120 ᠬᠠᠯᠠᠮᠱᠢᠯ ᠤᠲᠠᠰᠤ᠎ᠶᠢᠨ ᠰᠠᠬᠢᠨ ᠬᠠᠮᠠᠭᠠᠯᠠᠭᠴᠢ
2023-01-28 11:49:09
ᠵᠣᠬᠢᠶᠠᠭ᠍ᠴᠢ᠄
ᠯᠢᠦ ᠱᠢᠶᠠᠩ ᠫᠢᠩ᠂ ᠵᠢᠶᠠ ᠬᠤᠢ ᠵᠧᠨ
ᠣᠩᠱᠢᠭ᠍ᠰᠠᠨ ᠣᠳᠠᠭ᠎ᠠ᠄
★★★☆☆

《ᠰᠠᠢᠨ ᠦᠦ᠂ 120 ᠪᠠᠢᠨ᠎ᠠ᠂ ᠶᠠᠷᠢᠭᠠᠴᠢ!》

1 ᠰᠠᠷ᠎ᠠ᠎ᠶ᠋ᠢᠨ 24 ᠎ᠤ᠋ ᠡᠳᠦᠷ᠂ ᠪᠢᠯᠢᠭ᠎ᠦᠨ ᠤᠯᠠᠷᠢᠯ᠎ᠤᠨ ᠴᠠᠭᠠᠨ ᠰᠠᠷ᠎ᠠ᠎ᠶ᠋ᠢᠨ ᠱᠢᠨ᠎ᠡ᠎ᠶ᠋ᠢᠨ ᠭᠤᠷᠪᠠᠨ᠎ᠤ ᠡᠳᠦᠷ᠎ᠦᠨ 9 ᠴᠠᠭ᠎ᠤᠨ ᠦᠶ᠎ᠡ᠎ᠪᠡᠷ ᠂ ᠪᠤᠭᠤᠲᠤ ᠬᠣᠲᠠ᠎ᠶ᠋ᠢᠨ 120 ᠡᠮᠴᠢᠯᠡᠭᠡᠨ᠎ᠦ ᠲᠦᠷᠭᠡᠨ ᠠᠪᠤᠷᠠᠯᠳᠠ᠎ᠶ᠋ᠢᠨ ᠵᠢᠯᠣᠭᠣᠳᠭᠤ ᠲᠥᠪ᠎ᠦᠨ ᠲᠣᠬᠢᠷᠠᠭᠤᠯᠤᠯᠲᠠ᠎ᠶ᠋ᠢᠨ ᠲᠢᠩᠬᠢᠮ᠎ᠳᠦ ᠤᠲᠠᠰᠤ ᠵᠠᠯᠭᠠᠭ᠎ᠠ ᠪᠡᠷ ᠵᠠᠯᠭᠠᠬᠳᠠᠵᠤ ᠪᠠᠢᠯ᠎ᠠ᠃

ᠲᠣᠬᠢᠷᠠᠭᠤᠯᠤᠭ᠍ᠴᠢ ᠯᠢᠦ ᠬᠣᠶ ᠮᠢᠨ᠂ ᠵᠣᠣ ᠶᠠ ᠨᠠᠨ᠂ ᠸᠠᠩ ᠴᠢ ᠠᠵᠢᠯ᠎ᠤᠨ ᠪᠠᠢᠷᠢ᠎ᠪᠠᠨ ᠰᠠᠬᠢᠵᠤ᠂ ᠴᠢᠬᠢᠪᠴᠢ᠎ᠪᠡᠨ ᠲᠠᠰᠤᠷᠠᠯᠲᠠ ᠥᠬᠡᠶ ᠵᠡᠬᠦᠬᠦ ᠪᠤᠶᠤ ᠠᠪᠴᠤ᠌᠂ ᠡᠯ᠎ᠡ ᠲᠥᠷᠥᠯ᠎ᠦᠨ ᠲᠤᠰᠠᠯᠠᠮᠵᠢ ᠭᠤᠶᠤᠴᠢᠯᠠᠬᠤ ᠤᠲᠠᠰᠤ᠎ᠶ᠋ᠢ ᠬᠦᠯᠢᠴᠡᠩᠭᠦᠶ᠎ᠪᠡᠷ ᠭᠥᠯᠢᠶᠡᠨ ᠠᠪᠴᠤ᠌ ᠰᠣᠨᠣᠰᠴᠤ ᠪᠠᠢᠪᠠ᠃ ᠵᠠᠪᠰᠠᠷ᠎ᠲᠤ ᠨᠢ ᠵᠠᠪᠳᠤᠵᠤ᠂ ᠬᠤᠷᠳᠤᠨ ᠤᠰᠤ ᠤᠤᠭᠤᠵᠤ ᠬᠣᠭᠣᠯᠠᠶ᠎ᠪᠠᠨ ᠨᠣᠷᠭᠠᠨ᠎ᠠ᠃

《ᠳᠠᠷᠤᠢᠬᠠᠨ ᠲᠡᠷᠭᠡ ᠲᠣᠮᠢᠯᠠᠵᠤ ᠶᠠᠪᠤᠭᠤᠯᠤᠨ᠎ᠠ᠂ ᠭᠠᠷ ᠤᠲᠠᠰᠤ ᠪᠠᠨ ᠰᠠᠭᠠᠳ ᠥᠬᠡᠶ ᠨᠡᠪᠲᠡᠷᠡᠬᠦ᠌᠎ᠶ᠋ᠢ ᠪᠠᠲᠤᠯᠠᠭᠠᠷᠠᠶ》᠃

ᠵᠢᠤᠶᠤᠸᠠᠨ ᠲᠣᠭᠣᠷᠢᠭ᠎ᠤᠨ ᠸᠠᠨ ᠳ᠋ᠠ ᠲᠠᠯᠠᠪᠠᠢ᠎ᠶ᠋ᠢᠨ ᠭᠠᠵᠠᠷ ᠳᠣᠣᠷᠠᠬᠢ ᠲᠡᠷᠭᠡᠨ ᠵᠤᠭᠰᠤᠭᠠᠯ ᠳ᠋ᠤ ᠬᠡᠨᠡᠳᠳᠠ ᠮᠠᠨᠠᠷᠠᠨ ᠤᠨᠠᠬᠰᠠᠨ ᠬᠥᠮᠦᠨ᠎ᠤ ᠬᠠᠵᠠᠭᠤᠳᠠᠬᠢ ᠰᠠᠳᠤᠨ ᠲᠥᠷᠥᠯ ᠨᠢ 120 ᠳ᠋ᠤ ᠤᠲᠠᠰᠤᠳᠠᠵᠤ ᠲᠤᠰᠠᠯᠠᠮᠵᠢ ᠭᠤᠶᠤᠵᠠᠢ᠃

ᠯᠢᠦ ᠬᠣᠶ ᠮᠢᠨ ᠪᠠᠢᠳᠠᠯ᠎ᠢ ᠨᠠᠷᠢᠨ ᠠᠰᠠᠭᠤᠵᠤ᠂ ᠬᠣᠯᠪᠣᠭ᠍ᠳᠠᠯ ᠪᠥᠬᠥᠶ ᠮᠡᠳᠡᠭᠡ ᠵᠠᠩᠭᠢ᠎ᠶ᠋ᠢ ᠳᠠᠷᠤᠶ ᠲᠦᠷᠭᠡᠨ ᠱᠢᠩᠭᠡᠭᠡᠨ ᠠᠪᠴᠤ᠌᠂ ᠨᠥᠭᠥᠭᠡ ᠲᠠᠯ᠎ᠠ᠎ᠪᠠᠷ ᠺᠣᠮᠫᠢᠦ᠋ᠲ᠋ᠧᠷ ᠳᠡᠭᠡᠷ᠎ᠡ᠎ᠡᠴᠡ ᠲᠡᠷᠭᠡ ᠭᠠᠷᠬᠤ ᠵᠠᠮ ᠱᠤᠭᠤᠮ᠎ᠢ ᠪᠠᠢᠴᠠᠭᠠᠨ ᠦᠵᠡᠵᠦ᠍ ᠂ ᠬᠠᠮᠤᠭ᠎ᠤᠨ ᠣᠢᠷ᠎ᠠ ᠪᠠᠢᠭ᠎ᠠ ᠡᠮᠨᠡᠯᠭᠡ᠎ᠶ᠋ᠢᠨ ᠬᠣᠷᠢᠶᠠᠨ᠎ᠤ 120 ᠵᠢᠨ ᠬᠤᠪᠢᠶᠠᠷᠢ ᠥᠷᠲᠡᠭᠡ᠎ᠶ᠋ᠢ ᠲᠣᠭ᠍ᠲᠠᠭᠠᠬᠤ᠎ᠶ᠋ᠢᠨ ᠬᠠᠮᠲᠤ ᠲᠡᠷᠭᠡ ᠲᠣᠮᠢᠯᠠᠬᠤ ᠵᠠᠷᠯᠢᠭ ᠪᠠᠭᠤᠯᠭᠠᠪᠠ᠃

《ᠡᠨᠡ ᠬᠡᠳᠦᠨ ᠡᠳᠦᠷ᠎ᠦᠨ ᠲᠤᠰᠠᠯᠠᠮᠵᠢ ᠬᠦᠰᠡᠬᠦ᠌ ᠤᠲᠠᠰᠤ ᠨᠢ ᠭᠤᠤᠯᠳᠠᠭᠤ ᠵᠢᠷᠦᠬᠡ ᠲᠠᠷᠢᠬᠢᠨ᠎ᠤ ᠴᠢᠰᠤᠨ ᠰᠤᠳᠠᠯ ᠪᠠ ᠠᠮᠢᠰᠭᠤᠯ᠎ᠤᠨ ᠱᠢᠰᠲ᠋ᠧᠮ᠎ᠦᠨ ᠡᠪᠡᠳᠴᠢᠨ᠎ᠲᠡᠶ ᠨᠠᠰᠤᠲᠠᠢᠴᠤᠳ᠎ᠢᠶᠠᠷ ᠭᠤᠤᠯᠯᠠᠵᠤ ᠪᠠᠢᠨ᠎ᠠ》᠃ ᠯᠢᠦ ᠬᠣᠶ ᠮᠢᠨ᠎ᠦ ᠲᠠᠨᠢᠯᠴᠠᠭᠤᠯᠤᠭ᠍ᠰᠠᠨ᠎ᠢᠶᠠᠷ ᠂ ᠦᠳᠡ᠎ᠶ᠋ᠢᠨ ᠡᠮᠦᠨ᠎ᠡ ᠪᠣᠯ ᠲᠣᠬᠢᠷᠠᠭᠤᠯᠤᠭ᠍ᠴᠢᠳ᠎ᠤᠨ ᠬᠠᠮᠤᠭ᠎ᠤᠨ ᠶᠠᠭᠠᠷᠠᠦ ᠴᠠᠭ ᠪᠣᠯᠤᠨ᠎ᠠ᠃ ᠡᠳᠡᠭᠡᠷ ᠤᠲᠠᠰᠤ ᠣᠨᠴᠠᠭᠠᠢᠯᠠᠨ ᠠᠮᠢᠰᠭᠤᠯ᠎ᠤᠨ ᠱᠢᠰᠲ᠋ᠧᠮ᠎ᠦᠨ ᠡᠪᠡᠳᠴᠢᠨ ᠡᠮᠭᠡᠭ᠎ᠦᠨ ᠲᠤᠬᠠᠢ ᠠᠰᠠᠭᠤᠨ ᠯᠠᠪᠯᠠᠬᠤ ᠪᠤᠶᠤ ᠲᠤᠰᠠᠯᠠᠮᠵᠢ ᠭᠤᠶᠤᠬᠤ᠎ᠳᠤ᠂ ᠲᠡᠷᠡ ᠬᠢᠵᠠᠭᠠᠷ᠎ᠲᠠᠶ ᠴᠠᠭ᠎ᠢᠶᠠᠨ ᠠᠱᠢᠭ᠍ᠯᠠᠨ᠂ ᠨᠠᠰᠤᠲᠠᠨ᠎ᠤ ᠬᠠᠯᠠᠭᠤᠷᠠᠬᠤ᠂ ᠠᠮᠢᠰᠭᠤᠯ ᠴᠢᠬᠤᠯᠳᠠᠬᠤ ᠵᠡᠷᠭᠡ ᠡᠪᠡᠳᠴᠢᠨ᠎ᠦ ᠢᠯᠡᠷᠡᠯ ᠪᠠᠢᠬᠤ ᠡᠰᠡᠬᠦ ᠂ ᠬᠠᠭᠤᠴᠢᠨ ᠡᠪᠡᠳᠴᠢᠨ᠂ ᠴᠢᠰᠤᠨ᠎ᠤ ᠬᠦᠴᠢᠯᠲᠥ᠋ᠷᠥᠭ᠌ᠴᠢ ᠲᠤᠳᠠᠬᠳᠠᠵᠤ ᠪᠠᠢᠬᠤ ᠡᠰᠡᠬᠦ᠌ ᠵᠢ ᠦᠳᠲᠡᠷ ᠲᠦᠷᠭᠡᠨ ᠯᠠᠪᠯᠠᠨ ᠠᠰᠠᠭᠤᠵᠤ ᠂ ᠡᠪᠡᠳᠴᠢᠲᠡᠨ᠎ᠦ ᠬᠡᠷᠡᠭ᠌ᠴᠡᠭᠡ᠎ᠶ᠋ᠢ ᠲᠦᠷᠭᠡᠨ ᠲᠣᠳᠣᠷᠬᠠᠢᠯᠠᠵᠤ᠂ ᠨᠠᠰᠤᠲᠠᠨ ᠪᠤᠶᠤ ᠭᠡᠷ ᠪᠦᠯᠢ᠎ᠶ᠋ᠢᠨ ᠬᠢᠨ᠎ᠢ ᠲᠣᠬᠣᠨᠢᠭᠤᠯᠵᠤ᠂ ᠲᠡᠳᠡᠨ᠎ᠢ ᠵᠢᠯᠣᠭᠣᠳᠤᠨ ᠵᠠᠷᠢᠮ ᠪᠠᠴᠢᠮ ᠪᠠᠢᠳᠠᠯ᠎ᠢ ᠱᠢᠢᠳᠪᠦᠷᠢᠯᠡᠬᠦ᠌᠎ᠶ᠋ᠢᠨ ᠬᠠᠮᠲᠤ ᠲᠣᠭ᠍ᠲᠠᠭ᠍ᠰᠠᠨ ᠴᠠᠭ᠎ᠤᠨ ᠳᠣᠲᠣᠷ᠎ᠠ ᠤᠢ᠍ᠢᠷ᠎ᠠ ᠪᠠᠢᠭ᠎ᠠ  ᠲᠦᠷᠭᠡᠨ ᠠᠪᠤᠷᠠᠯᠳᠠ᠎ᠶ᠋ᠢᠨ ᠲᠡᠷᠭᠡ᠎ᠶ᠋ᠢ ᠲᠣᠮᠢᠯᠠᠳᠠᠬ ᠬᠡᠵᠡᠢ᠃

《 ᠥᠨᠥᠳᠦᠷ᠎ᠦᠨ ᠮᠢᠨᠦ᠍ ᠡᠨᠡ ᠡᠭᠡᠯᠵᠢ ᠪᠣᠯ ᠥᠷᠯᠥᠭᠡ᠎ᠶ᠋ᠢᠨ 8 ᠴᠠᠭ ᠬᠠᠭᠠᠰ᠎ᠡᠴᠡ ᠦᠳᠡ᠎ᠶ᠋ᠢᠨ ᠬᠣᠢᠨᠠᠬᠢ 2 ᠴᠠᠭ ᠬᠠᠭᠠᠰ ᠪᠣᠯᠤᠨ᠎ᠠ》᠃ ᠯᠢᠦ ᠬᠤᠢ ᠮᠢᠨ ᠰᠤᠷᠪᠤᠯᠵᠢᠯᠠᠭ᠍ᠴᠢ᠎ᠳᠤ᠂ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ᠂ ᠵᠢᠯᠣᠭᠣᠳᠭᠤ ᠲᠥᠪ᠎ᠡᠴᠡ ᠲᠠᠪᠤᠨ ᠳᠤᠭᠤᠢᠯᠠᠩ᠎ᠤᠨ ᠲᠤᠬᠢᠷᠠᠭᠤᠯᠤᠬ᠍ᠴᠢ᠎ᠶ᠋ᠢ ᠭᠤᠷᠪᠠᠨ ᠡᠭᠡᠯᠵᠢ᠎ᠪᠡᠷ ᠲᠤᠬᠢᠷᠠᠭᠤᠯᠵᠤ ᠂ 21 ᠰᠠᠯᠠᠭ᠎ᠠ 120 ᠵᠢᠨ ᠬᠤᠪᠢᠶᠠᠷᠢ ᠦᠷᠳᠡᠭᠡ ᠪᠣᠯᠤᠨ 27 ᠲᠦᠷᠭᠡᠨ ᠠᠪᠤᠷᠠᠯᠳᠠ᠎ᠶ᠋ᠢᠨ ᠲᠡᠷᠭᠡ ᠴᠠᠭ ᠢᠮᠠᠭ᠍ᠲᠠ ᠵᠠᠷᠯᠢᠭ ᠬᠦᠯᠢᠶᠡᠵᠦ᠍᠂ ᠲᠦᠭ ᠲᠦᠮᠡᠨ ᠠᠢᠯ ᠡᠷᠤᠬᠡ᠎ᠶ᠋ᠢᠨ ᠡᠷᠡᠭᠦᠯ ᠮᠡᠨᠳᠤ ᠪᠣᠯᠤᠨ ᠠᠮᠤᠷ ᠲᠦᠪᠱᠢᠨ ᠠᠶᠤᠯ ᠲᠦᠭ᠌ᠰᠢᠭᠦᠷᠢ᠎ᠶ᠋ᠢ ᠬᠣᠯᠪᠣᠭ᠍ᠰᠠᠨ 120《ᠠᠮᠢ ᠨᠠᠰᠤᠨ᠎ᠤ ᠬᠠᠯᠠᠮᠱᠢᠯ ᠤᠲᠠᠰᠤ》 24 ᠴᠠᠭ᠎ᠢᠶᠠᠷ ᠪᠡᠯᠡᠬᠡᠨ ᠪᠠᠢᠬᠤ ᠵᠢ ᠪᠠᠳᠤᠯᠠᠪᠠ᠃

ᠠᠵᠢᠯ᠎ᠢᠶᠠᠨ ᠰᠠᠭᠠᠲᠠᠭᠠᠬᠤ ᠦᠭᠡᠢ᠎ᠶ᠋ᠢᠨ ᠲᠥᠯᠥᠭᠡ᠂ ᠮᠠᠰᠢ ᠤᠯᠠᠨ ᠲᠤᠬᠢᠷᠠᠭᠤᠯᠤᠭ᠍ᠴᠢ ᠴᠥᠮ ᠱᠢᠨ᠎ᠡ ᠲᠢᠲᠢᠮᠯᠢᠭ ᠸᠢᠷᠦ᠋ᠰ᠎ᠲᠦ ᠬᠠᠯᠳᠠᠪᠤᠷᠢᠯᠠᠭ᠍ᠳᠠᠭ᠍ᠰᠠᠨ᠎ᠤ ᠳᠠᠷᠠᠭ᠎ᠠ ᠦᠷᠭᠦᠯᠵᠢᠯᠡᠨ ᠠᠵᠢᠯᠯᠠᠳᠠᠭ᠃ ᠯᠢᠦ ᠬᠤᠢ ᠮᠢᠨ ᠂ ᠵᠤᠤ ᠶᠠ ᠨᠠᠨ ᠂ ᠸᠠᠩ ᠴᠢ᠎ᠶ᠋ᠢᠨ ᠡᠷᠭᠢᠴᠡᠭᠦᠯᠬᠦ᠌᠎ᠪᠡᠷ ᠂ ᠬᠠᠮᠲᠤ ᠠᠵᠢᠯᠯᠠᠭ᠍ᠰᠠᠳ᠎ᠤᠨ ᠵᠠᠷᠢᠮ ᠨᠢ ᠪᠠᠭ᠎ᠠ ᠬᠠᠯᠠᠭᠤᠷᠠᠵᠤ ᠠᠵᠢᠯ᠎ᠤᠨ ᠪᠠᠢᠷᠢ᠎ᠪᠠᠨ ᠪᠠᠲᠤ ᠰᠠᠬᠢᠵᠤ᠂ ᠵᠠᠷᠢᠮ᠎ᠤᠨ ᠬᠢᠨᠢ ᠡᠪᠡᠳᠴᠢᠨ᠎ᠦ ᠢᠯᠡᠷᠡᠯ ᠨᠢ ᠨᠠᠮᠵᠢᠮᠠᠭ᠍ᠴᠠ ᠠᠵᠢᠯ᠎ᠤᠨ ᠪᠠᠢᠷᠢᠨ᠎ᠳᠠᠭᠠᠨ ᠪᠤᠴᠠᠵᠤ᠂ ᠵᠢᠯᠣᠭᠣᠳᠭᠤ ᠲᠥᠪ᠎ᠦᠨ ᠪᠤᠰᠤᠳ ᠲᠤᠬᠠᠢᠯᠠᠭ᠍ᠰᠠᠨ ᠠᠵᠢᠯ᠎ᠤᠨ ᠠᠵᠢᠯᠳᠠᠨ ᠪᠣᠯᠤᠨ ᠵᠠᠰᠠᠭ ᠵᠠᠬᠢᠷᠭᠠᠨ᠎ᠤ ᠠᠵᠢᠯᠳᠠᠨ ᠴᠤ᠌ ᠴᠦᠮ ᠲᠤᠬᠢᠷᠠᠭᠤᠯᠬᠤ ᠠᠵᠢᠯ᠎ᠳᠤ ᠬᠠᠪᠰᠤᠷᠤᠮᠵᠢ ᠪᠣᠯᠪᠠ᠃ ᠲᠤᠬᠠᠢ᠎ᠶ᠋ᠢᠨ ᠦᠶ᠎ᠡ᠎ᠳᠦ ᠲᠤᠬᠢᠷᠠᠭᠤᠯᠬᠤ ᠶᠡᠬᠡ ᠲᠢᠩᠬᠢᠮ᠎ᠳᠦ ᠂ ᠤᠲᠠᠰᠤ ᠵᠠᠯᠭᠠᠭ᠎ᠠ ᠪᠡᠷ ᠵᠠᠯᠭᠠᠭᠳᠠᠵᠤ᠂ ᠤᠲᠠᠰᠤᠨ ᠳᠣᠲᠣᠷ᠎ᠠ ᠬᠠᠨᠢᠶᠠᠬᠤ ᠳᠠᠭᠤᠨ ᠬᠣᠯᠢᠯᠳᠤᠵᠤ᠂ 《ᠡᠳᠦᠷᠵᠢᠨ ᠠᠮᠠᠷᠠᠬᠤ ᠴᠠᠭ ᠦᠭᠡᠢ》 ᠡᠭᠡᠯᠵᠢ ᠬᠠᠯᠠᠭ᠎ᠠ ᠵᠠᠯᠭᠠᠮᠠᠭ᠍ᠴᠠ᠂ ᠲᠤᠬᠢᠷᠠᠭᠤᠯᠤᠭ᠍ᠴᠢᠳ ᠤᠰᠤ ᠤᠤᠭᠤᠬᠤ ᠴᠠᠭ ᠦᠭᠡᠢ᠂ ᠵᠣᠷᠯᠣᠩ᠎ᠳᠤ ᠣᠴᠢᠬᠤ ᠵᠠᠪ ᠦᠬᠡᠢ ᠪᠣᠯᠳᠠᠬ ᠬᠡᠵᠡᠢ᠃

ᠣᠢᠯᠠᠭᠠᠭ᠍ᠰᠠᠨ᠎ᠢᠶᠠᠷ᠂ ᠳᠡᠭᠡᠷ᠎ᠡ ᠰᠠᠷ᠎ᠠ᠎ᠳᠤ᠂ ᠪᠤᠭᠤᠲᠤ ᠬᠣᠲᠠ᠎ᠶ᠋ᠢᠨ 120 ᠡᠮᠴᠢᠯᠡᠭᠡᠨ᠎ᠦ ᠲᠦᠷᠭᠡᠨ ᠠᠪᠤᠷᠠᠯᠳᠠ᠎ᠶ᠋ᠢᠨ ᠵᠢᠯᠣᠭᠣᠳᠭᠤ ᠲᠥᠪ᠎ᠦᠨ ᠲᠣᠬᠢᠷᠠᠭᠤᠯᠤᠯᠲᠠ᠎ᠶ᠋ᠢᠨ ᠡᠳᠦᠷ᠎ᠦᠨ ᠤᠲᠠᠰᠤᠨ᠎ᠤ ᠳᠠᠭᠤᠳᠠᠯᠲᠠ ᠡᠩ᠎ᠦᠨ ᠦᠶ᠎ᠡ᠎ᠶ᠋ᠢᠨ ᠬᠢ᠎ᠡᠴᠡ 3 ᠳᠠᠬᠢᠨ ᠢᠯᠡᠭᠦᠦ ᠨᠡᠮᠡᠭ᠌ᠳᠡᠵᠦ᠍ ᠂ ᠡᠳᠦᠷ ᠪᠦᠷᠢ ᠳᠤᠮᠳᠠᠴᠢ᠎ᠪᠠᠷ 2000 ᠭᠠᠷᠤᠶ ᠨᠡᠪᠲᠡᠷᠡᠵᠦ᠍ ᠂ ᠬᠠᠮᠤᠭ᠎ᠤᠯᠠᠨ ᠎ᠳᠠᠭᠠᠨ  3000 ᠣᠷᠴᠢᠮ ᠨᠡᠪᠲᠡᠷᠡᠵᠦ᠍ ᠂ ᠲᠦᠷᠭᠡᠨ ᠠᠪᠤᠷᠠᠯᠳᠠ᠎ᠶ᠋ᠢᠨ ᠡᠳᠦᠷ᠎ᠦᠨ ᠲᠡᠷᠭᠡ ᠲᠣᠮᠢᠯᠠᠬᠤ ᠬᠡᠮᠵᠢᠶ᠎ᠡ ᠨᠢ ᠴᠦ᠍ ᠡᠩ᠎ᠦᠨ ᠦᠶ᠎ᠡ᠎ᠶ᠋ᠢᠨ ᠬᠢ᠎ᠡᠴᠡ 2 ᠳᠠᠬᠢᠨ ᠪᠣᠯᠵᠠᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号