ᠡᠵᠡᠨ᠎ᠠ ᠵᠢᠨ ᠡᠯᠡᠰᠤᠨ ᠳ᠋ᠤ ᠨᠣᠮᠢᠨ ᠲᠠᠪᠠᠯᠭᠠᠨ ᠬᠠᠶᠠᠯᠠᠨ᠎ᠠ
2023-10-03 11:05:42
ᠵᠣᠬᠢᠶᠠᠭ᠍ᠴᠢ᠄
ᠯᠢᠦ ᠬᠤᠩ ᠵᠠᠩ
ᠣᠩᠱᠢᠭ᠍ᠰᠠᠨ ᠣᠳᠠᠭ᠎ᠠ᠄
★★★☆☆

8 ᠰᠠᠷ᠎ᠠ ᠶ᠋ᠢᠨ ᠡᠵᠡᠨ᠎ᠡ᠎ᠨᠤᠲᠤᠭ ᠲᠦ᠍ ᠨᠣᠮᠢᠨ ᠲᠤᠯᠬᠢᠶᠠᠨ ᠬᠠᠶᠠᠯᠠᠨ᠎ᠠ᠃ ᠡᠨᠡ ᠬᠡᠳᠦᠨ ᠡᠳᠦᠷ ᠡᠵᠡᠨ᠎ᠡ ᠬᠣᠱᠢᠭᠤᠨ ᠤ᠋ ᠤᠢ ᠱᠢᠭᠤᠢ ᠨᠤᠲᠤᠭ ᠪᠡᠯᠴᠢᠭᠡᠷ ᠤ᠋ᠨ ᠰᠠᠯᠠᠭ᠎ᠠ ᠮᠥᠴᠢᠷ ᠤ᠋ᠨ ᠬᠢᠨ ᠺᠠᠳ᠋ᠷ ᠠᠵᠢᠯᠳᠠᠨ᠂ ᠤᠯᠤᠰ ᠤ᠋ᠨ ᠥᠮᠴᠢᠯᠡᠯᠳᠦ ᠤᠢ ᠱᠢᠭᠤᠢ ᠶ᠋ᠢᠨ ᠲᠠᠯᠠᠪᠠᠢ ᠶ᠋ᠢᠨ ᠠᠵᠢᠯᠳᠠᠨ ᠠᠵᠢᠯᠴᠢᠨ ᠢ᠋ ᠵᠣᠬᠢᠶᠠᠨ ᠪᠠᠢᠭᠤᠯᠵᠤ ᠵᠠᠭ ᠪᠤᠯᠤᠨ ᠲᠣᠣᠷᠠᠢ  ᠪᠡᠨ  ᠠᠷᠠᠴᠢᠯᠠᠨ ᠬᠠᠮᠠᠭᠠᠯᠠᠵᠤ  ᠶᠠᠭᠠᠷᠠᠯᠳᠤᠨ᠎ᠠ ᠃

《ᠣᠢᠷ᠎ᠠ ᠶ᠋ᠢᠨ ᠬᠡᠳᠦᠨ ᠵᠢᠯ ᠳ᠋ᠦ ᠬᠣᠱᠢᠭᠤᠨ ᠤ᠋ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠵᠢᠯ ᠪᠤᠯᠭᠠᠨ ᠲᠣᠭ᠍ᠲᠠᠭ᠍ᠰᠠᠨ ᠬᠤᠭᠤᠴᠠᠭ᠎ᠠ ᠲᠠᠢ ᠪᠡᠷ ᠺᠠᠳ᠋ᠷ ᠠᠵᠢᠯᠳᠠᠳ ᠢ᠋ ᠵᠤᠬᠢᠶᠠᠨ ᠪᠠᠢᠭᠤᠯᠵᠦ᠂ ᠤᠰᠤᠯᠠᠬᠤ᠂ ᠱᠢᠷᠣᠶ ᠨᠡᠮᠡᠬᠦ᠂ ᠬᠣᠷᠣᠬᠠᠶ ᠠᠷᠢᠯᠭᠠᠬᠤ ᠵᠡᠷᠭᠡ ᠠᠵᠢᠯ ᠥᠷᠨᠢᠭᠦᠯᠵᠦ᠍᠂ ᠡᠨᠳᠡᠬᠢ ᠲᠤᠤᠷᠠᠶ ᠪᠠ ᠵᠠᠭ ᠤ᠋ᠨ ᠤᠢ ᠵᠢᠴᠢ ᠪᠤᠰᠤᠳ ᠡᠪᠡᠰᠤ ᠤᠷᠭᠤᠮᠠᠯ ᠤ᠋ᠨ ᠤᠷᠭᠤᠯᠳᠠ ᠵᠢ ᠰᠠᠢᠵᠢᠷᠠᠭᠤᠯᠵᠦ᠂ ᠡᠵᠡᠨ᠎ᠡ ᠶ᠋ᠢᠨ ᠨᠣᠭᠣᠭᠠᠨ ᠪᠦᠷᠢᠳᠦ᠍ ᠵᠢ ᠤᠯᠠᠮ ᠡᠴᠡ ᠤᠯᠠᠮ ᠭᠣᠶᠣ ᠪᠣᠯᠭᠠᠵᠤ ᠪᠠᠢᠨ᠎ᠠ 》 ᠭᠡᠵᠦ᠍ ᠡᠵᠡᠨ᠎ᠡ ᠬᠣᠱᠢᠭᠤᠨ ᠤ᠋ ᠤᠯᠤᠰ ᠤ᠋ᠨ ᠥᠮᠴᠢᠯᠡᠯᠳᠦ ᠣᠶ ᠱᠢᠭᠤᠶ ᠶ᠋ᠢᠨ ᠲᠠᠯᠠᠪᠠᠶ ᠶ᠋ᠢᠨ ᠳᠠᠷᠤᠭ᠎ᠠ ᠸᠧᠶ ᠱᠢᠨ ᠴᠧᠩ ᠬᠡᠯᠡᠨ᠎ᠠ ᠃

ᠡᠵᠡᠨ᠎ᠡ ᠬᠣᠱᠢᠭᠤ ᠭᠠᠩ ᠬᠠᠭᠤᠷᠠᠶ ᠬᠤᠷ᠎ᠠ ᠲᠤᠨᠳᠠᠰᠤ ᠪᠠᠭ᠎ᠠ ᠮᠦᠷᠳᠡᠬᠡᠨ ᠠᠭᠤᠷᠱᠢᠯᠲᠠ ᠶ᠋ᠢᠨ ᠬᠡᠮᠵᠢᠶ᠎ᠡ ᠪᠡᠷ ᠶᠡᠬᠡ ᠪᠠᠢᠵᠤ᠂ ᠡᠨᠳᠡᠬᠢ ᠵᠢᠨ ᠡᠪᠡᠰᠤ ᠮᠤᠳᠤ ᠭᠤᠤᠯᠳᠠᠭᠤ ᠬᠠᠷ᠎ᠠ ᠭᠤᠤᠯ ᠤ᠋ᠨ ᠤᠰᠤᠨ ᠳ᠋ᠦ ᠲᠦᠱᠢᠭ᠌ᠯᠡᠨ ᠤᠷᠭᠤᠵᠦ ᠲᠦᠯᠵᠢᠳᠡᠭ ᠶᠤᠮ ᠃ ᠬᠤᠷᠢᠳ᠋ᠤᠭᠠᠷ ᠵᠠᠭᠤᠨ ᠤ᠋ ᠵᠢᠷᠠᠭᠠᠳ ᠣᠨ ᠡᠴᠡ ᠨᠠᠭᠠᠰᠢ᠂ ᠬᠠᠷ᠎ᠠ ᠭᠣᠣᠯ ᠤ᠋ᠨ ᠳᠡᠭᠡᠳᠦ ᠤᠷᠤᠰᠭᠠᠯ ᠤ᠋ᠨ ᠤᠰᠤ ᠬᠡᠷᠡᠭ᠌ᠯᠡᠬᠦ᠌ ᠬᠡᠮᠵᠢᠶ᠎ᠡ ᠨᠡᠮᠡᠭ᠌ᠳᠡᠭ᠌ᠰᠡᠨ ᠤ᠋ ᠳᠡᠭᠡᠷ᠎ᠡ ᠬᠤᠷ᠎ᠠ ᠪᠤᠷᠤᠭᠠᠨ ᠬᠤᠮᠰᠠᠳᠠᠨ ᠭᠠᠩ ᠬᠠᠭᠰᠠᠷᠠᠭᠠᠨ ᠦᠷᠬᠦᠯᠵᠢᠯᠡᠭᠰᠡᠨ ᠡᠴᠡ ᠡᠵᠡᠨ᠎ᠠ ᠵᠢᠨ ᠬᠢᠯᠢ ᠳᠣᠲᠣᠷᠠᠬᠢ ᠬᠠᠷ᠎ᠠ ᠭᠣᠣᠯ ᠤ᠋ᠨ ᠤᠷᠤᠰᠭᠠᠯ ᠪᠠᠢᠩᠭᠤ ᠳᠠᠰᠤᠷᠠᠵᠦ᠂ ᠰᠤᠪᠨᠠᠭᠤᠷ ᠰᠢᠷᠬᠢᠨ ᠬᠠᠳᠠᠵᠤ᠂ ᠭᠠᠵᠠᠷ ᠳᠣᠣᠷᠠᠬᠢ ᠤᠰᠤᠨ ᠲᠦᠪᠱᠢᠨ ᠬᠦᠨᠳᠦ ᠨᠣᠴᠢᠲᠠᠶ ᠳᠣᠷᠣᠭ᠍ᠰᠢᠯᠠᠵᠤ᠂ ᠡᠵᠡᠨ᠎ᠡ ᠶ᠋ᠢᠨ ᠨᠣᠭᠣᠭᠠᠨ ᠪᠦᠷᠢᠳᠦ ᠴᠦ᠍ ᠦᠳᠳᠦᠷ ᠲᠦᠷᠭᠡᠨ ᠠᠪᠴᠢᠪᠠ᠃ ᠭᠤᠤᠯ ᠪᠣᠯᠬᠤ ᠤᠷᠭᠤᠮᠠᠯ ᠤ᠋ᠨ ᠬᠤᠴᠢᠯᠭ᠎ᠠ ᠶ᠋ᠢᠨ ᠲᠦᠷᠦᠯ ᠡᠴᠡ ᠲᠤᠤᠷᠠᠶ ᠂ ᠰᠤᠬᠠᠶ ᠪᠠ ᠵᠠᠭ ᠤ᠋ᠨ ᠤᠢ ᠵᠢᠨ ᠳᠠᠯᠠᠪᠠᠢ ᠨᠢ ᠵᠢᠯ ᠳᠤᠮᠳᠠᠴᠢ ᠪᠡᠷ 4.5 ᠲᠦᠮᠡᠨ ᠮᠸ᠋᠎ᠪᠠᠭᠠᠰᠴᠤ᠂ ᠨᠤᠳᠤᠭ ᠪᠡᠯᠴᠢᠭᠡᠷ ᠪᠠ ᠤᠢᠳᠤ ᠭᠠᠵᠠᠷ ᠨᠢ ᠵᠢᠯ ᠳᠤᠮᠳᠠᠴᠢ ᠪᠡᠷ 15.75 ᠲᠦᠮᠡᠨ ᠮᠸ᠋ ᠵᠢᠨ ᠬᠤᠷᠳᠤᠴᠠ ᠪᠡᠷ ᠡᠯᠡᠰᠤᠷᠬᠡᠭᠵᠢᠵᠤ ᠂ ᠡᠵᠡᠨ᠎ᠡ ᠶ᠋ᠢᠨ ᠨᠣᠭᠣᠭᠠᠨ ᠪᠦᠷᠢᠳᠦ᠍ ᠶ᠋ᠢᠨ ᠲᠠᠯᠠᠪᠠᠶ 3.2 ᠲᠦᠮᠡᠨ ᠲᠡᠭ᠌ᠰᠢ ᠳᠥᠷᠪᠡᠯᠵᠢᠨ ᠺᠢᠯᠣᠮᠧᠲ᠋ᠷ ᠪᠠᠢᠭ᠍ᠰᠠᠨ ᠡᠴᠡ ᠪᠠᠨ ᠪᠠᠭᠠᠰᠤᠭᠠᠳ 0.332 ᠲᠦᠮᠡᠨ ᠲᠡᠭ᠌ᠰᠢ ᠳᠥᠷᠪᠡᠯᠵᠢᠨ ᠺᠢᠯᠣᠮᠧᠲ᠋ᠷ ᠪᠣᠯᠪᠠ ᠃

ᠡᠳᠦᠷ ᠢᠷᠡᠬᠦᠶ᠎ᠡ ᠮᠠᠭᠤᠳᠠᠵᠤ ᠪᠠᠢᠭ᠎ᠠ ᠠᠮᠢ ᠠᠬᠤᠢ ᠣᠷᠴᠢᠨ ᠲᠣᠭᠣᠷᠢᠨ ᠢ᠋ ᠬᠠᠷᠠᠭᠠᠳ᠂ ᠬᠦᠴᠦᠷᠬᠡᠭ᠌ᠵᠢᠬᠦ᠌ ᠪᠡᠷ ᠬᠦᠴᠦᠯᠡᠨ ᠴᠢᠷᠮᠠᠢᠳᠠᠭ ᠡᠵᠡᠨ᠎ᠡ ᠶ᠋ᠢᠨ ᠤᠢ ᠰᠢᠭᠤᠢ ᠨᠤᠲᠤᠭ ᠪᠡᠯᠴᠢᠬᠡᠷ ᠤ᠋ᠨ ᠰᠠᠯᠠᠭ᠎ᠠ ᠮᠦᠴᠢᠷ ᠤ᠋ᠨ ᠠᠵᠢᠯᠳᠠᠳ ᠠᠮᠢ ᠠᠬᠤᠢ ᠣᠷᠴᠢᠨ ᠲᠣᠭᠣᠷᠢᠨ ᠤ᠋ ᠪᠦᠳᠦᠭᠡᠨ ᠪᠠᠢᠭᠤᠯᠤᠯᠲᠠ ᠵᠢ ᠢᠮᠠᠭ᠍ᠲᠠ ᠵᠢᠨ ᠡᠭᠦᠷᠭᠡ ᠪᠡᠨ ᠪᠣᠯᠭᠠᠨ ᠂ ᠦᠨᠡᠨᠴᠢ ᠱᠢᠳᠤᠷᠭᠤ᠂ ᠬᠠᠷᠢᠭᠤᠴᠠᠯᠭ᠎ᠠ ᠡᠭᠦᠷᠭᠡᠯᠡᠬᠦ᠌ ᠪᠠ ᠬᠤᠪᠢ ᠨᠡᠮᠡᠷᠢ ᠦᠵᠡᠭᠦᠯᠬᠦ ᠵᠤᠷᠢᠭ ᠰᠠᠨᠠᠭ᠎ᠠ ᠪᠡᠷ ᠴᠦᠬᠦᠷᠡᠰᠢ ᠦᠬᠡᠢ ᠠᠵᠢᠯᠯᠠᠵᠤ ᠂ 《 ᠡᠪᠳᠡᠭ᠌ᠳᠡᠵᠦ᠍ ᠡᠯᠡᠰᠦᠷᠬᠡᠭᠵᠢᠭᠰᠡᠨ》 ᠡᠴᠡ 《 ᠬᠠᠮᠠᠭᠠᠯᠠᠵᠤ ᠰᠡᠷᠭᠦᠭᠡᠬᠦ᠌》ᠬᠦᠷᠲᠡᠯᠡᠬᠢ ᠬᠠᠲᠠᠭᠤᠵᠢᠯᠲᠠᠢ ᠳᠠᠪᠠᠭ᠎ᠠ ᠵᠢ ᠳᠠᠪᠠᠨ ᠲᠤᠭᠤᠯᠵᠦ ᠂ ᠤᠢᠵᠢᠭᠤᠯᠤᠯᠳᠠ ᠨᠤᠭᠤᠭᠠᠷᠠᠭᠤᠯᠤᠯᠳᠠ ᠶ᠋ᠢᠨ ᠪᠠᠬᠠᠷᠤᠮ᠎ᠠ ᠠᠮᠵᠢᠯᠲᠠ ᠵᠢ ᠵᠠᠯᠭᠠᠭ᠎ᠠ ᠪᠡᠷ ᠡᠬᠦᠳᠤᠨ ᠂ ᠡᠵᠡᠨ᠎ᠡ ᠶ᠋ᠢᠨ ᠠᠮᠢ ᠠᠬᠤᠢ ᠶ᠋ᠢᠨ ᠪᠦᠳᠦᠭᠡᠨ ᠪᠠᠢᠭᠤᠯᠤᠯᠲᠠ ᠶ᠋ᠢᠨ ᠠᠵᠢᠯ ᠤᠷᠢᠳᠤ ᠡᠮᠦᠨ᠎ᠡ ᠪᠠᠢᠭ᠎ᠠ ᠦᠭᠡᠢ ᠠᠮᠵᠢᠯᠲᠠ ᠳ᠋ᠦ ᠬᠦᠷᠴᠡᠢ ᠃ ᠡᠵᠡᠨ᠎ᠡ ᠶ᠋ᠢᠨ ᠤᠢ ᠰᠢᠭᠤᠢ ᠨᠤᠲᠤᠭ ᠪᠡᠯᠴᠢᠬᠡᠷ ᠤ᠋ᠨ ᠰᠠᠯᠠᠭ᠎ᠠ ᠮᠦᠴᠢᠷ ᠤ᠋ᠨ ᠠᠵᠢᠯᠳᠠᠳ ᠬᠤᠷ᠎ᠠ ᠲᠣᠨᠣᠳᠠᠰᠤ ᠪᠠᠭ᠎ᠠ᠂ ᠤᠷᠭᠤᠴᠠ ᠶ᠋ᠢᠨ ᠨᠥᠬᠥᠴᠡᠯ ᠠᠨᠠᠶ ᠵᠡᠷᠭᠡ ᠬᠦᠴᠢᠷᠳᠡᠯ ᠢ᠋ ᠢᠯᠡᠨ ᠳᠠᠪᠠᠵᠤ ᠂ ᠶᠠᠰᠤ ᠴᠢᠨᠠᠷ ᠢ᠋ ᠠᠳᠭᠤᠬᠤ᠂ ᠠᠬᠢᠴᠠ ᠵᠢ ᠠᠳᠭᠤᠬᠤ᠂ ᠬᠠᠮᠢᠶᠠᠷᠴᠤ᠌ ᠬᠠᠮᠠᠭᠠᠯᠠᠬᠤ ᠵᠢ ᠠᠳᠭᠤᠬᠤ ᠂ ᠡᠳᠡᠭᠡᠷᠡᠯᠳᠡ ᠵᠢ ᠪᠠᠳᠤᠯᠠᠬᠤ ᠂ ᠦᠷ᠎ᠡ ᠠᠱᠢᠭ ᠢ᠋ ᠪᠠᠲᠤᠯᠠᠬᠤ 《 ᠭᠤᠷᠪᠠ ᠵᠢ ᠠᠳᠭᠤᠵᠤ ᠬᠣᠶᠠᠷ ᠢ᠋ ᠪᠠᠲᠤᠯᠠᠬᠤ》 ᠠᠷᠭ᠎ᠠ ᠬᠡᠮᠵᠢᠶ᠎ᠡ ᠵᠢ ᠴᠢᠩᠭ᠎ᠠ ᠨᠠᠢᠳᠠᠪᠤᠷᠢᠵᠢᠭᠤᠯᠵᠤ ᠂ 《ᠪᠢᠲᠡᠭᠦᠮᠵᠢᠯᠡᠨ ᠪᠤᠢᠵᠢᠭᠤᠯᠬᠤ ᠪᠡᠷ ᠭᠤᠤᠯ ᠪᠣᠯᠭᠠᠨ᠂ ᠪᠢᠲᠡᠭᠦᠮᠵᠢᠯᠡᠨ ᠪᠤᠢᠵᠢᠭᠤᠯᠬᠤ ᠪᠠ ᠤᠢᠵᠢᠭᠤᠯᠤᠯᠳᠠ ᠬᠢᠬᠦ ᠵᠢ ᠤᠶᠠᠯᠳᠤᠭᠤᠯᠬᠤ》 ᠠᠷᠭ᠎ᠠ ᠬᠡᠮᠵᠢᠶ᠎ᠡ ᠠᠪᠴᠤ᠌ ᠂ ᠲᠤᠤᠷᠠᠶ ᠶ᠋ᠢᠨ ᠣᠶ ᠵᠢ ᠪᠢᠲᠡᠭᠦᠮᠵᠢᠯᠡᠨ ᠪᠣᠢᠵᠢᠭᠤᠯᠬᠤ ᠪᠠ ᠴᠢᠬᠢ ᠮᠣᠳᠣ ᠵᠢ ᠠᠷᠠᠴᠢᠯᠠᠨ ᠪᠣᠢᠵᠢᠭᠤᠯᠬᠤ ᠵᠡᠷᠬᠡ ᠠᠵᠢᠯ ᠢ᠋ ᠴᠢᠩᠭᠠᠳᠭᠠᠵᠤ᠂ ᠰᠠᠭᠤᠷᠢᠨ ᠭᠠᠵᠠᠷ ᠤ᠋ᠨ ᠪᠥᠲᠥᠭᠡᠨ ᠪᠠᠢᠭᠤᠯᠤᠯᠲᠠ ᠪᠡᠷ ᠬᠥᠲᠥᠴᠢ ᠪᠤᠯᠭᠠᠨ᠂ ᠠᠭᠤᠯᠠ ᠵᠢ ᠪᠢᠲᠡᠭᠦᠮᠵᠢᠯᠡᠨ ᠪᠣᠢᠵᠢᠭᠤᠯᠬᠤ ᠪᠠ ᠬᠥᠮᠦᠨ ᠤ᠋ ᠬᠦᠴᠦ᠍ ᠪᠡᠷ ᠣᠢᠵᠢᠭᠤᠯᠬᠤ ᠵᠢ ᠤᠶᠠᠯᠳᠤᠭᠤᠯᠵᠤ᠂ ᠤᠢᠵᠢᠭᠤᠯᠵᠦ ᠨᠣᠭᠣᠭᠠᠷᠠᠭᠤᠯᠬᠤ ᠠᠯᠬᠤᠭ᠎ᠠ ᠪᠠᠨ ᠲᠦᠷᠭᠡᠳᠭᠡᠭᠰᠡᠨ ᠠᠵᠢ ᠃

ᠣᠢᠯᠠᠭᠠᠭ᠍ᠰᠠᠨ ᠢ᠋ᠶ᠋ᠠᠷ᠂ 2012 ᠣᠨ ᠡᠴᠡ ᠨᠠᠭᠠᠰᠢ ᠪᠠᠢᠭᠠᠯᠢ ᠶ᠋ᠢᠨ ᠣᠶ ᠮᠤᠳᠤ ᠵᠢ ᠨᠡᠢᠲᠡ 301.25 ᠲᠦᠮᠡᠨ ᠮᠥ᠍ ᠪᠢᠲᠡᠭᠦᠮᠵᠢᠯᠡᠨ ᠪᠣᠢᠵᠢᠭᠤᠯᠵᠤ᠂ ᠬᠥᠮᠦᠨ ᠤ᠋ ᠬᠦᠴᠦ᠍ ᠪᠡᠷ 218.7 ᠲᠦᠮᠡᠨ ᠮᠥ᠍ ᠭᠠᠵᠠᠷ ᠢ᠋ ᠣᠢᠵᠢᠭᠤᠯᠵᠤ᠂ ᠤᠷᠭᠤᠯᠳᠠ ᠮᠠᠭᠤᠳᠠᠭ᠍ᠰᠠᠨ ᠣᠶ ᠮᠤᠳᠤ ᠵᠢ 27 ᠲᠦᠮᠡᠨ ᠮᠥ᠍ ᠵᠠᠰᠠᠨ ᠰᠡᠷᠭᠦᠭᠡᠵᠦ᠍᠂ ᠬᠥᠮᠦᠨ ᠤ᠋ ᠬᠦᠴᠦ᠍ ᠪᠡᠷ 218.01 ᠲᠦᠮᠡᠨ ᠮᠥ᠍ ᠡᠪᠡᠰᠦ ᠳᠠᠷᠢᠵᠤ᠂ 1088.88 ᠲᠦᠮᠡᠨ ᠮᠥ᠍ ᠨᠤᠲᠤᠭ ᠪᠡᠯᠴᠢᠭᠡᠷ ᠢ᠋ ᠪᠢᠲᠡᠭᠦᠮᠵᠢᠯᠡᠨ ᠪᠣᠢᠵᠢᠭᠤᠯᠵᠤ᠂ 30.57 ᠲᠦᠮᠡᠨ ᠮᠥ᠍ ᠵᠢᠨ ᠡᠯᠡᠰᠦᠷᠬᠡᠭ᠌ᠵᠢᠭ᠌ᠰᠡᠨ ᠭᠠᠵᠠᠷ ᠨᠤᠳᠤᠭ ᠢ᠋ ᠪᠢᠲᠡᠭᠦᠮᠵᠢᠯᠡᠨ ᠬᠠᠮᠠᠭᠠᠯᠠᠪᠠ ᠃ ᠲᠤᠤᠷᠠᠶ ᠰᠤᠬᠠᠶ ᠢᠳᠡᠷᠡᠭᠦᠨ ᠤᠷᠭᠤᠵᠦ᠂ ᠲᠤᠤᠷᠠᠶ ᠶ᠋ᠢᠨ ᠦᠨᠳᠦᠰᠦ ᠡᠴᠡ ᠨᠡᠬᠢᠶᠠᠯᠠᠭᠰᠠᠨ ᠴᠢᠬᠢ ᠰᠤᠶᠤᠭ᠎ᠠ ᠡᠳᠦᠷ ᠢᠷᠡᠬᠦᠶ᠎ᠡ ᠦᠷᠡᠵᠢᠨ ᠨᠡᠮᠡᠭᠳᠡᠵᠦ ᠂ ᠠᠮᠢᠳᠤ ᠪᠣᠳᠠᠰ ᠤ᠋ᠨ ᠣᠯᠠᠨ ᠶᠠᠩᠵᠤᠲᠤ ᠴᠢᠨᠠᠷ ᠠᠭᠠᠵᠢᠮ ᠢ᠋ᠶ᠋ᠠᠷ ᠨᠡᠮᠡᠭ᠌ᠳᠡᠨ᠂ ᠣᠶ ᠲᠦ᠍ᠳᠤᠷᠠᠬᠢ ᠤᠷᠭᠤᠮᠠᠯ ᠤ᠋ᠨ ᠬᠤᠴᠢᠯᠭ᠎ᠠ ᠶ᠋ᠢᠨ ᠪᠦᠷᠬᠦᠴᠡ 25% ᠪᠡᠷ ᠨᠡᠮᠡᠭᠳᠡᠪᠠ᠃ ᠤᠳᠤ ᠡᠵᠡᠨ᠎ᠡ ᠬᠣᠱᠢᠭᠤ ᠨᠢᠭᠡᠨᠲᠡ ᠣᠯᠠᠨ ᠵᠦᠶ᠋ᠯ ᠤ᠋ᠨ ᠣᠶ᠎ᠮᠤᠳᠤᠨ ᠤ᠋ ᠲᠥᠷᠥᠯ ᠢ᠋ ᠤᠶᠠᠯᠳᠤᠭᠤᠯᠤᠭ᠍ᠰᠠᠨ᠂ ᠲᠤᠷᠤᠭ ᠮᠤᠳᠤ᠂ ᠪᠤᠳᠠᠯᠢᠭ ᠮᠣᠳᠣ ᠪᠠ ᠡᠪᠡᠰᠦ ᠵᠢ ᠤᠶᠠᠯᠳᠤᠭᠤᠯᠤᠭ᠍ᠰᠠᠨ ᠣᠷᠣᠨ ᠪᠦᠰᠡ ᠶ᠋ᠢᠨ ᠴᠢᠨᠠᠷᠲᠠᠶ ᠠᠵᠤ ᠠᠬᠤᠶ ᠠᠮᠢ ᠠᠬᠤᠶ ᠶ᠋ᠢᠨ ᠬᠡᠯᠪᠡᠷᠢ ᠶ᠋ᠢᠨ ᠬᠠᠯᠬᠠᠪᠴᠢ ᠣᠶ ᠶ᠋ᠢᠨ ᠱᠢᠰᠲ᠋ᠧᠮ ᠤ᠋ᠨ ᠪᠣᠷᠣ ᠲᠥᠯᠥᠪ ᠢ᠋ ᠠᠩᠬ᠎ᠠ ᠠᠯᠬᠤᠮ ᠪᠠᠢᠭᠤᠯᠵᠤ᠂ ᠣᠶ ᠱᠢᠭᠤᠶ ᠶ᠋ᠢᠨ ᠡᠬᠢ ᠪᠠᠶᠠᠯᠢᠭ ᠢ᠋ ᠪᠦᠲᠦᠮᠵᠢᠲᠡᠶ ᠪᠣᠢᠵᠢᠭᠤᠯᠤᠨ ᠬᠠᠮᠠᠭᠠᠯᠠᠭ᠍ᠰᠠᠨ ᠪᠠᠢᠨ᠎ᠠ᠃

ᠤᠢᠵᠢᠭᠤᠯᠵᠤ ᠨᠤᠭᠤᠭᠠᠷᠠᠭᠤᠯᠬᠤ ᠵᠢᠨ ᠬᠠᠮᠳᠤ ᠪᠠᠶᠠᠵᠢᠵᠤ ᠴᠢᠨᠡᠬᠡᠯᠢᠭᠵᠢᠬᠦ ᠬᠠᠷᠠᠯᠲᠠ ᠵᠢ ᠪᠡᠶᠡᠯᠡᠭᠦᠯᠬᠦ᠌ ᠶ᠋ᠢᠨ ᠲᠥᠯᠥᠭᠡ᠂ ᠣᠢᠷ᠎ᠠ ᠶ᠋ᠢᠨ ᠵᠢᠯ ᠳ᠋ᠦ ᠡᠵᠡᠨ᠎ᠡ᠎ᠬᠤᠰᠢᠭᠤᠨ ᠤ᠋ ᠣᠶ ᠱᠢᠭᠤᠶ ᠨᠤᠲᠤᠭ ᠪᠡᠯᠴᠢᠬᠡᠷ ᠤ᠋ᠨ ᠰᠠᠯᠠᠭ᠎ᠠ ᠮᠦᠴᠢᠷ ᠤ᠋ᠨ ᠠᠵᠢᠯᠳᠠᠳ ᠠᠮᠢ ᠠᠬᠤᠶ ᠶ᠋ᠢᠨ ᠪᠥᠲᠥᠭᠡᠨ ᠪᠠᠢᠭᠤᠯᠤᠯᠲᠠ ᠶ᠋ᠢᠨ ᠲᠥᠷᠥᠯ ᠵᠦᠶ᠋ᠯ ᠪᠣᠯᠤᠨ ᠠᠮᠢ ᠠᠬᠤᠶ ᠶ᠋ᠢᠨ ᠡᠬᠢ ᠪᠠᠶᠠᠯᠢᠭ ᠤ᠋ᠨ ᠠᠱᠢᠭ᠍ᠯᠠᠯᠲᠠ ᠶ᠋ᠢᠨ ᠬᠠᠷᠢᠴᠠᠭ᠎ᠠ ᠵᠢ ᠵᠥᠪ ᠱᠢᠶ᠋ᠳᠪᠦᠷᠢᠯᠡᠵᠦ᠍ ᠂ ᠣᠲᠣ ᠶ᠋ᠢᠨ ᠪᠠᠢᠭ᠎ᠠ ᠪᠠᠢᠭᠠᠯᠢ ᠶ᠋ᠢᠨ ᠠᠮᠢ ᠠᠬᠤᠶ ᠣᠷᠴᠢᠨ ᠲᠣᠭᠣᠷᠢᠨ ᠢ᠋ ᠰᠠᠢᠲᠤᠷ ᠬᠠᠮᠠᠭᠠᠯᠠᠭ᠍ᠰᠠᠨ ᠰᠠᠭᠤᠷᠢᠨ ᠳᠡᠭᠡᠷ᠎ᠡ᠂ ᠢᠳᠡᠪᠬᠢᠲᠡᠶ ᠠᠷᠭ᠎ᠠ ᠬᠡᠮᠵᠢᠶ᠎ᠡ ᠠᠪᠴᠤ᠌ ᠪᠠᠢᠭᠠᠳ ᠴᠠᠭᠠᠨ ᠭᠣᠶᠣᠣ ᠂ ᠤᠯᠠᠭᠠᠨ ᠭᠣᠶᠣᠣ᠂ ᠲᠣᠮᠣ ᠵᠢᠭᠳᠡ ᠪᠡᠷ ᠭᠤᠤᠯ ᠪᠣᠯᠭᠠᠭ᠍ᠰᠠᠨ ᠣᠶ ᠡᠯᠡᠰᠦᠨ ᠤ᠋ ᠠᠵᠤ ᠦᠶ᠋ᠯᠡᠰ ᠢ᠋ ᠶᠡᠬᠡ ᠪᠡᠷ ᠬᠥᠭ᠌ᠵᠢᠭᠦᠯᠵᠦ᠍ ᠂ 《 ᠠᠵᠤ ᠠᠬᠤᠢᠯᠠᠯ + ᠰᠠᠭᠤᠷᠢᠨ + ᠮᠠᠯᠵᠢᠬᠤ ᠲᠠᠷᠢᠶᠠᠯᠠᠬᠤ ᠡᠷᠦᠬᠡ 》  ᠶ᠋ᠢᠨ ᠠᠵᠤ ᠦᠢᠯᠡᠰᠵᠢᠯᠲᠡ ᠶ᠋ᠢᠨ ᠵᠠᠭ᠍ᠪᠤᠷ ᠢ᠋ᠶ᠋ᠠᠷ ᠳᠡᠮᠵᠢᠨ ᠴᠠᠭᠠᠨ ᠭᠣᠶᠣᠣ᠂ ᠤᠯᠠᠭᠠᠨ ᠭᠣᠶᠣᠣ᠂ ᠲᠣᠮᠣ ᠵᠢᠭᠳᠡ ᠪᠡᠷ ᠭᠤᠤᠯ ᠪᠦᠲᠦᠭᠡᠭ᠌ᠳᠡᠬᠦᠨ ᠪᠣᠯᠭᠠᠭ᠍ᠰᠠᠨ ᠳᠠᠷᠢᠵᠤ ᠤᠷᠭᠤᠭᠤᠯᠬᠤ᠂ ᠠᠩᠬ᠎ᠠ ᠡᠳ᠋ᠱᠢᠭᠦᠯᠬᠦ᠌ ᠪᠠ ᠪᠣᠷᠣᠯᠠᠭᠤᠯᠬᠤ ᠠᠵᠤ ᠦᠶ᠋ᠯᠡᠰ ᠤ᠋ᠨ ᠬᠡᠯᠬᠢᠶ᠎ᠡ ᠵᠢ ᠨᠢᠭᠡᠨᠲᠡ ᠠᠩᠬ᠎ᠠ ᠠᠯᠬᠤᠮ ᠪᠦᠷᠢᠯᠳᠦᠭᠦᠯᠪᠡ᠃ 2022 ᠣᠨ ᠪᠤᠯᠬᠤ ᠳ᠋ᠦ᠂ ᠪᠦᠬᠦ᠌ ᠬᠣᠱᠢᠭᠤᠨ ᠤ᠋ ᠲᠦᠯᠵᠢᠨ ᠤᠷᠭᠤᠭᠤᠯᠤᠭᠰᠠᠨ ᠴᠠᠭᠠᠨ ᠭᠣᠶᠣᠣ ᠪᠠ ᠤᠯᠠᠭᠠᠨ ᠭᠣᠶᠣᠣ ᠵᠢᠨ ᠲᠠᠯᠠᠪᠠᠢ 59 ᠲᠦᠮᠡᠨ ᠮᠦ᠍ ᠳ᠋ᠦ ᠬᠦᠷᠴᠦ᠍ ᠂ ᠵᠢᠯ ᠳ᠋ᠦ 800 ᠭᠠᠷᠤᠢ ᠲᠣᠨ ᠴᠠᠭᠠᠨ ᠭᠣᠶᠣᠣ᠂ 100 ᠭᠠᠷᠤᠢ ᠲᠣᠨ ᠤᠯᠠᠭᠠᠨ ᠭᠣᠶᠣᠣ ᠬᠤᠷᠢᠶᠠᠵᠤ ᠪᠠᠢᠨ᠎ᠠ ; ᠤᠯᠠᠭᠠᠨ ᠬᠠᠷᠮᠠᠭ ᠳᠠᠷᠢᠭᠰᠠᠨ ᠲᠠᠯᠠᠪᠠᠶ 1300 ᠮᠥ᠍ ᠬᠦᠷᠴᠦ᠍ ᠂ ᠵᠢᠯ ᠳ᠋ᠦ 40 ᠭᠠᠷᠤᠶ ᠲᠣᠨ ᠬᠠᠳᠠᠭᠠᠭ᠍ᠰᠠᠨ ᠵᠢᠮᠢᠰ ᠬᠤᠷᠢᠶᠠᠵᠤ ᠪᠠᠢᠨ᠎ᠠ; 340 ᠮᠥ᠍ ᠵᠢᠭᠳᠡ ᠳᠠᠷᠢᠵᠤ ᠂ ᠵᠢᠯ ᠳ᠋ᠦ 10 ᠭᠠᠷᠤᠶ ᠲᠣᠨ ᠵᠢᠮᠢᠰ ᠬᠤᠷᠢᠶᠠᠵᠤ ᠪᠠᠢᠨ᠎ᠠ ᠃ ᠡᠭᠦᠨ ᠤ᠋ ᠬᠠᠮᠲᠤ《ᠣᠶ ᠱᠢᠭᠤᠶ ᠵᠢ ᠬᠠᠮᠢᠶᠠᠷᠬᠤ ᠬᠥᠮᠦᠨ ᠲᠡᠶ ᠂ ᠠᠵᠢᠯ ᠶᠠᠪᠤᠳᠠᠯ ᠢ᠋ ᠬᠢᠬᠦ᠌ ᠬᠥᠮᠦᠨ ᠲᠡᠶ ᠂ ᠬᠠᠷᠢᠭᠤᠴᠠᠯᠭ᠎ᠠ ᠵᠢ ᠡᠭᠦᠷᠭᠡᠯᠡᠬᠦ᠌ ᠬᠥᠮᠦᠨ ᠲᠡᠶ 》 ᠪᠠᠢᠳᠠᠭ ᠬᠣᠱᠢᠭᠤ ᠂ ᠰᠤᠮᠤ ᠪᠠᠯᠭᠠᠰᠤ ᠂ ᠭᠠᠴᠠᠭ᠎ᠠ ᠲᠣᠰᠭᠣᠨ ᠭᠤᠷᠪᠠᠨ ᠱᠠᠲᠤᠨ ᠤ᠋ ᠣᠶ ᠱᠢᠭᠤᠶ ᠨᠤᠲᠤᠭ ᠪᠡᠯᠴᠢᠭᠡᠷ ᠤ᠋ᠨ ᠡᠬᠢ ᠪᠠᠶᠠᠯᠢᠭ ᠤ᠋ᠨ ᠲᠤᠤᠷᠴᠢᠯᠠᠭ᠍ᠰᠠᠨ ᠬᠠᠮᠢᠶᠠᠷᠤᠯᠲᠠ ᠶ᠋ᠢᠨ ᠬᠠᠷᠢᠭᠤᠴᠠᠯᠭ᠎ᠠ ᠶ᠋ᠢᠨ ᠱᠢᠰᠲ᠋ᠧᠮ ᠢ᠋ ᠪᠠᠢᠭᠤᠯᠵᠤ᠂ ᠭᠤᠷᠪᠠᠨ ᠱᠠᠲᠤᠨ ᠤ᠋ 41 ᠣᠶ ᠶ᠋ᠢᠨ ᠳᠠᠷᠤᠭ᠎ᠠ᠂ 1310 ᠣᠶ ᠬᠠᠮᠠᠭᠠᠯᠠᠭ᠍ᠴᠢ᠂ 63 ᠨᠤᠲᠤᠭ ᠪᠡᠯᠴᠢᠭᠡᠷ ᠤ᠋ᠨ ᠬᠠᠮᠢᠶᠠᠷᠤᠭ᠍ᠴᠢ᠎ᠭᠠᠷᠭᠠᠵᠦ᠂ ᠪᠥᠬᠥ᠌ ᠬᠣᠱᠢᠭᠤᠨ ᠤ᠋ ᠣᠶ ᠱᠢᠭᠤᠶ ᠤᠷᠭᠤᠮᠠᠯ ᠤ᠋ᠨ ᠪᠦᠷᠬᠦᠴᠡ ᠵᠢ ᠬᠠᠮᠠᠭᠠᠯᠠᠬᠤ ᠪᠠ ᠰᠡᠷᠭᠦᠭᠡᠬᠦ᠌ ᠵᠢ ᠪᠦᠲᠦᠮᠵᠢᠲᠡᠶ ᠠᠬᠢᠭᠤᠯᠪᠠ᠃

《ᠡᠯᠡᠰᠦᠷᠬᠡᠭᠵᠢᠯ ᠢ᠋ ᠰᠡᠷᠬᠡᠢᠯᠡᠨ ᠡᠯᠡᠰᠤ ᠵᠢ ᠵᠠᠰᠠᠬᠤ ᠢᠨᠵᠧᠨᠧᠷᠢᠩ ᠢ᠋ ᠬᠡᠷᠡᠭ᠌ᠵᠢᠭᠦᠯᠬᠦ᠌ ᠪᠡᠷ ᠳᠡᠮᠵᠢᠨ ᠪᠥᠬᠥ᠌ ᠬᠣᠱᠢᠭᠤᠨ ᠤ᠋ ᠠᠮᠢ ᠠᠬᠤᠶ ᠣᠷᠴᠢᠨ ᠲᠣᠭᠣᠷᠢᠨ ᠢ᠋ ᠶᠡᠬᠡ ᠪᠡᠷ ᠰᠠᠢᠵᠢᠷᠠᠭᠤᠯᠤᠭ᠍ᠰᠠᠨ ᠪᠦᠬᠡᠳ ᠮᠠᠯᠴᠢᠨ ᠲᠠᠷᠢᠶᠠᠴᠢᠨ ᠢ᠋ ᠳᠠᠢᠴᠢᠯᠠᠨ ᠣᠷᠣᠯᠭ᠎ᠠ ᠵᠢ ᠨᠢ ᠨᠡᠮᠡᠭ᠌ᠳᠡᠭᠦᠯᠵᠦ᠍᠂ ᠠᠮᠢ ᠠᠬᠤᠶ᠂ ᠠᠵᠤ ᠠᠬᠤᠶ ᠪᠠ ᠨᠡᠢᠭᠡᠮ ᠤ᠋ᠨ ᠭᠤᠷᠮᠤᠰᠤᠨ ᠦᠷ᠎ᠡ ᠠᠱᠢᠭ ᠢ᠋ ᠪᠡᠶᠡᠯᠡᠭᠦᠯᠪᠡ᠃ ᠲᠠᠷᠠᠭᠠᠴᠢ ᠪᠡᠷ ᠪᠢᠳᠡ ᠰᠢ ᠵᠢᠨ ᠫᠢᠩ ᠤ᠋ᠨ ᠠᠮᠢ ᠠᠬᠤᠶ ᠶ᠋ᠢᠨ ᠪᠣᠯᠪᠠᠰᠤᠨ ᠤ᠋ ᠦᠵᠡᠯ ᠰᠠᠨᠠᠭ᠎ᠠ ᠵᠢ ᠤᠯᠠᠮ ᠨᠢᠭᠡ ᠠᠯᠬᠤᠮ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠮᠠᠨ ᠤ᠋ ᠬᠣᠱᠢᠭᠤᠨ ᠤ᠋ 〈ᠤᠮᠠᠷᠠᠲᠤ ᠵᠢᠨ ᠭᠤᠷᠪᠠᠨ ᠤᠷᠤᠨ〉 ᠤ᠋ ᠵᠢᠷᠭᠤᠳᠤᠭᠠᠷ ᠬᠤᠭᠤᠴᠠᠭᠠᠨ ᠤ᠋ ᠢᠨᠵᠧᠨᠧᠷᠢᠩ ᠢ᠋ ᠦᠷᠭᠦᠯᠵᠢᠯᠡᠨ ᠰᠠᠢᠲᠤᠷ ᠲᠥᠯᠥᠪᠵᠢᠭᠦᠯᠵᠦ᠍᠂ ᠡᠵᠡᠨ᠎ᠡ ᠬᠣᠱᠢᠭᠤᠨ ᠤ᠋ ᠡᠯᠡᠰᠦᠷᠬᠡᠭᠵᠢᠯ ᠢ᠋ ᠰᠡᠷᠬᠡᠢᠯᠡᠨ ᠡᠯᠡᠰᠤ ᠵᠢ ᠵᠠᠰᠠᠬᠤ ᠠᠵᠢᠯ ᠢ᠋ ᠪᠥᠬᠥ᠌ ᠬᠦᠴᠦᠨ ᠢ᠋ᠶ᠋ᠡᠷ ᠢ᠋ᠶ᠋ᠡᠨ ᠠᠬᠢᠭᠤᠯᠵᠤ ᠂ ᠪᠣᠳᠠᠲᠤ ᠠᠵᠢᠯᠯᠠᠭ᠎ᠠ ᠪᠡᠷ ᠢ᠋ᠶ᠋ᠠᠨ 〈ᠤᠮᠠᠷᠠᠲᠤ ᠵᠢᠨ ᠭᠤᠷᠪᠠᠨ ᠤᠷᠤᠨ ᠤ᠋ ᠵᠣᠷᠢᠭ ᠰᠠᠨᠠᠭ᠎ᠠ〉ᠵᠢ ᠦᠶ᠋ᠯᠡᠳᠦᠯᠭᠡᠵᠢᠭᠦᠯᠵᠦ᠍᠂ ᠡᠵᠡᠨ᠎ᠡ ᠶ᠋ᠢᠨ ᠨᠣᠭᠣᠭᠠᠨ ᠪᠦᠷᠢᠳᠦ᠍ ᠵᠢ ᠨᠠᠩ ᠦᠵᠡᠰᠭᠦᠯᠡᠩᠲᠦ ᠰᠠᠢᠬᠠᠨ ᠪᠣᠯᠭᠠᠨ ᠪᠥᠲᠥᠭᠡᠨ ᠪᠠᠢᠭᠤᠯᠬᠤ ᠪᠡᠷ ᠴᠢᠷᠮᠠᠢᠨ᠎ᠠ》 ᠭᠡᠵᠦ᠍ ᠡᠵᠡᠨ᠎ᠡ ᠬᠣᠱᠢᠭᠤᠨ ᠤ᠋ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠶ᠋ᠢᠨ ᠳᠡᠳ᠋ ᠳᠠᠷᠤᠭ᠎ᠠ ᠭᠤᠤ ᠶᠠᠩ ᠰᠤᠷᠪᠤᠯᠵᠢᠯᠠᠭ᠍ᠴᠢ ᠳ᠋ᠦ ᠬᠡᠯᠡᠨ᠎ᠠ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号