ᠬᠦᠬᠡᠬᠤᠳᠠ ᠤᠮᠠᠷᠠᠲᠤ ᠬᠢᠯᠢ ᠶ᠋ᠢᠨ ᠰᠣᠶᠣᠯ ᠤ᠋ᠨ ᠰᠤᠳᠤᠯᠤᠨ ᠶᠠᠷᠢᠯᠴᠠᠬᠤ ᠬᠤᠷᠠᠯ ᠬᠢᠪᠡ
2023-10-01 19:48:46
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

9 ᠰᠠᠷ᠎ᠠ ᠶ᠋ᠢᠨ 26 ᠤ᠋ ᠡᠳᠦᠷ᠂ ᠬᠥᠬᠡᠬᠣᠲᠠ ᠶ᠋ᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤ᠋ᠨ ᠲᠣᠪᠴᠢᠶ᠎ᠠ᠂ ᠬᠥᠬᠡᠬᠣᠲᠠ ᠶ᠋ᠢᠨ ᠰᠣᠶᠣᠯ ᠤᠷᠠᠯᠢᠭ ᠤ᠋ᠨ ᠰᠤᠳᠤᠯᠭᠠᠨ ᠤ᠋ ᠬᠦᠷᠢᠶᠡᠯᠡᠩ ᠡᠴᠡ ᠵᠣᠬᠢᠶᠠᠨ ᠪᠠᠢᠭᠤᠯᠵᠤ ᠳᠠᠭᠠᠭᠠᠨ ᠡᠷᠭᠢᠯᠡᠭ᠌ᠰᠡᠨ ᠬᠥᠬᠡᠬᠣᠲᠠ ᠶ᠋ᠢᠨ 《ᠤᠮᠠᠷᠠᠲᠤ ᠬᠢᠯᠢ ᠶ᠋ᠢᠨ ᠰᠣᠶᠣᠯ》 ᠤ᠋ᠨ ᠰᠤᠳᠤᠯᠤᠨ ᠶᠠᠷᠢᠯᠴᠠᠬᠤ ᠬᠤᠷᠠᠯ ᠶᠠᠪᠤᠭᠳᠠᠪᠠ᠃

ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠪᠥᠬᠥ᠌ ᠲᠠᠯ᠎ᠠ ᠪᠡᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠠᠷᠪᠠᠨ ᠨᠢᠭᠡᠳᠦᠭᠡᠷ ᠬᠤᠭᠤᠴᠠᠭᠠᠨ ᠤ᠋ ᠵᠢᠷᠭᠤᠳᠤᠭᠠᠷ ᠪᠥᠬᠥᠳᠡ ᠬᠤᠷᠠᠯ ᠡᠴᠡ ᠲᠤᠷᠠᠳᠤᠭᠰᠠᠨ 《ᠤᠮᠠᠷᠠᠲᠤ ᠬᠢᠯᠢ ᠶ᠋ᠢᠨ ᠰᠣᠶᠣᠯ》 ᠤ᠋ᠨ ᠲᠥᠷᠥᠯ ᠲᠡᠮᠳᠡᠭ ᠢ᠋ ᠴᠣᠭ᠍ᠴᠠᠯᠠᠬᠤ ᠴᠢᠬᠤᠯᠠ ᠶᠡᠬᠡ ᠪᠠᠢᠷᠢᠯᠠᠭᠤᠯᠤᠯᠲᠠ ᠵᠢ ᠢᠳᠡᠪᠬᠢᠲᠡᠶ ᠨᠠᠢᠳᠠᠪᠤᠷᠢᠵᠢᠭᠤᠯᠵᠤ᠂ ᠬᠥᠬᠡᠬᠣᠲᠠ ᠶ᠋ᠢᠨ ᠨᠥᠯᠥᠭᠡᠯᠡᠬᠦ᠌ ᠬᠦᠴᠦᠨ ᠢ᠋ ᠲᠠᠰᠤᠷᠠᠯᠲᠠ ᠥᠬᠡᠶ ᠳᠡᠭᠡᠭ᠌ᠰᠢᠯᠡᠭᠦᠯᠬᠦ᠌ ᠵᠢ ᠵᠤᠷᠢᠵᠤ ᠬᠢᠭᠰᠡᠨ ᠡᠨᠡ ᠬᠦ᠌ ᠬᠤᠷᠠᠯ ᠪᠣᠯ ᠭᠤᠷᠪᠠᠳᠤᠭᠠᠷ ᠬᠤᠭᠤᠴᠠᠭᠠᠨ ᠤ᠋ ᠴᠡᠯᠡᠭᠡᠷ ᠲᠠᠯ᠎ᠠ ᠵᠢᠨ ᠰᠣᠶᠣᠯ ᠤ᠋ᠨ ᠨᠠᠢᠷ ᠵᠢᠴᠢ ᠬᠣᠷᠢᠨ ᠳᠥᠷᠪᠡᠳᠦᠭᠡᠷ ᠬᠤᠭᠤᠴᠠᠭᠠᠨ ᠤ᠋ ᠬᠥᠬᠡᠬᠣᠲᠠ ᠶ᠋ᠢᠨ ᠵᠤᠤ ᠵᠢᠶᠦ᠋ᠨ ᠰᠣᠶᠣᠯ ᠤ᠋ᠨ ᠨᠠᠢᠷ ᠤ᠋ᠨ ᠶᠠᠷᠢᠶᠠᠨ ᠤ᠋ ᠲᠠᠪᠴᠠᠩ ᠤ᠋ᠨ ᠴᠢᠬᠤᠯᠠ ᠠᠭᠤᠯᠭ᠎ᠠ ᠪᠣᠯᠤᠨ᠎ᠠ᠃

ᠲᠣᠰ ᠤᠳᠠᠭ᠎ᠠ ᠶ᠋ᠢᠨ ᠰᠤᠳᠤᠯᠤᠨ ᠶᠠᠷᠢᠯᠴᠠᠬᠤ ᠬᠤᠷᠠᠯ ᠳ᠋ᠦ ᠣᠷᠣᠯᠴᠠᠭ᠍ᠰᠠᠨ ᠲᠤᠰᠭᠠᠶ ᠮᠡᠷᠭᠡᠵᠢᠯᠲᠡᠨ ᠡᠷᠳᠡᠮᠲᠡᠳ ᠥᠨᠳᠥᠷ ᠲᠦᠪᠱᠢᠨ ᠪᠦᠬᠦᠢ ᠤᠤᠭᠠᠯ ᠡᠭᠦᠳᠦᠯᠲᠡ ᠶ᠋ᠢᠨ ᠴᠢᠨᠠᠷᠲᠠᠶ ᠰᠤᠳᠤᠯᠭᠠᠨ ᠤ᠋ ᠦᠷ᠎ᠡ ᠪᠦᠲᠦᠭᠡᠯ ᠵᠢᠡᠨ ᠳᠡᠪᠰᠢᠬᠦᠯᠤᠨ᠂ 15 ᠲᠥᠯᠥᠭᠡᠯᠡᠭ᠌ᠴᠢ ᠬᠤᠷᠠᠯ ᠳᠡᠭᠡᠷ᠎ᠡ ᠢᠯᠡᠳᠬᠡᠯ ᠬᠢᠵᠦ ᠰᠠᠨᠠᠯ ᠢ᠋ᠶ᠋ᠠᠨ ᠰᠣᠯᠢᠯᠴᠠᠵᠤ᠂ 《ᠤᠮᠠᠷᠠᠲᠤ ᠬᠢᠯᠢ ᠶ᠋ᠢᠨ ᠰᠣᠶᠣᠯ》 ᠤ᠋ᠨ ᠲᠤᠳᠤᠷᠠᠬᠢ ᠬᠥᠬᠡᠬᠣᠲᠠ ᠶ᠋ᠢᠨ ᠰᠣᠶᠣᠯ ᠤ᠋ᠨ ᠡᠭᠦᠰᠦᠯ᠂ ᠦᠷᠭᠦᠯᠵᠢᠯᠡᠯ ᠵᠢᠴᠢ ᠣᠳᠣᠬᠢ ᠪᠠᠢᠳᠠᠯ ᠤ᠋ᠨ ᠲᠣᠭᠣᠷᠢᠨ ᠳ᠋ᠦ ᠬᠥᠬᠡᠬᠣᠲᠠ ᠶ᠋ᠢᠨ ᠱᠢᠷᠢᠰ ᠰᠣᠶᠣᠯ ᠤ᠋ᠨ ᠲᠡᠦᠬᠡᠨ ᠣᠨᠴᠠᠯᠢᠭ ᠪᠠ ᠣᠲᠣ ᠦᠶ᠎ᠡ ᠶ᠋ᠢᠨ ᠠᠴᠢ ᠬᠣᠯᠪᠣᠭ᠍ᠳᠠᠯ ᠢ᠋ ᠵᠠᠳᠠᠯᠵᠤ᠂ 《ᠤᠮᠠᠷᠠᠲᠤ ᠬᠢᠯᠢ ᠶ᠋ᠢᠨ ᠰᠣᠶᠣᠯ》 ᠤ᠋ᠨ ᠭᠦᠨᠵᠡᠭᠡᠶ ᠠᠭᠤᠯᠤᠭ᠍ᠳᠠᠬᠤᠨ ᠢ᠋ ᠰᠤᠳᠤᠯᠤᠨ ᠶᠠᠷᠢᠯᠴᠠᠵᠠᠢ᠃ ᠲᠣᠰ ᠬᠤᠷᠠᠯ ᠢ᠋ ᠠᠮᠵᠢᠯᠲᠠ ᠲᠠᠶ ᠡᠷᠭᠢᠯᠡᠭ᠌ᠰᠡᠨ ᠨᠢ ᠬᠦᠬᠡᠬᠤᠳᠠ ᠶ᠋ᠢᠨ ᠰᠣᠶᠣᠯ ᠵᠢᠭᠤᠯᠴᠢᠯᠠᠯ ᠤ᠋ᠨ ᠴᠢᠨᠠᠷ ᠰᠠᠢᠲᠠᠶ ᠬᠥᠭ᠌ᠵᠢᠯᠲᠡ ᠳ᠋ᠦ ᠬᠦᠴᠦᠨ ᠨᠡᠮᠡᠷᠢᠯᠡᠵᠦ᠍᠂ ᠬᠥᠬᠡᠬᠣᠲᠠ ᠶ᠋ᠢᠨ ᠬᠣᠲᠠ ᠶ᠋ᠢᠨ ᠭᠠᠵᠠᠷ ᠵᠦᠶ᠂ ᠰᠣᠶᠣᠯ ᠤ᠋ᠨ ᠪᠡᠯᠭᠡ ᠲᠡᠮᠳᠡᠭ ᠢ᠋ ᠲᠡᠭᠦᠯᠳᠡᠷᠵᠢᠭᠦᠯᠤᠨ᠂ ᠰᠣᠶᠣᠯ ᠤ᠋ᠨ ᠡᠬᠢ ᠪᠠᠶᠠᠯᠢᠭ ᠢ᠋ ᠰᠣᠶᠣᠯ ᠤ᠋ᠨ ᠠᠵᠤ ᠦᠢᠯᠡᠰ ᠤ᠋ᠨ ᠬᠥᠭ᠌ᠵᠢᠯᠲᠡ ᠶ᠋ᠢᠨ ᠱᠢᠨ᠎ᠡ ᠬᠥᠳᠡᠯᠭᠡᠭᠦᠷ ᠪᠣᠯᠭᠠᠨ ᠬᠤᠪᠢᠷᠠᠭᠤᠯᠵᠤ᠂ ᠰᠣᠶᠣᠯ ᠵᠢᠭᠤᠯᠴᠢᠯᠠᠯ ᠤ᠋ᠨ ᠭᠦᠨᠵᠡᠭᠡᠢ ᠠᠭᠤᠰᠤᠯᠴᠠᠯ ᠢ᠋ ᠠᠬᠢᠭᠤᠯᠤᠨ᠂ ᠱᠢᠨ᠎ᠡ ᠴᠠᠭ ᠦᠶ᠎ᠡ ᠶ᠋ᠢᠨ ᠬᠥᠬᠡᠬᠣᠲᠠ ᠶ᠋ᠢᠨ 《ᠤᠮᠠᠷᠠᠲᠤ ᠬᠢᠯᠢ ᠶ᠋ᠢᠨ ᠰᠣᠶᠣᠯ》 ᠤ᠋ᠨ ᠦᠯᠢᠭᠡᠷ ᠢ᠋ ᠰᠠᠢᠲᠤᠷ ᠶᠠᠷᠢᠬᠤ ᠳ᠋ᠦ ᠯᠠᠪᠳᠠᠭᠤᠨ ᠪᠠᠲᠤᠲᠠᠢ ᠤᠨᠤᠯ ᠤ᠋ᠨ ᠰᠠᠭᠤᠷᠢ ᠲᠠᠯᠪᠢᠵᠤ ᠦᠭᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号