《ᠴᠠᠭᠠᠨ ᠰᠠᠷ᠎ᠠ᠎ᠶ᠋ᠢᠨ ᠬᠤᠭᠤᠴᠠᠭ᠎ᠠ ᠪᠣᠯ ᠮᠠᠨ᠎ᠤ ᠦᠨᠳᠦᠰᠦᠨ ᠱᠠᠲᠤᠨ᠎ᠤ ᠲᠣᠮᠢᠯᠠᠭ᠍ᠰᠠᠨ ᠰᠠᠯᠪᠤᠷᠢ᠎ᠶ᠋ᠢᠨ ᠬᠠᠮᠤᠭ᠎ᠤᠨ ᠶᠠᠭᠠᠷᠠᠤ ᠴᠠᠭ ᠪᠣᠯᠤᠨ᠎ᠠ》᠃ ᠥᠷᠯᠥᠭᠡ ᠡᠷᠲᠡ ᠨᠠᠷᠠ ᠭᠠᠷᠤᠭ᠎ᠠ ᠥᠬᠡᠶ ᠪᠠᠢᠬᠤ᠎ᠳᠤ᠂ ᠠᠯᠠᠱᠠ ᠵᠡᠭᠦᠨ ᠬᠣᠱᠢᠭᠤᠨ᠎ᠤ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠥᠭᠡᠯᠡᠳ ᠵᠠᠮ᠎ᠤᠨ ᠲᠣᠮᠢᠯᠠᠭ᠍ᠰᠠᠨ ᠰᠠᠯᠪᠤᠷᠢ᠎ᠶ᠋ᠢᠨ ᠠᠮᠤᠷ᠎ᠢ ᠬᠠᠮᠠᠭᠠᠯᠠᠬᠤ ᠴᠠᠭ᠍ᠳᠠᠭ᠎ᠠ ᠵᠠᠩ ᠸᠸᠨ ᠵᠧᠨ ᠬᠠᠮᠤᠭ ᠰᠡᠭᠦᠯᠴᠢ᠎ᠶ᠋ᠢᠨ ᠠᠵᠢᠯ ᠵᠢᠡᠨ ᠱᠢᠶ᠋ᠳᠪᠦᠷᠢᠯᠡᠵᠦ᠍ ᠪᠠᠷᠠᠭᠠᠳ᠂ ᠶᠠᠳᠠᠷᠠᠵᠤ ᠵᠦᠳᠡᠷᠡᠭ᠌ᠰᠡᠨ ᠠᠯᠬᠤᠭ᠎ᠠ᠎ᠪᠠᠷ ᠠᠯᠪᠠᠨ ᠬᠡᠷ ᠲᠡᠭᠡᠨ ᠣᠷᠣᠵᠤ ᠂ ᠠᠵᠢᠯ ᠤ᠋ᠨ ᠪᠠᠢᠳᠠᠯ ᠵᠢᠡᠨ ᠬᠠᠷᠢᠭᠤ ᠲᠤᠰᠬᠠᠨ᠎ᠠ᠃《ᠮᠠᠨ᠎ᠤ ᠵᠢᠵᠢᠭᠦᠷ᠎ᠦᠨ ᠬᠤᠭᠤᠴᠠᠭᠠᠨ᠎ᠳᠤ ᠱᠢᠢᠳᠪᠦᠷᠢᠯᠡᠭ᠌ᠰᠡᠨ ᠬᠡᠷᠡᠭ᠎ᠢ ᠡᠷᠬᠡᠪᠰᠢ ᠴᠠᠭ ᠲᠤᠬᠠᠢᠳᠤᠨᠢ ᠳᠡᠭᠡᠭ᠌ᠰᠢ ᠮᠡᠳᠡᠭᠦᠯᠬᠦ᠌ ᠬᠡᠷᠡᠭ᠌ᠲᠡᠢ᠂ ᠬᠣᠢᠱᠢᠯᠠᠭᠤᠯᠵᠤ ᠶᠠᠭᠠᠬᠢᠭ᠍ᠰᠠᠨ ᠴᠤ᠌ ᠪᠣᠯᠬᠤ ᠦᠭᠡᠢ》 ᠭᠡᠵᠦ᠍ ᠵᠠᠩ ᠸᠸᠨ ᠵᠧᠨ ᠬᠡᠯᠡᠨ᠎ᠡ᠃
ᠡᠨᠡ ᠦᠶ᠎ᠡ᠎ᠳᠦ᠂ ᠵᠠᠩ ᠸᠸᠨ ᠵᠧᠨ ᠨᠢᠭᠡᠨᠲᠡ ᠵᠠᠯᠭᠠᠭ᠎ᠠ᠎ᠪᠠᠷ 20 ᠭᠠᠷᠤᠶ ᠴᠠᠭ ᠠᠵᠢᠯᠯᠠᠵᠤ᠂ ᠬᠠᠮᠲᠤ ᠠᠵᠢᠯᠯᠠᠭ᠍ᠴᠢᠲᠠᠶᠪᠠᠨ ᠥᠴᠥᠭᠡᠳᠦᠷ ᠦᠳᠡ᠎ᠶ᠋ᠢᠨ ᠡᠮᠦᠨ᠎ᠡ᠎ᠡᠴᠡ ᠡᠬᠢᠯᠡᠨ ᠵᠢᠵᠢᠭᠦᠷᠯᠡᠵᠦ᠍᠂ ᠲᠣᠰᠣ ᠨᠡᠮᠡᠵᠦ᠍ ᠵᠣᠭᠣᠰ ᠦᠭᠭᠦᠭᠰᠡᠨ ᠦᠭᠡᠢ ᠬᠡᠷᠡᠭ ᠡᠴᠡ ᠠᠪᠤᠭᠠᠳ ᠵᠢᠵᠢᠭᠦᠷ ᠳᠠᠭᠤᠰᠭᠤ ᠪᠣᠯᠲᠠᠯ᠎ᠠ᠂ ᠨᠡᠢᠲᠡ 10 ᠭᠠᠷᠤᠶ ᠬᠡᠷᠡᠭ ᠱᠢᠶ᠋ᠳᠪᠦᠷᠢᠯᠡᠪᠡ᠃ 《 ᠴᠠᠭᠠᠨ ᠰᠠᠷ᠎ᠠ᠎ᠶ᠋ᠢᠨ ᠬᠤᠭᠤᠴᠠᠭᠠᠨ᠎ᠳᠤ ᠬᠡᠷᠡᠭ ᠣᠯᠠᠨ ᠪᠥᠭᠡᠳ ᠪᠤᠳᠤᠯᠢᠶᠠᠨᠲᠠᠶ ᠪᠠᠢᠳᠠᠭ᠂ ᠵᠠᠷᠢᠮ ᠦᠶ᠎ᠡ᠎ᠳᠦ ᠪᠢᠳᠡ ᠨᠢᠭᠡ ᠡᠳᠦᠷ ᠬᠠᠮᠤᠭ᠎ᠤᠨ ᠣᠯᠠᠨ᠎ᠳᠠᠭᠠᠨ 30 ᠭᠠᠷᠤᠶ ᠬᠡᠷᠡᠭ᠎ᠢ ᠱᠢᠶ᠋ᠳᠪᠦᠷᠢᠯᠡᠳᠡᠭ᠃ ᠴᠠᠭᠠᠨ ᠰᠠᠷ᠎ᠠ ᠪᠣᠯᠬᠤ᠎ᠳᠤ ᠪᠢᠳᠡ ᠬᠡᠷ᠎ᠦᠨ ᠬᠥᠮᠦᠰ᠎ᠲᠡᠶ᠎ᠪᠡᠨ ᠬᠠᠮᠲᠤ ᠴᠠᠭᠠᠨ ᠰᠠᠷ᠎ᠠ᠎ᠶ᠋ᠢᠨ ᠪᠠᠷᠠᠭ᠎ᠠ ᠬᠤᠳᠠᠯᠳᠤᠨ ᠠᠪᠴᠤ᠌᠂ ᠪᠠᠶᠠᠷ ᠳᠤᠷᠠᠰᠭᠠᠯ᠎ᠤᠨ ᠡᠳᠦᠷ ᠵᠢᠡᠨ ᠥᠩᠭᠡᠷᠡᠬᠥᠯᠬᠥ ᠶ᠋ᠢ ᠬᠦᠰᠡᠳᠡᠭ ᠂ ᠭᠡᠳᠡᠯ᠎ᠠ ᠪᠢᠳᠡ ᠪᠣᠯ ᠴᠠᠭ᠍ᠳᠠᠭ᠎ᠠ᠂ ᠬᠠᠷᠢᠶᠠᠲᠤ ᠣᠷᠣᠨ᠎ᠤ ᠨᠡᠢᠭᠡᠮ᠎ᠦᠨ ᠠᠮᠤᠷ ᠲᠣᠭ᠍ᠲᠠᠭᠤᠨ᠎ᠢ ᠰᠠᠢᠲᠤᠷ ᠬᠠᠮᠠᠭᠠᠯᠠᠵᠤ ᠂ ᠰᠠᠭᠤᠭᠠᠯᠢ ᠠᠷᠠᠳ᠎ᠤᠨ ᠪᠠᠶᠠᠷ ᠳᠤᠷᠠᠰᠭᠠᠯ᠎ᠤᠨ ᠡᠳᠦᠷ᠎ᠢᠶᠡᠨ ᠠᠮᠤᠷ ᠲᠠᠢᠪᠤᠩ ᠵᠢᠡᠷ ᠥᠩᠭᠡᠷᠡᠭᠦᠯᠬᠦ᠌ᠪᠥᠬᠥ᠌ ᠬᠦᠴᠦᠨ᠎ᠢᠶᠡᠷ᠎ᠢᠶᠡᠨ ᠰᠠᠢᠲᠤᠷ ᠬᠠᠮᠠᠭᠠᠯᠠᠬᠤ ᠪᠣᠯ ᠪᠢᠳᠡᠨ᠎ᠦ ᠬᠠᠷᠢᠭᠤᠴᠠᠯᠭ᠎ᠠ ᠮᠥᠨ᠂ ᠡᠩ᠎ᠦᠨ ᠦᠶ᠎ᠡ᠎ᠳᠦ ᠶᠠᠭᠠᠷᠠᠦ᠂ ᠪᠠᠶᠠᠷ᠎ᠤᠨ ᠡᠳᠦᠷ ᠪᠤᠯᠪᠠᠯ ᠨᠠᠩ ᠶᠠᠭᠠᠷᠠᠦ ᠪᠠᠢᠳᠠᠭ᠂ ᠪᠢᠳᠡ ᠨᠢᠭᠡᠨᠲᠡ ᠡᠢᠮᠦ᠍ ᠠᠵᠢᠯ᠎ᠳᠤ ᠳᠠᠳᠴᠠᠶ》 ᠭᠡᠵᠤ ᠵᠠᠩ ᠸᠸᠨ ᠵᠧᠨ ᠺᠣᠮᠫᠢᠦ᠋ᠲ᠋ᠧᠷ᠎ᠢᠶᠡᠨ ᠨᠡᠭᠡᠭᠡᠵᠤ ᠬᠡᠷᠡᠭ ᠤ᠋ᠨ ᠮᠡᠳᠡᠭᠡ ᠵᠠᠩᠭᠢ ᠵᠢ ᠣᠷᠣᠭᠤᠯᠬᠤ᠎ᠶ᠋ᠢᠨ ᠳᠠᠭᠠᠤ ᠬᠡᠯᠡᠨ᠎ᠠ᠃
2021 ᠣᠨ᠎ᠳᠤ᠂ ᠵᠠᠩ ᠸᠸᠨ ᠵᠧᠨ ᠦᠬᠠᠢ ᠬᠤᠳᠠ᠎ᠡᠴᠡ ᠠᠯᠠᠱᠠ ᠵᠡᠭᠦᠨ ᠬᠣᠱᠢᠭᠤᠨ᠎ᠤ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠳᠤ ᠱᠢᠯᠭᠠᠨ ᠣᠷᠣᠵᠤ ᠥᠭᠡᠯᠡᠳ ᠵᠠᠮ᠎ᠤᠨ ᠲᠣᠮᠢᠯᠠᠭ᠍ᠰᠠᠨ ᠰᠠᠯᠪᠤᠷᠢ᠎ᠳᠤ ᠬᠤᠪᠢᠶᠠᠭ᠍ᠳᠠᠨ ᠠᠵᠢᠯᠯᠠᠪᠠ᠃ ᠦᠬᠠᠢ ᠬᠤᠳᠠ᠎ᠳᠤ ᠠᠵᠢᠯᠯᠠᠵᠤ ᠪᠠᠢᠭ᠎ᠠ ᠡᠬᠡᠨᠡᠷ ᠨᠢ ᠴᠦ᠍ ᠠᠷᠠᠳ᠎ᠤᠨ ᠴᠠᠭ᠍ᠳᠠᠭ᠎ᠠ ᠪᠣᠯᠤᠨ᠎ᠠ᠃ ᠠᠵᠢᠯ ᠶᠠᠭᠠᠷᠠᠤ᠎ᠡᠴᠡ ᠪᠣᠯᠵᠤ᠂ ᠲᠡᠷᠡ ᠨᠢᠭᠡ ᠵᠢᠯ᠎ᠳᠦ ᠭᠡᠷ᠎ᠲᠡᠬᠡᠨ ᠳᠡᠮᠡᠢ ᠬᠡᠳᠦ ᠤᠳᠠᠭ᠎ᠠ ᠬᠠᠷᠢᠵᠤ ᠳᠡᠢᠯᠬᠦ᠌ ᠦᠭᠡᠢ᠂ ᠭᠡᠷ᠎ᠢᠶᠡᠨ ᠬᠠᠷᠠᠭᠠᠯᠵᠠᠬᠤ᠎ᠳᠤ ᠬᠦᠴᠢᠷ ᠪᠠᠢᠳᠠᠭ᠃ ᠨᠠᠰᠤᠲᠠᠨ ᠬᠡᠦᠬᠡᠳ ᠪᠣᠯᠤᠨ ᠭᠡᠷ᠎ᠦᠨ ᠬᠢᠨᠢ ᠶᠡᠬᠡ ᠪᠠᠭ᠎ᠠ ᠶᠠᠪᠤᠳᠠᠯ᠎ᠢ ᠦᠨᠳᠦᠰᠦᠨ᠎ᠳᠡᠭᠡᠨ ᠡᠬᠡᠨᠡᠷ ᠨᠢ ᠡᠭᠦᠷᠭᠡᠯᠡᠵᠦ᠍᠂ ᠢᠯᠠᠩᠭᠤᠶ᠎ᠡ ᠵᠢᠯ ᠴᠠᠭᠠᠨ ᠰᠠᠷ᠎ᠠ ᠪᠠᠶᠠᠷ ᠳᠤᠷᠠᠰᠭᠠᠯ᠎ᠤᠨ ᠡᠳᠦᠷ ᠪᠣᠯᠬᠤ᠎ᠳᠤ ᠭᠠᠷ ᠤᠲᠠᠰᠤ ᠪᠠᠷ ᠭᠡᠷ᠎ᠦᠨ ᠬᠥᠮᠦᠰ᠎ᠲᠡᠶ᠎ᠪᠡᠨ ᠮᠠᠨᠳᠤᠴᠢᠯᠡᠳᠡᠭ᠃
《ᠮᠠᠨ᠎ᠤ ᠠᠷᠠᠳ᠎ᠤᠨ ᠴᠠᠭ᠍ᠳᠠᠭ᠎ᠠ᠎ᠶ᠋ᠢᠨ ᠠᠵᠢᠯ ᠣᠨᠴᠠᠭᠠᠢ ᠂ ᠭᠡᠷ ᠤ᠋ᠨ ᠵᠢᠡᠨ ᠠᠵᠢᠯ ᠳᠤ ᠬᠠᠪᠰᠤᠷᠬᠤ ᠵᠠᠪᠰᠢᠶᠠᠨ ᠮᠠᠰᠢ ᠴᠥᠭᠡᠨ》 ᠭᠡᠵᠦ᠍ ᠥᠭᠡᠯᠡᠳ ᠵᠠᠮ᠎ᠤᠨ ᠲᠣᠮᠢᠯᠠᠭ᠍ᠰᠠᠨ ᠰᠠᠯᠪᠤᠷᠢ᠎ᠶ᠋ᠢᠨ ᠳᠡᠳ᠋ ᠳᠠᠷᠤᠭ᠎ᠠ ᠨᠢᠩ ᠶᠠ ᠯᠢ ᠰᠤᠷᠪᠤᠯᠵᠢᠯᠠᠭ᠍ᠴᠢ᠎ᠳᠤ ᠬᠡᠯᠡᠨ᠎ᠡ᠃ ᠣᠢᠷ᠎ᠠ᠎ᠶ᠋ᠢᠨ ᠡᠳᠦᠷ᠎ᠦᠳ᠎ᠲᠦ᠂ ᠬᠠᠷᠢᠶ᠎ᠠ ᠣᠷᠣᠨ᠎ᠤ ᠣᠯᠠᠨ ᠲᠦᠮᠡᠨ᠎ᠢ ᠠᠮᠤᠷ ᠠᠮᠤᠭᠤᠯᠡᠨᠭ ᠱᠢᠨᠡᠯᠡᠭᠦᠯᠬᠦ᠌ᠶ᠋ᠢᠨ ᠲᠥᠯᠥᠭᠡ ᠨᠢᠩ ᠶᠠ ᠯᠢ ᠪᠣᠯᠤᠨ ᠲᠤᠮᠢᠯᠠᠭᠰᠠᠨ ᠰᠠᠯᠪᠤᠷᠢ ᠵᠢᠨ ᠠᠷᠠᠳ᠎ᠤᠨ ᠴᠠᠭ᠍ᠳᠠᠭ᠎ᠠ ᠲᠠᠢ ᠪᠠᠨ ᠰᠠᠭᠤᠭᠠᠯᠢ ᠠᠷᠠᠳ ᠤ᠋ᠨ ᠲᠤᠭᠤᠷᠢᠭ ᠂ ᠵᠡᠭᠡᠯᠢ ᠳᠠᠭᠠᠤ ᠳᠡᠯᠭᠡᠭᠦᠷ᠂ ᠵᠡᠭᠡᠯᠢ ᠭᠤᠳᠤᠮᠵᠢ᠎ᠪᠠᠷ ᠠᠮᠤᠷ ᠲᠦᠪᠱᠢᠨ᠎ᠦ ᠪᠠᠢᠴᠠᠭᠠᠯᠲᠠ ᠬᠢᠭ᠌ᠰᠡᠭᠡᠷ ᠢᠷᠡᠵᠡᠶ᠃
《ᠮᠠᠨ᠎ᠤ ᠲᠣᠮᠢᠯᠠᠭ᠍ᠰᠠᠨ ᠰᠠᠯᠪᠤᠷᠢ᠎ᠶ᠋ᠢᠨ ᠬᠠᠮᠢᠶᠠᠷᠤᠯᠲᠠ᠎ᠶ᠋ᠢᠨ ᠬᠡᠪᠴᠢᠶᠡᠨ᠎ᠳᠦ ᠨᠡᠭᠦᠳᠡᠯ ᠬᠥᠮᠦᠨ ᠠᠮᠠ ᠣᠯᠠᠨ᠂ ᠠᠵᠢᠯ ᠲᠥᠷᠥᠯ᠎ᠦᠨ ᠲᠠᠯᠠᠪᠤᠷ ᠭᠠᠵᠠᠷ ᠣᠯᠠᠨ᠂ ᠬᠥᠮᠦᠨ ᠬᠠᠷ᠎ᠠ ᠪᠤᠳᠤᠯᠢᠶᠠᠨᠲᠠᠶ ᠪᠣᠯᠬᠣᠷ ᠬᠡᠷᠡᠭ ᠴᠤ᠌ ᠣᠯᠠᠨ᠂ ᠵᠢᠯ ᠪᠦᠷᠢ᠎ᠶ᠋ᠢᠨ ᠡᠯ᠎ᠡ ᠲᠥᠷᠥᠯ᠎ᠦᠨ ᠬᠡᠷᠡᠭ ᠡᠭᠦᠰᠭᠦ ᠨᠣᠷᠮ᠎ᠠ ᠪᠥᠬᠥ᠌ ᠬᠣᠱᠢᠭᠤᠨ᠎ᠤ 65% ᠡᠴᠡ ᠳᠡᠭᠡᠭ᠌ᠰᠢᠬᠢ᠎ᠶ᠋ᠢ ᠡᠵᠡᠯᠡᠵᠦ᠍ ᠪᠠᠢᠨ᠎ᠠ᠃ ᠡᠨᠡ ᠵᠢᠯ᠎ᠦᠨ ᠴᠠᠭᠠᠨ ᠰᠠᠷ᠎ᠠ᠎ᠶ᠋ᠢᠨ ᠬᠤᠭᠤᠴᠠᠭᠠᠨ᠎ᠤ ᠠᠮᠤᠷ᠎ᠢ ᠬᠠᠮᠠᠭᠠᠯᠠᠬᠤ ᠠᠵᠢᠯ᠎ᠢ ᠰᠠᠢᠲᠤᠷ ᠬᠢᠬᠦ᠌᠎ᠶ᠋ᠢᠨ ᠲᠥᠯᠥᠭᠡ᠂ ᠪᠢᠳᠡ ᠠᠮᠤᠷ ᠠᠮᠤᠭᠤᠯᠠᠩ᠎ᠤᠨ ᠪᠠᠢᠭᠤᠯᠤᠯᠲᠠ᠎ᠶ᠋ᠢ ᠴᠢᠩᠭ᠎ᠠ ᠠᠳᠭᠤᠵᠤ᠂ ᠪᠣᠳᠠᠲᠠᠶ᠎ᠳᠤ ᠨᠠᠢᠳᠠᠪᠤᠷᠢᠵᠢᠭᠤᠯᠪᠠ᠃ ᠣᠳᠣᠬᠠᠨ᠎ᠳᠤ ᠪᠢᠳᠡ ᠬᠠᠷᠢᠶ᠎ᠠ ᠣᠷᠣᠨ᠎ᠤ ᠡᠳᠦᠷ ᠲᠤᠲᠤᠮ᠎ᠤᠨ ᠲᠣᠭᠣᠷᠢᠨ ᠴᠠᠭ᠍ᠳᠠᠬᠤ ᠠᠵᠢᠯ᠎ᠢ ᠰᠠᠢᠲᠤᠷ ᠠᠳᠭᠤᠬᠤ᠎ᠶ᠋ᠢᠨ ᠬᠠᠮᠲᠤ᠂ ᠲᠤᠮᠢᠯᠠᠭᠰᠠᠨ ᠰᠠᠯᠪᠤᠷᠢ ᠵᠢᠨ ᠳᠠᠷᠤᠭ᠎ᠠ ᠲᠦᠷᠦᠭᠦᠯᠡᠨ᠂ ᠪᠥᠬᠥ᠌ ᠲᠤᠮᠢᠯᠠᠭᠰᠠᠨ ᠰᠠᠯᠪᠤᠷᠢ ᠵᠢᠨ 67 ᠠᠷᠠᠳ᠎ᠤᠨ ᠴᠠᠭ᠍ᠳᠠᠭ᠎ᠠ ᠪᠠ ᠲᠤᠰᠠᠯᠠᠬᠤ ᠴᠠᠭ᠍ᠳᠠᠭ᠎ᠠ ᠣᠷᠣᠯᠴᠠᠭ᠍ᠰᠠᠨ 〈ᠠᠰᠠᠷ᠎ᠤᠨ ᠳᠠᠷᠤᠭ᠎ᠠ〉 ᠶ᠋ᠢᠨ ᠠᠵᠢᠯ᠎ᠤᠨ ᠵᠠᠭ᠍ᠪᠤᠷ᠎ᠢ ᠱᠢᠨ᠎ᠡ᠎ᠪᠡᠷ ᠡᠭᠦᠳᠦᠨ ᠬᠡᠷᠡᠭ᠌ᠵᠢᠭᠦᠯᠵᠦ᠍ ᠂ ᠬᠠᠷᠢᠶ᠎ᠠ ᠣᠷᠣᠨ᠎ᠳᠤ ᠠᠢᠯ ᠡᠷᠦᠬᠡ᠎ᠪᠡᠷ ᠲᠣᠭᠣᠷᠢᠨ ᠦᠵᠡᠬᠦ᠌᠂ ᠠᠮᠤᠷ ᠲᠦᠪᠱᠢᠨ᠎ᠦ ᠳᠠᠯᠳᠠ ᠬᠡᠮ᠎ᠢ ᠵᠢᠭ᠍ᠰᠠᠭᠠᠨ ᠪᠠᠢᠴᠠᠭᠠᠬᠤ ᠵᠡᠷᠭᠡ ᠬᠠᠤᠯᠢ ᠲᠦᠭᠡᠮᠡᠯᠵᠢᠭᠦᠯᠬᠦ᠌ ᠠᠵᠢᠯ᠎ᠢ ᠥᠷᠨᠢᠭᠦᠯᠬᠦ᠌᠎ᠪᠡᠷ ᠳᠠᠮᠵᠢᠭᠤᠯᠤᠨ ᠂ ᠡᠯ᠎ᠡ ᠲᠥᠷᠥᠯ᠎ᠦᠨ ᠠᠮᠤᠷ ᠲᠦᠪᠱᠢᠨ᠎ᠦ ᠳᠠᠯᠳᠠ ᠬᠡᠮ᠎ᠢ ᠪᠥᠬᠥ᠌ ᠬᠦᠴᠦᠨ᠎ᠢᠶᠡᠷ᠎ᠢᠶᠡᠨ ᠠᠷᠢᠯᠭᠠᠵᠤ᠂ ᠡᠯ᠎ᠡ ᠲᠥᠷᠥᠯ᠎ᠦᠨ ᠠᠮᠤᠷ ᠲᠦᠪᠱᠢᠨ᠎ᠦ ᠡᠨᠳᠡᠯ ᠭᠠᠷᠬᠤ᠎ᠶ᠋ᠢ ᠰᠡᠷᠭᠡᠢᠯᠡᠵᠠᠢ》 ᠭᠡᠵᠤ ᠨᠢᠩ ᠶᠠ ᠯᠢ ᠬᠡᠯᠡᠪᠡ᠃
ᠣᠢᠯᠠᠭᠠᠭ᠍ᠰᠠᠨ᠎ᠢᠶᠠᠷ ᠂ ᠥᠭᠡᠯᠡᠳ ᠵᠠᠮ᠎ᠤᠨ ᠲᠣᠮᠢᠯᠠᠭ᠍ᠰᠠᠨ ᠰᠠᠯᠪᠤᠷᠢ᠎ᠳᠤ ᠨᠡᠢᠲᠡ 67 ᠠᠷᠠᠳ᠎ᠤᠨ ᠴᠠᠭᠳᠠᠭ᠎ᠠ ᠪᠠ ᠲᠤᠰᠠᠯᠠᠬᠤ ᠴᠠᠭ᠍ᠳᠠᠭ᠎ᠠ᠎ᠲᠠᠶ ᠪᠠᠢᠵᠤ᠂ ᠬᠣᠲᠠ ᠬᠥᠳᠡᠭᠡ᠎ᠶ᠋ᠢᠨ 1487 ᠲᠡᠭ᠌ᠰᠢ ᠳᠥᠷᠪᠡᠯᠵᠢᠨ ᠺᠢᠯᠣᠮᠧᠲ᠋ᠷ᠎ᠦᠨ ᠨᠡᠢᠭᠡᠮ᠎ᠦᠨ ᠠᠮᠤᠷ ᠲᠦᠪᠱᠢᠨ᠎ᠢ ᠬᠠᠮᠢᠶᠠᠷᠤᠨ ᠡᠵᠡᠮᠳᠡᠵᠦ᠍ ᠪᠣᠶ᠃ ᠡᠭᠦᠨ᠎ᠳᠦ ᠬᠣᠲᠠ᠎ᠶ᠋ᠢᠨ ᠲᠣᠭᠣᠷᠢᠭ᠎ᠤᠨ 122 ᠰᠠᠭᠤᠭᠠᠯᠢ ᠠᠷᠠᠳ ᠤ᠋ᠨ ᠲᠣᠭᠣᠷᠢᠭ᠂ ᠮᠠᠯᠵᠢᠬᠤ ᠲᠠᠷᠢᠶᠠᠯᠠᠬᠤ ᠣᠷᠣᠨ᠎ᠤ 10 ᠭᠠᠴᠡᠭ᠎ᠠ ᠵᠢᠨ ᠨᠡᠢᠲᠡ 8.1 ᠲᠦᠮᠡ ᠭᠠᠷᠤᠶ ᠬᠥᠮᠦᠨ ᠠᠮᠠ᠎ᠶ᠋ᠢ ᠬᠠᠮᠢᠶᠠᠷᠤᠨ᠂ ᠪᠠᠢᠩᠭᠤ ᠰᠠᠭᠤᠭ᠎ᠠ ᠬᠥᠮᠦᠨ ᠠᠮᠠ 5.7 ᠲᠦᠮᠡ ᠭᠠᠷᠤᠶ ᠪᠠᠢᠵᠤ᠂ ᠳᠤᠮᠳᠠᠴᠢ ᠪᠡᠷ ᠠᠷᠠᠳ᠎ᠤᠨ ᠴᠠᠭ᠍ᠳᠠᠭ᠎ᠠ ᠨᠢᠭᠡᠪᠦᠷᠢ ᠪᠠᠷᠤᠭ 22 ᠲᠡᠭ᠌ᠰᠢ ᠳᠥᠷᠪᠡᠯᠵᠢᠨ ᠺᠢᠯᠣᠮᠧᠲ᠋ᠷ᠂ 1209 ᠬᠥᠮᠦᠨ ᠢ᠋ ᠬᠠᠮᠢᠶᠠᠷᠴᠤ ᠪᠠᠢᠨ᠎ᠠ᠃ ᠬᠠᠷᠢᠶᠠᠲᠤ ᠣᠷᠣᠨ᠎ᠤ ᠣᠯᠠᠨ ᠲᠦᠮᠡᠨ᠎ᠦ ᠠᠮᠢᠳᠤᠷᠠᠯ᠎ᠤᠨ ᠣᠷᠴᠢᠨ ᠲᠣᠭᠣᠷᠢᠨ᠎ᠤ ᠡᠶ᠎ᠡ ᠨᠠᠢᠷᠠᠮᠳᠠᠭᠤ᠂ ᠠᠮᠤᠷ ᠠᠮᠤᠭᠤᠯᠠᠩ᠎ᠢ ᠪᠠᠲᠤᠯᠠᠬᠤ᠎ᠶ᠋ᠢᠨ ᠲᠥᠯᠥᠭᠡ᠂ ᠲᠣᠰ ᠲᠣᠮᠢᠯᠠᠭ᠍ᠰᠠᠨ ᠰᠠᠯᠪᠤᠷᠢ᠎ᠶ᠋ᠢᠨ ᠠᠷᠠᠳ᠎ᠤᠨ ᠴᠠᠭ᠍ᠳᠠᠭ᠎ᠠ ᠬᠠᠪᠤᠷ ᠵᠤᠨ ᠨᠠᠮᠤᠷ ᠡᠪᠦᠯ ᠭᠡᠰᠡᠨ ᠥᠬᠡᠶ᠂ ᠡᠯ᠎ᠡ ᠲᠥᠷᠥᠯ᠎ᠦᠨ ᠬᠡᠷᠡᠭ᠎ᠢ ᠱᠢᠶ᠋ᠳᠪᠦᠷᠢᠯᠡᠬᠦ᠌᠎ᠶ᠋ᠢᠨ ᠬᠠᠮᠲᠤ ᠪᠠᠰᠠ ᠤᠯᠠᠨ ᠲᠦᠮᠡᠨ ᠤ᠋ ᠬᠡᠷ᠎ᠢᠶᠡᠷ ᠲᠤᠭᠤᠷᠢᠨ ᠠᠢᠯᠴᠢᠯᠠᠵᠤ᠂ ᠪᠠᠢᠳᠠᠯ᠎ᠢ ᠣᠢᠯᠠᠭᠠᠵᠤ ᠂ ᠵᠥᠷᠢᠴᠡᠯ ᠵᠠᠭᠤᠷᠠᠯᠳᠤᠭᠠᠨ᠎ᠢ ᠪᠠᠢᠴᠠᠭᠠᠵᠤ᠂ ᠠᠮᠤᠷ ᠲᠦᠪᠱᠢᠨ᠎ᠦ ᠳᠠᠯᠳᠠ ᠬᠡᠮ᠎ᠢ ᠠᠷᠢᠯᠭᠠᠳᠠᠭ; ᠬᠠᠷᠢᠶ᠎ᠠ ᠤᠷᠤᠨ ᠤ᠋ ᠡᠯ᠎ᠡ ᠲᠥᠷᠥᠯ᠎ᠦᠨ ᠠᠵᠢᠯ ᠲᠥᠷᠥᠯ᠎ᠦᠨ ᠭᠠᠵᠠᠷ ᠲᠠᠯᠠᠪᠤᠷ᠂ ᠨᠢᠭᠡᠴᠢ᠎ᠳᠦ ᠲᠣᠭ᠍ᠲᠠᠮᠠᠯ ᠪᠤᠰᠤ ᠬᠤᠭᠤᠴᠠᠭ᠎ᠠ᠎ᠲᠠᠶ ᠠᠮᠤᠷ ᠲᠦᠪᠱᠢᠨ᠎ᠦ ᠪᠠᠢᠴᠠᠭᠠᠯᠲᠠ ᠬᠢᠵᠦ᠍᠂ ᠣᠯᠠᠨ ᠲᠦᠮᠡᠨ᠎ᠳᠦ ᠴᠠᠬᠢᠯᠭᠠᠨ ᠬᠣᠯᠪᠣᠭ᠎ᠠ᠎ᠪᠠᠷ ᠮᠡᠬᠡᠯᠡᠬᠦ᠌᠎ᠶ᠋ᠢ ᠰᠡᠷᠭᠡᠢᠯᠡᠬᠦ᠌ ᠮᠡᠳᠡᠯᠭᠡ᠎ᠶ᠋ᠢ ᠤᠬᠠᠭᠤᠯᠳᠠᠭ; ᠴᠢᠬᠤᠯᠠ ᠶᠡᠬᠡ ᠬᠦᠳᠡᠯᠭᠡᠭᠡᠨ ᠲᠠᠭᠠᠷᠠᠯᠳᠤᠪᠠᠯ᠂ ᠲᠣᠮᠢᠯᠠᠭ᠍ᠰᠠᠨ ᠰᠠᠯᠪᠤᠷᠢ᠎ᠶ᠋ᠢᠨ ᠠᠷᠠᠳ᠎ᠤᠨ ᠴᠠᠭ᠍ᠳᠠᠭ᠎ᠠ ᠴᠢᠬᠤᠯᠠ ᠪᠠᠢᠭᠤᠯᠤᠮᠵᠢ᠂ ᠭᠣᠣᠯᠳᠠᠯᠭ᠎ᠠ᠎ᠲᠠᠶ ᠭᠠᠵᠠᠷ ᠵᠢᠴᠢ ᠤᠯᠠᠨ ᠨᠡᠢᠲᠡ᠎ᠶ᠋ᠢᠨ ᠲᠠᠯᠠᠪᠤᠷ᠎ᠲᠤ ᠬᠦᠷᠴᠦ᠍ ᠡᠳᠦᠷ ᠰᠥᠨᠢ ᠦᠭᠡᠢ ᠵᠢᠵᠢᠭᠦᠷᠯᠡᠨ ᠴᠠᠭ᠍ᠳᠠᠨ ᠪᠠᠢᠴᠠᠭᠠᠳᠠᠭ; ᠠᠷᠠᠳ᠎ᠤᠨ ᠴᠠᠭ᠍ᠳᠠᠭ᠎ᠠ᠎ᠨᠠᠷ ᠬᠠᠷᠢᠶ᠎ᠠ ᠣᠷᠣᠨ᠎ᠤ᠎ᠪᠠᠨ ᠲᠣᠭ᠍ᠲᠠᠭᠤᠨ ᠡᠶ᠎ᠡ ᠵᠣᠬᠢᠴᠠᠩᠭᠤᠢ ᠨᠡᠢᠭᠡᠮ᠎ᠦᠨ ᠣᠷᠴᠢᠨ ᠲᠣᠭᠣᠷᠢᠨ᠎ᠢ ᠪᠦᠬᠦ᠌ ᠬᠦᠴᠦ᠍᠎ᠪᠡᠷ᠎ᠢᠶᠡᠨ ᠰᠠᠬᠢᠨ ᠬᠠᠮᠠᠭᠠᠯᠠᠵᠤ᠂ ᠦᠭᠡ ᠳᠠᠭᠤᠨ ᠦᠭᠡᠢ᠎ᠪᠡᠷ ᠬᠦᠴᠦ᠍ ᠬᠥᠳᠡᠯᠮᠦᠷᠢ ᠪᠠ ᠪᠣᠳᠠᠲᠤ ᠠᠵᠢᠯᠯᠠᠭ᠎ᠠ᠎ᠪᠠᠷ᠎ᠢᠶᠠᠨ ᠠᠷᠠᠳ᠎ᠤᠨ ᠴᠠᠭ᠍ᠳᠠᠭ᠎ᠠ᠎ᠶ᠋ᠢᠨ ᠦᠨᠡᠨᠴᠢ ᠱᠢᠳᠤᠷᠭᠤ ᠠᠵᠢᠯ ᠦᠢᠯᠡᠰ᠎ᠢᠶᠡᠨ ᠳᠡᠭᠡᠳᠦᠯᠡᠬᠦ᠌ ᠮᠥᠨ ᠴᠢᠨᠠᠷ᠎ᠢ ᠲᠠᠢᠯᠪᠤᠷᠢᠯᠠᠵᠤ ᠪᠠᠢᠨ᠎ᠠ᠃ 2022 ᠣᠨ᠎ᠳᠤ᠂ ᠥᠭᠡᠯᠡᠳ ᠵᠠᠮ᠎ᠤᠨ ᠲᠣᠮᠢᠯᠠᠭ᠍ᠰᠠᠨ ᠰᠠᠯᠪᠤᠷᠢ ᠨᠡᠢᠲᠡ 5000 ᠭᠠᠷᠤᠶ ᠬᠡᠷᠡᠭ᠎ᠢ ᠱᠢᠶ᠋ᠳᠪᠦᠷᠢᠯᠡᠵᠦ᠍᠂ 400 ᠭᠠᠷᠤᠢ ᠠᠮᠤᠷ᠎ᠢ ᠬᠠᠮᠠᠭᠠᠯᠠᠬᠤ ᠬᠡᠷᠡᠭ᠎ᠢ ᠭᠥᠯᠢᠶᠡᠨ ᠠᠪᠴᠤ᠌ ᠱᠢᠶ᠋ᠳᠪᠦᠷᠢᠯᠡᠨ᠂ ᠡᠯ᠎ᠡ ᠲᠥᠷᠥᠯ᠎ᠦᠨ ᠵᠥᠷᠢᠴᠡᠯ ᠵᠠᠭᠤᠷᠠᠯᠳᠤᠭᠠᠨ᠎ᠢ 286 ᠤᠳᠠᠭ᠎ᠠ ᠡᠶᠡᠳᠡᠭᠦᠯᠵᠦ᠍᠂ ᠲᠣᠰ ᠲᠣᠮᠢᠯᠠᠭ᠍ᠰᠠᠨ ᠰᠠᠯᠪᠤᠷᠢ ᠨᠢ ᠪᠥᠬᠥ᠌ ᠠᠢᠮᠠᠭ᠎ᠤᠨ 《ᠠᠮᠤᠭᠤᠯᠠᠩᠳᠤ ᠠᠯᠠᠱᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠡᠷᠢᠭᠦᠨ᠎ᠦ ᠬᠠᠮᠲᠤ》 ᠪᠠᠷ ᠦᠨᠡᠯᠡᠭ᠌ᠳᠡᠪᠡ᠃
《ᠲᠣᠮᠢᠯᠠᠭ᠍ᠰᠠᠨ ᠰᠠᠯᠪᠤᠷᠢ ᠪᠣᠯ ᠨᠡᠢᠭᠡᠮ᠎ᠦᠨ ᠲᠣᠭ᠍ᠲᠠᠭᠤᠨ᠂ ᠰᠠᠭᠤᠭᠠᠯᠢ ᠠᠷᠠᠳ᠎ᠤᠨ ᠠᠮᠤᠷ ᠲᠦᠪᠱᠢᠨ᠎ᠢ ᠪᠠᠲᠤᠯᠠᠬᠤ ᠨᠢᠭᠡᠳᠦᠭᠡᠷ ᠰᠡᠷᠭᠡᠢᠯᠡᠯᠲᠡ᠎ᠶ᠋ᠢᠨ ᠱᠤᠭᠤᠮ ᠮᠥᠨ᠂ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ ᠠᠮᠤᠷ᠎ᠢ ᠬᠠᠮᠠᠭᠠᠯᠠᠬᠤ ᠡᠭᠦᠷᠭᠡ ᠨᠡᠯᠢᠶᠡᠳ ᠬᠦᠨᠳᠦ ᠪᠠᠢᠭ᠍ᠰᠠᠨ ᠴᠤ᠌᠂ ᠠᠷᠠᠳ᠎ᠤᠨ ᠴᠠᠭ᠍ᠳᠠᠭ᠎ᠠ ᠪᠣᠯᠤᠭ᠍ᠰᠠᠨ᠎ᠤ ᠬᠤᠪᠢ᠎ᠳᠤ ᠶᠠᠳᠠᠷᠠᠯ ᠵᠦᠳᠡᠷᠡᠯᠢᠶᠡᠷᠢᠶᠡᠨ ᠲᠦᠭ ᠲᠦᠮᠡᠨ ᠬᠡᠷ ᠪᠦᠯᠢ᠎ᠶ᠋ᠢᠨ ᠠᠮᠤᠷ ᠠᠮᠤᠭᠤᠯᠠᠩ ᠵᠣᠯ ᠵᠢᠷᠭᠠᠯ᠎ᠢ ᠰᠣᠯᠢᠵᠤ ᠠᠪᠴᠢᠷᠠᠵᠤ ᠴᠢᠳᠠᠳᠠᠭ ᠯᠠ ᠶᠤᠮ ᠪᠤᠯ ᠪᠢᠳᠡ ᠬᠡᠳᠦᠶ ᠵᠦᠳᠡᠷᠡᠭ᠌ᠰᠡᠨ ᠴᠦ᠍ ᠬᠠᠷᠠᠮᠰᠠᠬᠤ ᠦᠭᠡᠢ》 ᠭᠡᠵᠤ ᠨᠢᠩ ᠶᠠ ᠯᠢ ᠭᠡᠯᠡᠨ᠎ᠡ᠃