《ᠳᠥᠷᠪᠡᠨ ᠳᠠᠭᠠᠬᠤ 》 ᠵᠢᠨ ᠢᠷᠡᠯᠳᠡ ᠪᠠ ᠬᠦᠭᠵᠢᠯᠳᠡ
2022-09-08 16:10:59
ᠵᠣᠬᠢᠶᠠᠭ᠍ᠴᠢ᠄
ᠢᠦᠢ ᠮᠸᠢ ᠯᠢ
ᠣᠩᠱᠢᠭ᠍ᠰᠠᠨ ᠣᠳᠠᠭ᠎ᠠ᠄
★★★☆☆

《ᠲᠦᠷᠪᠡᠨ ᠲᠠᠭᠠᠬᠤ》 ᠪᠣᠯ ᠨᠠᠮ᠎ᠤᠨ ᠤᠷᠳᠤ ᠬᠤᠭᠤᠴᠠᠭᠠᠨ ᠎ᠤ ᠪᠦᠳᠤᠭᠡᠨ ᠪᠠᠢᠭᠤᠯᠤᠯᠲᠠ ᠎ᠶ᠋ᠢᠨ ᠶᠠᠪᠤᠴᠠ ᠎ᠳᠤ ᠲᠤᠷᠱᠢᠯᠭ᠎ᠠ ᠎ᠪᠠᠨ ᠳ᠋ᠦᠩᠨᠡᠵᠦ᠍ ᠣᠯᠤᠭ᠍ᠰᠠᠨ ᠦᠨᠳᠦᠰᠦᠨ ᠰᠠᠬᠢᠯᠭ᠎ᠠ ᠪᠠᠲᠤ ᠮᠥᠨ᠂ ᠲᠡᠷᠡ ᠨᠢ ᠨᠠᠮ᠎ᠤᠨ ᠬᠤᠪᠢᠰᠭᠠᠯᠲᠤ ᠲᠠᠢ᠌ᠨ᠎ᠦ ᠴᠠᠭ ᠦᠶ᠎ᠡ ᠪᠣᠯᠤᠨ ᠡᠩᠬᠡ ᠲᠠᠢᠪᠤᠩ ᠪᠦᠳᠤᠭᠡᠨ ᠪᠠᠢᠭᠤᠯᠤᠯᠲᠠ᠎ᠶ᠋ᠢᠨ ᠴᠠᠭ ᠦᠶ᠎ᠡ᠎ᠳᠦ ᠪᠦᠬᠥ᠌ ᠨᠠᠮ᠎ᠤᠨ ᠲᠥᠪᠯᠡᠷᠡᠯ ᠪᠠ ᠨᠢᠭᠡᠳᠦᠯ᠎ᠢ ᠴᠢᠩᠭᠠᠳᠭᠠᠬᠤ ᠬᠡᠷᠡᠭ᠌ᠴᠡᠭᠡ ᠎ᠶ᠋ᠢ ᠢᠯᠡᠷᠡᠭᠦᠯᠵᠦ᠍᠂ ᠨᠠᠮ᠎ᠤᠨ ᠪᠦᠯᠬᠦᠮᠳᠡᠯ᠎ᠢ ᠠᠬᠢᠭᠤᠯᠬᠤ ᠪᠠ ᠨᠠᠮ᠎ᠤᠨ ᠲᠠᠢ᠌ᠴᠢᠨ ᠬᠦᠴᠦᠨ ᠎ᠢ ᠴᠢᠩᠭᠠᠳᠭᠠᠬᠤ᠎ᠳᠤ ᠴᠢᠬᠤᠯᠠ ᠦᠢᠯᠡᠳᠦᠯ ᠦᠵᠡᠭᠦᠯᠦᠭ᠌ᠰᠡᠨ ᠶᠤᠮ᠃

1922 ᠣᠨ᠎ᠤ 7 ᠰᠠᠷ᠎ᠠ᠎ᠳᠤ ᠂ ᠨᠠᠮ᠎ᠤᠨ ᠬᠣᠶᠠᠳᠤᠭᠠᠷ ᠶᠡᠬᠡ ᠬᠤᠷᠠᠯ᠎ᠠᠴᠠ ᠨᠠᠮ᠎ᠤᠨ ᠲᠡᠦᠬᠡᠨ ᠳᠡᠭᠡᠷᠡᠬᠢ ᠠᠩᠬᠠᠳᠠᠭ᠍ᠴᠢ ᠨᠠᠮ ᠎ᠤᠨ ᠳᠦᠷᠢᠮ ᠎ᠢ  ᠶᠠᠷᠢᠯᠴᠠᠨ ᠪᠠᠲᠤᠯᠠᠵᠤ ᠂ 《ᠬᠣᠶᠠᠷ ᠳᠠᠭᠠᠬᠤ》᠂ ᠲᠤᠬᠠᠢᠯᠠᠪᠠᠯ 《ᠪᠦᠬᠦ᠌ ᠤᠯᠤᠰ᠎ᠤᠨ ᠶᠡᠬᠡ ᠬᠤᠷᠠᠯ ᠵᠢᠴᠢ ᠲᠥᠪ᠎ᠦᠨ ᠭᠦᠢᠴᠡᠳᠭᠡᠬᠦ᠌ ᠬᠣᠷᠢᠶᠠᠨ᠎ᠤ ᠱᠢᠶ᠋ᠳᠪᠦᠷᠢ᠎ᠶ᠋ᠢ ᠳᠤᠰ ᠨᠠᠮ᠎ᠤᠨ ᠬᠡᠰᠢᠬᠦᠨ ᠴᠥᠮ ᠡᠷᠡᠰ ᠳᠠᠭᠠᠬᠤ ᠬᠡᠷᠡᠭ᠌ᠲᠡᠶ 》; 《ᠲᠤᠰ ᠨᠠᠮ᠎ᠤᠨ ᠬᠤᠷᠠᠯ ᠪᠦᠭᠦᠨ᠎ᠳᠦ ᠣᠯᠠᠩᠬᠢ ᠳᠤᠭ᠎ᠠ ᠵᠢ ᠨᠢ ᠦᠨᠳᠦᠰᠦᠯᠡᠨ ᠰᠢᠢᠳᠪᠦᠷᠢ ᠭᠠᠷᠭᠠᠵᠤ᠂ ᠴᠥᠭᠡᠩᠬᠢ ᠨᠢ ᠣᠯᠠᠩᠬᠢ᠎ᠪᠠᠨ ᠡᠷᠡᠰ ᠲᠠᠭᠠᠬᠤ ᠬᠡᠷᠡᠭ᠌ᠲᠡᠢ》 ᠂ 《ᠲᠤᠤᠷᠠᠳᠤ ᠱᠠᠲᠤᠨ᠎ᠤ ᠪᠠᠢᠭᠤᠯᠭ᠎ᠠ ᠨᠢ ᠳᠡᠭᠡᠳᠦ ᠱᠠᠲᠤᠨ᠎ᠤ ᠪᠠᠢᠭᠤᠯᠤᠯᠭ᠎ᠠ᠎ᠶ᠋ᠢᠨ ᠵᠠᠷᠯᠢᠭ᠎ᠢ ᠪᠦᠷᠢᠨ ᠬᠡᠷᠡᠭ᠌ᠵᠢᠭᠦᠯᠬᠦ᠌ ᠬᠡᠷᠡᠭ᠌ᠲᠡᠢ》 ᠭᠡᠵᠦ᠍ ᠲᠣᠳᠣᠷᠬᠠᠶ ᠳᠤᠷᠠᠳᠴᠠᠶ ᠃

ᠨᠠᠮ᠎ᠤᠨ ᠭᠤᠷᠪᠠᠳᠤᠭᠠᠷ ᠶᠡᠬᠡ ᠬᠤᠷᠠᠯ᠎ᠠᠴᠠ ᠪᠠᠲᠤᠯᠠᠭ᠍ᠰᠠᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠭᠦᠢᠴᠡᠳᠭᠡᠬᠦ᠌ ᠬᠣᠷᠢᠶᠠᠨ᠎ᠤ ᠵᠣᠬᠢᠶᠠᠨ ᠪᠠᠢᠭᠤᠯᠬᠤ ᠬᠠᠤᠯᠢ》᠎ᠳᠤ ᠄ 《ᠲᠥᠪ ᠬᠣᠷᠢᠶᠠᠨ᠎ᠤ ᠭᠦᠢᠴᠡᠳᠭᠡᠬᠦ᠌ ᠬᠤᠷᠢᠶ᠎ᠠ ᠪᠠ ᠲᠥᠪ ᠬᠣᠷᠢᠶᠠᠨ᠎ᠤ ᠲᠣᠪᠴᠢᠶᠠᠨ᠎ᠤ ᠠᠯᠢᠪᠠ ᠲᠣᠭ᠍ᠲᠠᠭᠠᠯ᠎ᠢ ᠣᠯᠠᠩᠬᠢ ᠲᠣᠭ᠎ᠠ᠎ᠪᠠᠷ ᠲᠣᠭ᠍ᠲᠠᠭᠠᠨ᠎ᠠ᠂ ᠭᠡᠪᠡᠴᠦ᠍ ᠲᠦᠷ ᠴᠠᠭ᠎ᠤᠨ ᠪᠦᠬᠦ᠌ ᠨᠠᠮ᠎ᠤᠨ ᠶᠡᠬᠡ ᠬᠤᠷᠠᠯ᠎ᠢ ᠬᠤᠷᠠᠯᠳᠤᠭᠤᠯᠬᠤ ᠱᠢᠢᠳᠪᠦᠷᠢ᠎ᠶ᠋ᠢ ᠡᠷᠬᠡᠪᠰᠢ ᠭᠤᠷᠪᠠᠨ᠎ᠤ ᠬᠣᠶᠠᠷ ᠬᠤᠪᠢ᠎ᠶ᠋ᠢᠨ ᠣᠯᠠᠩᠬᠢ ᠲᠣᠭ᠎ᠠ᠎ᠪᠠᠷ ᠲᠣᠭ᠍ᠲᠠᠭᠠᠨ᠎ᠠ᠃ 1927 ᠣᠨ᠎ᠤ 6 ᠰᠠᠷ᠎ᠠ᠎ᠶ᠋ᠢᠨ 1 ᠎ᠦ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠯᠤᠰ ᠲᠦᠷᠦ᠍᠎ᠶ᠋ᠢᠨ ᠲᠣᠪᠴᠢᠶ᠎ᠠ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠤᠷᠪᠠᠳᠤᠭᠠᠷ ᠤᠳᠠᠭ᠎ᠠ᠎ᠶ᠋ᠢᠨ ᠵᠠᠰᠠᠪᠤᠷᠢ ᠣᠷᠣᠭᠤᠯᠤᠭ᠍ᠰᠠᠨ ᠲᠦᠷᠢᠮ᠎ᠦᠨ ᠱᠢᠶ᠋ᠳᠪᠦᠷᠢ 》᠎ᠶ᠋ᠢ ᠪᠠᠲᠤᠯᠠᠵᠤ ᠄ 《ᠨᠠᠮ᠎ᠤᠨ ᠵᠠᠬᠢᠷᠭ᠎ᠠ᠎ᠶ᠋ᠢᠨ ᠵᠢᠯᠣᠭᠣᠳᠭᠤ ᠵᠠᠷᠴᠢᠮ ᠪᠣᠯ ᠠᠷᠠᠳᠴᠢᠯᠠᠯ ᠲᠥᠪᠯᠡᠷᠡᠯ᠎ᠦᠨ ᠲᠦᠷᠢᠮ ᠪᠣᠯᠤᠨ᠎ᠠ 》᠂ 《ᠨᠠᠮ᠎ᠤᠨ ᠭᠡᠱᠢᠭᠦᠨ ᠵᠢᠴᠢ ᠲᠤᠤᠷᠠᠳᠤ ᠱᠠᠲᠤᠨ᠎ᠤ ᠪᠠᠢᠭᠤᠯᠭ᠎ᠠ ᠳᠡᠭᠡᠳᠦ ᠱᠠᠲᠤᠨ᠎ᠤ ᠪᠠᠢᠭᠤᠯᠭ᠎ᠠ᠎ᠶ᠋ᠢᠨ ᠱᠢᠶ᠋ᠳᠪᠦᠷᠢ᠎ᠶ᠋ᠢ ᠵᠥᠪᠱᠢᠶᠡᠷᠡᠬᠦ᠌ ᠦᠭᠡᠢ ᠪᠣᠯ ᠂ ᠡᠯ᠎ᠡ ᠲᠤᠰ ᠨᠠᠮ᠎ᠤᠨ ᠬᠡᠯᠲᠡᠰ᠎ᠦᠨ ᠬᠠᠭᠠᠰ᠎ᠠᠴᠠ ᠳᠡᠭᠡᠭ᠌ᠰᠢᠬᠢ ᠲᠣᠭᠠᠨ᠎ᠤ ᠨᠠᠮ᠎ᠤᠨ ᠭᠡᠱᠢᠭᠦᠨ ᠵᠥᠪᠱᠢᠶᠡᠷᠡᠬᠦ᠌ ᠬᠡᠷᠡᠭ᠌ᠲᠡᠶ ᠂ ᠳᠡᠭᠡᠳᠦ ᠱᠠᠲᠤᠨ᠎ᠤ ᠪᠠᠢᠭᠤᠯᠭ᠎ᠠ᠎ᠳᠤ ᠡᠰᠡᠷᠭᠦᠴᠡᠯ ᠲᠠᠯᠪᠢᠵᠦ ᠪᠤᠯᠤᠨ᠎ᠠ ᠂ ᠭᠡᠪᠡᠴᠦ᠍ ᠡᠰᠡᠷᠭᠦᠴᠡᠯ ᠲᠠᠯᠪᠢᠬᠤ ᠬᠤᠭᠤᠴᠠᠭᠠᠨ᠎ᠳᠤ᠂ ᠱᠢᠶ᠋ᠳᠪᠦᠷᠢᠯᠡᠬᠦ᠌ ᠎ᠡᠴᠡ ᠡᠮᠦᠨ᠎ᠡ ᠳᠡᠭᠡᠳᠦ ᠱᠠᠲᠤᠨ᠎ᠤ ᠪᠠᠢᠭᠤᠯᠭ᠎ᠠ᠎ᠶ᠋ᠢᠨ ᠵᠠᠷᠯᠢᠭ᠎ᠢ ᠬᠡᠷᠡᠭ᠌ᠵᠢᠭᠦᠯᠬᠦ᠌ ᠬᠡᠷᠡᠭ᠌ᠲᠡᠶ》 ᠭᠡᠵᠦ᠍ ᠲᠣᠭ᠍ᠲᠠᠭᠠᠪᠠ᠃

《ᠲᠦᠷᠪᠡᠨ ᠲᠠᠭᠠᠬᠤ》᠎ᠶ᠋ᠢ ᠨᠠᠮ᠎ᠤᠨ ᠵᠢᠷᠭᠤᠳᠤᠭᠠᠷ ᠬᠤᠭᠤᠴᠠᠭᠠᠨ ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠡ ᠬᠤᠷᠠᠯ ᠳᠡᠭᠡᠷ᠎ᠡ ᠲᠣᠳᠣᠷᠬᠠᠢ ᠳᠤᠷᠠᠳᠤᠨ ᠭᠠᠷᠭᠠᠭ᠍ᠰᠠᠨ ᠶᠤᠮ᠃ 1938 ᠣᠨ᠎ᠳᠤ ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠢᠷᠭᠤᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠠᠴᠠ ᠪᠠᠲᠤᠯᠠᠭ᠍ᠰᠠᠨ《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠢᠷᠭᠤᠳᠤᠭᠠᠷ ᠪᠥᠬᠥᠳᠡ ᠬᠤᠷᠠᠯ᠎ᠢ ᠥᠷᠭᠡᠳᠭᠡᠬᠦ᠌ ᠤᠯᠤᠰ ᠲᠦᠷᠦ᠍ ᠎ᠶ᠋ᠢᠨ ᠱᠢᠶ᠋ᠳᠪᠦᠷᠢ ᠎ᠶ᠋ᠢᠨ ᠲᠥᠰᠦᠯ》᠎ᠳᠦ᠄ 《ᠨᠠᠮ᠎ᠤᠨ ᠠᠷᠠᠳᠴᠢᠯᠠᠯ ᠲᠥᠪᠯᠡᠷᠡᠯ᠎ᠦᠨ ᠶᠣᠰᠣ᠎ᠶ᠋ᠢ ᠨᠠᠷᠢᠨ ᠬᠢᠨᠠᠮᠠᠭᠠᠶ ᠬᠡᠷᠡᠭ᠌ᠵᠢᠭᠦᠯᠵᠦ᠍᠂ ᠬᠤᠪᠢ ᠬᠥᠮᠦᠨ ᠨᠢ ᠵᠣᠬᠢᠶᠠᠨ ᠪᠠᠢᠭᠤᠯᠤᠯᠲᠠ᠎ᠪᠠᠨ ᠲᠠᠭᠠᠵᠦ᠍ ᠂ ᠴᠥᠭᠡᠩᠬᠢ ᠨᠢ ᠣᠯᠠᠩᠬᠢ᠎ᠪᠠᠨ ᠲᠠᠭᠠᠵᠦ᠍ ᠂ ᠲᠤᠤᠷᠠᠳᠤ ᠱᠠᠳᠤ ᠨᠢ ᠳᠡᠭᠡᠳᠦ ᠱᠠᠳᠤ᠎ᠪᠠᠨ ᠲᠠᠭᠠᠨ᠎ᠠ ᠂ ᠲᠥᠪ ᠬᠣᠷᠢᠶ᠎ᠠ ᠪᠣᠯ ᠪᠦᠬᠦ᠌ ᠨᠠᠮ᠎ᠤᠨ ᠬᠠᠮᠤᠭ᠎ᠤᠨ ᠳᠡᠭᠡᠳᠦ ᠤᠳᠤᠷᠢᠳᠤᠯᠭ᠎ᠠ ᠮᠥᠨ᠂ ᠡᠭᠦᠨ᠎ᠢᠶᠡᠷ ᠨᠠᠮ᠎ᠤᠨ ᠰᠠᠬᠢᠯᠭ᠎ᠠ ᠪᠠᠲᠤ᠎ᠶ᠋ᠢ ᠴᠢᠩᠳᠠᠯᠠᠵᠤ᠂ ᠨᠠᠮ ᠪᠣᠯᠤᠨ ᠲᠡᠭᠦᠨ᠎ᠦ ᠡᠯ᠎ᠡ ᠱᠠᠲᠤᠨ ᠎ᠤ ᠪᠠᠢᠭᠤᠯᠭ᠎ᠠ ᠎ᠶ᠋ᠢ ᠤᠯᠤᠰ ᠲᠦᠷᠦ᠍ ᠪᠣᠯᠤᠨ ᠵᠣᠬᠢᠶᠠᠨ ᠪᠠᠢᠭᠤᠯᠤᠯᠲᠠ᠎ᠶ᠋ᠢᠨ ᠲᠠᠯ᠎ᠠ ᠎ᠪᠠᠷ ᠪᠦᠯᠬᠦᠮᠳᠡᠯ ᠎ᠲᠡᠶ ᠨᠢᠭᠡ ᠬᠥᠮᠦᠨ ᠱᠢᠭ ᠬᠡᠮᠵᠢᠶᠡᠨ᠎ᠳᠦ ᠬᠦᠷᠭᠡᠨ᠎ᠡ》 ᠬᠡᠵᠡᠢ᠃

  1945 ᠣᠨ᠎ᠳᠤ᠂ ᠨᠠᠮ᠎ᠤᠨ ᠳᠣᠯᠣᠳᠤᠭᠠᠷ ᠶᠡᠬᠡ ᠬᠤᠷᠠᠯ᠎ᠠᠴᠠ ᠪᠠᠲᠤᠯᠠᠭ᠍ᠰᠠᠨ ᠨᠠᠮ᠎ᠤᠨ ᠲᠦᠷᠢᠮ᠎ᠳᠦ 《ᠲᠦᠷᠪᠡᠨ ᠲᠠᠭᠠᠬᠤ 》᠎ᠶ᠋ᠢ ᠨᠡᠩ ᠪᠦᠬᠦ᠌ ᠲᠠᠯ᠎ᠠ᠎ᠪᠠᠷ ᠲᠣᠳᠣᠷᠬᠠᠢᠯᠠᠨ ᠥᠭᠦᠯᠡᠪᠡ᠃ ᠳᠣᠯᠣᠳᠤᠭᠠᠷ ᠶᠡᠬᠡ ᠬᠤᠷᠠᠯ᠎ᠠᠴᠠ ᠪᠠᠲᠤᠯᠠᠭ᠍ᠰᠠᠨ ᠨᠠᠮ᠎ᠤᠨ ᠲᠦᠷᠢᠮ᠎ᠳᠦ 《ᠲᠦᠷᠪᠡᠨ ᠲᠠᠭᠠᠬᠤ 》᠎ᠶ᠋ᠢ ᠠᠩᠬ᠎ᠠ ᠤᠳᠠᠭ᠎ᠠ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠰᠠᠬᠢᠯᠭ᠎ᠠ ᠪᠠᠲᠤ ᠪᠣᠯᠭᠠᠨ ᠲᠣᠭ᠍ᠲᠠᠭᠠᠵᠤ ᠂ ᠨᠠᠮ᠎ᠤᠨ ᠳᠣᠲᠣᠭᠠᠳᠤ᠎ᠶ᠋ᠢᠨ ᠠᠷᠠᠳᠴᠢᠯᠠᠯ᠎ᠢ ᠥᠷᠭᠡᠳᠭᠡᠬᠦ᠌ ᠪᠠ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ᠎ᠶ᠋ᠢ ᠬᠡᠷᠡᠭ᠌ᠵᠢᠭᠦᠯᠬᠦ᠌ ᠲᠤᠬᠠᠶ ᠨᠠᠷᠢᠨ ᠲᠣᠭ᠍ᠲᠠᠭᠠᠯ ᠭᠠᠷᠭᠠᠪᠠ᠃  《ᠨᠠᠮ᠎ᠤᠨ ᠭᠡᠱᠢᠭᠦᠨ ᠬᠤᠪᠢ ᠬᠥᠮᠦᠨ ᠥᠪᠡᠷ᠎ᠦᠨ ᠬᠠᠷᠢᠶᠠᠨ᠎ᠳᠠᠬᠢ ᠨᠠᠮ᠎ᠤᠨ ᠵᠣᠬᠢᠶᠠᠨ ᠪᠠᠢᠭᠤᠯᠤᠯᠲᠠ᠎ᠪᠠᠨ ᠲᠡᠭᠠᠵᠦ᠍᠂ ᠴᠥᠭᠡᠩᠬᠢ ᠨᠢ ᠣᠯᠠᠩᠬᠢ᠎ᠪᠠᠨ ᠲᠡᠭᠠᠵᠦ᠍ ᠂ ᠲᠤᠤᠷᠡᠳᠦ ᠱᠠᠲᠤᠨ᠎ᠤ ᠵᠣᠬᠢᠶᠠᠨ ᠪᠠᠢᠭᠤᠯᠤᠯᠲᠠ ᠨᠢ ᠳᠡᠭᠡᠳᠦ ᠱᠠᠲᠤᠨ ᠎ᠤ ᠵᠣᠬᠢᠶᠠᠨ ᠪᠠᠢᠭᠤᠯᠤᠯᠲᠠ᠎ᠪᠠᠨ ᠲᠡᠭᠠᠵᠦ᠍ ᠂ ᠬᠡᠰᠡᠭ ᠵᠣᠬᠢᠶᠠᠨ ᠪᠠᠢᠭᠤᠯᠤᠯᠲᠠ ᠨᠢ ᠲᠥᠪ ᠬᠣᠷᠢᠶ᠎ᠠ᠎ᠪᠠᠨ ᠨᠢᠭᠡᠳᠦᠯᠲᠡᠢ ᠲᠡᠭᠠᠨ᠎ᠡ》᠃ ᠡᠭᠦᠨ᠎ᠡᠴᠡ ᠰᠡᠭᠦᠯᠡᠷ᠂ ᠬᠤᠭᠤᠴᠠᠭ᠎ᠠ ᠪᠦᠷᠢ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠠᠴᠠ ᠪᠠᠲᠤᠯᠠᠭ᠍ᠰᠠᠨ ᠨᠠᠮ᠎ᠤᠨ ᠲᠦᠷᠢᠮ᠎ᠳᠦ ᠴᠥᠮ ᠡᠨᠡ ᠬᠦ᠌ ᠰᠠᠬᠢᠯᠭ᠎ᠠ ᠪᠠᠲᠤ᠎ᠶ᠋ᠢ ᠴᠢᠬᠤᠯᠠᠴᠢᠯᠠᠭ᠍ᠰᠠᠨ ᠪᠥᠭᠡᠳ ᠲᠠᠰᠤᠷᠠᠯᠳᠠ ᠦᠭᠡᠢ ᠨᠥᠬᠥᠪᠥᠷᠢᠯᠡᠵᠦ᠍ ᠬᠥᠭ᠌ᠵᠢᠭᠦᠯᠦᠨ ᠲᠡᠭᠦᠯᠳᠡᠷᠵᠢᠭᠦᠯᠪᠡ᠃

1982 ᠣᠨ ᠎ᠳᠤ ᠨᠠᠮ ᠎ᠤᠨ ᠠᠷᠪᠠᠨ ᠬᠣᠶᠠᠳᠤᠭᠠᠷ ᠶᠡᠬᠡ ᠬᠤᠷᠠᠯ ᠎ᠠᠴᠠ ᠪᠠᠲᠤᠯᠠᠭ᠍ᠰᠠᠨ ᠨᠠᠮ᠎ᠤᠨ ᠲᠦᠷᠢᠮ᠎ᠳᠦ  《ᠲᠦᠷᠪᠡᠨ ᠲᠠᠭᠠᠬᠤ 》ᠲᠤᠬᠠᠢ ᠱᠢᠨ᠎ᠡ ᠥᠭᠦᠯᠡᠯᠲᠡ ᠭᠠᠷᠭᠠᠪᠠ ᠂ ᠲᠤᠬᠠᠢᠯᠠᠪᠠᠯ 《ᠨᠠᠮ᠎ᠤᠨ ᠭᠡᠱᠢᠭᠦᠨ ᠬᠤᠪᠢ ᠬᠥᠮᠦᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠲᠠᠭᠠᠬᠤ ᠂ ᠴᠥᠭᠡᠩᠬᠢ ᠨᠢ ᠣᠯᠠᠩᠬᠢ᠎ᠪᠠᠨ ᠲᠠᠭᠠᠬᠤ ᠂ ᠲᠤᠤᠷᠠᠳᠤ ᠱᠠᠲᠤᠨ ᠎ᠤ ᠵᠣᠬᠢᠶᠠᠨ ᠪᠠᠢᠭᠤᠯᠤᠯᠲᠠ ᠨᠢ ᠳᠡᠭᠡᠳᠦ ᠱᠠᠲᠤᠨ᠎ᠤ ᠵᠣᠬᠢᠶᠠᠨ ᠪᠠᠢᠭᠤᠯᠤᠯᠲᠠ᠎ᠪᠠᠨ ᠲᠠᠭᠠᠬᠤ᠂ ᠪᠦᠬᠥ᠌ ᠨᠠᠮ᠎ᠤᠨ ᠡᠯ᠎ᠡ ᠵᠣᠬᠢᠶᠠᠨ ᠪᠠᠢᠭᠤᠯᠤᠯᠲᠠ ᠪᠠ ᠪᠦᠬᠥ᠌ ᠨᠠᠮ᠎ᠤᠨ ᠭᠡᠱᠢᠭᠦᠨ ᠨᠠᠮ᠎ᠤᠨ ᠪᠦᠬᠥ᠌ ᠤᠯᠤᠰ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠠ ᠲᠥᠪ ᠬᠤᠷᠢᠶ᠎ᠠ᠎ᠶ᠋ᠢ ᠲᠠᠭᠠᠬᠤ ᠪᠣᠯᠤᠨ᠎ᠠ》ᠬᠡᠵᠦ᠂ ᠡᠨᠡ ᠬᠦ᠌ ᠥᠭᠦᠯᠡᠯᠲᠡ ᠨᠢ ᠤᠳᠤ ᠪᠣᠯᠲᠠᠯ᠎ᠠ ᠬᠡᠷᠡᠭ᠌ᠯᠡᠭ᠌ᠳᠡᠭ᠌ᠰᠡᠭᠡᠷ ᠪᠠᠢᠨ᠎ᠠ᠃

             

      ᠢᠷᠡᠯᠳᠡ᠄ 《ᠡᠪ ᠬᠠᠮᠳᠤ ᠵᠢᠨ ᠨᠠᠮ᠎ᠤᠨ ᠬᠡᠰᠢᠬᠦᠨ᠎ᠤ ᠮᠡᠳᠡᠬᠦ ᠶᠤᠰᠤᠳᠠᠢ ᠨᠠᠮ᠎ᠤᠨ ᠳᠡᠦᠬᠡ ᠵᠢᠨ ᠵᠢᠵᠢᠭ ᠦᠯᠢᠭᠡᠷ᠎ᠤᠳ》

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠨᠠᠷ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号