢ ᠶᠡᠬᠡ᠎ᠪᠡᠷ ᠥᠷᠨᠢᠭᠦᠯᠵᠦ᠍᠂ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠢ ᠬᠥᠲᠥᠯᠥᠨ ᠵᠢᠯᠣᠭᠣᠳᠴᠤ᠌ ᠪᠠᠢᠭᠠᠳ ᠵᠥᠪ ᠣᠨᠣᠪᠴᠢᠲᠠᠶ ᠳᠤᠮᠳᠠᠳᠤ᠎ᠶ᠋ᠢᠨ ᠦᠨᠳᠦᠰᠦᠲᠡᠨ᠎ᠦ ᠲᠡᠦᠬᠡ᠎ᠶ᠋ᠢᠨ ᠦᠵᠡᠯᠲᠡ᠎ᠶ᠋ᠢ ᠪᠠᠲᠤ ᠴᠤᠭᠴᠠᠯᠠᠬᠤ᠎ᠶᠢ ᠠᠬᠢᠭᠤᠯᠪᠠ᠃

ᠵᠢᠯ ᠪᠦᠷᠢ᠎ᠶ᠋ᠢᠨ 9 ᠰᠠᠷ᠎ᠠ᠎ᠶ᠋ᠢᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠠᠵᠢᠯᠯᠠᠭ᠎ᠠ᠎ᠶ᠋ᠢᠨ ᠰᠠᠷ᠎ᠠ ᠪᠣᠯ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠦᠶ᠋ᠯᠡᠰ᠎ᠢ ᠠᠬᠢᠭᠤᠯᠬᠤ ᠨᠠᠷᠠᠲᠤ ᠲᠥᠷᠥᠯ ᠲᠡᠮᠳᠡᠭ᠌ᠲᠦ ᠢᠨᠵᠧᠨᠧᠷᠢᠩ ᠮᠥᠨ᠂ ᠱᠢᠨ᠎ᠡ ᠴᠠᠭ ᠦᠶ᠎ᠡ᠎ᠳᠦ ᠨᠠᠮ᠎ᠤᠨ ᠦᠨᠳᠦᠰᠦᠲᠡᠨ᠎ᠦ ᠠᠵᠢᠯ᠎ᠢ ᠭᠦᠨᠵᠡᠭᠡᠶ ᠨᠠᠷᠢᠯᠢᠭ ᠪᠣᠳᠠᠲᠠᠶ ᠬᠢᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠦᠨᠡᠨ ᠪᠣᠳᠠᠲᠠᠶ ᠪᠥᠭᠡᠳ ᠪᠦᠲᠦᠮᠵᠢᠲᠡᠶ᠎ᠪᠡᠷ ᠪᠠᠲᠤ ᠴᠣᠭ᠍ᠴᠠᠯᠠᠬᠤ ᠴᠢᠬᠤᠯᠠ ᠠᠴᠢᠶᠠᠯᠠᠪᠤᠷᠢ ᠮᠥᠨ᠃ ᠡᠨᠡ ᠬᠤᠭᠤᠴᠠᠭᠠᠨ᠎ᠳᠤ᠂ ᠪᠥᠬᠥ᠌ ᠣᠷᠣᠨ᠎ᠤ ᠡᠯ᠎ᠡ ᠭᠠᠵᠠᠷ᠎ᠤᠨ ᠬᠢᠨ ᠨᠠᠮ᠎ᠤᠨ ᠦᠨᠳᠦᠰᠦᠲᠡᠨ᠎ᠦ ᠣᠨᠣᠯ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠂ ᠪᠥᠬᠥ᠌ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯ᠎ᠤᠨ ᠬᠠᠷᠢᠯᠴᠠᠨ ᠦᠵᠡᠵᠦ᠍ ᠬᠠᠷᠢᠯᠴᠠᠨ ᠰᠤᠷᠤᠯᠴᠠᠬᠤ᠂ ᠳᠡᠯᠭᠡᠨ ᠦᠵᠡᠭᠦᠯᠭᠡ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ᠎ᠶ᠋ᠢ ᠱᠢᠯᠭᠠᠷᠠᠭᠤᠯᠤᠨ ᠬᠥᠬᠢᠭᠦᠯᠬᠦ᠌᠂ ᠦᠨᠳᠦᠰᠦᠲᠡᠨ᠎ᠦ ᠪᠦᠯᠬᠦᠮᠳᠡᠯ᠎ᠦᠨ ᠦᠶ᠋ᠯᠡ ᠠᠵᠢᠯᠯᠠᠭ᠎ᠠ᠎ᠶ᠋ᠢ ᠤᠬᠠᠭᠤᠯᠤᠨ ᠲᠠᠢᠯᠪᠤᠷᠢᠯᠠᠬᠤ ᠵᠡᠷᠭᠡ ᠱᠢᠷᠢᠰ ᠠᠵᠢᠯᠯᠠᠭ᠎ᠠ᠎ᠶ᠋ᠢ ᠲᠥᠪᠯᠡᠷᠡᠭᠦᠯᠦᠨ ᠥᠷᠨᠢᠭᠦᠯᠵᠠᠢ;ᠠᠵᠢᠯᠯᠠᠭ᠎ᠠ᠎ᠳᠤ᠂ ᠨᠡᠢᠭᠡᠮ ᠲᠣᠭᠣᠷᠢᠭ᠂ ᠭᠠᠴᠠᠭ᠎ᠠ ᠲᠣᠰᠭᠣᠨ᠂ ᠠᠵᠤ ᠠᠬᠤᠢᠯᠠᠯ ᠵᠡᠷᠭᠡ᠎ᠳᠦ《ᠬᠠᠪᠰᠤᠷᠤᠯᠴᠠᠭ᠎ᠠ ᠪᠠᠢᠭᠤᠯᠬᠤ》᠂《ᠭᠠᠷ ᠭᠠᠷ᠎ᠢᠶᠠᠨ ᠬᠣᠯᠪᠣᠯᠴᠠᠬᠤ》᠂《ᠰᠡᠳᠭᠢᠯ ᠵᠢᠷᠦᠬᠡ᠎ᠪᠡᠨ ᠬᠣᠯᠪᠣᠬᠤ》 ᠵᠡᠷᠭᠡ ᠠᠵᠢᠯᠯᠠᠭ᠎ᠠ᠎ᠶ᠋ᠢ ᠥᠷᠭᠡᠨ᠎ᠢᠶᠡᠷ ᠥᠷᠨᠢᠭᠦᠯᠵᠦ᠍᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠰᠠᠢᠨ ᠰᠠᠢᠬᠠᠨ ᠣᠷᠴᠢᠨ ᠠᠬᠤᠢ ᠵᠢ ᠪᠣᠶ ᠪᠣᠯᠭᠠᠪᠠ; ᠰᠠᠯᠠᠭ᠎ᠠ ᠮᠥᠴᠢᠷ᠎ᠦᠨ ᠬᠠᠮᠵᠢᠯᠴᠠᠭ᠎ᠠ᠎ᠶ᠋ᠢ ᠴᠢᠩᠭᠠᠳᠭᠠᠵᠤ᠂《ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠰᠣᠯᠢᠯᠴᠠᠭᠠᠨ᠎ᠤ ᠲᠥᠯᠥᠪᠯᠡᠭᠡ》᠂《ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠷᠢᠯᠴᠠᠨ ᠱᠢᠭᠢᠳᠭᠡᠬᠦ᠌ ᠮᠠᠶᠢᠭ᠎ᠤᠨ ᠬᠥᠭ᠌ᠵᠢᠯᠲᠡ᠎ᠶ᠋ᠢᠨ ᠲᠥᠯᠥᠪᠯᠡᠭᠡ》᠂ 《ᠵᠢᠭᠤᠯᠴᠢᠯᠠᠯ᠎ᠢᠶᠠᠷ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠲᠥᠯᠥᠪᠯᠡᠭᠡ 》 ᠭᠤᠷᠪᠠᠨ ᠲᠥᠯᠥᠪᠯᠡᠭᠡ᠎ᠶ᠋ᠢ ᠬᠡᠷᠡᠭ᠌ᠵᠢᠭᠦᠯᠵᠦ᠍ ᠂ ᠦᠨᠳᠦᠰᠦᠲᠡᠨ᠎ᠨᠦᠭᠦᠳ᠎ᠦᠨ ᠥᠷᠭᠡᠨ ᠳᠡᠯᠭᠡᠷ ᠶᠠᠪᠤᠯᠴᠠᠭ᠎ᠠ᠂ ᠪᠦᠬᠦ᠌ ᠲᠠᠯ᠎ᠠ᠎ᠶ᠋ᠢᠨ ᠰᠣᠯᠢᠯᠴᠠᠭ᠎ᠠ᠂ ᠭᠦᠨᠵᠡᠭᠡᠢ ᠠᠭᠤᠰᠤᠯᠴᠠᠯ᠎ᠢ ᠠᠬᠢᠭᠤᠯᠪᠠ ᠁  ᠪᠦᠬᠦ ᠤᠷᠤᠨ᠎ᠤ ᠡᠯ᠎ᠡ ᠭᠠᠵᠠᠷ ᠤᠷᠤᠨ᠎ᠤ ᠬᠢᠨ ᠭᠠᠷᠳᠠᠴᠠ ᠨᠢ ᠢᠯᠡ ᠲᠤᠳᠤ᠂ ᠬᠦᠯᠢᠶᠡᠨ ᠠᠪᠤᠭᠴᠢᠳ ᠨᠢ ᠤᠯᠤᠯᠲᠠ ᠲᠦᠷᠦᠭᠳᠡᠯ ᠲᠠᠢ᠂ ᠬᠠᠷᠢᠯᠴᠠᠨ ᠲᠤᠯᠢ ᠪᠤᠯᠭᠠᠵᠤ ᠪᠤᠯᠬᠤᠢᠴᠠ ᠠᠷᠭ᠎ᠠ ᠬᠡᠯᠪᠡᠷᠢ ᠪᠡᠷ ᠨᠠᠮ᠎ᠤᠨ ᠦᠨᠳᠦᠰᠦᠲᠡᠨ᠎ᠤ ᠪᠦᠯᠬᠦᠮᠲᠠᠯ ᠲᠠᠪᠰᠢᠯᠲᠠ ᠵᠢᠨ ᠠᠵᠢᠯᠯᠠᠭ᠎ᠠ ᠵᠢᠨ ᠰᠢᠨ᠎ᠡ ᠪᠠᠢᠳᠠᠯ᠎ᠢ ᠡᠬᠦᠳᠦᠭᠰᠡᠨ ᠪᠠᠢᠨ᠎ᠠ᠃

ᠦᠨᠳᠦᠰᠦᠲᠡᠨ᠎ᠦ ᠠᠵᠢᠯ ᠪᠣᠯ ᠢᠮᠠᠭ᠍ᠲᠠ ᠨᠠᠮ ᠪᠠ ᠤᠯᠤᠰ᠎ᠤᠨ ᠠᠵᠢᠯ ᠦᠶ᠋ᠯᠡᠰ᠎ᠦᠨ ᠬᠥᠭ᠌ᠵᠢᠯᠲᠡ᠎ᠶ᠋ᠢᠨ ᠪᠥᠬᠥ᠌ ᠲᠠᠯ᠎ᠠ᠎ᠳᠤ ᠬᠣᠯᠪᠣᠭ᠍ᠳᠠᠬᠤ ᠴᠢᠬᠤᠯᠠ ᠶᠡᠬᠡ ᠠᠵᠢᠯ ᠮᠥᠨ᠂ ᠦᠨᠳᠦᠰᠦᠳᠡᠨ ᠨᠤᠬᠦᠳ᠎ᠤᠨ ᠤᠯᠠᠨ ᠲᠦᠮᠡᠨ᠎ᠤ ᠬᠦᠭᠵᠢᠯ ᠪᠠᠳᠠᠷᠠᠯ ᠵᠤᠯ ᠵᠢᠷᠭᠠᠯ ᠲᠠᠢ ᠰᠢᠭᠤᠳ ᠬᠤᠯᠪᠤᠭᠳᠠᠨ᠎ᠠ᠃ ᠦᠨᠳᠦᠰᠦᠲᠡᠨ᠎ᠤ ᠪᠦᠯᠬᠦᠮᠲᠠᠯ ᠲᠠᠪᠰᠢᠯᠲᠠ ᠵᠢᠨ ᠠᠵᠢᠯᠯᠠᠭ᠎ᠠ ᠪᠤᠯ ᠤᠷᠲᠤ ᠬᠤᠭᠤᠴᠠᠭᠠᠨ᠎ᠤ ᠦᠷᠭᠦᠯᠵᠢ ᠵᠢᠨ ᠴᠢᠨᠠᠷᠲᠠᠢ ᠠᠵᠢᠯ ᠪᠤᠯᠤᠨ᠎ᠠ᠃ ᠵᠦᠪᠬᠡᠨ《ᠦᠨᠳᠦᠰᠦᠲᠡᠨ᠎ᠤ ᠪᠦᠯᠬᠦᠮᠲᠠᠯ ᠲᠠᠪᠰᠢᠯᠲᠠ ᠵᠢᠨ ᠠᠵᠢᠯᠯᠠᠭ᠎ᠠ ᠵᠢᠨ ᠰᠠᠷ᠎ᠠ》 ᠳ᠋ᠤ ᠯᠠ ᠬᠢᠵᠠᠭᠠᠷᠯᠠᠭᠳᠠᠬᠤ ᠪᠢᠰᠢ᠃ ᠵᠠᠰᠠᠭ᠎ᠤᠨ ᠲᠠᠯ᠎ᠠ ᠡᠴᠡ ᠴᠠᠭ ᠦᠶ᠎ᠡ ᠵᠢᠨ ᠬᠦᠭᠵᠢᠯᠳᠡ ᠵᠢᠨ ᠪᠠᠢᠳᠠᠯ᠂ ᠤᠯᠠᠨ ᠲᠦᠮᠡᠨ᠎ᠤ ᠬᠦᠯᠢᠶᠡᠨ ᠠᠪᠬᠤ ᠲᠠᠭᠠᠰᠢᠶᠠᠯ ᠳ᠋ᠤ ᠵᠤᠬᠢᠴᠠᠭᠤᠯᠤᠨ ᠪᠦᠯᠬᠦᠮᠲᠠᠯ ᠲᠠᠪᠰᠢᠯᠲᠠ ᠵᠢᠨ ᠠᠵᠢᠯᠯᠠᠭ᠎ᠠ ᠵᠢ ᠪᠠᠢᠩᠭᠤᠵᠢᠭᠤᠯᠵᠤ᠂ ᠦᠷ᠎ᠡ ᠪᠦᠳᠦᠮᠵᠢ ᠵᠢ ᠪᠠᠳᠤᠯᠠᠪᠠᠯ ᠵᠤᠬᠢᠨ᠎ᠠ;ᠦᠨᠳᠦᠰᠦᠳᠡᠨ ᠨᠤᠬᠦᠳ᠎ᠤᠨ ᠺᠠᠳ᠋ᠷ ᠤᠯᠠᠨ ᠲᠦᠮᠡᠨ ᠦᠪᠡᠷ᠎ᠤᠨ ᠪᠡᠶ᠎ᠡ ᠡᠴᠡ ᠪᠠᠨ ᠡᠬᠢᠯᠡᠨ ᠬᠢᠵᠦ᠂ ᠵᠢᠵᠢᠭ ᠰᠠᠵᠢᠭ ᠶᠠᠪᠤᠳᠠᠯ ᠡᠴᠡ ᠭᠠᠷᠳᠠᠨ ᠬᠢᠵᠦ᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠪᠦᠯᠬᠦᠮᠲᠠᠯ ᠲᠠᠪᠰᠢᠯᠲᠠ ᠵᠢᠨ ᠠᠵᠢᠯᠯᠠᠭ᠎ᠠ ᠵᠢᠨ ᠬᠦᠷᠢᠶᠡᠯᠡᠭᠴᠢ᠂ ᠦᠢᠯᠡᠳᠦᠯᠭᠡᠵᠢᠭᠦᠯᠦᠭ᠌ᠴᠢ᠂ ᠠᠬᠢᠭᠤᠯᠤᠭ᠍ᠴᠢ ᠪᠤᠯᠵᠤ᠂ ᠵᠢᠷᠭᠠᠯ ᠵᠤᠪᠠᠯᠠᠩ ᠵᠢᠡᠨ ᠬᠠᠮᠲᠤᠳᠬᠠᠬᠤ᠂ ᠠᠯᠳᠠᠷ ᠭᠤᠲᠤᠮᠰᠢᠭ ᠵᠢᠡᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠵᠢᠨ ᠴᠤᠭᠴᠠ ᠵᠢᠨ ᠤᠢᠯᠠᠭᠠᠭᠳᠠᠬᠤᠨ᠎ᠢ ᠪᠠᠲᠤ ᠱᠤᠭᠤᠵᠤ᠂ ᠬᠠᠮᠳᠤ ᠪᠡᠷ ᠴᠡᠴᠡᠭᠯᠡᠨ ᠬᠦᠭᠵᠢᠬᠦ ᠰᠠᠢᠨ ᠰᠠᠢᠬᠠᠨ ᠪᠠᠢᠳᠠᠯ᠎ᠵᠢᠡᠨ ᠦᠷᠬᠦᠯᠵᠢᠯᠡᠨ ᠪᠠᠳᠤᠯᠠᠶ᠎ᠠ !

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号