《ᠠᠪᠠᠭ᠎ᠠ ᠡ᠂ ᠮᠢᠨᠦ᠍ ᠤᠲᠠᠰᠤᠨ ᠨᠣᠮᠧᠷ᠎ᠢ ᠲᠠᠨ᠎ᠳᠤ ᠬᠠᠳᠠᠭᠠᠯᠠᠵᠤ ᠥᠭ᠌ᠴᠡᠢ᠂ ᠲᠠ ᠤᠴᠢᠷ᠎ᠲᠠᠶ ᠪᠤᠶᠤ ᠶᠠᠮᠠᠷ ᠡᠪ ᠦᠭᠡᠢ ᠭᠠᠵᠠᠷ ᠪᠠᠢᠪᠠᠯ ᠴᠠᠭ ᠢᠮᠠᠭ᠍ᠲᠠ ᠪᠢᠳᠠᠨ᠎ᠲᠡᠶ ᠬᠠᠷᠢᠯᠴᠠᠭᠠᠷᠠᠢ》᠃ ᠴᠠᠭᠠᠨ ᠰᠠᠷ᠎ᠠ᠎ᠡᠴᠡ ᠡᠮᠦᠨᠡᠬᠡᠨ᠂ ᠠᠯᠠᠱᠠ ᠠᠢᠮᠠᠭ᠎ᠤᠨ ᠠᠯᠠᠱᠠ ᠵᠡᠭᠦᠨ ᠬᠣᠱᠢᠭᠤᠨ᠎ᠤ ᠱᠢᠨᠬᠤᠸᠠ ᠵᠡᠭᠡᠯᠢ ᠭᠤᠳᠤᠮᠵᠢ᠎ᠶ᠋ᠢᠨ ᠨᠠᠨ ᠲᠢᠶᠠᠨ ᠨᠡᠢᠭᠡᠮ ᠲᠣᠭᠣᠷᠢᠭ᠎ᠤᠨ ᠬᠠᠢᠷ᠎ᠠ ᠬᠠᠯᠠᠮᠵᠢ ᠵᠢᠨ ᠦᠶ᠋ᠯᠡᠴᠢᠯᠡᠭᠡᠨ᠎ᠦ ᠰᠠᠯᠪᠤᠷᠢ ᠪᠠᠭ᠎ᠠ ᠠᠩᠭᠢ ᠣᠨᠴᠠᠭᠠᠶ ᠬᠥᠮᠦᠰ᠎ᠦᠨ ᠪᠠᠢᠳᠠᠯ᠎ᠢ ᠤᠢᠯᠠᠭᠠᠨ ᠵᠢᠭ᠍ᠰᠠᠭᠠᠵᠤ᠂ 76 ᠨᠠᠰᠤᠲᠠᠶ ᠭᠠᠭ᠍ᠴᠠᠭᠠᠷ ᠰᠠᠭᠤᠭ᠎ᠠ ᠠᠬᠠᠮᠠᠳ ᠨᠠᠮ᠎ᠤᠨ ᠭᠡᠱᠢᠭᠦᠨ ᠯᠢ ᠵᠠᠨ ᠱᠠᠨ᠎ᠤ ᠬᠡᠷ᠎ᠲᠦ ᠬᠦᠷᠴᠦ᠍ ᠬᠠᠢᠷ᠎ᠠ ᠬᠠᠯᠠᠮᠵᠢ ᠵᠢᠨ ᠦᠶ᠋ᠯᠡᠴᠢᠯᠡᠭᠡ ᠬᠠᠩᠭᠠᠪᠠ᠃
《 ᠲᠠᠨ᠎ᠳᠤ ᠨᠢᠭᠡ ᠬᠤᠪᠢ ᠬᠠᠢᠷ᠎ᠠ ᠬᠠᠯᠠᠮᠵᠢ᠎ᠶ᠋ᠢᠨ ᠡᠮ ᠲᠠᠮᠵᠢᠭᠤᠯᠪᠠ᠂ ᠬᠤᠷᠢᠶᠠᠨ ᠠᠪᠬᠤ ᠪᠤᠯᠪᠠᠤ᠌ !》 ᠥᠭᠡᠯᠡᠳ ᠵᠡᠭᠡᠯᠢ ᠭᠤᠳᠤᠮᠵᠢ᠎ᠶ᠋ᠢᠨ ᠡᠾᠸ ᠯᠠᠨ ᠱᠠᠨ ᠨᠡᠢᠭᠡᠮ ᠲᠣᠭᠣᠷᠢᠭ᠎ᠤᠨ ᠤᠤ᠌ ᠯᠢᠨ ᠬᠤᠸᠠ ᠶᠤᠸᠠᠨ ᠰᠠᠭᠤᠭᠠᠯᠢ ᠠᠷᠠᠳ᠎ᠤᠨ ᠲᠣᠭᠣᠷᠢᠭ᠎ᠤᠨ ᠰᠠᠭᠤᠭᠠᠯᠢ ᠠᠷᠠᠳ ᠯᠢ ᠳ᠋ᠸ ᡁᠢ ᠨᠠᠰᠤᠲᠠᠨ᠎ᠤ ᠪᠡᠶ᠎ᠡ ᠨᠢ ᠡᠪ ᠥᠬᠡᠶ᠂ ᠬᠠᠯᠠᠭᠤᠷᠠᠵᠤ᠂ ᠦᠷ᠎ᠡ ᠬᠡᠦᠬᠡᠳ ᠨᠢ ᠴᠥᠮ ᠭᠠᠳᠠᠷ ᠣᠷᠣᠨ᠎ᠳᠤ ᠪᠠᠢᠭ᠍ᠰᠠᠨ ᠪᠣᠯᠬᠣᠷ ᠠᠷᠭ᠎ᠠ ᠥᠬᠡᠶ᠎ᠳᠡᠭᠡᠨ ᠨᠡᠢᠭᠡᠮ ᠲᠣᠭᠣᠷᠢᠭ᠎ᠤᠨ ᠳᠡᠳ᠋ ᠡᠷᠬᠢᠯᠡᠭ᠌ᠴᠢ᠂ ᠬᠠᠢᠷ᠎ᠠ ᠬᠠᠯᠠᠮᠵᠢ ᠵᠢᠨ ᠦᠶ᠋ᠯᠡᠴᠢᠯᠡᠬᠡᠨ ᠤ᠋ ᠰᠠᠯᠪᠤᠷᠢ ᠪᠠᠭ᠎ᠠ ᠠᠩᠭᠢ᠎ᠶ᠋ᠢᠨ ᠭᠡᠱᠢᠭᠦᠨ ᠲᠠᠩ ᠠ ᠮᠢᠨ᠎ᠳᠦ ᠲᠤᠰᠠᠯᠠᠮᠵᠢ ᠭᠤᠶᠤᠴᠢᠯᠠᠬᠤ ᠮᠡᠳᠡᠭᠡ ᠵᠠᠩᠭᠢ ᠥᠭ᠌ᠭᠦᠭ᠌ᠰᠡᠨ᠎ᠳᠦ ᠮᠠᠰᠢ ᠲᠦᠷᠭᠡᠨ᠎ᠢᠶᠡᠷ ᠬᠠᠷᠢᠭᠤ ᠤᠯᠪᠠ᠃ 1 ᠴᠠᠭ᠎ᠤᠨ ᠳᠠᠷᠠᠭ᠎ᠠ᠂ ᠲᠠᠩ ᠠ ᠮᠢᠨ 《 ᠬᠢᠵᠢᠭ᠎ᠢ ᠰᠡᠷᠭᠡᠢᠯᠡᠬᠦ᠌ ᠬᠠᠢᠷ᠎ᠠ ᠬᠠᠯᠠᠮᠵᠢ ᠵᠢᠨ ᠪᠤᠭᠤᠳᠠᠯ》 ᠵᠢᠨᠨ ᠠᠪᠴᠤ᠌ ᠬᠡᠷ᠎ᠲᠦᠨᠢ ᠬᠦᠷᠴᠦ᠍ ᠢᠷᠡᠪᠡ᠃
ᠣᠢᠷ᠎ᠠ᠎ᠶ᠋ᠢᠨ ᠡᠳᠦᠷ᠎ᠦᠳ᠎ᠲᠦ᠂ ᠠᠯᠠᠱᠠ ᠵᠡᠭᠦᠨ ᠬᠣᠱᠢᠭᠤᠨ᠎ᠤ 114 ᠭᠠᠴᠡᠭ᠎ᠠ ᠲᠣᠰᠭᠣᠨ᠂ 33 ᠨᠡᠢᠭᠡᠮ ᠲᠣᠭᠣᠷᠢᠭ᠎ᠲᠤ ᠡᠢᠮᠦᠷᠬᠦᠦ ᠬᠠᠯᠠᠭᠤᠨ ᠳᠤᠯᠠᠭᠠᠨ ᠪᠠᠢᠳᠠᠯ ᠭᠠᠵᠠᠷ ᠰᠠᠶ ᠥᠬᠡᠶ ᠬᠠᠷᠠᠭ᠍ᠳᠠᠵᠤ ᠪᠠᠢᠨ᠎ᠠ᠃
ᠥᠪᠡᠷᠲᠡᠭᠡᠨ ᠵᠠᠰᠠᠬᠤ ᠣᠷᠣᠨ᠎ᠤ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ》 ᠳ᠋ᠤ᠂ ᠦᠨᠳᠦᠰᠦᠨ ᠱᠠᠲᠤᠨ᠎ᠤ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠵᠤ᠂ 《ᠱᠢᠨ᠎ᠡ ᠴᠠᠭ ᠦᠶ᠎ᠡ᠎ᠶ᠋ᠢᠨ ᠱᠢᠨ᠎ᠡ ᠨᠡᠢᠭᠡᠮ ᠲᠣᠭᠣᠷᠢᠭ ᠱᠢᠨ᠎ᠡ ᠠᠮᠢᠳᠤᠷᠠᠯ》 ᠤ᠋ᠨ ᠦᠶ᠋ᠯᠡᠴᠢᠯᠡᠭᠡ ᠵᠠᠰᠠᠯᠲᠠ᠎ᠶ᠋ᠢ ᠳᠡᠭᠡᠭ᠌ᠰᠢᠯᠡᠭᠦᠯᠬᠦ᠌ ᠲᠤᠰᠭᠠᠶ ᠠᠵᠢᠯᠯᠠᠭ᠎ᠠ᠎ᠶ᠋ᠢ ᠥᠷᠨᠢᠭᠦᠯᠵᠦ᠍᠂ 《ᠲᠤᠤᠷ ᠰᠦᠯᠵᠢᠶ᠎ᠡ + ᠲᠤᠤᠷᠵᠢᠭᠤᠯᠤᠯᠲᠠ》 ᠵᠢᠨ ᠦᠨᠳᠦᠰᠦᠨ ᠱᠠᠲᠤᠨ᠎ᠤ ᠵᠠᠰᠠᠯᠲᠠ᠎ᠶ᠋ᠢᠨ ᠲᠠᠪᠴᠠᠩ ᠪᠣᠯᠤᠨ ᠨᠡᠢᠭᠡᠮ᠎ᠦᠨ ᠠᠵᠢᠯ᠎ᠤᠨ ᠦᠶ᠋ᠯᠡᠴᠢᠯᠡᠭᠡᠨ᠎ᠦ ᠱᠢᠰᠲ᠋ᠧᠮ᠎ᠢ ᠲᠡᠭᠦᠯᠳᠡᠷᠵᠢᠭᠦᠯᠵᠦ᠍᠂ ᠵᠥᠷᠢᠴᠡᠯ ᠵᠢᠭᠤᠷᠠᠯᠳᠤᠭᠠᠨ᠎ᠢ ᠣᠯᠠᠨ ᠡᠱᠢᠴᠢᠯᠡᠨ ᠱᠢᠶ᠋ᠳᠪᠦᠷᠢᠯᠡᠬᠦ᠌ ᠲᠣᠭ᠍ᠲᠡᠴᠡ᠎ᠶ᠋ᠢ ᠪᠦᠷᠢᠨᠱᠢᠬᠦᠯᠵᠦ᠍᠂ ᠣᠯᠠᠨ ᠲᠦᠮᠡᠨ᠎ᠦ ᠠᠮᠤᠷ ᠲᠦᠪᠱᠢᠨ ᠠᠶᠤᠯ ᠲᠦᠭ᠌ᠰᠢᠭᠦᠷᠢ ᠬᠠᠯᠠᠭᠤᠨ ᠳᠤᠯᠠᠭᠠᠨ᠂ ᠬᠡᠷ ᠪᠦᠯᠢ ᠵᠢᠨ ᠤᠴᠠᠷ ᠶᠠᠪᠤᠳᠠᠯ ᠢ᠋ ᠬᠠᠯᠠᠮᠵᠢᠯᠠᠬᠤ ᠬᠥᠮᠦᠨ᠎ᠲᠡᠶ ᠬᠠᠮᠢᠶᠠᠷᠬᠤ ᠬᠥᠮᠦᠨ᠎ᠲᠡᠶ ᠪᠣᠯᠭᠠᠵᠤ᠂ ᠦᠨᠳᠦᠰᠦᠨ ᠱᠠᠲᠤᠨ᠎ᠤ ᠵᠠᠰᠠᠯᠲᠠ᠎ᠶ᠋ᠢ ᠨᠠᠩ ᠬᠠᠯᠠᠭᠤᠨ ᠳᠤᠯᠠᠭᠠᠨ ᠪᠣᠯᠭᠠᠵᠤ᠂ ᠠᠷᠠᠳ ᠣᠯᠠᠨ᠎ᠢ ᠨᠠᠩ ᠵᠣᠯ ᠵᠢᠷᠭᠠᠯ᠎ᠲᠠᠶ ᠪᠣᠯᠭᠠᠬᠤ ᠬᠡᠷᠡᠭ᠌ᠲᠡᠶ ᠭᠡᠵᠦ᠍ ᠳᠤᠷᠠᠳᠴᠠᠶ᠃
ᠠᠷᠠᠳ ᠲᠦᠮᠡᠨ ᠬᠦᠰᠡᠯ ᠱᠠᠭᠠᠷᠳᠠᠯᠭ᠎ᠠ ᠪᠠᠶ᠋ᠢᠪᠠᠯ᠂ ᠵᠠᠰᠠᠭ ᠤ᠋ᠨ ᠤᠷᠳᠤᠨ ᠬᠠᠷᠢᠭᠤ ᠲᠤᠰᠬᠠᠯ ᠳᠠᠢ ᠪᠠᠢᠬᠤ ᠭᠡᠷᠡᠭᠳᠠᠢ᠃ ᠣᠳᠣᠬᠠᠨ᠎ᠤ ᠣᠯᠠᠨ ᠲᠦᠮᠡᠨ᠎ᠦ ᠡᠪᠡᠳᠴᠢᠨ ᠦᠵᠡᠭᠦᠯᠬᠦ᠌ ᠶᠠᠪᠤᠳᠠᠯ ᠂ ᠡᠮ ᠬᠤᠳᠠᠯᠳᠤᠨ ᠠᠪᠬᠤ ᠵᠡᠷᠭᠡ ᠪᠠᠴᠢᠮ ᠬᠦᠴᠢᠷ ᠵᠣᠪᠠᠭᠤᠷᠢ᠎ᠲᠠᠶ ᠠᠰᠠᠭᠤᠳᠠᠯ ᠢ᠋ ᠴᠠᠬ ᠲᠤᠬᠠᠢ ᠳ᠋ᠤᠨᠢ ᠰᠢᠢᠳᠪᠤᠷᠢᠯᠡᠬᠦ ᠵᠢᠨ ᠲᠦᠯᠤᠬᠡ᠂ ᠠᠯᠠᠱᠠ ᠵᠡᠭᠦᠨ ᠬᠣᠱᠢᠭᠤᠨ ᠤ᠋ ᠬᠢᠨ ᠨᠠᠮ᠎ᠤᠨ ᠪᠠᠢᠭᠤᠯᠤᠯᠲᠠ᠎ᠶ᠋ᠢᠨ ᠬᠥᠲᠥᠯᠥᠨ ᠳᠠᠭᠠᠭᠤᠯᠬᠤ ᠦᠶ᠋ᠯᠡᠳᠦᠯ᠎ᠢ ᠪᠠᠳᠠᠷᠠᠭᠤᠯᠵᠤ᠂ ᠡᠯ᠎ᠡ ᠲᠤᠤᠷᠵᠢᠯ᠎ᠤᠨ 《 1 + 3 + N 》 ᠵᠢᠨᠷ ᠭᠤᠤᠯ ᠴᠣᠭ᠍ᠴᠠ ᠪᠣᠯᠭᠠᠬᠤ᠂ ᠭᠠᠴᠡᠭ᠎ᠠ ᠲᠣᠰᠭᠣᠨ(ᠨᠡᠢᠭᠡᠮ ᠲᠣᠭᠣᠷᠢᠭ ) ᠤ᠋ ᠨᠠᠮ᠎ᠤᠨ ᠭᠡᠱᠢᠭᠦᠨ ᠺᠠᠳ᠋ᠷ᠂ ᠲᠤᠰᠭᠠᠶ ᠪᠠ ᠲᠤᠱᠢᠶᠠᠯ ᠬᠠᠪᠰᠤᠷᠭᠠᠭ᠍ᠰᠠᠨ ᠲᠤᠤᠷᠵᠢᠯ᠎ᠤᠨ ᠠᠵᠢᠯᠳᠠᠨ᠂ ᠲᠣᠰᠭᠣᠨ᠎ᠳᠤ ᠰᠠᠭᠤᠭ᠎ᠠ ᠨᠢᠭᠡᠳᠦᠭᠡᠷ ᠱᠦᠵᠢ᠂ ᠲᠣᠰᠭᠣᠨ᠎ᠳᠤ ᠰᠠᠭᠤᠭ᠎ᠠ ᠠᠵᠢᠯᠯᠠᠬᠤ ᠠᠩᠭᠢ᠂ ᠪᠠᠢᠭᠤᠯᠭ᠎ᠠ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠎ᠶ᠋ᠢᠨ ᠳᠠᠭᠠᠭᠠᠴᠢᠯᠠᠨ ᠬᠠᠷᠢᠯᠴᠠᠬᠤ ᠺᠠᠳ᠋ᠷ᠂ ᠨᠡᠢᠭᠡᠮ ᠲᠣᠭᠣᠷᠢᠭ᠎ᠤᠨ ᠨᠡᠷ᠎ᠡ ᠮᠡᠳᠡᠭᠦᠯᠦᠭ᠌ᠰᠡᠨ ᠠᠵᠢᠯ᠎ᠳᠤ ᠪᠠᠢᠭ᠎ᠠ ᠨᠠᠮ᠎ᠤᠨ ᠭᠡᠱᠢᠭᠦᠨ᠂ ᠠᠳᠠᠯ ᠠᠬᠤᠶ᠎ᠶ᠋ᠢᠨ ᠬᠥᠮᠦᠰ᠂ ᠨᠡᠢᠭᠡᠮ ᠲᠣᠭᠣᠷᠢᠭ᠎ᠤᠨ ᠰᠠᠢ᠌ᠨ ᠳᠤᠷᠠᠴᠤᠳ᠂ ᠬᠣᠯᠪᠣᠭ᠍ᠳᠠᠯ ᠪᠦᠬᠦᠢ ᠰᠠᠯᠠᠭ᠎ᠠ ᠮᠥᠴᠢᠷ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠎ᠶ᠋ᠢᠨ ᠬᠡᠰᠡᠭ ᠲᠣᠭᠣᠷᠢᠭ᠎ᠤᠨ ᠬᠠᠷᠢᠭᠤᠴᠠᠯᠭᠠᠲᠠᠨ ᠵᠡᠷᠭᠡ ᠲᠤᠰᠠᠯᠠᠬᠤ ᠬᠦᠴᠦᠨ ᠢ᠋ ᠨᠡᠢᠳᠬᠡᠵᠤ᠂ 147 ᠵᠤᠷᠪᠤᠰ 24 ᠴᠠᠭ᠎ᠤᠨ ᠦᠢᠯᠡᠴᠢᠯᠡᠭᠡᠨ᠎ᠦ ᠰᠢᠭᠤᠳ ᠨᠡᠪᠳᠡᠷᠡᠬᠦ ᠤᠲᠠᠰᠤ᠎ᠶ᠋ᠢ ᠨᠡᠪᠲᠡᠷᠡᠭᠦᠯᠵᠤ᠂ 147 ᠰᠠᠯᠠᠭ᠎ᠠ ᠬᠠᠢᠷ᠎ᠠ ᠬᠠᠯᠠᠮᠵᠢ ᠵᠢᠨ ᠦᠶ᠋ᠯᠡᠴᠢᠯᠡᠭᠡᠨ᠎ᠦ ᠰᠠᠯᠪᠤᠷᠢ ᠪᠠᠭ᠎ᠠ ᠠᠩᠭᠢ᠎ᠶ᠋ᠢ ᠪᠠᠢᠭᠤᠯᠵᠤ᠂ ᠬᠠᠷᠢᠶᠠᠲᠤ ᠣᠷᠣᠨ᠎ᠤ ᠭᠤᠤᠨᠢ ᠪᠡᠶ᠎ᠡ ᠨᠠᠰᠤᠲᠠᠨ᠂ ᠥᠨᠥᠴᠢᠨ ᠬᠡᠦᠬᠡᠳ᠂ ᠵᠡᠮᠳᠡᠭ ᠬᠥᠮᠦᠨ᠂ ᠵᠢᠷᠮᠦᠰᠦᠨ ᠪᠦᠰᠡᠭᠦᠶ᠂ ᠭᠡᠷ᠎ᠲᠡᠬᠡᠨ ᠬᠣᠴᠣᠷᠤᠭ᠍ᠰᠠᠨ ᠬᠡᠦᠬᠡᠳ ᠪᠠ ᠬᠦᠴᠢᠷᠳᠡᠯᠲᠡᠶ ᠣᠯᠠᠨ ᠲᠦᠮᠡᠨ ᠵᠡᠷᠭᠡ ᠣᠨᠴᠠᠭᠠᠢ ᠬᠥᠮᠦᠰ᠎ᠢ ᠬᠠᠷᠠᠭᠠᠯᠵᠠᠨ᠂ ᠡᠮᠴᠢ ᠲᠤᠮᠢᠯᠠᠵᠤ ᠡᠮ ᠲᠠᠩ ᠢᠳᠡᠰᠢᠨ ᠨᠣᠭᠣᠭ᠎ᠠ ᠬᠦᠷᠭᠡᠬᠦ᠌ ᠵᠡᠷᠭᠡ ᠦᠶ᠋ᠯᠡᠴᠢᠯᠡᠭᠡ ᠬᠠᠩᠭᠠᠪᠠ᠃
ᠰᠠᠯᠪᠤᠷᠢ ᠪᠠᠭ᠎ᠠ ᠠᠩᠭᠢ᠎ᠶ᠋ᠢᠨ ᠲᠤᠯᠠᠭᠠᠨ ᠪᠦᠯᠢᠶᠠᠨ ᠪᠤᠭᠤᠳᠠᠯ᠂ ᠬᠠᠷᠢᠯᠴᠠᠬᠤ ᠺᠠᠷᠲ ᠂ ᠬᠠᠢᠷ᠎ᠠ ᠬᠠᠯᠠᠮᠵᠢ ᠵᠢᠨ ᠦᠢᠯᠡᠴᠢᠯᠡᠭᠡ ᠵᠡᠷᠭᠡ ᠨᠢ ᠬᠥᠮᠦᠰ᠎ᠤᠨ ᠰᠡᠳᠭᠢᠯ᠎ᠢ ᠳᠤᠯᠠᠭᠠᠴᠡᠭᠤᠯᠵᠤ᠂ ᠬᠦᠴᠦᠨ ᠴᠢᠳᠠᠯ᠎ᠢ ᠨᠢᠭ᠍ᠲᠠᠷᠠᠭᠤᠯᠤᠨ᠎ᠠ᠃