ᠬᠦᠴᠢᠷᠳᠡᠯᠲᠡᠶ ᠣᠯᠠᠨ ᠲᠦᠮᠡᠨ᠎ᠳᠦ ᠡᠯ᠎ᠡ ᠵᠦᠶ᠋ᠯ᠎ᠦᠨ ᠨᠥᠬᠥᠪᠥᠷᠢ ᠬᠠᠷᠠᠭᠠᠯᠵᠠᠯ ᠢ᠋ ᠦᠨᠡᠨ ᠪᠤᠲᠠᠲᠠᠢ ᠬᠦᠷᠳᠡᠭᠡᠪᠡ
2023-01-28 12:13:11
ᠵᠣᠬᠢᠶᠠᠭ᠍ᠴᠢ᠄
ᠵᠣᠣ ᠰᠢ
ᠣᠩᠱᠢᠭ᠍ᠰᠠᠨ ᠣᠳᠠᠭ᠎ᠠ᠄
★★★☆☆

《 ᠵᠣᠤ ᠠᠨᠢᠶ᠎ᠠ᠂ ᠰᠠᠢ᠍ᠢᠨ ᠱᠢᠨᠡᠯᠡᠪᠡᠦ? ᠲᠠ ᠮᠢᠨᠦ᠍ ᠰᠠᠶᠢ᠎ᠶ᠋ᠢᠨ ᠶᠠᠪᠤᠭᠤᠯᠤᠭᠰᠠᠨ〈ᠵᠣᠯ ᠵᠢᠷᠭᠠᠯ᠎ᠤᠨ ᠨᠠᠷᠢᠨ ᠳᠠᠩᠰᠠ〉 ᠎ᠲᠠᠶ ᠬᠠᠷᠢᠴᠠᠭᠤᠯᠵᠤ ᠦᠵᠡ᠂ ᠡᠨᠡ ᠬᠡᠳᠦᠨ ᠰᠠᠷ᠎ᠠ᠎ᠶ᠋ᠢᠨ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠎ᠶ᠋ᠢᠨ ᠠᠪᠤᠷᠠᠨ ᠲᠤᠰᠠᠯᠠᠬᠤ ᠮᠥᠩᠭᠥ᠌᠂ ᠴᠠᠬᠢᠯᠭᠠᠨ᠎ᠤ ᠦᠨ᠎ᠡ᠎ᠶ᠋ᠢᠨ ᠨᠥᠬᠥᠪᠥᠷᠢ᠂ ᠪᠠᠷᠠᠭ᠎ᠠ᠎ᠶ᠋ᠢᠨ ᠦᠨ᠎ᠡ᠎ᠶ᠋ᠢᠨ ᠨᠥᠬᠥᠪᠥᠷᠢ᠂ ᠳᠤᠯᠠᠭᠠᠯᠠᠭ᠎ᠠ᠎ᠶ᠋ᠢᠨ ᠨᠥᠬᠥᠪᠥᠷᠢ᠂ ᠨᠢᠭᠡ ᠯᠡ ᠤᠳᠠᠭ᠎ᠠ᠎ᠶ᠋ᠢᠨ ᠴᠢᠨᠠᠷᠲᠠᠶ ᠠᠮᠢᠳᠤᠷᠠᠯ᠎ᠤᠨ ᠨᠥᠬᠥᠪᠥᠷᠢ᠎ᠶ᠋ᠢᠨ ᠵᠣᠭᠣᠰ᠎ᠢ ᠪᠦᠷ ᠤᠯᠤᠭᠰᠠᠨ ᠤᠤ ? 》᠃

1 ᠰᠠᠷ᠎ᠠ᠎ᠶ᠋ᠢᠨ 25 ᠤ᠋ ᠡᠳᠦᠷ᠂ ᠬᠥᠬᠡᠬᠣᠲᠠ᠎ᠶ᠋ᠢᠨ ᠱᠢᠨ᠎ᠡ ᠬᠤᠳᠠ ᠲᠣᠭᠣᠷᠢᠭ᠎ᠤᠨ ᠳ᠋ᠦᠩᠹᠸᠩ ᠵᠠᠮ᠎ᠤᠨ  ᠹᠠᠩ ᠲᠢᠩ ᠰᠠᠭᠤᠭᠠᠯᠢ ᠠᠷᠠᠳ᠎ᠤᠨ ᠲᠣᠭᠣᠷᠢᠭ᠎ᠲᠤ ᠰᠠᠭᠤᠭ᠎ᠠ ᠵᠤᠤ ᠠᠨᠢᠶ᠎ᠠ ᠨᠡᠢᠭᠡᠮ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠤᠰᠭᠠᠢ ᠺᠠᠳ᠋ᠷ᠎ᠤᠨ ᠤᠲᠠᠰᠤ᠎ᠶ᠋ᠢ ᠲᠤᠰᠤᠬᠰᠡᠨ ᠎ᠤ ᠲᠠᠷᠠᠭ᠎ᠠ  ᠵᠣᠣ ᠠᠨᠢᠶ᠎ᠠ ᠵᠢᠷᠭᠢᠶ᠎ᠠ ᠪᠠᠨ ᠨᠡᠭᠡᠭᠡᠳ《 ᠵᠣᠯ ᠵᠢᠷᠭᠠᠯ᠎ᠤᠨ ᠨᠠᠷᠢᠨ ᠳᠠᠩᠰᠠ》 ᠳᠡᠭᠡᠷᠡᠬᠢ 2022 ᠤᠨ ᠤ᠋ ᠡᠯ᠎ᠡ ᠵᠦᠶ᠋ᠯ᠎ᠦᠨ ᠨᠥᠬᠥᠪᠥᠷᠢ᠎ᠶ᠋ᠢ ᠬᠠᠷᠭᠤᠭᠤᠯᠵᠤ᠄ 《ᠨᠢᠭᠡ ᠮᠥᠩᠭᠥ᠌ ᠴᠦ᠍ ᠳᠤᠲᠠᠭᠤ ᠥᠬᠡᠶ᠂ ᠲᠠ᠎ᠨᠠᠷ᠎ᠲᠤ ᠲᠠᠯᠠᠷᠬᠠᠵᠤ ᠪᠠᠢᠨ᠎ᠠ! 》ᠭᠡᠵᠦ ᠪᠠᠶᠠᠷᠯᠠᠨ ᠬᠠᠷᠢᠭᠤᠯᠤᠨ᠎ᠠ᠃

ᠬᠦᠴᠢᠷᠳᠡᠯᠲᠡᠶ ᠣᠯᠠᠨ ᠲᠦᠮᠡᠨ ᠤ᠋ ᠴᠠᠭᠠᠨ ᠰᠠᠷ᠎ᠠ ᠪᠠᠨ ᠠᠮᠤᠷ ᠰᠠᠢᠬᠠᠨ ᠥᠩᠭᠡᠷᠡᠭᠦᠯᠬᠦ᠌᠎ᠶ᠋ᠢ ᠪᠠᠲᠤᠯᠠᠬᠤ᠎ᠶ᠋ᠢᠨ ᠲᠥᠯᠥᠭᠡ᠂ ᠮᠠᠨ᠎ᠤ ᠣᠷᠣᠨ ᠬᠦᠴᠢᠷᠳᠡᠯᠲᠡᠶ ᠣᠯᠠᠨ ᠲᠦᠮᠡᠨ᠎ᠢ ᠬᠠᠯᠠᠮᠵᠢᠯᠠᠨ ᠲᠡᠳᠬᠦᠬᠦ᠌ ᠨᠠᠶ᠋ᠮᠠᠨ ᠵᠦᠶ᠋ᠯ᠎ᠦᠨ ᠠᠵᠢᠯᠯᠠᠭ᠎ᠠ᠎ᠶ᠋ᠢ ᠶᠡᠬᠡ ᠪᠡᠷ ᠥᠷᠨᠢᠭᠦᠯᠵᠦ᠍᠂ ᠨᠡᠢᠭᠡᠮ᠎ᠦᠨ ᠠᠪᠤᠷᠠᠨ ᠲᠤᠰᠠᠯᠠᠬᠤ ᠡᠲᠡᠭᠡᠳ᠎ᠲᠦ ᠡᠯᠧᠺᠲ᠋ᠷᠣᠨ ᠪᠤᠶᠤ ᠴᠠᠭᠠᠰᠤᠨ ᠤ᠋ 《 ᠵᠣᠯ ᠵᠢᠷᠭᠠᠯ᠎ᠤᠨ ᠨᠠᠷᠢᠨ ᠲᠠᠩᠰᠠ》 ᠶᠠᠪᠤᠭᠤᠯᠵᠤ᠂ ᠬᠦᠴᠢᠷᠳᠡᠯᠲᠡᠶ ᠣᠯᠠᠨ ᠲᠦᠮᠡᠨ᠎ᠳᠦ ᠡᠯ᠎ᠡ ᠵᠦᠶ᠋ᠯ᠎ᠦᠨ ᠨᠥᠬᠥᠪᠥᠷᠢ᠎ᠶ᠋ᠢ ᠲᠣᠳᠣᠷᠬᠠᠢᠯᠠᠨ ᠦᠭᠴᠤ᠂ ᠨᠠᠮ ᠪᠣᠯᠤᠨ ᠵᠠᠰᠠᠭ᠎ᠤᠨ ᠣᠷᠳᠣᠨ᠎ᠤ ᠬᠠᠢᠷ᠎ᠠ ᠬᠠᠯᠠᠮᠵᠢ᠎ᠶ᠋ᠢ ᠬᠦᠷᠭᠡᠪᠡ᠃ ᠡᠭᠦᠨ᠎ᠦ ᠬᠠᠮᠲᠤ᠂ ᠬᠣᠲᠠ ᠬᠥᠳᠡᠭᠡ᠎ᠶ᠋ᠢᠨ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ ᠭᠥᠷᠳᠡᠭ᠌ᠰᠡᠳ᠂ ᠣᠨᠴᠠ ᠬᠦᠴᠢᠷᠳᠡᠯᠲᠡᠶ ᠬᠥᠮᠦᠰ ᠵᠢᠴᠢ ᠬᠦᠴᠢᠷᠳᠡᠯᠲᠡᠶ ᠨᠠᠰᠤᠲᠠᠢᠴᠤᠳ᠂ ᠵᠡᠮᠳᠡᠭ᠌ᠴᠦᠳ᠂ ᠬᠦᠨᠳᠦ ᠡᠪᠡᠳᠴᠢᠨ᠎ᠲᠡᠶ ᠬᠦᠨᠳᠦ ᠵᠡᠮᠳᠡᠭ ᠭᠠᠭ᠍ᠴᠠ ᠪᠠᠶ᠎ᠠ ᠬᠥᠮᠦᠨ ᠪᠠ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ᠎ᠳᠤ ᠬᠠᠪᠢᠳᠠᠭᠰᠠᠨ ᠬᠥᠮᠦᠨ ᠠᠮᠠ ᠵᠡᠷᠭᠡ ᠬᠦᠴᠢᠷᠳᠡᠯᠲᠡᠶ ᠣᠯᠠᠨ ᠲᠦᠮᠡᠨ᠎ᠦ ᠪᠠᠢᠳᠠᠯ ᠢ᠋ ᠪᠠᠢᠴᠠᠭᠠᠨ ᠤᠢᠯᠠᠭᠠᠵᠤ᠂ ᠬᠡᠷᠡᠭ᠌ᠴᠡᠭᠡ ᠱᠠᠭᠠᠷᠳᠠᠯᠭ᠎ᠠ᠎ᠶ᠋ᠢᠨ ᠡᠬᠡ ᠲᠠᠩᠰᠠ᠎ᠶ᠋ᠢ ᠪᠠᠢᠭᠤᠯᠤᠨ᠂ ᠬᠠᠪᠰᠤᠷᠤᠨ ᠲᠡᠳᠬᠦᠬᠦ᠌ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠪᠠ᠃ 2023 ᠣᠨ᠎ᠤ ᠴᠠᠭᠠᠨ ᠰᠠᠷ᠎ᠠ᠎ᠡᠴᠡ ᠡᠮᠦᠨ᠎ᠡ᠂ ᠮᠠᠨ᠎ᠤ ᠣᠷᠣᠨ᠎ᠤ 154.3 ᠲᠦᠮᠡᠨ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ ᠭᠥᠷᠳᠡᠭ᠌ᠰᠡᠳ᠂ 9.6 ᠲᠦᠮᠡᠨ ᠣᠨᠴᠠ ᠬᠦᠴᠢᠷᠳᠡᠯᠲᠡᠶ ᠬᠥᠮᠦᠰ ᠵᠡᠷᠭᠡ ᠬᠦᠴᠢᠷᠳᠡᠯᠲᠡᠶ ᠣᠯᠠᠨ ᠲᠦᠮᠡᠨ᠎ᠢ ᠠᠪᠤᠷᠠᠨ ᠲᠤᠰᠠᠯᠠᠬᠤ ᠪᠠᠯᠠ ᠮᠥᠩᠭᠥ᠎ᠶ᠋ᠢ ᠪᠦᠬᠦᠨ᠎ᠢ ᠪᠠᠭᠤᠯᠭᠠᠵᠤ᠂ 160 ᠭᠠᠷᠤᠶ ᠲᠦᠮᠡᠨ ᠬᠦᠴᠢᠷᠳᠡᠯᠲᠡᠶ ᠣᠯᠠᠨ ᠲᠦᠮᠡᠨ᠎ᠢ ᠪᠠᠶᠠᠷ ᠬᠥᠷ᠎ᠲᠡᠶ ᠱᠢᠨᠡᠯᠡᠭᠦᠯᠪᠡ᠃

ᠴᠠᠭᠠᠨ ᠰᠠᠷ᠎ᠠ᠎ᠡᠴᠡ ᠡᠮᠦᠨ᠎ᠡ᠂ ᠡᠯ᠎ᠡ ᠠᠢᠮᠠᠭ ᠬᠣᠲᠠ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ᠂ ᠬᠦᠴᠢᠷᠳᠡᠯᠲᠡᠶ ᠣᠯᠠᠨ ᠲᠦᠮᠡᠨ᠎ᠢ ᠬᠠᠯᠠᠮᠵᠢᠯᠠᠨ ᠬᠠᠷᠠᠭᠠᠯᠵᠠᠵᠠᠢ᠃ ᠣᠷᠳᠣᠰ ᠬᠣᠲᠠ᠎ᠶ᠋ᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠬᠢᠨ ᠭᠠᠴᠠᠭ᠎ᠠ ᠲᠣᠰᠭᠣᠨ ᠨᠡᠢᠭᠡᠮ ᠲᠣᠭᠣᠷᠢᠭ᠂ ᠠᠰᠠᠷ᠂ ᠲᠤᠤᠷᠵᠢᠯ᠎ᠤᠨ ᠳᠤᠭᠤᠢᠯᠠᠩ᠎ᠢᠶᠠᠷ ᠰᠠᠭᠤᠷᠢ ᠪᠣᠯᠭᠠᠵᠤ᠂  ᠬᠡᠷ᠎ᠲᠦᠨᠢ ᠬᠥᠷᠬᠥ᠌᠂ ᠤᠲᠠᠰᠤ᠎ᠪᠠᠷ ᠬᠠᠷᠢᠯᠴᠠᠬᠤ᠂ ᠵᠢᠷᠭᠢᠶ᠎ᠠ ᠪᠡᠷ ᠵᠣᠭᠣᠭ᠍ᠳᠠᠬᠤ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ ᠭᠥᠷᠳᠡᠭ᠌ᠰᠡᠳ᠂ ᠣᠨᠴᠠ ᠬᠦᠴᠢᠷᠳᠡᠯᠲᠡᠶ ᠬᠥᠮᠦᠰ ᠪᠠ ᠣᠷᠣᠯᠭ᠎ᠠ ᠪᠠᠭᠠᠲᠠᠶ ᠬᠥᠮᠦᠨ᠂ ᠭᠠᠭ᠍ᠴᠠᠭᠠᠷ ᠠᠮᠢᠳᠤᠷᠠᠵᠤ ᠪᠠᠢᠭ᠎ᠠ ᠨᠠᠰᠤᠲᠠᠢᠴᠤᠳ᠂ ᠬᠦᠴᠢᠷᠳᠡᠯ᠎ᠳᠦ ᠲᠤᠯᠭᠠᠷᠠᠭ᠍ᠰᠠᠨ ᠬᠡᠦᠬᠡᠳ ᠵᠡᠷᠭᠡ ᠬᠦᠴᠢᠷᠳᠡᠯᠲᠡᠶ ᠣᠯᠠᠨ ᠲᠦᠮᠡᠨ᠎ᠢ ᠪᠠᠢᠴᠠᠭᠠᠵᠤ᠂ ᠲᠤᠰᠬᠠᠢ ᠬᠠᠪᠰᠤᠷᠤᠨ ᠲᠡᠳᠬᠦᠬᠦ᠌ ᠬᠠᠷᠢᠯᠴᠠᠬᠤ ᠬᠥᠮᠦᠨ᠎ᠢ ᠲᠣᠭ᠍ᠲᠠᠭᠠᠵᠤ᠂ ᠭᠡᠨᠡᠳᠲᠡ᠎ᠶ᠋ᠢᠨ ᠪᠠᠢᠳᠠᠯ ᠢᠯᠡᠷᠡᠪᠡᠯ ᠴᠠᠭ ᠲᠤᠬᠠᠶ᠎ᠳᠤᠨᠢ ᠱᠢᠶ᠋ᠳᠪᠦᠷᠢᠯᠡᠵᠦ᠍ ᠳᠡᠢᠯᠬᠦ᠌᠎ᠶ᠋ᠢ ᠪᠠᠲᠤᠯᠠᠵᠤ᠂ ᠬᠦᠴᠢᠷᠳᠡᠯᠲᠡᠶ ᠣᠯᠠᠨ ᠲᠦᠮᠡᠨ᠎ᠦ ᠪᠣᠳᠠᠲᠠᠶ ᠬᠡᠷᠡᠭ᠌ᠴᠡᠭᠡ᠎ᠶ᠋ᠢ ᠱᠢᠶ᠋ᠳᠪᠦᠷᠢᠯᠡᠪᠡ᠃ ᠤᠯᠠᠭᠠᠨᠴᠠᠪ ᠬᠣᠲᠠ᠎ᠶ᠋ᠢᠨ ᠬᠢᠨ ᠭᠦᠶ᠋ᠴᠡᠳᠭᠡᠬᠦ᠌ ᠳᠡᠰ ᠳᠠᠷᠠᠭᠠᠯᠠᠯ᠎ᠢ ᠳᠥᠭᠥᠮᠴᠢᠯᠡᠵᠦ᠍᠂ 《ᠣᠨᠴᠠᠭᠠᠢ ᠤᠴᠢᠷ᠎ᠢ ᠣᠨᠴᠠᠭᠠᠢ ᠪᠡᠷ ᠭᠦᠶ᠋ᠴᠡᠳᠭᠡᠬᠦ》 ᠵᠠᠷᠴᠢᠮ ᠶᠣᠰᠣᠭᠠᠷ᠂ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ ᠭᠥᠷᠳᠡᠬᠦ ᠪᠡᠷ ᠰᠢᠨ᠎ᠠ ᠪᠡᠷ ᠭᠤᠶᠤᠴᠢᠯᠠᠭᠰᠠᠳ᠂ ᠣᠨᠴᠠ ᠬᠦᠴᠢᠷᠳᠡᠯᠲᠡᠶ ᠬᠥᠮᠦᠰ᠎ᠲᠦ ᠪᠠᠢᠳᠠᠯ᠎ᠢ᠎ᠨᠢ ᠦᠵᠡᠵᠦ᠍ ᠠᠪᠤᠷᠠᠨ ᠲᠤᠰᠠᠯᠠᠬᠤ ᠳᠡᠰ ᠳᠠᠷᠠᠭᠠᠯᠠᠯ᠎ᠢ᠎ᠨᠢ ᠵᠣᠬᠢᠬᠤ ᠬᠡᠮᠵᠢᠶ᠎ᠡ᠎ᠪᠡᠷ ᠳᠥᠭᠥᠮᠴᠢᠯᠡᠵᠦ᠍᠂ 《ᠰᠠᠭᠠᠳ ᠥᠬᠡᠶ ᠨᠡᠪᠲᠡᠷᠡᠬᠦ᠌ ᠵᠠᠮ 》 ᠢ᠋ ᠨᠡᠪᠳᠡᠷᠡᠬᠦᠯᠦᠨ᠂ ᠨᠡᠢᠭᠡᠮ᠎ᠦᠨ ᠠᠪᠤᠷᠠᠨ ᠲᠤᠰᠠᠯᠠᠬᠤ ᠪᠥᠬᠥ᠌ ᠳᠡᠰ ᠳᠠᠷᠠᠭᠠᠯᠠᠯ᠎ᠢ ᠰᠦᠯᠵᠢᠶ᠎ᠡ᠎ᠪᠡᠷ ᠭᠦᠶ᠋ᠴᠡᠳᠭᠡᠬᠦ᠌᠎ᠶ᠋ᠢ ᠢᠳᠡᠪᠬᠢᠲᠡᠶ᠎ᠪᠡᠷ ᠬᠡᠷᠡᠭ᠌ᠵᠢᠭᠦᠯᠵᠦ᠍᠂ ᠮᠡᠳᠡᠭᠡ ᠵᠠᠩᠭᠢᠵᠢᠯᠲᠠ᠎ᠶ᠋ᠢᠨ ᠠᠷᠭ᠎ᠠ ᠪᠠᠷᠢᠯ᠎ᠢᠶᠠᠷ ᠳᠠᠮᠵᠢᠭᠤᠯᠤᠨ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ ᠭᠤᠶᠤᠴᠢᠯᠠᠬᠤ᠂ ᠬᠢᠨᠠᠨ ᠲᠣᠭ᠍ᠲᠠᠭᠠᠬᠤ᠂ ᠬᠢᠨᠠᠨ ᠬᠠᠷᠭᠤᠭᠤᠯᠵᠤ ᠨᠤᠲᠠᠯᠠᠬᠤ᠎ᠶ᠋ᠢ ᠪᠡᠶᠡᠯᠡᠭᠦᠯᠵᠦ᠍᠂ ᠭᠦᠶ᠋ᠴᠡᠳᠭᠡᠬᠦ᠌ ᠬᠤᠷᠳᠤᠴᠠ᠎ᠶ᠋ᠢ ᠲᠦᠷᠭᠡᠳᠭᠡᠵᠠᠢ᠃ ᠪᠠᠶᠠᠨᠨᠠᠭᠤᠷ ᠬᠣᠲᠠ᠎ᠶ᠋ᠢᠨ ᠡᠯ᠎ᠡ ᠬᠣᠱᠢᠭᠤ ᠱᠢᠶᠠᠨ ᠲᠣᠭᠣᠷᠢᠭ 2023 ᠣᠨ᠎ᠤ 1᠂ 2 ᠰᠠᠷ᠎ᠠ᠎ᠳᠤ ᠡᠯ᠎ᠡ ᠲᠥᠷᠥᠯ᠎ᠦᠨ ᠬᠦᠴᠢᠷᠳᠡᠯᠲᠡᠶ ᠣᠯᠠᠨ ᠲᠦᠮᠡᠨ᠎ᠢ ᠠᠪᠤᠷᠠᠨ ᠲᠤᠰᠠᠯᠠᠬᠤ ᠨᠥᠬᠥᠪᠥᠷᠢ ᠮᠥᠩᠭᠥ᠎ᠶ᠋ᠢ ᠪᠦᠬᠦᠨ᠎ᠢ  ᠪᠠᠭᠤᠯᠭᠠᠵᠤ᠂ ᠪᠠᠰᠠ ᠬᠣᠲᠠ᠎ᠶ᠋ᠢᠨ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ ᠭᠥᠷᠳᠡᠵᠦ᠍ ᠪᠠᠢᠭ᠎ᠠ 1 ᠲᠦᠮᠡ ᠭᠠᠷᠤᠶ ᠬᠡᠷ ᠪᠦᠯᠢ᠎ᠳᠦ ᠴᠠᠭ ᠲᠤᠬᠠᠶ᠎ᠳᠤᠨᠢ ᠡᠪᠦᠯ᠎ᠦᠨ ᠤᠯᠠᠷᠢᠯ᠎ᠤᠨ ᠳᠤᠯᠠᠭᠠᠯᠠᠭ᠎ᠠ᠎ᠶ᠋ᠢᠨ ᠨᠥᠬᠥᠪᠥᠷᠢ 500 ᠲᠦᠮᠡ ᠱᠢᠬᠠᠮ ᠲᠥᠭᠥᠷᠢᠭ ᠲᠠᠷᠬᠠᠭᠠᠵᠤ᠂ ᠬᠦᠴᠢᠷᠳᠡᠯᠲᠡᠶ ᠣᠯᠠᠨ ᠲᠦᠮᠡᠨ᠎ᠦ ᠳᠤᠯᠠᠭᠠᠨ ᠡᠪᠦᠯᠵᠢᠬᠦ᠌᠎ᠶ᠋ᠢ ᠪᠠᠲᠤᠯᠠᠪᠠ; ᠬᠣᠶᠠᠷ ᠪᠠᠶᠠᠷ᠎ᠤᠨ ᠬᠤᠭᠤᠴᠠᠭᠠᠨ᠎ᠳᠤ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠂ ᠲᠤᠰᠠᠯᠠᠮᠵᠢ ᠭᠤᠶᠤᠴᠢᠯᠠᠭ᠍ᠰᠠᠨ ᠬᠦᠴᠢᠷᠳᠡᠯᠲᠡᠶ ᠣᠯᠠᠨ ᠲᠦᠮᠡᠨ᠎ᠦ ᠭᠠᠷᠳᠠᠮ ᠭᠦᠶ᠋ᠴᠡᠳᠭᠡᠬᠦ᠌ ᠲᠠᠰ ᠳᠠᠷᠠᠭᠠᠯᠠᠯ᠎ᠢ ᠱᠢᠯᠢᠳᠡᠭ᠌ᠵᠢᠭᠦᠯᠵᠦ᠍᠂ ᠭᠦᠶ᠋ᠴᠡᠳᠭᠡᠬᠦ᠌ ᠴᠠᠭ᠎ᠢ ᠪᠣᠭᠣᠨᠢᠰᠭᠠᠵᠤ᠂ ᠨᠥᠬᠥᠴᠡᠯ᠎ᠳᠦ ᠨᠡᠢᠴᠡᠭ᠌ᠰᠡᠨ᠎ᠢ᠎ᠨᠢ ᠴᠠᠭ ᠲᠤᠬᠠᠶ᠎ᠳᠤ᠎ᠨᠢ ᠪᠠᠲᠤᠯᠠᠭ᠎ᠠ᠎ᠶ᠋ᠢᠨ ᠬᠡᠪᠴᠢᠶᠡᠨ᠎ᠳᠦ ᠣᠷᠣᠭᠤᠯᠵᠠᠢ᠃ ᠲᠦᠩᠯᠢᠶᠣᠤ ᠬᠣᠲᠠ ᠵᠢᠨ ᠬᠢᠨ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ ᠬᠦᠷᠳᠡᠭᠰᠡᠳ ᠵᠡᠷᠭᠡ ᠬᠦᠴᠢᠷᠳᠡᠯᠲᠡᠶ ᠣᠯᠠᠨ ᠲᠦᠮᠡᠨ ᠢ᠋ ᠠᠪᠤᠷᠠᠨ ᠲᠤᠰᠠᠯᠠᠬᠤ ᠠᠵᠢᠯ ᠢ᠋ ᠯᠠᠪᠳᠠᠭᠤᠨ ᠪᠠᠲᠤᠲᠠᠶ ᠰᠠᠢᠲᠤᠷ ᠬᠢᠵᠦ᠍᠂ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠎ᠶ᠋ᠢᠨ ᠨᠥᠬᠥᠴᠡᠯ᠎ᠳᠦ ᠨᠡᠢᠴᠡᠬᠦ᠌ ᠠᠮᠢᠳᠤᠷᠠᠯ᠎ᠨᠢ ᠬᠦᠴᠢᠷᠳᠡᠯᠲᠡᠶ ᠬᠡᠷ ᠪᠦᠯᠢ᠎ᠶ᠋ᠢ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠎ᠶ᠋ᠢᠨ ᠬᠡᠪᠴᠢᠶᠡᠨ᠎ᠳᠦ ᠴᠠᠭ ᠲᠤᠬᠠᠶ᠎ᠳᠤᠨᠢ ᠣᠷᠣᠭᠤᠯᠬᠤ᠎ᠶ᠋ᠢᠨ ᠬᠠᠮᠲᠤ 《ᠣᠷᠣᠯᠭ᠎ᠠ ᠪᠠᠭᠠᠲᠠᠶ ᠬᠡᠷ ᠪᠦᠯᠢ᠎ᠶ᠋ᠢᠨ ᠬᠦᠨᠳᠦ ᠡᠪᠡᠳᠴᠢᠲᠡᠨ ᠬᠦᠨᠳᠦ ᠵᠡᠮᠳᠡᠭ ᠭᠠᠭ᠍ᠴᠠ ᠪᠠᠶ᠎ᠠ ᠠᠢᠯ᠎ᠳᠦ ᠣᠷᠣᠭᠤᠯᠬᠤ》 《ᠵᠠᠪᠠᠯ ᠵᠠᠷᠤᠴᠠᠭᠤᠯᠬᠤ ᠵᠠᠷᠤᠯᠭ᠎ᠠ᠎ᠶ᠋ᠢ ᠵᠦᠶ ᠵᠣᠬᠢᠰᠲᠠᠶ ᠬᠠᠰᠤᠬᠤ》 ᠵᠡᠷᠭᠡ ᠪᠣᠳᠠᠲᠠᠶ ᠠᠷᠭ᠎ᠠ ᠬᠡᠮᠵᠢᠶ᠎ᠡ᠎ᠶ᠋ᠢ ᠰᠠᠢᠲᠤᠷ ᠬᠡᠷᠡᠭ᠌ᠵᠢᠭᠦᠯᠪᠡ᠃ ᠬᠢᠩᠭᠠᠨ ᠠᠢᠮᠠᠭ᠎ᠨᠢ ᠠᠢᠮᠠᠭ᠂ ᠬᠣᠱᠢᠭᠤ᠂ ᠪᠠᠯᠭᠠᠰᠤ ᠭᠤᠷᠪᠠᠨ ᠱᠠᠲᠤᠨ᠎ᠳᠤ ᠨᠡᠢᠭᠡᠮ᠎ᠦᠨ ᠠᠪᠤᠷᠠᠨ ᠲᠤᠰᠠᠯᠠᠬᠤ ᠦᠶ᠋ᠯᠡᠴᠢᠯᠡᠭᠡᠨ᠎ᠦ ᠬᠠᠯᠠᠮᠱᠢᠯ ᠤᠲᠠᠰᠤ᠎ᠶ᠋ᠢ ᠨᠡᠢᠲᠡᠯᠡᠵᠦ᠍᠂ ᠨᠡᠢᠭᠡᠮ᠎ᠦᠨ ᠠᠪᠤᠷᠠᠨ ᠲᠤᠰᠠᠯᠠᠬᠤ ᠦᠶ᠋ᠯᠡᠴᠢᠯᠡᠭᠡᠨ᠎ᠦ ᠬᠠᠯᠠᠮᠱᠢᠯ ᠤᠲᠠᠰᠤ᠎ᠶ᠋ᠢ ᠵᠢᠵᠢᠭᠦᠷᠯᠡᠨ ᠰᠠᠬᠢᠬᠤ ᠲᠦᠷᠢᠮ᠎ᠢ ᠨᠠᠢᠳᠠᠪᠤᠷᠢᠵᠢᠭᠤᠯᠬᠤ᠎ᠶ᠋ᠢᠨ ᠬᠠᠮᠲᠤ᠂ ᠰᠠᠨᠠᠭᠠᠴᠢᠯᠠᠭ᠎ᠠ᠎ᠡᠴᠡ᠎ᠪᠠᠨ ᠢᠯᠡᠷᠡᠭᠦᠯᠬᠦ᠌ ᠲᠣᠭ᠍ᠲᠡᠴᠡ᠎ᠶ᠋ᠢ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠱᠢᠨ᠎ᠡ ᠵᠢᠯ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ ᠲᠦᠷ ᠴᠠᠭ ᠬᠦᠴᠢᠷᠳᠡᠯ᠎ᠳᠦ ᠲᠤᠯᠭᠠᠷᠠᠭ᠍ᠰᠠᠨ ᠣᠯᠠᠨ ᠲᠦᠮᠡᠨ᠎ᠢ ᠰᠠᠨᠠᠭᠠᠴᠢᠯᠠᠭ᠎ᠠ᠎ᠡᠴᠡ᠎ᠪᠠᠨ ᠢᠯᠡᠷᠡᠭᠦᠯᠵᠦ᠍ ᠂ ᠡᠷᠲᠡ ᠢᠯᠡᠷᠡᠭᠦᠯᠬᠦ᠌᠂ ᠡᠷᠲᠡ ᠣᠷᠣᠯᠴᠠᠬᠤ᠂ ᠡᠷᠲᠡ ᠠᠪᠤᠷᠠᠨ ᠲᠤᠰᠠᠯᠠᠬᠤ᠎ᠶ᠋ᠢ ᠪᠡᠶᠡᠯᠡᠭᠦᠯᠵᠦ᠍ ᠂ ᠬᠦᠴᠢᠷᠳᠡᠯᠲᠡᠶ ᠣᠯᠠᠨ ᠲᠦᠮᠡᠨ᠎ᠢ ᠴᠠᠭ ᠲᠤᠬᠠᠶ᠎ᠳᠤᠨᠢ ᠪᠦᠲᠦᠮᠵᠢᠲᠡᠶ ᠠᠪᠤᠷᠠᠨ ᠲᠤᠰᠠᠯᠠᠬᠤ᠎ᠶ᠋ᠢ ᠪᠠᠳᠤᠯᠠᠪᠠ᠃ ᠱᠢᠯᠢ᠎ᠶ᠋ᠢᠨ ᠭᠣᠣᠯ ᠠᠢᠮᠠᠭ ᠤ᠋ᠨ ᠬᠢᠨ ᠭᠦᠢᠴᠡᠳ ᠨᠥᠭᠡᠴᠡᠯᠡᠬᠦ᠌᠂ ᠵᠢᠷᠤᠮᠵᠢᠯ᠎ᠲᠠᠶ ᠬᠡᠷᠡᠭ᠌ᠯᠡᠬᠦ᠌᠂ ᠪᠠᠴᠢᠮ ᠠᠪᠤᠷᠠᠬᠤ ᠪᠠ ᠠᠶᠤᠯ᠎ᠡᠴᠡ ᠠᠪᠤᠷᠠᠬᠤ᠂ ᠴᠠᠭ ᠲᠤᠬᠠᠶ᠎ᠳᠤᠨᠢ ᠣᠯᠭᠣᠬᠤ ᠵᠠᠷᠴᠢᠮ᠎ᠢ ᠪᠠᠷᠢᠮᠲᠠᠯᠠᠨ᠂ ᠪᠦᠬᠦ᠌ ᠠᠢᠮᠠᠭ᠎ᠤᠨ ᠰᠤᠮᠤ ᠱᠢᠶᠠᠩ ᠪᠠᠯᠭᠠᠰᠤ( ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ) ᠨᠢᠭᠡᠪᠦᠷᠢ᠎ᠳᠦ 2 ᠲᠦᠮᠡᠨ ᠲᠥᠭᠥᠷᠢᠭ᠎ᠦᠨ ᠪᠡᠯᠡᠳᠭᠡᠯ ᠮᠥᠩᠭᠥ᠌ ᠲᠠᠯᠪᠢᠵᠤ᠂ ᠭᠡᠨᠡᠳᠲᠡ᠎ᠶ᠋ᠢᠨ ᠬᠡᠷᠡᠭ᠎ᠲᠦ ᠤᠴᠠᠷᠠᠭ᠍ᠰᠠᠨ ᠬᠤᠪᠢ ᠬᠥᠮᠦᠨ ᠪᠤᠶᠤ ᠭᠡᠷ ᠪᠦᠯᠢ᠎ᠳᠦ ᠪᠠᠴᠢᠮ ᠬᠦᠴᠢᠷᠳᠡᠯ᠎ᠡᠴᠡ ᠠᠪᠤᠷᠠᠨ ᠲᠤᠰᠠᠯᠠᠬᠤ᠎ᠳᠤ ᠬᠡᠷᠡᠭ᠌ᠯᠡᠬᠦ ᠪᠡᠷ ᠪᠤᠯᠪᠠ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠦᠨ ᠨᠡᠢᠭᠡᠮ᠎ᠦᠨ ᠠᠪᠤᠷᠠᠨ ᠲᠤᠰᠠᠯᠠᠬᠤ ᠦᠶ᠋ᠯᠡᠴᠢᠯᠡᠭᠡᠨ᠎ᠦ ᠲᠥᠪ᠎ᠦᠨ ᠳᠡᠳ᠋ ᠡᠷᠬᠢᠯᠡᠭ᠌ᠴᠢ ᠮᠠ ᠵᠢᠶᠦ᠋ᠨ ᠹᠸᠩ᠂ ᠴᠠᠭᠠᠨ ᠰᠠᠷ᠎ᠠ᠎ᠶ᠋ᠢᠨ ᠡᠮᠦᠨ᠎ᠡ ᠬᠣᠢᠨ᠎ᠠ᠂ ᠮᠠᠨ᠎ᠤ ᠣᠷᠣᠨ 《 ᠬᠠᠬᠢᠷ ᠡᠪᠦᠯ ᠬᠠᠢᠷ᠎ᠠ ᠬᠠᠯᠠᠮᠵᠢ ᠬᠦᠷᠭᠡᠬᠦ᠌ 》 ᠲᠤᠰᠭᠠᠶ ᠠᠪᠤᠷᠠᠨ ᠲᠤᠰᠠᠯᠠᠬᠤ ᠠᠵᠢᠯᠯᠠᠭ᠎ᠠ᠎ᠶ᠋ᠢ ᠥᠷᠨᠢᠭᠦᠯᠵᠦ᠍᠂ ᠣᠲᠣ ᠪᠣᠯᠲᠠᠯ᠎ᠠ ᠨᠡᠢᠲᠡ 3959 ᠬᠥᠮᠦᠨ ᠤᠳᠠᠭ᠎ᠠ ᠠᠪᠤᠷᠠᠨ ᠲᠤᠰᠠᠯᠠᠵᠤ᠂ ᠢᠳᠡᠭᠡᠨ᠂ ᠤᠤᠭᠤᠬᠤ ᠤᠰᠤ᠂ ᠬᠢᠵᠢᠭ᠎ᠢ ᠰᠡᠷᠭᠡᠢᠯᠡᠵᠦ᠍ ᠬᠦᠶ᠋ᠲᠡᠨ᠎ᠢ ᠬᠠᠯᠬᠠᠯᠠᠬᠤ ᠵᠡᠷᠭᠡ ᠡᠳ᠋ ᠪᠣᠳᠠᠰ᠎ᠢ 1249 ᠬᠤᠪᠢ ᠲᠠᠷᠬᠠᠭᠠᠵᠤ᠂ ᠠᠪᠤᠷᠠᠨ ᠲᠤᠰᠠᠯᠠᠬᠤ ᠬᠠᠢᠷ᠎ᠠ ᠬᠠᠯᠠᠮᠵᠢ᠎ᠶ᠋ᠢᠨ ᠺᠠᠷᠲ᠂ ᠲᠤᠰᠠᠯᠠᠮᠵᠢ ᠭᠤᠶᠤᠴᠢᠯᠠᠬᠤ ᠤᠬᠠᠭᠤᠯᠭ᠎ᠠ᠎ᠶ᠋ᠢᠨ ᠺᠠᠷᠲ᠎ᠢ 2 ᠲᠦᠮᠡ ᠭᠠᠷᠤᠶ ᠬᠤᠪᠢ ᠲᠠᠷᠬᠠᠭᠠᠪᠠ ᠭᠡᠵᠤ ᠲᠠᠨᠢᠯᠴᠠᠭᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号