ᠤᠢᠷ᠎ᠠ᠎ᠳᠤ ᠂ ᠪᠠᠶᠠᠨᠨᠠᠭᠤᠷ ᠬᠣᠲᠠ᠎ᠶᠢᠨ ᠤᠷᠠᠳ᠎ᠤᠨ ᠳᠤᠮᠳᠠᠳᠤ ᠬᠣᠰᠢᠭᠤᠨ᠎ᠤ ᠲᠡᠯ ᠠᠭᠤᠯᠠ ᠪᠠᠯᠭᠠᠰᠤᠨ᠎ᠤ ᠰᠧ ᠢ ᠲᠠᠩ ᠲᠣᠰᠬᠣᠨ᠎ᠤ ᠠᠷᠠᠳ᠎ᠤᠨ ᠵᠥᠪᠯᠡᠯ᠎ᠦᠨ ᠬᠦᠷᠢᠶᠡᠨ᠎ᠳᠦ 《ᠬᠣᠷᠰᠢᠶᠠᠨ ᠡᠴᠡ ᠠᠰᠢᠭ ᠬᠤᠪᠢᠶᠠᠵᠠᠢ》 ᠭᠡᠵᠤ ᠬᠥᠷ ᠬᠥᠭᠵᠢᠶᠡᠨ᠎ᠢᠶᠡᠷ ᠪᠢᠯᠬᠠᠵᠤ ᠪᠠᠢᠯ᠎ᠠ᠃ ᠬᠦᠷᠢᠶᠡᠨ ᠳᠣᠲᠣᠷᠠᠬᠢ ᠤᠷᠳᠤ ᠰᠢᠷᠡᠭᠡᠨ ᠳᠡᠭᠡᠷ᠎ᠡ ᠪᠠᠭᠯᠠᠭ᠎ᠠ ᠪᠠᠭᠯᠠᠭ᠎ᠠ ᠵᠣᠭᠣᠰ᠎ᠢ ᠲᠡᠷᠢ ᠲᠡᠭᠰᠢ ᠦᠷᠦᠵᠦ᠂ ᠵᠦᠩ ᠶᠤᠸᠠᠢ ᠲᠠᠷᠢᠶᠠᠯᠠᠩ ᠮᠠᠯ ᠠᠵᠤ ᠠᠬᠤᠢ᠎ᠶᠢᠨ ᠲᠤᠰᠬᠠᠢ ᠬᠤᠷᠰᠢᠶ᠎ᠠ ᠬᠤᠪᠢ ᠣᠷᠣᠭᠤᠯᠤᠭᠰᠠᠨ 290 ᠲᠣᠰᠬᠣᠨ᠎ᠤ ᠠᠷᠠᠳ᠎ᠲᠤ ᠠᠰᠢᠭ ᠬᠤᠪᠢᠶᠠᠵᠤ ᠪᠠᠢᠯ᠎ᠠ᠃
ᠭᠤᠷᠪᠠ ᠶᠢᠰᠦ᠎ᠶᠢᠨ ᠡᠳᠦᠷ ᠪᠠᠢᠭᠰᠠᠨ᠎ᠴᠤ ᠣᠯᠠᠨ᠎ᠤ ᠰᠡᠳᠬᠢᠯ ᠳᠣᠲᠣᠷ᠎ᠠ ᠬᠠᠷᠢᠨ ᠬᠠᠯᠠᠭᠤᠨ ᠪᠠᠶᠠᠷ ᠪᠤᠯᠵᠤ ᠪᠠᠢᠯ᠎ᠠ᠃ ᠨᠡᠷ᠎ᠡ᠎ᠵᠢ ᠨᠢ ᠤᠩᠰᠢᠭᠰᠠᠨ ᠲᠣᠰᠬᠣᠨ᠎ᠤ ᠠᠷᠠᠳ ᠬᠣᠢᠨ᠎ᠠ ᠬᠣᠢᠨ᠎ᠠ᠎ᠠᠴᠠ᠎ᠪᠠᠨ ᠡᠮᠬᠢ ᠲᠢᠭᠯᠢᠮ ᠲᠠᠢ ᠮᠥᠷᠯᠡᠭᠡᠳ ᠠᠰᠢᠭ ᠬᠤᠪᠢᠶᠠᠬᠤ᠎ᠶᠢ ᠬᠦᠯᠢᠶᠡᠵᠡᠭᠡᠨ᠎ᠡ᠃ ᠠᠰᠢᠭ ᠬᠤᠪᠢᠶᠠᠵᠤ ᠣᠯᠤᠭᠰᠠᠨ ᠲᠣᠰᠬᠣᠨ᠎ᠤ ᠠᠷᠠᠳ ᠨᠡᠩ᠎ᠴᠤ ᠭᠠᠷ᠎ᠲᠠᠬᠢ 《ᠲᠤᠮᠤ ᠤᠯᠠᠭᠠᠨ ᠪᠠᠭᠯᠠᠭ᠎ᠠ》 ᠪᠡᠨ ᠲᠤᠭᠠᠯᠠᠬᠤ ᠳᠤ ᠴᠢᠷᠠᠢ᠎ᠳᠤᠨᠢ ᠵᠣᠯ ᠵᠢᠷᠭᠠᠯ᠎ᠤᠨ ᠮᠦᠰᠢᠶᠡᠳᠦ ᠲᠣᠳᠣᠷᠠᠨ᠎ᠠ ᠃ 《15000 ᠲᠥᠭᠥᠷᠢᠭ ᠡ᠂ ᠨᠢᠭᠡ ᠮᠥᠩᠭᠥᠴᠦ ᠳᠤᠲᠠᠭᠤ ᠦᠭᠡᠢ》 ᠭᠡᠵᠦ ᠲᠣᠰᠬᠣᠨ᠎ᠤ ᠠᠷᠠᠳ ᠯᠢ ᠵᠧᠩ ᠷᠦᠩ ᠵᠣᠭᠣᠰ᠎ᠢᠶᠠᠨ ᠲᠣᠭᠠᠯᠠᠵᠤ ᠪᠠᠷᠠᠭᠠᠳ ᠪᠠᠶᠠᠷᠯᠠᠨ᠎ᠠ ᠃ 2022 ᠣᠨ᠎ᠤ 1 ᠰᠠᠷ᠎ᠠ᠎ᠳᠤ ᠂ ᠰᠧ ᠢ ᠲᠠᠩ ᠲᠣᠰᠬᠣᠨ᠎ᠤ ᠵᠥᠩ ᠶᠤᠸᠠᠢ ᠲᠠᠷᠢᠶᠠᠯᠠᠩ ᠮᠠᠯ ᠠᠵᠤ ᠠᠬᠤᠶ᠎ᠶᠢᠨ ᠲᠤᠰᠬᠠᠶ ᠬᠣᠷᠰᠢᠶ᠎ᠠ ᠠᠩᠬ᠎ᠠ ᠪᠠᠢᠭᠤᠯᠤᠭᠳᠠᠬᠤ ᠦᠶ᠎ᠡ᠎ᠳᠦ ᠯᠢ ᠵᠧᠩ ᠷᠦᠩ 3 ᠲᠦᠮᠡᠨ ᠲᠥᠭᠥᠷᠢᠭ᠎ᠦᠨ ᠬᠤᠪᠢ ᠣᠷᠣᠭᠤᠯᠵᠤ ᠂ 1000 ᠲᠥᠭᠥᠷᠢᠭ᠎ᠢᠶᠡᠷ ᠨᠢᠭᠡ ᠬᠤᠪᠢ ᠪᠣᠯᠭᠠᠨ ᠪᠤᠳᠤᠵᠤ᠂ ᠨᠡᠢᠲᠡ 30 ᠬᠤᠪᠢ ᠣᠷᠣᠭᠤᠯᠵᠠᠶ ᠃ ᠡᠨᠡ ᠤᠳᠠᠭ᠎ᠠ ᠲᠡᠷᠡ ᠬᠤᠪᠢ ᠪᠦᠷᠢ᠎ᠳᠤ 500 ᠲᠥᠭᠥᠷᠢᠭ ᠬᠤᠪᠢᠶᠠᠵᠤ ᠤᠯᠤᠭᠰᠠᠨ ᠪᠠᠢᠯ᠎ᠠ᠃ 《ᠤᠳᠠᠯ ᠦᠭᠡᠢ ᠰᠢᠨᠡᠯᠡᠨ᠎ᠡ᠂ ᠡᠨᠡᠬᠦ ᠪᠠᠶᠠᠷᠲᠤ ᠶᠠᠪᠤᠳᠠᠯ ᠴᠠᠭᠠᠨ ᠰᠠᠷ᠎ᠠ᠎ᠳᠤ ᠨᠡᠩ ᠤᠳᠬ᠎ᠠ ᠠᠭᠤᠯᠭ᠎ᠠ ᠨᠡᠮᠡᠷᠢᠯᠡᠵᠡᠢ᠃ ᠬᠣᠷᠰᠢᠶᠠᠨ᠎ᠳᠤ ᠣᠷᠣᠪᠠᠯ ᠰᠡᠳᠬᠢᠯ ᠠᠮᠤᠷ ᠮᠥᠷᠲᠡᠭᠡᠨ ᠵᠣᠭᠣᠰ ᠣᠯᠤᠨ᠎ᠠ》 ᠭᠡᠵᠦ ᠯᠢ ᠵᠧᠩ ᠷᠦᠩ ᠪᠠᠶᠠᠷᠯᠠᠨ ᠶᠠᠷᠢᠨ᠎ᠠ᠃
ᠤᠢᠷ᠎ᠠ᠎ᠶᠢᠨ ᠵᠢᠯ᠎ᠡᠴᠡ᠂ ᠰᠧ ᠢ ᠲᠠᠩ ᠲᠣᠰᠬᠣᠨ ᠲᠣᠰᠬᠣᠨ᠎ᠤ ᠠᠵᠤ ᠠᠬᠤᠢᠯᠠᠯ ᠢ ᠲᠠᠩ ᠤᠯᠠᠭᠠᠨ ᠯᠠᠵᠤᠤ ᠡᠳ᠋ᠰᠢᠭᠦᠯᠬᠦ ᠦᠢᠯᠡᠳᠪᠦᠷᠢ ᠡᠷᠬᠢᠯᠡᠵᠤ᠂ 2021 ᠣᠨ᠎ᠳᠤ ᠯᠠᠵᠤᠤ ᠲᠠᠷᠢᠬᠰᠠᠨ᠎ᠠᠴᠠ ᠪᠦᠬᠦ ᠤᠯᠤᠰ᠎ᠤᠨ 《 ᠨᠢᠭᠡ ᠲᠣᠰᠬᠣᠨ ᠨᠢᠭᠡ ᠦᠢᠯᠡᠳᠬᠦᠨ》 ᠤ᠋ ᠵᠢᠱ᠌ᠢᠢ᠎ᠡ ᠦᠵᠡᠭᠦᠯᠬᠦ ᠲᠣᠰᠬᠣᠨ ᠪᠠᠯᠭᠠᠰᠤ᠎ᠶᠢᠨ ᠢᠷᠠᠭᠤ ᠠᠯᠳᠠᠷ᠎ᠢ ᠬᠦᠷᠳᠡᠪᠡ᠃ ᠯᠠᠵᠤᠤ᠎ᠶᠢᠨ ᠠᠵᠤ ᠦᠢᠯᠡᠰ᠎ᠢ ᠬᠥᠭᠵᠢᠭᠦᠯᠬᠦ᠎ᠶᠢᠨ ᠲᠥᠯᠥᠭᠡ᠂ 2022 ᠣᠨ᠎ᠤ 1 ᠰᠠᠷ᠎ᠠ᠎ᠳᠤ ᠂ ᠰᠧ ᠢ ᠲᠠᠩ ᠲᠣᠰᠬᠣᠨ᠎ᠤ ᠨᠠᠮ᠎ᠤᠨ ᠡᠭᠦᠷ ᠵᠥᠩ ᠶᠤᠸᠠᠢ ᠲᠠᠷᠢᠶᠠᠯᠠᠩ ᠮᠠᠯ ᠠᠵᠤ ᠠᠬᠤᠶ᠎ᠶᠢᠨ ᠲᠤᠰᠬᠠᠶ ᠬᠣᠷᠰᠢᠶ᠎ᠠ᠎ᠶᠢ ᠳᠠᠭᠠᠭᠤᠯᠤᠨ ᠡᠷᠭᠢᠯᠡᠵᠦ᠂ 1000 ᠲᠥᠭᠥᠷᠢᠭ ᠪᠦᠷᠢ᠎ᠵᠢ 1 ᠬᠤᠪᠢ ᠪᠤᠯᠭᠠᠵᠤ ᠂ 290 ᠲᠣᠰᠬᠣᠨ᠎ᠤ ᠣᠯᠠᠨ ᠲᠦᠮᠡᠨ ᠪᠠ 2 ᠬᠠᠮᠲᠤ ᠨᠡᠢᠲᠡ᠎ᠶᠢ ᠬᠣᠷᠰᠢᠶᠠᠨ᠎ᠳᠤ ᠢᠳᠡᠪᠬᠢᠲᠡᠶ ᠲᠠᠲᠠᠨ ᠣᠷᠣᠭᠤᠯᠵᠤ᠂ ᠬᠤᠪᠢ ᠣᠷᠣᠭᠤᠯᠬᠤ ᠶᠡᠬᠡ ᠬᠤᠷᠠᠯ᠎ᠤᠨ ᠲᠤᠬᠠᠢ᠎ᠶᠢᠨ ᠡᠳᠦᠷ ᠨᠡᠢᠲᠡ 471.1 ᠲᠦᠮᠡᠨ ᠲᠥᠭᠥᠷᠢᠭ᠎ᠦᠨ ᠪᠠᠯᠠ ᠴᠤᠭᠯᠠᠭᠤᠯᠪᠠ᠃ 《ᠬᠣᠷᠰᠢᠶ᠎ᠠ + ᠠᠵᠤ ᠠᠬᠤᠢᠯᠠᠯ + ᠲᠠᠷᠢᠶᠠᠴᠢᠨ ᠡᠷᠦᠬᠡ》 ᠶᠢᠨ ᠡᠵᠡᠩᠨᠡᠯᠲᠡ᠎ᠶᠢᠨ ᠵᠠᠭᠪᠤᠷ᠎ᠢ ᠬᠡᠷᠡᠭᠵᠢᠭᠦᠯᠦᠨ᠂ ᠥᠪᠥᠷ ᠮᠣᠩᠭᠣᠯ᠎ᠤᠨ ᠪᠠᠶ ᠵᠢᠶᠤᠤ ᠬᠤᠢ ᠯᠠᠵᠤᠤ᠎ᠶᠢᠨ ᠲᠠᠷᠢᠮᠠᠯ᠎ᠤᠨ ᠺᠣᠮᠫᠠᠨᠢ᠎ᠲᠠᠶ ᠵᠠᠬᠢᠶᠠᠯᠠᠭ᠎ᠠ ᠲᠣᠭᠲᠠᠵᠤ᠂ 1000 ᠮᠥ᠍ ᠭᠠᠵᠠᠷ ᠰᠢᠷᠣᠶ᠎ᠶᠢ ᠲᠥᠪᠯᠡᠷᠡᠭᠦᠯᠦᠨ᠂ ᠡᠵᠡᠩᠨᠡᠯᠲᠡ᠎ᠶᠢᠨ ᠡᠷᠭᠡ᠎ᠵᠢ ᠰᠢᠯᠵᠢᠭᠦᠯᠦᠭᠡᠳ ᠯᠠᠵᠤᠤ ᠳᠠᠷᠢᠬᠤ᠎ᠶᠢᠨ ᠬᠠᠮᠲᠤ 2000 ᠮᠥ᠍ ᠭᠠᠵᠠᠷ ᠰᠢᠷᠣᠶ᠎ᠶᠢᠨ ᠡᠵᠡᠩᠨᠡᠯᠲᠡ᠎ᠶᠢᠨ ᠡᠷᠭᠡ᠎ᠵᠢ ᠰᠢᠯᠵᠢᠭᠦᠯᠵᠦ᠂ ᠰᠢᠷ᠎ᠠ ᠪᠤᠷᠴᠠᠭ ᠂ ᠡᠷᠳᠡᠨᠢ ᠰᠢᠰᠢ᠎ᠶᠢ ᠪᠦᠰᠡᠯᠢᠭ ᠬᠡᠯᠪᠡᠷᠢ᠎ᠪᠡᠷ ᠬᠤᠯᠢᠵᠤ ᠳᠠᠷᠢᠵᠠᠢ᠃
ᠬᠣᠷᠰᠢᠶ᠎ᠠ ᠶᠢ ᠡᠵᠡᠩᠨᠡᠵᠦ ᠡᠬᠢᠯᠡᠭᠰᠡᠨ ᠡᠴᠡ ᠨᠠᠭᠠᠰᠢ᠂ ᠨᠢᠭᠡᠳᠦᠯᠲᠡᠶ ᠲᠥᠯᠥᠪᠵᠢᠭᠦᠯᠬᠦ᠂ ᠬᠣᠯᠪᠣᠭᠠᠯᠠᠨ ᠬᠥᠳᠡᠯᠦᠯᠴᠡᠬᠦ ᠬᠠᠮᠢᠶᠠᠷᠤᠯᠲᠠ᠎ᠶᠢ ᠬᠡᠷᠡᠭᠵᠢᠭᠦᠯᠵᠦ᠂ ᠣᠯᠠᠨ᠎ᠤ ᠬᠠᠮᠲᠤ᠎ᠶᠢᠨ ᠴᠢᠷᠮᠠᠢᠯᠭ᠎ᠠ ᠪᠡᠷ ᠨᠠᠮ᠎ᠤᠨ ᠡᠭᠦᠷ ᠬᠣᠷᠰᠢᠶ᠎ᠠ᠎ᠶᠢ ᠳᠠᠭᠠᠭᠤᠯᠤᠨ ᠡᠷᠭᠢᠯᠡᠬᠦ ᠬᠥᠭᠵᠢᠯᠲᠡ᠎ᠶᠢᠨ ᠬᠠᠨᠳᠤᠰᠢ ᠰᠠᠢᠨ᠂ ᠦᠷ᠎ᠡ ᠠᠰᠢᠭ ᠢᠯᠡᠷᠬᠡᠶ ᠪᠣᠯᠵᠠᠶ᠃ ᠨᠢᠭᠡ ᠵᠢᠯ᠎ᠦᠨ ᠲᠤᠷᠰᠢ᠂ ᠬᠤᠷᠰᠢᠶᠠᠨ᠎ᠠᠴᠠ ᠬᠤᠪᠢ ᠣᠷᠣᠭᠤᠯᠤᠭᠰᠠᠨ ᠲᠤᠰᠬᠤᠨ᠎ᠤ ᠠᠷᠠᠳ᠎ᠲᠤ 234 ᠲᠦᠮᠡ ᠭᠠᠷᠤᠢ ᠲᠥᠭᠥᠷᠢᠭ᠎ᠦᠨ ᠠᠰᠢᠭ ᠬᠤᠪᠢᠶᠠᠵᠤ᠂ ᠬᠤᠪᠢ ᠪᠦᠷᠢ ᠳᠦ 500 ᠲᠥᠭᠥᠷᠢᠭ᠎ᠦᠨ ᠠᠰᠢᠭ ᠬᠤᠪᠢᠶᠠᠷᠢᠯᠠᠪᠠ᠃
ᠬᠤᠷᠰᠢᠶᠠᠨ᠎ᠤ ᠬᠥᠭᠵᠢᠯᠲᠡ᠎ᠶᠢᠨ ᠲᠠᠯᠳᠠ ᠬᠦᠴᠦᠨ᠎ᠢ ᠣᠯᠵᠤ ᠬᠠᠷᠠᠭᠰᠠᠨ᠎ᠠᠴᠠ ᠠᠰᠢᠭ ᠬᠤᠪᠢᠶᠠᠭᠰᠠᠨ ᠲᠤᠬᠠᠢ᠎ᠶᠢᠨ ᠲᠠᠯᠠᠪᠠᠢ᠎ᠳᠤ ᠲᠣᠰᠬᠣᠨ᠎ᠤ ᠠᠷᠠᠳ ᠨᠡᠩ ᠢᠲᠡᠭᠡᠯ ᠲᠡᠭᠦᠯᠳᠡᠷ ᠪᠣᠯᠤᠯ᠎ᠠ᠃ 《ᠨᠢᠳᠤᠨᠤᠨ ᠬᠣᠷᠰᠢᠶ᠎ᠠ ᠪᠠᠢᠭᠤᠯᠬᠤ ᠦᠶ᠎ᠡ᠎ᠳᠦ ᠲᠣᠰᠬᠣᠨ᠎ᠤ ᠠᠷᠠᠳ ᠴᠥᠮ ᠮᠠᠰᠢ ᠳᠡᠮᠵᠢᠵᠡᠢ᠃ ᠲᠤᠬᠠᠢ᠎ᠶᠢᠨ ᠦᠶ᠎ᠡ᠎ᠳᠦ ᠮᠠᠨ᠎ᠤ ᠲᠣᠰᠬᠣᠨ᠎ᠤ ᠠᠮᠧᠷᠢᠺᠠ᠎ᠶᠢ ᠡᠰᠡᠷᠭᠦᠴᠡᠵᠦ ᠰᠣᠯᠣᠩᠭᠣᠰ᠎ᠢ ᠲᠤᠰᠠᠯᠠᠬᠤ ᠲᠠᠢᠨ᠎ᠳᠤ ᠤᠷᠤᠯᠴᠠᠬᠰᠠᠨ 90 ᠭᠠᠷᠤᠢ ᠨᠠᠰᠤᠲᠠᠢ ᠠᠬᠠᠮᠠᠳ ᠴᠡᠷᠢᠭ ᠵᠠᠩ ᠺᠸ ᠯᠢᠶᠠᠩ ᠵᠠᠪᠠᠯ 1000 ᠲᠥᠭᠥᠷᠢᠭ᠎ᠦᠨ ᠪᠡᠯᠡ ᠣᠷᠣᠭᠤᠯᠤᠨ᠎ᠠ ᠭᠡᠵᠦ ᠪᠠᠢᠵᠠᠢ᠃ ᠲᠡᠭᠦᠨ᠎ᠤ ᠬᠡᠯᠡᠬᠦ ᠪᠡᠷ᠂ ᠬᠡᠳᠦᠢᠪᠡᠷ ᠵᠣᠭᠣᠰ ᠪᠠᠭ᠎ᠠ ᠪᠣᠯᠪᠠᠴᠤ᠂ ᠠᠬᠠᠮᠠᠳ ᠨᠠᠮ᠎ᠤᠨ ᠭᠡᠰᠢᠭᠦᠨ ᠪᠣᠯᠤᠭᠰᠠᠨ᠎ᠤ ᠬᠤᠪᠢ᠎ᠳᠤ ᠮᠠᠨ᠎ᠤ ᠠᠵᠢᠯ᠎ᠢ ᠲᠤᠢᠯ᠎ᠢᠶᠠᠷ ᠳᠡᠮᠵᠢᠵᠦ ᠪᠠᠢᠨ᠎ᠠ ᠬᠡᠨ᠎ᠡ》 ᠭᠡᠵᠦ ᠰᠧ ᠢ ᠲᠠᠩ ᠲᠣᠰᠬᠣᠨ᠎ᠤ ᠨᠠᠮ᠎ᠤᠨ ᠡᠭᠦᠷ᠎ᠦᠨ ᠱᠦᠵᠢ ᠴᠢ ᠶᠤᠸᠠᠢ ᠹᠸᠢ ᠰᠡᠳᠬᠢᠯ ᠳᠣᠭᠳᠣᠯᠤᠨ ᠶᠠᠷᠢᠵᠤ ᠪᠠᠢᠯ᠎ᠠ᠃
ᠨᠢᠳᠤᠨᠤᠨ᠎ᠠᠴᠠ ᠨᠠᠭᠠᠰᠢ᠂ ᠪᠠᠶᠠᠨᠨᠠᠭᠤᠷ ᠬᠣᠲᠠ ᠭᠠᠵᠠᠷ ᠣᠷᠣᠨ᠎ᠤ ᠵᠥᠷᠢᠶᠡᠲᠦ ᠴᠢᠨᠠᠷ᠎ᠢ ᠭᠦᠢᠴᠡᠳ ᠪᠣᠳᠣᠯᠬᠢᠯᠠᠵᠤ᠂ ᠦᠨᠳᠦᠰᠦᠨ ᠱᠠᠲᠤᠨᠤᠲᠤᠬᠠᠶᠶᠢᠨ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠬᠤ᠂ ᠲᠣᠰᠬᠣᠨ᠎ᠤ ᠪᠠᠢᠳᠠᠯ᠎ᠳᠠᠭᠠᠨ ᠳᠣᠭᠢᠷᠠᠭᠤᠯᠬᠤ᠎ᠶᠢ ᠵᠣᠷᠢᠭᠵᠢᠭᠤᠯᠵᠤ᠂ ᠨᠠᠮ᠎ᠤᠨ ᠵᠣᠬᠢᠶᠠᠨ ᠪᠠᠢᠭᠤᠯᠤᠯᠲᠠ᠎ᠠᠴᠠ ᠭᠠᠵᠠᠷ ᠰᠢᠷᠣᠶ᠎ᠶᠢᠨ ᠬᠤᠪᠢ ᠣᠷᠣᠭᠤᠯᠤᠭᠰᠠᠨ ᠬᠡᠯᠪᠡᠷᠢ᠎ᠶᠢᠨ ᠬᠣᠷᠰᠢᠶ᠎ᠠ᠂ ᠲᠡᠵᠢᠭᠡᠨ ᠦᠷᠡᠵᠢᠭᠦᠯᠬᠦ ᠬᠡᠯᠪᠡᠷᠢ᠎ᠶᠢᠨ ᠬᠣᠷᠰᠢᠶ᠎ᠠ᠂ ᠮᠠᠯ ᠠᠵᠤ ᠠᠬᠤᠶ ᠲᠠᠷᠢᠶᠠᠯᠠᠩ᠎ᠤᠨ ᠨᠡᠢᠭᠡᠮᠴᠢᠯᠡᠭᠰᠡᠨ ᠦᠢᠯᠡᠴᠢᠯᠡᠭᠡᠨ᠎ᠦ ᠬᠡᠯᠪᠡᠷᠢ᠎ᠶᠢᠨ ᠬᠣᠷᠰᠢᠶ᠎ᠠ᠂ ᠬᠥᠳᠡᠯᠮᠦᠷᠢ ᠦᠢᠯᠡᠴᠢᠯᠡᠭᠡᠨ᠎ᠦ ᠬᠡᠯᠪᠡᠷᠢ᠎ᠶᠢᠨ ᠬᠣᠷᠰᠢᠶ᠎ᠠ᠂ ᠵᠢᠭᠤᠯᠴᠢᠯᠠᠯ᠎ᠤᠨ ᠦᠢᠯᠡᠴᠢᠯᠡᠭᠡᠨ᠎ᠦ ᠬᠡᠯᠪᠡᠷᠢ᠎ᠶᠢᠨ ᠬᠣᠷᠰᠢᠶ᠎ᠠ᠂ ᠠᠵᠢᠯ ᠳᠣᠭᠢᠷᠠᠭᠤᠯᠬᠤ ᠬᠡᠯᠪᠡᠷᠢ᠎ᠶᠢᠨ ᠬᠣᠷᠰᠢᠶ᠎ᠠ ᠵᠡᠷᠭᠡ ᠵᠢᠷᠭᠤᠭᠠᠨ ᠵᠦᠢᠯ᠎ᠦᠨ ᠬᠡᠯᠪᠡᠷᠢ᠎ᠶᠢ ᠳᠠᠭᠠᠭᠤᠯᠤᠨ ᠡᠷᠭᠢᠯᠡᠬᠦ᠎ᠪᠡᠷ ᠳᠤᠷᠠᠳᠴᠤ᠂ ᠵᠡᠷᠭᠡ᠎ᠪᠡᠷ ᠠᠳᠬᠤᠨ ᠬᠠᠮᠲᠤ᠎ᠪᠠᠷ ᠬᠠᠮᠢᠶᠠᠷᠬᠤ᠂ ᠢᠵᠢᠯᠢ ᠳᠠᠪᠲᠠᠮᠵᠢ᠎ᠪᠠᠷ ᠠᠵᠢᠯᠯᠠᠬᠤ ᠪᠠᠢᠷᠢᠰᠢᠯ᠎ᠢ ᠴᠢᠷᠮᠠᠢᠨ ᠪᠤᠢ ᠪᠤᠯᠭᠠᠵᠠᠢ᠃ ᠵᠣᠬᠢᠶᠠᠨ ᠪᠠᠢᠭᠤᠯᠵᠤ ᠤᠬᠠᠭᠤᠯᠤᠨ ᠳᠠᠢᠴᠢᠯᠠᠬᠤ᠂ ᠭᠤᠤᠯᠯᠠᠬᠤ ᠠᠵᠤ ᠦᠢᠯᠡᠰ᠎ᠢ ᠰᠠᠢᠲᠤᠷ ᠰᠣᠩᠭᠣᠬᠤ᠂ ᠨᠠᠮ᠎ᠤᠨ ᠤᠳᠤᠷᠢᠳᠤᠯᠭ᠎ᠠ᠎ᠶᠢ ᠴᠢᠩᠭᠠᠳᠬᠠᠬᠤ᠂ ᠬᠤᠪᠢᠴᠠᠭᠠᠨᠤ ᠡᠷᠬᠡ᠎ᠶᠢ ᠵᠦᠶ ᠵᠣᠬᠢᠰᠲᠠᠶ ᠲᠣᠬᠢᠷᠠᠭᠤᠯᠬᠤ᠂ ᠨᠠᠮ᠎ᠤᠨ ᠭᠡᠰᠢᠭᠦᠨ ᠲᠦᠷᠦᠭᠦᠯᠡᠨ ᠵᠢᠱ᠌ᠢᠶ᠎ᠡ ᠦᠵᠡᠭᠦᠯᠬᠦ᠂ ᠠᠰᠢᠭ ᠲᠤᠰᠠ᠎ᠶᠢᠨ ᠬᠣᠯᠪᠣᠭᠠᠯᠠᠯ᠎ᠢ ᠠᠬᠢᠭᠤᠯᠬᠤ᠂ ᠴᠢᠳᠠᠪᠤᠷᠢᠲᠠᠨ᠎ᠢ ᠲᠡᠳᠡᠨ ᠠᠪᠴᠢᠷᠠᠬᠤ ᠲᠤᠯᠤᠭᠠᠨ ᠲᠠᠯ᠎ᠠ᠎ᠶᠢᠨ ᠠᠭᠤᠯᠭ᠎ᠠ᠎ᠶᠢᠨ ᠲᠣᠭᠣᠷᠢᠨ᠎ᠳᠤ ᠠᠵᠢᠯ᠎ᠤᠨ ᠵᠢᠷᠤᠮᠯᠠᠯ ᠪᠠ ᠪᠣᠳᠠᠲᠠᠶ ᠱᠠᠭᠠᠷᠳᠠᠯᠭ᠎ᠠ ᠳᠤᠷᠠᠳᠪᠠ᠃
ᠬᠤᠷᠰᠢᠶ᠎ᠠ ᠤᠯᠠᠨ᠎ᠢ ᠲᠠᠢᠴᠢᠯᠠᠨ ᠬᠠᠮᠲᠤ᠎ᠪᠠᠷ ᠪᠠᠶᠠᠵᠢᠭᠰᠠᠨ᠎ᠢᠶᠠᠷ ᠪᠠᠷᠠᠬᠤ ᠦᠭᠡᠢ ᠲᠣᠰᠬᠣᠨ᠎ᠤ ᠬᠠᠮᠲᠤ᠎ᠶᠢᠨ ᠠᠵᠤ ᠠᠬᠤᠢ᠎ᠶᠢᠨ ᠬᠥᠭᠵᠢᠯᠲᠡ᠎ᠶᠢ ᠠᠬᠢᠭᠤᠯᠪᠠ᠃ 2022 ᠣᠨ᠎ᠳᠤ ᠵᠦᠩ ᠶᠤᠸᠠᠢ ᠲᠠᠷᠢᠶᠠᠯᠠᠩ ᠮᠠᠯ ᠠᠵᠤ ᠠᠬᠤᠢ᠎ᠶᠢᠨ ᠲᠤᠰᠬᠠᠢ ᠬᠤᠷᠰᠢᠶ᠎ᠠ ᠰᠧ ᠢ ᠲᠠᠩ ᠲᠣᠰᠬᠣᠨ᠎ᠤ ᠬᠠᠮᠲᠤ᠎ᠶᠢᠨ ᠠᠵᠤ ᠠᠬᠤᠢ᠎ᠶᠢᠨ ᠣᠷᠣᠯᠭ᠎ᠠ᠎ᠳᠤ ᠦᠵᠡᠭᠦᠯᠦᠭᠰᠡᠨ ᠬᠤᠪᠢ ᠨᠡᠮᠡᠷᠢ 50 ᠲᠦᠮᠡᠨ ᠲᠥᠭᠥᠷᠢᠭ᠎ᠲᠦ ᠬᠦᠷᠴᠡᠢ᠃
ᠣᠳᠣᠬᠠᠨ᠎ᠳᠤ᠂ ᠪᠠᠶᠠᠨᠨᠠᠭᠤᠷ ᠬᠣᠲᠠ ᠭᠠᠴᠠᠭ᠎ᠠ ᠲᠣᠰᠬᠣᠨ᠎ᠤ ᠨᠠᠮ᠎ᠤᠨ ᠵᠣᠬᠢᠶᠠᠨ ᠪᠠᠢᠭᠤᠯᠤᠯᠲᠠ 72 ᠬᠤᠷᠰᠢᠶ᠎ᠠ᠎ᠵᠢ ᠲᠠᠭᠠᠭᠤᠯᠤᠨ ᠡᠷᠬᠢᠯᠡᠵᠦ᠂ 6275 ᠣᠯᠠᠨ ᠲᠦᠮᠡᠨ ᠬᠤᠪᠢ ᠣᠷᠣᠭᠤᠯᠵᠠᠶ᠃ 2023 ᠣᠨ᠎ᠳᠤ ᠲᠣᠰ ᠬᠣᠲᠠ ᠭᠠᠴᠠᠭ᠎ᠠ ᠲᠣᠰᠬᠣᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠳᠠᠭᠠᠭᠤᠯᠤᠨ ᠡᠷᠭᠢᠯᠡᠬᠦ ᠬᠣᠷᠰᠢᠶᠠᠨ᠎ᠤ ᠲᠣᠭ᠎ᠠ᠎ᠶᠢ ᠵᠠᠰᠠᠭ ᠵᠠᠬᠢᠷᠭᠠᠨ᠎ᠤ ᠭᠠᠴᠠᠭ᠎ᠠ ᠲᠣᠰᠬᠣᠨ᠎ᠤ ᠶᠡᠷᠦᠩᠬᠡᠶ ᠲᠣᠭᠠᠨ᠎ᠤ 20% ᠳ᠋ᠤ ᠬᠦᠷᠭᠡᠵᠦ᠂ 5 ᠵᠢᠯ᠎ᠦᠨ ᠴᠢᠷᠮᠠᠢᠯᠭ᠎ᠠ᠎ᠪᠠᠷ ᠳᠡᠮᠵᠢᠨ᠂ ᠲᠠᠭᠠᠭᠤᠯᠤᠨ ᠡᠷᠬᠢᠯᠡᠪᠡᠰᠦ ᠵᠤᠬᠢᠬᠤ᠎ᠵᠢ ᠪᠦᠬᠦᠨ᠎ᠢ ᠲᠠᠭᠠᠭᠤᠯᠤᠨ ᠡᠷᠬᠢᠯᠡᠬᠦ ᠪᠡᠷ ᠴᠢᠷᠮᠠᠢᠨ᠎ᠠ᠃