ᠰᠢᠩ ᠡᡁᠸ ᠰᠢᠶᠠᠨ᠄ ᠪᠣᠬᠢᠷᠲᠤᠯ ᠥᠬᠡᠶ ᠬᠠᠯᠬᠠᠪᠴᠢ ᠵᠢ ᠪᠠᠲᠤ ᠴᠣᠭ᠍ᠴᠠᠯᠠᠵᠤ ᠠᠮᠢ ᠠᠬᠤᠶ ᠵᠢᠨ ᠬᠠᠷᠢᠭᠤᠯᠲᠠ ᠵᠢᠨ ᠬᠠᠭᠤᠳᠠᠰᠤ ᠵᠢ ᠪᠢᠴᠢᠭ᠌ᠯᠡᠨ᠎ᠡ
2023-10-02 12:51:52
ᠵᠣᠬᠢᠶᠠᠭ᠍ᠴᠢ᠄
ᠬᠤᠸᠠᠩ ᠹᠦ᠋ ᠮᠧᠶ ᠱᠢᠶᠠᠨ
ᠣᠩᠱᠢᠭ᠍ᠰᠠᠨ ᠣᠳᠠᠭ᠎ᠠ᠄
★★★☆☆

ᠳᠡᠯᠭᠡᠷ ᠵᠣᠨ ᠤ᠋ ᠤᠯᠠᠷᠢᠯ ᠳ᠋ᠦ ᠤᠯᠠᠭᠠᠨᠴᠠᠪ ᠬᠣᠲᠠ ᠵᠢᠨ ᠱᠢᠩ ᠾᠧ ᠱᠢᠶᠠᠨ ᠤ᠋ ᠰᠤᠮᠤᠨ ᠠᠭᠤᠯᠠ ᠪᠡᠷ ᠦᠩᠭᠡᠷᠡᠬᠦ᠎ᠳᠦ᠂ ᠠᠭᠤᠯᠠ ᠲᠠᠯ᠎ᠠ ᠬᠥᠬᠡᠷᠡᠨ ᠨᠣᠭᠣᠭᠠᠷᠠᠵᠤ᠂ ᠢᠳᠡᠷᠡᠭᠦᠨ ᠨᠠᠷᠠᠰᠤ ᠡᠭᠦᠯᠡᠨ᠎ᠡ ᠱᠢᠷᠭᠤᠯᠠᠨ᠎ᠡ᠂ ᠡᠷᠬᠢᠨ ᠲᠣᠭᠣᠷᠢᠨ ᠤ᠋ 10 ᠭᠠᠷᠤᠶ ᠺᠢᠯᠣᠮᠧᠲ᠋ᠷ ᠤ᠋ᠨ ᠦᠶᠡᠯᠵᠡᠨ ᠰᠦᠨᠳᠡᠷᠯᠡᠬᠦ ᠠᠭᠤᠯᠠ ᠳᠣᠪᠣᠴᠠᠭ ᠢ᠋ ᠬᠠᠷᠠᠬᠤᠶ᠎ᠠ᠂ ᠬᠠᠷᠭᠠᠢ ᠵᠢᠨ ᠤᠢ ᠨᠤᠮᠢᠨ ᠳᠣᠯᠭᠢᠶᠠᠨ ᠬᠠᠶᠠᠯᠠᠵᠦ᠂ ᠮᠤᠷᠤᠯᠵᠠᠨ ᠰᠤᠨᠤᠯᠵᠠᠭ᠍ᠰᠠᠨ ᠨᠣᠮᠢᠨ ᠨᠣᠭᠣᠭᠠᠨ 《ᠣᠷᠳᠣ ᠴᠠᠭᠠᠨ ᠬᠡᠷᠡᠮ》 ᠡᠮᠦᠨ᠎ᠡ ᠤᠮᠠᠷ᠎ᠠ ᠵᠢ ᠬᠥᠨᠳᠡᠯᠢᠰᠴᠦ᠍᠂ ᠪᠡᠭᠡᠵᠢᠩ ᠲᠢᠶᠠᠨᠵᠢᠨ ᠾᠸᠪᠸᠢ ᠴᠢᠨᠠᠭ᠍ᠰᠢᠯᠠᠪᠠᠯ ᠤᠮᠠᠷᠠᠲᠤ ᠣᠷᠣᠨ ᠢ᠋ ᠪᠡᠬᠢᠯᠡᠨ ᠬᠠᠮᠠᠭᠠᠯᠠᠨ᠎ᠠ᠃

ᠤᠯᠠᠪᠤᠷ ᠥᠩᠭᠡ ᠲᠠᠢ ᠠᠵᠢᠯ ᠤ᠋ᠨ ᠬᠤᠪᠴᠠᠰᠤ ᠬᠡᠳᠦᠷᠦᠭᠰᠡᠨ ᠠᠵᠢᠯᠴᠢᠳ ᠤ᠋ᠨ ᠵᠠᠷᠢᠮ ᠨᠢ ᠤᠴᠤᠢᠵᠦ ᠵᠠᠷᠢᠮ ᠨᠢ ᠵᠤᠭᠰᠤᠨ᠂ ᠣᠶ ᠮᠣᠳᠣ ᠪᠡᠨ ᠠᠷᠠᠴᠢᠯᠠᠨ ᠬᠠᠮᠠᠭᠠᠯᠠᠵᠦ᠂ ᠮᠤᠳᠤᠨ ᠤ᠋ ᠬᠣᠷᠣᠬᠠᠶ᠎ᠵᠢ ᠠᠷᠢᠯᠭᠠᠨ᠂ ᠮᠣᠳᠣᠨ ᠤ᠋ ᠤᠷᠭᠤᠴᠠ᠎ᠵᠢᠨ ᠪᠠᠢᠳᠠᠯ᠎ᠢ ᠬᠡᠮᠵᠢᠨ ᠶᠠᠭᠠᠷᠠᠯᠳᠤᠨ᠎ᠠ᠂ ᠳᠡᠳᠡ ᠤᠳᠠᠭᠠᠨ ᠵᠢᠯ᠎ᠤᠨ ᠳᠤᠷᠰᠢ ᠬᠦᠴᠦ ᠬᠥᠯᠥᠰᠥ  ᠪᠡᠨ ᠰᠢᠪᠬᠠᠨ ᠡᠨᠡ ᠬᠦ᠌ ᠰᠦᠷᠯᠢᠭ ᠠᠭᠤᠯᠠ ᠪᠡᠨ ᠰᠠᠬᠢᠨ ᠬᠠᠮᠠᠭᠠᠯᠠᠭᠰᠠᠭᠠᠷ ᠢᠷᠡᠵᠠᠢ᠃

《 ᠪᠢᠳᠡ ᠣᠲᠣ ᠶᠠᠭ ᠬᠤᠤᠷ ᠪᠠᠭ᠎ᠠ ᠪᠤᠬᠢᠷᠳᠦᠯ ᠥᠬᠡᠶ ᠮᠠᠲᠷᠢᠨ (ᠤᠷᠭᠤᠮᠠᠯ ᠤ᠋ᠨ ᠢᠷᠡᠯᠲᠡ) ᠤ᠋ ᠤᠳᠤᠭ᠎ᠠ ᠪᠡᠷ ᠣᠶ ᠱᠢᠭᠤᠶ ᠵᠢᠨ ᠬᠣᠷᠣᠬᠠᠶ ᠵᠢᠨ ᠬᠥᠨᠥᠭᠡᠯ ᠢ᠋ ᠰᠡᠷᠭᠡᠢᠯᠡᠨ ᠵᠠᠰᠠᠵᠤ ᠪᠠᠢᠨ᠎ᠠ᠂  ᠶᠡᠷᠦ᠍ ᠎ᠳᠡᠭᠡᠨ ᠡᠳᠦᠷ ᠪᠦᠷᠢ ᠵᠢᠨ ᠥᠷᠯᠥᠭᠡ ᠦᠳᠡᠰᠢ ᠵᠢᠨ ᠦᠶ᠎ᠡ᠎ᠪᠡᠷ ᠤᠳᠤᠭ᠎ᠠ ᠲᠠᠯᠪᠢᠨ ᠰᠡᠷᠭᠡᠢᠯᠡᠨ ᠵᠠᠰᠠᠨ᠎ᠠ᠂ ᠲᠣᠰ ᠠᠷᠭ᠎ᠠ ᠨᠢ ᠡᠯ᠎ᠡ ᠵᠦᠶ᠋ᠯ ᠤ᠋ᠨ ᠬᠦᠨᠦᠭᠡᠯᠳᠦ ᠬᠣᠷᠣᠬᠠᠶ ᠵᠢᠨ 2 ᠡᠴᠡ 3 ᠨᠠᠰᠤᠨ ᠤ᠋ ᠠᠪᠠᠭᠠᠯᠳᠠᠶ ᠵᠢᠨ  ᠬᠤᠭᠤᠴᠠᠭᠠᠨ᠎ᠳᠦᠨᠢ ᠰᠡᠷᠭᠡᠢᠯᠡᠨ ᠵᠠᠰᠠᠪᠠᠯ ᠦᠷ᠎ᠡ ᠳ᠋ᠦᠩ ᠨᠢ ᠰᠠᠢᠨ ᠪᠠᠢᠳᠠᠭ》 ᠭᠡᠵᠦ᠍ ᠰᠤᠮᠤᠨ ᠠᠭᠤᠯᠠ ᠣᠶ ᠱᠢᠭᠤᠶ ᠵᠢᠨ ᠲᠠᠯᠠᠪᠠᠶ ᠵᠢᠨ ᠳᠡᠭᠡᠳᠦ ᠵᠡᠷᠭᠡ᠎ᠵᠢᠨ ᠮᠠᠰᠲᠸᠷ ᠯᠢ ᠶᠦᠩ ᠯᠸ ᠤᠳᠤᠭ᠎ᠠ ᠲᠠᠯᠪᠢᠬᠤ ᠵᠢᠨ ᠳᠠᠭᠠᠤ ᠰᠤᠷᠪᠤᠯᠵᠢᠯᠠᠭ᠍ᠴᠢ ᠳ᠋ᠦ ᠲᠠᠢᠯᠪᠤᠷᠢᠯᠠᠨ ᠶᠠᠷᠢᠵᠦ ᠪᠠᠢᠯ᠎ᠠ᠃

ᠱᠠᠨ ᠰᠢ ᠥᠪᠥᠷ ᠮᠣᠩᠭᠣᠯ ᠾᠧᠪᠧᠶ ᠣᠷᠣᠨ ᠤ᠋ ᠠᠭᠤᠯᠵᠠᠷ ᠲᠦ᠍ ᠪᠠᠢᠷᠢᠯᠠᠵᠤ ᠪᠠᠢᠭ᠎ᠠ ᠱᠢᠩ ᠾᠧ ᠱᠢᠶᠠᠨ ᠤ᠋ ᠰᠤᠮᠤᠨ ᠠᠭᠤᠯᠠ ᠪᠤᠯ ᠤᠮᠠᠷᠠᠲᠤ ᠣᠷᠣᠨ ᠤ᠋ ᠴᠢᠬᠤᠯᠠ ᠠᠮᠢ ᠠᠬᠤᠶ ᠵᠢᠨ ᠬᠠᠯᠬᠠᠪᠴᠢ ᠪᠤᠯᠤᠨ᠎ᠠ᠃ 20 ᠳ᠋ᠤᠭᠠᠷ ᠵᠠᠭᠤᠨ ᠤ᠋ ᠲᠠᠪᠢᠭᠠᠳ ᠣᠨ ᠤ᠋ ᠰᠤᠮᠤᠨ ᠠᠭᠤᠯᠠᠨ ᠳ᠋ᠦ 《ᠬᠠᠪᠤᠷ ᠰᠠᠯᠬᠢ ᠰᠠᠯᠬᠢᠯᠠᠨ ᠡᠯᠡᠰᠦᠨ ᠰᠢᠭᠤᠷᠭ᠎ᠠ ᠳᠡᠭᠳᠡᠵᠦ᠂ ᠲᠠᠤᠯᠠᠢ ᠪᠠᠭᠠᠬᠤ ᠦᠭᠡᠢ ᠲᠤᠭᠤᠳᠠᠭ ᠰᠠᠭᠤᠬᠤ ᠦᠭᠡᠢ》 ᠡᠵᠡᠭᠦᠶ ᠦᠵᠡᠭ᠌ᠳᠡᠯ ᠢᠯᠡᠷᠡᠵᠠᠢ᠃ ᠲᠤᠬᠠᠶ ᠵᠢᠨ ᠦᠶ᠎ᠡ ᠵᠢᠨ ᠰᠤᠮᠤᠨ ᠠᠭᠤᠯᠠᠨ ᠳ᠋ᠦ ᠭᠠᠵᠠᠷ ᠰᠠᠢ ᠦᠭᠡᠢ ᠡᠵᠡᠬᠦᠢ ᠠᠭᠤᠯᠠ ᠬᠤᠪᠠᠬᠠᠶ ᠳᠠᠪᠠᠭ᠎ᠠ ᠦᠷᠬᠦᠯᠵᠢᠯᠡᠨ᠂ ᠠᠮᠢ ᠠᠬᠤᠶ ᠣᠷᠴᠢᠨ ᠲᠣᠭᠣᠷᠢᠨ ᠲᠤᠢᠯ ᠤ᠋ᠨ ᠮᠠᠭᠤ ᠪᠠᠢᠪᠠ᠃

1958 ᠣᠨ ᠳ᠋ᠦ᠂ 18 ᠨᠠᠰᠤᠲᠠᠢ ᠳ᠋ᠦᠩ ᠬᠣᠩ ᠷᠦ ᠰᠠᠶᠢᠬᠠᠨ ᠬᠤᠷᠢᠮᠯᠠᠭ᠍ᠰᠠᠨ ᠡᠬᠡᠨᠡᠷ ᠡᠴᠡ ᠪᠡᠨ ᠠᠶᠠᠷᠯᠠᠨ ᠠᠶᠠᠨ ᠤ᠋ ᠪᠣᠭ᠍ᠴᠣ ᠪᠡᠨ ᠡᠭᠦᠷᠴᠦ᠍᠂ 45 ᠺᠢᠯᠤᠮᠸᠲᠷ ᠶᠠᠪᠠᠭᠠᠨ ᠵᠠᠮᠨᠠᠵᠦ ᠰᠤᠮᠤᠨ ᠠᠭᠤᠯᠠᠨ ᠳ᠋ᠦ ᠬᠦᠷᠪᠡ᠂ ᠲᠡᠷᠡ ᠬᠦ᠌ ᠮᠦᠴᠡ ᠡᠴᠡ ᠡᠬᠢᠯᠡᠨ ᠡᠳᠦᠷ ᠪᠦᠷᠢ ᠲᠠᠯᠠ ᠨᠠᠶᠠᠨ ᠵᠢᠩ ᠬᠦᠨᠳᠦ ᠴᠢᠬᠢ ᠮᠣᠳᠣ ᠪᠤᠯᠤᠨ ᠤᠰᠤᠨ ᠰᠠᠪᠠ ᠪᠡᠨ ᠡᠭᠦᠷᠴᠦ᠍ ᠤᠢᠵᠢᠭᠤᠯᠤᠯᠳᠠ᠎ᠵᠢᠨ ᠠᠶᠠᠨ᠎ᠵᠢᠡᠨ ᠡᠬᠢᠯᠡᠬᠦᠯᠦᠭᠰᠡᠨ ᠠᠵᠢ᠃ ᠠᠩᠬ᠎ᠠ ᠡᠬᠢᠯᠡᠬᠦ᠎ᠳᠦ ᠤᠯᠠᠨ ᠵᠢᠡᠷ ᠵᠢᠡᠨ ᠰᠤᠮᠤᠨ ᠠᠭᠤᠯᠠᠨ ᠳ᠋ᠦ ᠶᠠᠭᠤ ᠲᠠᠷᠢᠪᠠᠯ ᠳᠤᠬᠢᠷᠠᠮᠵᠢᠳᠠᠢ ᠡᠰᠡᠬᠦ ᠵᠢ ᠮᠡᠳᠡᠬᠦ᠌ ᠦᠭᠡᠢ ᠪᠤᠯᠬᠣᠷ ᠤᠷᠳᠤ ᠬᠤᠭᠤᠴᠠᠭᠠᠨ᠎ᠤ ᠬᠠᠢᠨ ᠰᠦᠪᠡᠭᠴᠢᠯᠡᠬᠦ ᠵᠠᠮ᠎ᠵᠢᠡᠨ ᠡᠯᠬᠦᠵᠠᠢ᠃ ᠤᠯᠢᠶᠠᠰᠤ ᠲᠤᠷᠰᠢᠨ ᠲᠠᠷᠢᠯ᠎ᠠ᠂ ᠤᠷᠭᠤᠬᠤ ᠥᠬᠡᠶ! ᠬᠤᠰᠤ ᠲᠠᠷᠢᠯ᠎ᠠ᠂ ᠤᠷᠭᠤᠬᠤ ᠥᠬᠡᠶ! ᠬᠦᠶ᠋ᠯᠡᠰᠦᠨ ᠮᠣᠳᠣ ᠲᠠᠷᠢᠯ᠎ᠠ᠂ ᠤᠷᠭᠤᠬᠤ ᠥᠬᠡᠶ! ᠬᠠᠢᠯᠠᠰᠤᠨ ᠮᠣᠳᠣ ᠲᠠᠷᠢᠵᠦ ᠦᠵᠡᠯ᠎ᠡ᠂ ᠮᠦᠨ ᠯᠠ ᠤᠷᠭᠤᠬᠤ ᠦᠭᠡᠢ! ᠠᠮᠢ ᠴᠦᠯᠡᠨ ᠲᠡᠮᠡᠴᠡᠵᠦ᠍᠂ ᠣᠶᠤᠨ ᠤᠬᠠᠭᠠᠨ ᠵᠢᠡᠨ ᠱᠢᠪᠬᠠᠨ ᠪᠠᠢᠵᠦ ᠲᠠᠷᠢᠭᠰᠠᠨ ᠎ᠤ ᠡᠴᠦᠰ ᠲᠦ᠍ ᠬᠤᠪᠬᠠᠢᠷᠠᠨ ᠰᠢᠷᠠᠯᠠᠬᠤ ᠳᠠᠪᠢᠯᠠᠩ ᠡᠴᠡ ᠮᠤᠯᠳᠤᠷᠴᠤ ᠴᠢᠳᠠᠭᠰᠠᠨ ᠦᠭᠡᠢ᠂ ᠴᠦᠮ ᠲᠠᠯᠠᠭᠠᠷ ᠪᠤᠯᠪᠠ᠃ 1965 ᠣᠨ ᠤ᠋ ᠬᠠᠪᠤᠷ᠂ ᠳ᠋ᠦᠩ ᠬᠣᠩ ᠷᠦ᠋ ᠲᠤᠬᠠᠢ ᠵᠢᠨ ᠭᠠᠵᠠᠷ ᠲᠦ᠍ ᠪᠡᠨ ᠲᠤᠬᠢᠷᠠᠬᠤ ᠤᠮᠠᠷᠠᠲᠤ ᠣᠷᠣᠨ ᠤ᠋ ᠬᠠᠷᠭᠠᠶ ᠵᠢ ᠪᠣᠢᠵᠢᠭᠤᠯᠪᠠ᠃ ᠣᠯᠠᠨ ᠵᠢᠯ ᠤ᠋ᠨ ᠴᠢᠷᠮᠠᠢᠯᠭ᠎ᠠ ᠪᠡᠷ ᠳᠠᠮᠵᠢᠨ᠂ 1980 ᠣᠨ ᠪᠤᠯᠬᠤ ᠳ᠋ᠦ ᠰᠤᠮᠤᠨ ᠠᠭᠤᠯᠠ ᠣᠢ ᠱᠢᠭᠤᠢ ᠵᠢᠨ ᠲᠠᠯᠠᠪᠠᠢ ᠳ᠋ᠦ ᠤᠮᠠᠷᠠᠲᠤ ᠣᠷᠣᠨ ᠤ᠋ 10 ᠲᠦᠮᠡᠨ ᠮᠤ᠌ ᠬᠠᠷᠭᠠᠢ ᠵᠢ ᠵᠠᠢᠯᠠᠵᠤ ᠤᠷᠭᠤᠭᠤᠯᠤᠭᠠᠳ ᠡᠳᠡᠭᠡᠷᠡᠯᠲᠡ ᠵᠢᠨ ᠨᠣᠷᠮ᠎ᠠ ᠨᠢ ᠳᠤᠮᠳᠠᠴᠢ ᠪᠡᠷ 85% ᠡᠴᠡ ᠳᠡᠭᠡᠭ᠌ᠰᠢ᠎ᠳᠦ ᠬᠦᠷᠪᠡ᠃

ᠳ᠋ᠦᠩ ᠬᠣᠩ ᠷᠦ ᠨᠠᠰᠤᠲᠠᠨ ᠤ᠋ ᠭᠡᠷ᠎ᠲᠦ ᠣᠷᠣᠬᠤ ᠳ᠋ᠦ ᠬᠠᠨ᠎ᠠ ᠳᠦᠬᠦᠷᠡᠩ ᠡᠯᠭᠦᠭᠡᠰᠦᠳᠠᠢ ᠰᠤᠮᠤᠨ ᠠᠭᠤᠯᠠᠨ ᠤ᠋ ᠭᠡᠷᠡᠯ ᠵᠢᠷᠤᠭ ᠶᠠᠭᠤᠨ᠎ᠤ ᠡᠮᠦᠨ᠎ᠡ ᠬᠦᠮᠦᠰ᠎ᠤᠨ ᠬᠠᠷᠠᠭᠠᠨ᠎ᠠ ᠳᠤᠳᠤᠷᠠᠨ᠎ᠠ᠃ ᠳ᠋ᠦᠩ ᠬᠣᠩ ᠷᠦ ᠨᠠᠰᠤᠲᠠᠨ ᠲᠧᠯᠸᠢᠰ ᠤ᠋ᠨ᠎ᠵᠢᠡᠨ ᠡᠮᠦᠨ᠎ᠡ ᠰᠠᠭᠤᠵᠤ ᠂ ᠶᠡᠷᠦᠩᠬᠡᠶ ᠱᠦᠵᠢ ᠰᠢ ᠵᠢᠨ ᠫᠢᠩ ᠤ᠋ᠨ ᠥᠪᠥᠷ ᠮᠣᠩᠭᠣᠯ ᠤ᠋ᠨ ᠪᠠᠶᠠᠨᠨᠠᠭᠤᠷ ᠬᠣᠲᠠ ᠳ᠋ᠦ ᠱᠢᠨᠵᠢᠯᠡᠨ ᠪᠠᠢᠴᠠᠭᠠᠵᠦ ᠪᠠᠢᠭ᠎ᠠ ᠮᠡᠳᠡᠭᠡᠯᠡᠯ ᠢ᠋ ᠬᠢᠨᠠᠮᠠᠭᠠᠢ ᠦᠵᠡᠨ᠎ᠡ᠃ 《ᠶᠡᠷᠦᠩᠬᠡᠢ ᠱᠦᠵᠢ ᠮᠠᠨ ᠤ᠋ ᠰᠤᠮᠤᠨ ᠠᠭᠤᠯᠠ ᠤᠢ ᠱᠢᠭᠤᠢ ᠵᠢᠨ ᠲᠠᠯᠠᠪᠠᠢ ᠳ᠋ᠦ ᠢᠷᠡᠵᠦ᠍ ᠂ ᠡᠨᠳᠡᠬᠢ ᠰᠠᠢ᠌ᠨ ᠰᠠᠢᠬᠠᠨ ᠠᠮᠢ ᠠᠬᠤᠢ᠎ᠵᠢᠨ ᠣᠷᠴᠢᠨ ᠲᠣᠭᠣᠷᠢᠨ ᠢ᠋ ᠪᠠᠢᠴᠠᠭᠠᠨ ᠦᠵᠡᠬᠦ᠌ ᠵᠢ ᠶᠡᠬᠡᠳᠡ ᠬᠦᠰᠡᠵᠦ᠍ ᠪᠠᠢᠨ᠎ᠠ᠂ ᠶᠡᠷᠦᠩᠬᠡᠢ ᠱᠦᠵᠢ ᠵᠢᠨ ᠴᠢᠬᠤᠯᠠ ᠶᠠᠷᠢᠶ᠎ᠠ ᠨᠢ ᠬᠥᠮᠦᠰ ᠤ᠋ᠨ ᠰᠡᠳᠬᠢᠯ᠎ᠢ ᠵᠣᠷᠢᠭ᠍ᠵᠢᠭᠤᠯᠤᠨ᠂ ᠤᠷᠮ᠎ᠠ ᠵᠤᠷᠢᠭ᠎ᠢ ᠬᠦᠪᠴᠢᠯᠡᠨ᠎ᠡ᠃ ᠬᠤᠢᠰᠢᠳᠠ ᠮᠠᠨ ᠤ᠋ ᠰᠤᠮᠤᠨ ᠠᠭᠤᠯᠠ ᠣᠶ ᠱᠢᠭᠤᠶ ᠵᠢᠨ ᠲᠠᠯᠠᠪᠠᠶ ᠵᠢᠨ ᠬᠥᠮᠦᠰ ᠪᠣᠬᠢᠷᠲᠤᠯ ᠥᠬᠡᠶ ᠣᠢᠯᠠᠭᠠᠭ᠍ᠳᠠᠬᠤᠨ ᠢ᠋ ᠣᠢᠵᠢᠭᠤᠯᠤᠯᠲᠠ᠂ ᠣᠶ ᠱᠢᠭᠤᠶ ᠵᠢᠨ ᠬᠠᠮᠠᠭᠠᠯᠠᠯᠲᠠ᠂ ᠤᠢ ᠰᠢᠭᠤᠢ᠎ᠵᠢᠨ ᠠᠰᠢᠬᠯᠠᠯᠳᠠ ᠵᠢᠨ ᠪᠥᠬᠥ᠌ ᠶᠠᠪᠤᠴᠠ ᠳ᠋ᠦ ᠲᠤᠭᠤᠱᠢᠯᠠᠭᠤᠯᠵᠤ᠂ ᠪᠣᠳᠠᠲᠤ ᠠᠵᠢᠯᠯᠠᠭ᠎ᠠ ᠪᠡᠷ ᠵᠢᠡᠨ ᠬᠥᠬᠡᠮᠳᠦᠭ ᠨᠣᠭᠣᠭᠠᠨ ᠠᠭᠤᠯᠠ ᠤᠰᠤ ᠪᠤᠯ ᠲᠠᠷᠤᠢ ᠠᠯᠲᠠ ᠮᠥᠩᠭᠥᠨ ᠠᠭᠤᠯᠠ ᠮᠥᠨ ᠭᠡᠬᠦ᠌ ᠣᠢᠯᠠᠭᠠᠭ᠍ᠳᠠᠬᠤᠨ ᠢ᠋ ᠦᠢᠯᠡᠳᠦᠯᠭᠡᠵᠢᠬᠦᠯᠦᠨ᠎ᠡ》 ᠭᠡᠵᠦ᠍ ᠳ᠋ᠦᠩ ᠬᠣᠩ ᠷᠦ᠋ ᠰᠡᠳᠭᠢᠯ ᠳᠣᠭ᠍ᠳᠣᠯᠤᠨ ᠬᠡᠯᠡᠨ᠎ᠡ᠃

ᠣᠳᠣᠬᠠᠨ ᠳ᠋ᠦ ᠰᠤᠮᠤᠨ ᠠᠭᠤᠯᠠ ᠣᠶ ᠱᠢᠭᠤᠶ ᠵᠢᠨ ᠲᠠᠯᠠᠪᠠᠶ ᠵᠢᠨ ᠶᠡᠷᠦᠩᠬᠡᠶ ᠲᠠᠯᠠᠪᠠᠶ᠎ᠨᠢ 20.5 ᠲᠦᠮᠡᠨ ᠮᠥ᠍᠂ ᠣᠶ ᠱᠢᠭᠤᠶ ᠵᠢᠨ ᠪᠦᠷᠬᠦᠴᠡ ᠵᠢᠨ ᠨᠣᠷᠮ᠎ᠠ᠎ᠨᠢ 74.8% ᠎ᠳ᠋ᠤ ᠬᠦᠷᠴᠦ᠍᠂ ᠠᠮᠢ ᠠᠬᠤᠶ ᠵᠢᠨ ᠥᠷᠲᠡᠭ᠎ᠨᠢ 50 ᠭᠠᠷᠤᠶ ᠳ᠋ᠦᠩᠱᠢᠭᠤᠷ ᠲᠥᠭᠥᠷᠢᠭ᠎ᠲᠦ ᠬᠥᠷᠬᠥ᠌ ᠵᠣᠬᠢᠶᠠᠮᠠᠯ ᠣᠶ ᠱᠢᠭᠤᠶ ᠲᠠᠢ ᠪᠤᠯᠵᠠᠢ᠂ ᠰᠤᠮᠤᠨ ᠠᠭᠤᠯᠠ ᠵᠢᠯ ᠪᠦᠷᠢ ᠤᠰᠤᠨ ᠤ᠋ ᠡᠬᠢ ᠰᠤᠷᠪᠤᠯᠵᠢ ᠵᠢ ᠬᠠᠳᠠᠭᠠᠯᠠᠬᠤ᠂ ᠬᠥᠷᠥᠰᠥ᠍ ᠱᠢᠷᠣᠶ ᠵᠢ ᠬᠠᠮᠠᠭᠠᠯᠠᠬᠤ᠂ ᠨᠡᠭᠦᠷᠡᠰᠦᠲᠥ᠋ᠷᠥᠭ᠌ᠴᠢ ᠵᠢ ᠲᠣᠭ᠍ᠲᠠᠪᠤᠷᠢᠵᠢᠭᠤᠯᠤᠨ ᠬᠦᠴᠢᠯᠲᠥ᠋ᠷᠥᠭ᠌ᠴᠢ ᠵᠢ ᠢᠯᠭᠠᠷᠠᠭᠤᠯᠬᠤ᠂ ᠣᠶ ᠱᠢᠭᠤᠶ ᠳ᠋ᠦ ᠵᠤᠭᠠᠴᠠᠨ ᠠᠮᠠᠷᠠᠬᠤ ᠵᠡᠷᠭᠡ ᠲᠠᠯ᠎ᠠ ᠪᠡᠷ ᠬᠠᠩᠭᠠᠭ᠍ᠰᠠᠨ ᠠᠮᠢ ᠠᠬᠤᠶ ᠵᠢᠨ ᠦᠶ᠋ᠯᠡᠴᠢᠯᠡᠭᠡᠨ᠎ᠦ ᠥᠷᠲᠡᠭ᠎ᠨᠢ 2.67 ᠳ᠋ᠦᠩᠱᠢᠭᠤᠷ ᠲᠥᠭᠥᠷᠢᠭ᠎ᠲᠦ ᠬᠦᠷᠪᠡ᠃

ᠴᠦᠯᠯᠡᠷᠭᠡᠭ᠌ᠵᠢᠯ ᠪᠤᠯ ᠬᠥᠮᠦᠨ ᠲᠥᠷᠥᠯᠬᠢᠲᠡᠨ᠎ᠦ ᠣᠷᠣᠱᠢᠯ ᠲᠣᠭ᠍ᠲᠠᠨᠢᠯ ᠪᠠ ᠬᠥᠭ᠌ᠵᠢᠯᠲᠡ ᠵᠢ ᠨᠥᠯᠥᠭᠡᠯᠡᠬᠦ᠌ ᠪᠦᠬᠦ᠌ ᠪᠥᠮᠪᠥᠷᠴᠡᠭ ᠤ᠋ᠨ ᠴᠢᠨᠠᠷᠲᠠᠢ ᠴᠢᠬᠤᠯᠠ ᠶᠡᠬᠡ ᠠᠮᠢ ᠠᠬᠤᠢ ᠵᠢᠨ ᠠᠰᠠᠭᠤᠳᠠᠯ ᠪᠤᠯᠤᠨ᠎ᠠ᠃ ᠱᠢᠩ ᠡᡁᠸ ᠱᠢᠶᠠᠨ ᠳ᠋ᠦ ᠠᠪᠴᠤ᠌ ᠬᠡᠯᠡᠪᠡᠯ᠂ ᠪᠡᠭᠡᠵᠢᠩ ᠲᠢᠶᠠᠨᠵᠢᠨ ᠡᡁᠸᠪᠸᠢ ᠣᠷᠣᠨ ᠤ᠋ ᠡᠯᠡᠰᠦ ᠰᠠᠯᠬᠢ᠎ᠵᠢ ᠬᠤᠷᠢᠭᠯᠠᠬᠤ ᠤᠰᠤᠨ ᠤ᠋ ᠰᠤᠷᠪᠤᠯᠵᠢ ᠵᠢ ᠬᠠᠮᠠᠭᠠᠯᠠᠬᠤ ᠣᠨᠴᠠᠭᠠᠢ ᠡᠭᠦᠷᠭᠡ ᠵᠢ ᠡᠭᠦᠷᠭᠡᠯᠡᠵᠦ᠍ ᠪᠠᠢᠨ᠎ᠠ᠃ ᠣᠢᠷ᠎ᠠ ᠵᠢᠨ ᠵᠢᠯ᠎ᠦᠳ᠎ᠲᠦ᠂ ᠱᠢᠩ ᠾᠧ ᠱᠢᠶᠠᠨ ᠢᠮᠠᠭ᠍ᠲᠠ ᠬᠥᠷᠥᠰᠥ᠍ ᠱᠢᠷᠣᠶ ᠵᠢ ᠬᠠᠮᠠᠭᠠᠯᠠᠬᠤ ᠠᠵᠢᠯ ᠢ᠋ ᠰᠠᠢᠲᠤᠷ ᠬᠢᠬᠦ᠌ ᠵᠢ ᠴᠦᠯᠯᠡᠷᠭᠡᠭ᠌ᠵᠢᠯ ᠢ᠋ ᠰᠡᠷᠭᠡᠢᠯᠡᠨ ᠵᠠᠰᠠᠬᠤ ᠴᠢᠬᠤᠯᠠ ᠭᠠᠷᠳᠠᠴᠠ ᠪᠤᠯᠭᠠᠵᠤ᠂ ᠬᠣᠲᠠ ᠪᠠᠯᠭᠠᠰᠤ ᠬᠥᠳᠡᠭᠡ ᠲᠣᠰᠭᠣᠨ ᠵᠢᠡᠷ ᠴᠡᠭ ᠪᠤᠯᠭᠠᠵᠤ᠂ ᠬᠣᠲᠠ ᠬᠥᠳᠡᠭᠡ ᠵᠢᠨ ᠵᠠᠮ᠂ ᠰᠠᠪᠠ ᠭᠠᠵᠠᠷ᠂ ᠰᠠᠯᠬᠢ ᠡᠯᠡᠰᠦᠨ᠎ᠦ ᠡᠮᠦᠨ᠎ᠡ ᠵᠠᠬ᠎ᠠ ᠪᠡᠷ ᠱᠤᠭᠤᠮ ᠪᠤᠯᠭᠠᠵᠤ᠂ ᠭᠤᠤᠯᠳᠠᠯᠭ᠎ᠠ ᠲᠠᠢ ᠣᠷᠣᠨ ᠪᠦᠰᠡ ᠵᠢᠨ ᠣᠢᠵᠢᠭᠤᠯᠤᠯᠲᠠ᠂ ᠴᠦᠯᠯᠡᠷᠭᠡᠭ᠌ᠵᠢᠯ ᠢ᠋ ᠵᠠᠰᠠᠬᠤ᠂ ᠪᠠᠢᠭᠠᠯᠢ ᠵᠢᠨ ᠬᠠᠮᠠᠭᠠᠯᠠᠯᠲᠠ ᠵᠢᠨ ᠭᠠᠵᠠᠷ ᠤ᠋ᠨ ᠪᠥᠲᠥᠭᠡᠨ ᠪᠠᠢᠭᠤᠯᠤᠯᠲᠠ ᠪᠡᠷ ᠭᠠᠷᠳᠠᠴᠠ ᠪᠤᠯᠭᠠᠭ᠍ᠰᠠᠨ ᠣᠶ ᠱᠢᠭᠤᠶ ᠡᠪᠡᠰᠦᠨ᠎ᠦ ᠦᠶ᠋ᠯᠡᠰ ᠤ᠋ᠨ ᠠᠮᠢ ᠠᠬᠤᠶ ᠵᠢᠨ ᠪᠥᠲᠥᠭᠡᠨ ᠪᠠᠢᠭᠤᠯᠤᠯᠲᠠ ᠵᠢᠨ ᠱᠢᠰᠲ᠋ᠧᠮ ᠢ᠋ ᠵᠠᠯᠭᠠᠭ᠎ᠠ ᠪᠡᠷ ᠬᠡᠷᠡᠭ᠌ᠵᠢᠭᠦᠯᠪᠡ᠃ ᠡᠨᠡ ᠵᠢᠯ ᠨᠢᠭᠡᠨᠲᠡ 51 ᠺᠢᠯᠣᠮᠧᠲ᠋ᠷ ᠤ᠋ᠨ ᠰᠠᠭᠠᠳ ᠥᠬᠡᠶ ᠨᠡᠪᠲᠡᠷᠡᠬᠦ᠌ ᠵᠠᠮ ᠤ᠋ᠨ ᠪᠥᠲᠥᠭᠡᠨ ᠪᠠᠢᠭᠤᠯᠤᠯᠲᠠ ᠵᠢᠨ ᠡᠭᠦᠷᠭᠡ ᠵᠢ ᠪᠡᠶᠡᠯᠡᠭᠦᠯᠵᠦ᠍᠂ ᠵᠠᠭᠤᠨ ᠭᠠᠵᠠᠷ ᠤ᠋ᠨ ᠰᠠᠭᠠᠳ ᠥᠬᠡᠶ ᠨᠡᠪᠲᠡᠷᠡᠬᠦ᠌ ᠬᠤᠩᠬᠢᠯ ᠢ᠋ ᠪᠠᠢᠭᠤᠯᠪᠠ᠃

《ᠣᠲᠣ ᠵᠢᠨ ᠰᠤᠮᠤᠨ ᠠᠭᠤᠯᠠ ᠣᠶ ᠱᠢᠭᠤᠶ ᠵᠢᠨ ᠲᠠᠯᠠᠪᠠᠶ ᠳ᠋ᠦ᠂ ᠡᠪᠡᠰᠦ ᠮᠣᠳᠣ ᠬᠥᠬᠡᠷᠡᠨ ᠨᠣᠭᠣᠭᠠᠷᠠᠵᠤ᠂ ᠪᠤᠯᠵᠣᠮᠣᠷ ᠱᠢᠪᠠᠭᠤ ᠵᠢᠷᠭᠢᠨ ᠳᠤᠩᠭᠤᠳᠴᠦ ᠬᠤᠸᠠᠷ ᠴᠡᠴᠡᠭ ᠮᠢᠷᠠᠯᠵᠠᠨ ᠳᠡᠯᠭᠡᠷᠡᠵᠦ᠂〈ᠬᠠᠮᠠᠷ ᠬᠠᠳᠭᠤᠬᠤ ᠡᠪᠡᠰᠦ ᠥᠬᠡᠶ ᠬᠠᠯᠴᠠᠭᠠᠶ ᠭᠠᠵᠠᠷ〉 ᠪᠠᠢᠭ᠍ᠰᠠᠨ᠎ᠠᠴᠠ ᠪᠡᠨ 〈ᠠᠷᠤ ᠭᠠᠵᠠᠷ ᠤ᠋ᠨ ᠪᠠᠶᠠᠨ ᠪᠦᠷᠢᠳᠦ〉  ᠪᠤᠯᠵᠣ ᠬᠤᠪᠢᠷᠠᠪᠠ᠂ ᠣᠶ ᠱᠢᠭᠤᠶ ᠵᠢᠨ ᠲᠠᠯᠠᠪᠠᠶ ᠵᠢᠨ ᠵᠣᠨ ᠤ᠋ ᠳᠤᠮᠳᠠᠴᠢ ᠠᠭᠠᠷ ᠤ᠋ᠨ ᠳᠤᠯᠠᠭᠠᠨ 19.9 ᠭᠷᠠᠳᠦ᠋ᠰ᠎ᠲᠦ ᠬᠦᠷᠴᠦ᠍᠂ ᠪᠢᠯᠢᠭ ᠬᠦᠴᠢᠯᠲᠥ᠋ᠷᠥᠭ᠌ᠴᠢ ᠢᠶᠣᠨ ᠨᠢ ᠺᠦᠪ ᠰᠠᠨᠲ᠋ᠢᠮᠧᠲ᠋ᠷ ᠪᠦᠷᠢ᠎ᠳᠦ 5800 ᠬᠦᠷᠴᠦ᠍᠂ ᠪᠠᠢᠭᠠᠯᠢ ᠵᠢᠨ ᠬᠦᠴᠢᠯᠲᠥ᠋ᠷᠥᠭ᠌ᠴᠢ᠎ᠵᠢᠨ ᠪᠠᠭᠠᠷ ᠬᠡᠮᠡᠨ ᠨᠡᠷᠡᠯᠡᠭ᠌ᠳᠡᠪᠡ᠃ ᠪᠦᠬᠦ ᠣᠶ ᠱᠢᠭᠤᠶ ᠵᠢᠨ ᠠᠵᠢᠯᠳᠠᠨ᠎ᠤ ᠴᠢᠷᠮᠠᠢᠯᠭ᠎ᠠ ᠪᠡᠷ ᠳᠡᠮᠵᠢᠨ᠂ ᠰᠤᠮᠤᠨ ᠠᠭᠤᠯᠠ ᠣᠶ ᠱᠢᠭᠤᠶ ᠵᠢᠨ ᠲᠠᠯᠠᠪᠠᠶ 〈ᠡᠯᠡᠰᠦ ᠤᠷᠤᠭ᠍ᠰᠢᠯᠠᠵᠤ ᠬᠥᠮᠦᠨ ᠤᠬᠤᠷᠢᠵᠤ〉 ᠪᠠᠢᠭᠰᠠᠨ ᠡᠴᠡ ᠪᠡᠨ 〈ᠨᠣᠭᠣᠭᠠᠷᠠᠭᠤᠯᠤᠯᠲᠠ ᠤᠷᠤᠭ᠍ᠰᠢᠯᠠᠵᠤ ᠡᠯᠡᠰᠦ ᠤᠬᠤᠷᠢᠬᠤ〉 ᠲᠡᠦᠬᠡᠲᠦ ᠴᠢᠨᠠᠷᠲᠠᠶ ᠬᠤᠪᠢᠷᠠᠯᠲᠠ ᠵᠢ ᠪᠡᠶᠡᠯᠡᠭᠦᠯᠵᠦ᠍᠂ ᠪᠡᠭᠡᠵᠢᠩ ᠲᠢᠶᠠᠨᠵᠢᠨ ᠾᠧᠪᠧᠶ ᠵᠢᠨ ᠰᠠᠯᠬᠢ ᠵᠢ ᠬᠠᠯᠬᠠᠯᠠᠨ ᠡᠯᠡᠰᠦ ᠵᠢ ᠲᠣᠭ᠍ᠲᠠᠪᠤᠷᠢᠵᠢᠭᠤᠯᠬᠤ ᠪᠣᠬᠢᠷᠲᠤᠯ ᠥᠬᠡᠶ ᠠᠮᠢ ᠠᠬᠤᠶ ᠵᠢᠨ ᠠᠮᠤᠷ ᠲᠦᠪᠱᠢᠨ᠎ᠦ ᠬᠠᠯᠬᠠᠪᠴᠢ ᠵᠢ ᠪᠠᠢᠭᠤᠯᠤᠭᠰᠨ ᠪᠠᠢᠨ᠎ᠠ》 ᠭᠡᠵᠦ᠍ ᠱᠢᠩ ᠡᡁᠸ ᠱᠢᠶᠠᠨ ᠤ᠋ ᠤᠢ ᠱᠢᠭᠤᠢ ᠪᠠ ᠨᠤᠲᠤᠭ ᠪᠡᠯᠴᠢᠭᠡᠷ ᠤ᠋ᠨ ᠲᠣᠪᠴᠢᠶᠠᠨ ᠤ᠋ ᠳᠠᠷᠤᠭ᠎ᠠ ᠰᠦᠨ ᠵᠢᠶᠠᠩ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号