《ᠠᠱᠢᠭ ᠬᠤᠪᠢᠶᠠᠵᠤ᠂ ᠵᠣᠭᠣᠰ ᠤᠯᠤᠯ᠎ᠠ᠂ ᠪᠠᠶᠠᠷ ᠬᠥᠷ᠎ᠲᠡᠶ᠎ᠪᠡᠷ ᠱᠢᠨᠡᠯᠡᠨᠠ!》᠂ ᠣᠢᠷ᠎ᠠ᠎ᠳᠤ᠂ ᠲᠦᠩᠯᠢᠶᠣᠤ ᠬᠣᠲᠠ᠎ᠶ᠋ᠢᠨ ᠵᠠᠷᠤᠳ ᠬᠣᠱᠢᠭᠤᠨ᠎ᠤ ᠪᠠᠶᠠᠨᠲᠠᠯ᠎ᠠ ᠰᠤᠮᠤ᠎ᠶ᠋ᠢᠨ ᠵᠡᠭᠦᠨ ᠰᠠᠯᠠᠭ᠎ᠠ ᠭᠠᠴᠡᠭᠠᠨ᠎ᠤ ᠮᠠᠯᠴᠢᠨ ᠠᠢᠯ ᠦᠬᠡᠷ ᠲᠡᠵᠢᠭᠡᠬᠦ᠌ ᠲᠤᠰᠭᠠᠶ ᠬᠣᠷᠱᠢᠶ᠎ᠠ ᠠᠷᠪᠠᠳᠤᠭᠠᠷ ᠤᠳᠠᠭ᠎ᠠ ᠵᠢᠨ ᠠᠱᠢᠭ ᠬᠤᠪᠢᠶᠠᠬᠤ ᠶᠡᠬᠡ ᠬᠤᠷᠠᠯ ᠬᠤᠷᠠᠯᠳᠤᠭᠤᠯᠵᠤ᠂ ᠪᠥᠬᠥ᠌ ᠲᠣᠰᠭᠣᠨ᠎ᠤ ᠬᠣᠷᠱᠢᠶᠠᠨᠳᠤ ᠤᠷᠤᠯᠴᠠᠭᠰᠠᠨ 207 ᠡᠷᠦᠬᠡ᠎ᠳᠦ 205 ᠲᠦᠮᠡᠨ ᠲᠥᠭᠥᠷᠢᠭ᠎ᠦᠨ ᠠᠱᠢᠭ ᠬᠤᠪᠢᠶᠠᠵᠤ᠂ ᠡᠭᠦᠨ᠎ᠳᠦ ᠬᠠᠮᠤᠭ ᠤ᠋ᠨ ᠠᠷᠪᠢᠨ ᠤᠯᠤᠭᠰᠠᠨ ᠨᠢ 10 ᠲᠦᠮᠡᠨ ᠲᠥᠭᠥᠷᠢᠭ ᠲᠤ᠌ ᠬᠦᠷᠦᠭᠰᠡᠨ ᠪᠠᠢᠨ᠎ᠠ᠃

ᠠᠰᠢᠭ ᠬᠤᠪᠢᠶᠠᠵᠦ ᠤᠯᠤᠭᠰᠠᠨ ᠵᠤᠭᠤᠰ ᠵᠢᠡᠨ ᠭᠠᠷᠳᠠᠭᠠᠳ ᠳᠤᠰᠬᠤᠨ᠎ᠤ ᠠᠷᠠᠳ ᠤᠨ ᠴᠢᠷᠠᠢ᠎ᠳᠦ ᠪᠠᠶᠠᠷ᠎ᠤᠨ ᠢᠨᠢᠶᠡᠳᠦ ᠪᠢᠯᠬᠠᠯ᠎ᠠ᠃
ᠲᠤᠰ ᠡᠳᠦᠷ᠂ ᠲᠣᠰᠭᠣᠨ᠎ᠤ ᠠᠷᠠᠳ ᠵᠡᠭᠦᠨ ᠰᠠᠯᠠᠭ᠎ᠠ ᠭᠠᠴᠡᠭ᠎ᠠ᠎ᠶ᠋ᠢᠨ ᠨᠠᠮ ᠪᠠ ᠤᠯᠠᠨ ᠲᠦᠮᠡᠨ᠎ᠦ ᠦᠢᠯᠡᠴᠢᠯᠡᠭᠡᠨ᠎ᠦ ᠲᠥᠪ᠎ᠲᠦ ᠴᠤᠭ᠍ᠯᠠᠷᠠᠵᠤ᠂ ᠵᠣᠭᠣᠰ ᠲᠣᠭᠠᠯᠠᠬᠤ ᠮᠠᠱᠢᠨ᠎ᠤ ᠱᠠᠷᠴᠢᠬᠢᠨᠠᠬᠤ ᠲᠠᠭᠤᠨ᠎ᠤ ᠳᠤᠮᠳᠠ᠂ ᠲᠣᠰᠭᠣᠨ᠎ᠤ ᠠᠷᠠᠳ ᠲᠡᠰ ᠳᠠᠷᠠᠭᠠᠯᠠᠨ ᠲᠠᠩᠰᠠᠨ ᠳᠡᠭᠡᠷ᠎ᠡ ᠭᠠᠷᠤᠨ ᠦᠰᠦᠭ ᠵᠢᠷᠤᠵᠤ᠂ ᠭᠠᠷ᠎ᠲᠠᠬᠢ ᠵᠣᠭᠣᠰ᠎ᠢᠶᠠᠨ ᠪᠠᠶᠠᠷ ᠬᠦᠷ᠎ᠲᠡᠶ᠎ᠪᠡᠷ ᠲᠣᠭᠠᠯᠠᠵᠤ᠂ ᠬᠤᠷᠱᠢᠶ᠎ᠠ ᠡᠴᠡ ᠲᠡᠳᠡᠨ᠎ᠳᠦ ᠠᠪᠴᠢᠷᠠᠵᠤ ᠦᠭᠭᠦᠭᠰᠡᠨ ᠠᠱᠢᠭ ᠣᠯᠵᠠᠪᠤᠷᠢ ᠪᠡᠨ ᠪᠠᠶᠠᠷᠳᠠᠢᠬᠠᠨ ᠲᠤᠰᠤᠨ᠎ᠠ᠃
ᠮᠠᠯᠴᠢᠨ ᠰᠠᠷᠠᠨᠴᠤᠭ᠍ᠳᠤ ᠬᠤᠷᠱᠢᠶ᠎ᠠ ᠪᠠᠢᠭᠤᠯᠤᠭ᠍ᠳᠠᠬᠤ᠎ᠶ᠋ᠢᠨ ᠡᠬᠢᠨ᠎ᠦ ᠦᠶ᠎ᠡ᠎ᠳᠦ ᠪᠡᠯᠡᠨ ᠵᠣᠭᠣᠰ᠎ᠤᠨ ᠬᠡᠯᠪᠡᠷᠢ᠎ᠪᠡᠷ ᠬᠤᠷᠱᠢᠶ᠎ᠠ᠎ᠳᠤ ᠬᠤᠪᠢ ᠣᠷᠣᠭᠤᠯᠤᠨ ᠬᠤᠷᠱᠢᠶ᠎ᠠ᠎ᠶ᠋ᠢᠨ ᠭᠡᠱᠢᠭᠦᠨ ᠪᠤᠯᠤᠭᠰᠠᠨ ᠵᠢᠡᠷ ᠵᠢᠯ ᠪᠦᠷᠢ ᠴᠥᠮ ᠠᠱᠢᠭ ᠬᠤᠪᠢᠶᠠᠵᠤ ᠣᠯᠳᠠᠭ ᠪᠤᠯᠬᠤᠷ ᠮᠠᠰᠢ ᠪᠠᠶᠠᠷᠳᠠᠢ ᠪᠠᠢᠯ᠎ᠠ᠃ 《ᠬᠤᠪᠢ ᠤᠷᠤᠭᠰᠠᠨ ᠠᠰᠢᠭ ᠤᠷᠤᠯᠭ᠎ᠠ ᠪᠠᠨ ᠤᠯᠤᠯ᠎ᠠ᠂ ᠬᠣᠷᠱᠢᠶ᠎ᠠ᠎ᠳᠤ ᠣᠷᠣᠭᠰᠠᠨ᠎ᠤ ᠳᠠᠷᠠᠭ᠎ᠠ ᠰᠡᠳᠭᠢᠯ ᠠᠮᠤᠷ ᠵᠣᠭᠣᠰ ᠣᠯᠵᠤ᠂ ᠠᠮᠢᠳᠤᠷᠠᠯ ᠶᠠᠪᠤᠬᠤ ᠲᠤᠲᠤᠮ ᠰᠠᠢᠵᠢᠷᠠᠵᠤ ᠪᠠᠢᠨ᠎ᠠ! 》 ᠭᠡᠵᠦ᠍ ᠰᠠᠷᠠᠨᠴᠤᠭ᠍ᠳᠤ ᠪᠠᠶᠠᠷᠯᠠᠨ ᠬᠡᠯᠡᠨ᠎ᠠ᠃
2013 ᠣᠨ᠎ᠳᠤ᠂ ᠵᠡᠭᠦᠨ ᠰᠠᠯᠠᠭ᠎ᠠ ᠭᠠᠴᠡᠭ᠎ᠠ᠎ᠨᠢ ᠲᠡᠵᠢᠭᠡᠨ ᠦᠷᠡᠵᠢᠭᠦᠯᠬᠦ᠌ ᠡᠷᠦᠬᠡ ᠪᠠ ᠲᠡᠵᠢᠭᠡᠨ ᠦᠷᠡᠵᠢᠭᠦᠯᠬᠦ᠌ ᠡᠬᠢ ᠪᠠᠶᠠᠯᠢᠭ᠎ᠢ ᠡᠮᠬᠢᠯᠡᠨ ᠨᠡᠢᠯᠡᠭᠦᠯᠵᠦ᠍᠂ ᠲᠣᠰᠭᠣᠨ᠎ᠤ ᠪᠠᠢᠳᠠᠯ ᠠᠷᠠᠳ᠎ᠤᠨ ᠰᠠᠨᠠᠭ᠎ᠠ᠎ᠶ᠋ᠢ ᠣᠢᠯᠠᠭᠠᠭ᠍ᠰᠠᠨ ᠰᠠᠭᠤᠷᠢᠨ ᠳᠡᠭᠡᠷ᠎ᠡ᠂ ᠭᠠᠴᠡᠭᠠᠨ᠎ᠤ 《ᠬᠣᠶᠠᠷ ᠵᠥᠪᠯᠡᠯ》 ᠤ᠋ᠨ ᠪᠠᠭ᠎ᠤᠨ ᠪᠦᠷᠢᠯᠳᠦᠬᠦᠨ᠎ᠨᠡᠷ 《 ᠨᠠᠮ᠎ᠤᠨ ᠡᠭᠦᠷ + ᠬᠣᠷᠱᠢᠶ᠎ᠠ + ᠰᠠᠭᠤᠷᠢᠨ + ᠮᠠᠯᠵᠢᠬᠤ ᠡᠷᠦᠬᠡ 》 ᠶ᠋ᠢᠨ ᠬᠥᠭ᠌ᠵᠢᠯᠲᠡ᠎ᠶ᠋ᠢᠨ ᠵᠠᠭ᠍ᠪᠤᠷ᠎ᠢ ᠡᠬᠢᠯᠡᠨ ᠰᠦᠪᠡᠭ᠌ᠴᠢᠯᠡᠵᠦ᠍᠂ ᠮᠠᠯᠴᠢᠨ ᠠᠢᠯ ᠦᠬᠡᠷ ᠲᠡᠵᠢᠭᠡᠬᠦ᠌ ᠲᠤᠰᠭᠠᠶ ᠬᠣᠷᠱᠢᠶ᠎ᠠ᠎ᠶ᠋ᠢ ᠪᠠᠢᠭᠤᠯᠵᠤ᠂ ᠲᠣᠰᠭᠣᠨ᠎ᠤ ᠠᠷᠠᠳ ᠪᠡᠯᠡᠨ ᠵᠣᠭᠣᠰ᠂ ᠲᠠᠷᠢᠶᠠᠨ ᠭᠠᠵᠠᠷ ᠪᠠ ᠦᠬᠡᠷ ᠵᠡᠷᠭᠡ ᠭᠤᠷᠪᠠᠨ ᠵᠦᠶ᠋ᠯ᠎ᠦᠨ ᠬᠡᠯᠪᠡᠷᠢ᠎ᠪᠡᠷ ᠪᠠᠯᠠ ᠭᠠᠷᠭᠠᠵᠤ ᠬᠣᠷᠱᠢᠶ᠎ᠠ᠎ᠳᠤ ᠤᠷᠤᠯᠴᠠᠵᠠᠢ᠃ 10 ᠵᠢᠯ᠎ᠦᠨ ᠬᠥᠭ᠌ᠵᠢᠯᠲᠡ᠎ᠪᠡᠷ ᠳᠡᠮᠵᠢᠨ᠂ ᠣᠳᠣᠬᠠᠨ᠎ᠳᠤ ᠬᠣᠷᠱᠢᠶ᠎ᠠ᠎ᠶ᠋ᠢᠨ ᠶᠡᠷᠦᠩᠬᠡᠶ ᠬᠥᠷᠥᠩᠭᠡ ᠨᠢ 550 ᠲᠦᠮᠡᠨ ᠲᠥᠭᠥᠷᠢᠭ ᠪᠠᠢᠭ᠍ᠰᠠᠨ᠎ᠡᠴᠡ᠎ᠪᠠᠨ 7000 ᠲᠦᠮᠡᠨ ᠲᠥᠭᠥᠷᠢᠭ ᠪᠣᠯᠵᠣ ᠨᠡᠮᠡᠭ᠌ᠳᠡᠭ᠌ᠰᠡᠨ ᠪᠥᠭᠡᠳ ᠦᠬᠡᠷ ᠤ᠋ᠨ ᠦᠶ᠋ᠯᠡᠰ ᠨᠢ ᠲᠡᠵᠢᠭᠡᠨ ᠦᠷᠡᠵᠢᠭᠦᠯᠬᠦ᠌᠎ᠡᠴᠡ ᠨᠢᠲᠤᠯᠵᠤ ᠡᠳ᠋ᠱᠢᠭᠦᠯᠬᠦ᠌᠂ ᠪᠣᠷᠣᠯᠠᠭᠤᠯᠬᠤ᠂ ᠢᠳᠡᠭᠡᠨ ᠤᠮᠳᠠᠭᠠᠨ᠎ᠢ ᠨᠢᠭᠡ ᠴᠣᠭ᠍ᠴᠠᠵᠢᠭᠤᠯᠤᠭ᠍ᠰᠠᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠲᠣᠭ᠍ᠲᠠᠭᠤᠨ ᠬᠥᠭ᠌ᠵᠢᠯᠲᠡ᠎ᠶ᠋ᠢ ᠪᠡᠶᠡᠯᠡᠭᠦᠯᠵᠦ᠍᠂ ᠭᠠᠴᠡᠭᠠᠨ᠎ᠤ ᠦᠬᠡᠷ᠎ᠦᠨ ᠮᠢᠬ᠎ᠠ ᠪᠠᠨ ᠪᠥᠬᠥ᠌ ᠤᠯᠤᠰ᠎ᠤᠨ ᠡᠯ᠎ᠡ ᠭᠠᠵᠠᠷ᠎ᠲᠤ ᠬᠤᠳᠠᠯᠳᠤᠬᠤ ᠪᠤᠯᠤᠭᠰᠠᠨ ᠪᠠᠢᠨ᠎ᠠ᠃
ᠵᠡᠭᠦᠨ ᠰᠠᠯᠠᠭ᠎ᠠ ᠭᠠᠴᠡᠭᠠᠨ᠎ᠤ ᠨᠠᠮ᠎ᠤᠨ ᠡᠭᠦᠷ᠎ᠦᠨ ᠱᠦᠵᠢ᠂ ᠮᠠᠯᠴᠢᠨ ᠠᠢᠯ ᠦᠬᠡᠷ ᠲᠡᠵᠢᠭᠡᠬᠦ᠌ ᠲᠤᠰᠭᠠᠶ ᠬᠣᠷᠱᠢᠶ᠎ᠠ᠎ᠶ᠋ᠢᠨ ᠬᠡᠷᠡᠭ ᠡᠷᠬᠢᠯᠡᠭ᠌ᠴᠢᠳ᠎ᠦᠨ ᠳᠠᠷᠤᠭ᠎ᠠ ᠡᠸ᠋ ᠶᠦᠨ ᠪᠥᠸᠧ᠄ 《 ᠬᠣᠷᠱᠢᠶ᠎ᠠ ᠪᠠᠢᠭᠤᠯᠤᠭ᠍ᠳᠠᠭ᠍ᠰᠠᠨ᠎ᠡᠴᠡ ᠣᠲᠣ ᠪᠣᠯᠲᠠᠯ᠎ᠠ ᠨᠢᠭᠡᠨᠲᠡ 10 ᠤᠳᠠᠭ᠎ᠠ ᠠᠱᠢᠭ ᠬᠤᠪᠢᠶᠠᠵᠤ᠂ ᠠᠱᠢᠭ ᠬᠤᠪᠢᠶᠠᠭ᠍ᠰᠠᠨ ᠶᠡᠷᠦᠩᠬᠡᠶ ᠬᠡᠮᠵᠢᠶ᠎ᠠ᠎ᠨᠢ 1200 ᠲᠦᠮᠡ ᠱᠢᠬᠠᠮ ᠲᠥᠭᠥᠷᠢᠭ᠎ᠲᠦ ᠬᠦᠷᠴᠦ᠍᠂ ᠭᠠᠴᠡᠭᠠᠨ᠎ᠤ ᠮᠠᠯᠴᠢᠨ ᠲᠠᠷᠢᠶᠠᠴᠢᠨ ᠬᠥᠮᠦᠨ ᠪᠦᠷᠢ ᠳᠤᠮᠳᠠᠴᠢ᠎ᠪᠠᠷ 7300 ᠲᠥᠭᠥᠷᠢᠭ᠎ᠡᠴᠡ ᠳᠡᠭᠡᠭ᠌ᠰᠢ ᠣᠷᠣᠯᠭ᠎ᠠ᠎ᠪᠠᠨ ᠨᠡᠮᠡᠭ᠌ᠳᠡᠭᠦᠯᠪᠡ᠃ ᠵᠠᠯᠭᠠᠭᠠᠳ᠂ ᠪᠢᠳᠡ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠨᠡᠢᠲᠡᠯᠢᠭ ᠲᠣᠰᠭᠣᠨ᠎ᠢ ᠬᠦᠴᠦᠯᠡᠨ ᠪᠠᠢᠭᠤᠯᠵᠤ᠂ ᠰᠦ ᠵᠢᠨ ᠠᠵᠤ ᠦᠶ᠋ᠯᠡᠰ᠂ ᠣᠷᠭᠠᠨᠢᠭ ᠪᠣᠷᠲᠣᠭᠣᠷ ᠪᠣᠯᠪᠠᠰᠤᠷᠠᠭᠤᠯᠬᠤ᠂ ᠤᠰᠤᠨ᠎ᠤ ᠡᠬᠢ ᠪᠠᠶᠠᠯᠢᠭ᠎ᠢ ᠨᠡᠭᠡᠭᠡᠨ ᠬᠥᠭ᠌ᠵᠢᠭᠦᠯᠬᠦ᠌ ᠵᠡᠷᠭᠡ ᠲᠠᠯ᠎ᠠ᠎ᠪᠠᠷ ᠬᠥᠭ᠌ᠵᠢᠯᠲᠡ᠎ᠶ᠋ᠢᠨ ᠱᠢᠨ᠎ᠡ ᠵᠠᠮ᠎ᠢ ᠢᠳᠡᠪᠬᠢᠲᠡᠶ ᠰᠦᠪᠡᠭ᠌ᠴᠢᠯᠡᠬᠦ᠌᠎ᠶ᠋ᠢᠨ ᠬᠠᠮᠲᠤ ᠭᠠᠳᠠᠨᠠᠬᠢ ᠠᠵᠤ ᠠᠬᠤᠢᠯᠠᠯ᠎ᠤᠨ ᠪᠠᠯᠠ᠎ᠶ᠋ᠢ ᠣᠷᠣᠭᠤᠯᠤᠨ ᠠᠪᠴᠢᠷᠠᠵᠤ᠂ ᠠᠵᠤ ᠦᠶ᠋ᠯᠡᠰ᠎ᠦᠨ ᠬᠡᠯᠬᠢᠶ᠎ᠡ᠎ᠶ᠋ᠢ ᠤᠯᠠᠮ ᠴᠢᠨᠠᠭᠰᠢᠳᠠ ᠤᠷᠲᠤᠳᠭᠠᠨ᠂ ᠵᠠᠬ᠎ᠠ ᠳᠡᠯᠭᠡᠭᠦᠷ᠎ᠦᠨ ᠥᠷᠢᠰᠥᠯᠳᠦᠭᠡᠨ᠎ᠦ ᠠᠮᠢᠵᠢᠷᠠᠯ᠎ᠤᠨ ᠬᠦᠴᠦᠨ᠎ᠢ ᠨᠡᠮᠡᠭ᠌ᠳᠡᠭᠦᠯᠵᠦ᠍᠂ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠨ᠎ᠡ》 ᠭᠡᠵᠤ ᠢᠯᠡᠳᠭᠡᠪᠡ᠃
ᠠᠱᠢᠭ ᠬᠤᠪᠢᠶᠠᠬᠤ ᠶᠣᠰᠣᠯᠠᠯ ᠳᠡᠭᠡᠷ᠎ᠡ ᠪᠠᠰᠠ ᠬᠤᠷᠱᠢᠶ᠎ᠠ᠎ᠶ᠋ᠢᠨ ᠬᠥᠭ᠌ᠵᠢᠯᠲᠡ᠎ᠶ᠋ᠢᠨ ᠶᠠᠪᠤᠴᠠ᠎ᠳᠤ ᠲᠤᠪᠤᠢ᠌ᠮ᠎ᠠ ᠬᠤᠪᠢ ᠨᠡᠮᠡᠷᠢ ᠦᠵᠡᠭᠦᠯᠦᠭ᠌ᠰᠡᠨ 11 ᠬᠡᠷᠡᠭ ᠡᠷᠬᠢᠯᠡᠭ᠌ᠴᠢᠳ᠎ᠦᠨ ᠬᠤᠷᠠᠯ᠎ᠤᠨ ᠪᠦᠷᠢᠯᠳᠦᠬᠦᠨ᠎ᠢ ᠬᠥᠬᠢᠭᠦᠯᠦᠨ ᠰᠠᠢᠱᠢᠶᠠᠵᠤ᠂ ᠪᠦᠬᠦ᠌ ᠭᠠᠴᠡᠭᠠᠨ᠎ᠤ ᠵᠠᠯᠠᠭᠤᠴᠤᠳ ᠬᠠᠮᠲᠤ᠎ᠪᠠᠷ 60 ᠨᠠᠰᠤᠨ᠎ᠡᠴᠡ ᠳᠡᠭᠡᠭ᠌ᠰᠢᠬᠢ ᠨᠠᠰᠤᠲᠠᠢᠴᠤᠳ᠎ᠲᠤ ᠬᠠᠳᠠᠭ ᠡᠷᠭᠦᠵᠦ᠍᠂ ᠴᠠᠭᠠᠨ ᠰᠠᠷ᠎ᠠ᠎ᠶ᠋ᠢᠨ ᠮᠡᠨᠳᠦᠴᠢᠯᠡᠯ ᠳᠡᠪᠱᠢᠭᠦᠯᠦᠭᠰᠡᠨ ᠪᠦᠭᠡᠳ ᠭᠠᠴᠡᠭᠠᠨ᠎ᠤ ᠤᠷᠠᠨ ᠰᠠᠢᠬᠠᠨ᠎ᠤ ᠠᠩᠭᠢ ᠪᠠᠰᠠ ᠣᠯᠠᠨ ᠲᠦᠮᠡᠨ᠎ᠳᠦ ᠭᠣᠢᠳᠠ ᠰᠠᠢᠬᠠᠨ ᠤᠷᠠᠨ ᠰᠠᠢᠬᠠᠨ᠎ᠤ ᠲᠣᠭ᠍ᠯᠠᠯᠲᠠ ᠦᠵᠡᠭᠦᠯᠪᠡ᠃