ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠵᠢ ᠵᠠᠰᠠᠭᠰᠠᠨ ᠱᠢᠨ᠎ᠡ ᠭᠠᠢᠬᠠᠮᠱᠢᠭ ᠢ᠋ ᠡᠭᠦᠳᠦᠨᠡᠮ
2023-10-06 11:40:48
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

ᠡᠨᠡ ᠵᠢᠯ ᠤ᠋ᠨ 6 ᠰᠠᠷ᠎ᠠ ᠳ᠋ᠦ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ ᠤ᠋ᠨ ᠪᠠᠶᠠᠨᠨᠠᠭᠤᠷ ᠬᠤᠳᠠ ᠳ᠋ᠤ ᠱᠢᠨᠵᠢᠯᠡᠨ ᠪᠠᠢᠴᠠᠭᠠᠭ᠍ᠰᠠᠨ ᠪᠥᠭᠡᠳ ᠴᠦᠯᠯᠡᠷᠭᠡᠭ᠌ᠵᠢᠯ ᠢ᠋ ᠶᠡᠷᠦᠩᠬᠡᠢᠯᠡᠨ ᠰᠡᠷᠭᠡᠢᠯᠡᠨ ᠵᠠᠰᠠᠬᠤ ᠵᠢ ᠴᠢᠩᠭᠠᠳᠭᠠᠬᠤ ᠪᠠ 《ᠤᠮᠠᠷᠠᠲᠤ ᠶ᠋ᠢᠨ ᠭᠤᠷᠪᠠᠨ ᠣᠷᠣᠨ》ᠵᠡᠷᠭᠡ ᠭᠣᠣᠯᠳᠠᠯᠭ᠎ᠠ ᠲᠠᠢ ᠠᠮᠢ ᠠᠬᠤᠢ ᠶ᠋ᠢᠨ ᠢᠨᠵᠧᠨᠧᠷᠢᠩ ᠤ᠋ᠨ ᠪᠦᠳᠦᠭᠡᠨ ᠪᠠᠢᠭᠤᠯᠤᠯᠲᠠ ᠵᠢ ᠠᠬᠢᠭᠤᠯᠬᠤ ᠶᠠᠷᠢᠯᠴᠠᠬᠤ ᠬᠤᠷᠠᠯ ᠢ᠋ ᠡᠷᠬᠢᠯᠡᠨ ᠬᠤᠷᠠᠯᠳᠤᠭᠤᠯᠵᠤ᠂ 《ᠤᠮᠠᠷᠠᠲᠤ ᠶ᠋ᠢᠨ ᠭᠤᠷᠪᠠᠨ ᠣᠷᠣᠨ 》 ᠤ᠋ ᠢᠨᠵᠧᠨᠧᠷᠢᠩ ᠤ᠋ᠨ ᠪᠣᠭᠣᠮᠲᠠ ᠱᠢᠪᠲᠤᠯᠬᠤ ᠳᠠᠢᠯᠠᠯᠳᠤᠭᠠᠨ ᠢ᠋ ᠰᠠᠢᠲᠤᠷ ᠬᠢᠬᠦ᠌᠂ ᠱᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠵᠢ ᠵᠠᠰᠠᠬᠰᠠᠨ ᠱᠢᠨ᠎ᠡ ᠭᠠᠢᠬᠠᠮᠱᠢᠭ ᠢ᠋ ᠡᠭᠦᠳᠬᠦ᠌ ᠶᠡᠷᠦᠩᠬᠡᠢ ᠲᠠᠢ᠌ᠴᠢᠯᠠᠯᠳᠠ ᠶ᠋ᠢᠨ ᠵᠠᠷᠯᠢᠭ ᠪᠠᠭᠤᠯᠭᠠᠭᠰᠠᠨ ᠪᠠᠢᠨ᠎ᠠ᠃

ᠲᠠᠢ᠌ᠴᠢᠯᠠᠯᠳᠠ ᠶ᠋ᠢᠨ ᠵᠠᠷᠯᠢᠭ ᠪᠠᠭᠤᠮᠠᠭᠴᠠ ᠣᠷᠣᠨ ᠳᠠᠶᠠᠭᠠᠷ ᠵᠢᠡᠨ ᠦᠳᠲᠡᠷ ᠲᠦᠷᠭᠡᠨ ᠬᠥᠳᠡᠯᠦᠯᠴᠡᠵᠦ᠍᠂ ᠥᠪᠡᠷᠲᠡᠭᠡᠨ ᠵᠠᠰᠠᠬᠤ ᠣᠷᠣᠨ ᠵᠢᠴᠢ ᠡᠯ᠎ᠡ ᠠᠢᠮᠠᠭ ᠬᠣᠲᠠ ᠴᠥᠮ 《ᠤᠮᠠᠷᠠᠲᠤ ᠶ᠋ᠢᠨ ᠭᠤᠷᠪᠠᠨ ᠣᠷᠣᠨ》 ᠵᠡᠷᠭᠡ ᠭᠣᠣᠯᠳᠠᠯᠭ᠎ᠠ ᠲᠠᠢ ᠠᠮᠢ ᠠᠬᠤᠶ ᠶ᠋ᠢᠨ ᠢᠨᠵᠧᠨᠧᠷᠢᠩ ᠤ᠋ᠨ ᠪᠦᠲᠦᠭᠡᠨ ᠪᠠᠢᠭᠤᠯᠤᠯᠲᠠ ᠵᠢ ᠠᠬᠢᠭᠤᠯᠬᠤ ᠤᠳᠤᠷᠢᠳᠭᠤ ᠳᠤᠭᠤᠢᠯᠠᠩ ᠢ᠋ ᠪᠠᠢᠭᠤᠯᠵᠤ᠂ 《ᠤᠮᠠᠷᠠᠲᠤ ᠶ᠋ᠢᠨ ᠭᠤᠷᠪᠠᠨ ᠣᠷᠣᠨ》 ᠤ᠋ ᠢᠨᠵᠧᠨᠧᠷᠢᠩ ᠤ᠋ᠨ ᠵᠢᠷᠭᠤᠳᠤᠭᠠᠷ ᠬᠤᠭᠤᠴᠠᠭᠠᠨ ᠤ᠋ ᠲᠥᠯᠥᠪᠵᠢᠭᠦᠯᠭᠡ ᠪᠣᠯᠤᠨ ᠭᠤᠷᠪᠠᠨ ᠶᠡᠬᠡ ᠪᠡᠯᠭᠡ ᠲᠡᠮᠳᠡᠭ ᠤ᠋ᠨ ᠴᠢᠨᠠᠷᠲᠠᠶ ᠳᠠᠢᠯᠠᠯᠳᠤᠭᠠᠨ ᠤ᠋ ᠬᠡᠷᠡᠭ᠌ᠵᠢᠭᠦᠯᠬᠦ᠌ ᠲᠥᠰᠦᠯ ᠢ᠋ ᠨᠠᠢᠷᠠᠭᠤᠯᠤᠨ ᠵᠣᠬᠢᠶᠠᠬᠤ ᠠᠵᠢᠯ ᠢ᠋ ᠡᠬᠢᠯᠡᠭᠦᠯᠬᠦ᠌ ᠶ᠋ᠢᠨ ᠬᠠᠮᠲᠤ ᠥᠨᠳᠥᠷ ᠲᠦᠪᠰᠢᠨ ᠡᠴᠡ ᠪᠠᠢᠷᠢᠯᠠᠭᠤᠯᠤᠨ᠂ ᠥᠨᠳᠥᠷ ᠳᠠᠪᠲᠠᠮᠵᠢ ᠪᠡᠷ ᠲᠣᠬᠢᠷᠠᠭᠤᠯᠵᠤ᠂ ᠥᠨᠳᠥᠷ ᠦᠷ᠎ᠡ ᠪᠦᠲᠦᠮᠵᠢᠲᠡᠶ ᠪᠡᠷ ᠨᠠᠢᠳᠠᠪᠤᠷᠢᠵᠢᠭᠤᠯᠤᠭᠰᠠᠨ ᠡᠴᠡ ᠥᠷᠭᠡᠨ ᠠᠭᠤᠳᠠᠮ ᠥᠪᠥᠷ ᠮᠣᠩᠭᠣᠯ ᠳ᠋ᠦ 《ᠤᠮᠠᠷᠠᠲᠤ ᠶ᠋ᠢᠨ ᠭᠤᠷᠪᠠᠨ ᠣᠷᠣᠨ》 ᠤ᠋ ᠢᠨᠵᠧᠨᠧᠷᠢᠩ ᠤ᠋ᠨ ᠪᠣᠭᠣᠮᠲᠠ ᠱᠢᠪᠲᠤᠯᠬᠤ ᠳᠠᠢᠯᠠᠯᠳᠤᠭᠠᠨ ᠰᠦᠷ ᠲᠠᠯᠠᠢᠴᠠᠳᠠᠢ ᠡᠬᠢᠯᠡᠪᠠ᠃

8 ᠰᠠᠷ᠎ᠠ ᠶ᠋ᠢᠨ 12 ᠤ᠋ᠨ ᠡᠳᠦᠷ᠂ ᠤᠯᠠᠭᠠᠨᠬᠠᠳᠠ ᠬᠣᠲᠠ ᠬᠣᠷᠴᠢᠨ ᠤ᠋ ᠡᠯᠡᠰᠦᠷᠬᠡᠭ ᠭᠠᠵᠠᠷ ᠪᠤᠯᠤᠨ ᠬᠤᠯᠠᠨ ᠱᠢᠷᠭ᠎ᠠ ᠲᠠᠭ᠎ᠠ ᠶ᠋ᠢᠨ ᠡᠯᠡᠰᠦᠷᠬᠡᠭ ᠭᠠᠵᠠᠷ ᠢ᠋ ᠳᠦᠢᠯᠪᠤᠷᠢᠳᠠᠢ ᠵᠠᠰᠠᠬᠤ ᠳᠠᠢᠯᠠᠯᠳᠤᠭᠠᠨ ᠢ᠋ ᠪᠥᠬᠥ᠌ ᠲᠠᠯ᠎ᠠ ᠪᠡᠷ ᠡᠬᠢᠯᠡᠭᠦᠯᠵᠦ᠍᠂ ᠪᠥᠬᠥ᠌ ᠬᠣᠲᠠ ᠶ᠋ᠢᠨ ᠡᠯᠡᠰᠦᠷᠬᠡᠭ ᠭᠠᠵᠠᠷ ᠤ᠋ᠨ ᠵᠠᠰᠠᠯᠲᠠ ᠵᠢ ᠬᠣᠷᠴᠢᠨ ᠤ᠋ ᠡᠯᠡᠰᠦᠷᠬᠡᠭ ᠭᠠᠵᠠᠷ ᠤ᠋ᠨ 《ᠬᠣᠶᠠᠷ ᠭᠤᠤᠯ ᠤ᠋ᠨ ᠰᠠᠪᠠ ᠭᠠᠵᠠᠷ》 ᠤ᠋ᠨ ᠳᠤᠮᠳᠠ ᠬᠡᠰᠡᠭ ᠤ᠋ᠨ ᠣᠷᠣᠨ ᠪᠦᠰᠡ ᠶ᠋ᠢᠨ ᠵᠠᠰᠠᠯᠲᠠ ᠶ᠋ᠢᠨ ᠣᠷᠣᠨ᠂ ᠬᠤᠯᠠᠨ ᠱᠢᠷᠭ᠎ᠠ ᠲᠠᠭ᠎ᠠ ᠶ᠋ᠢᠨ ᠡᠯᠡᠰᠦᠷᠬᠡᠭ ᠭᠠᠵᠠᠷ ᠤ᠋ᠨ ᠵᠠᠰᠠᠯᠲᠠ ᠶ᠋ᠢᠨ ᠣᠷᠣᠨ᠂ ᠬᠣᠷᠴᠢᠨ ᠤ᠋ ᠡᠯᠡᠰᠦᠷᠬᠡᠭ ᠭᠠᠵᠠᠷ ᠤ᠋ᠨ ᠱᠢᠷᠠᠮᠥ᠋ᠷᠡᠨ ᠭᠤᠤᠯ ᠤ᠋ᠨ ᠬᠣᠢᠲᠤ ᠲᠠᠨᠵᠢ ᠶ᠋ᠢᠨ ᠵᠠᠰᠠᠯᠲᠠ ᠶ᠋ᠢᠨ ᠣᠷᠣᠨ᠂ ᠬᠣᠷᠴᠢᠨ ᠤ᠋ ᠡᠯᠡᠰᠦᠷᠬᠡᠭ ᠭᠠᠵᠠᠷ ᠤ᠋ᠨ ᠯᠤᠤᠬ᠎ᠠ ᠶ᠋ᠢᠨ ᠭᠤᠤᠯ ᠤ᠋ᠨ ᠡᠮᠦᠨ᠎ᠡ ᠲᠠᠨᠵᠢ ᠶ᠋ᠢᠨ ᠵᠠᠰᠠᠯᠲᠠ ᠶ᠋ᠢᠨ ᠣᠷᠣᠨ ᠵᠡᠷᠭᠡ 《ᠳᠥᠷᠪᠡᠨ ᠶᠡᠬᠡ ᠪᠠᠢᠯᠳᠤᠭᠠᠨ ᠤ᠋ ᠣᠷᠣᠨ》 ᠪᠣᠯᠭᠠᠨ ᠬᠤᠪᠢᠶᠠᠪᠠ᠃ ᠬᠣᠶᠠᠷ ᠶᠡᠬᠡ ᠡᠯᠡᠰᠦᠷᠬᠡᠭ ᠭᠠᠵᠠᠷ ᠢ᠋ ᠲᠦᠢᠯᠪᠦᠷᠢᠳᠡᠢ ᠵᠠᠰᠠᠬᠤ ᠳᠠᠢᠯᠠᠯᠳᠤᠭᠠᠨ ᠢ᠋ ᠡᠬᠢᠯᠡᠭᠦᠯᠦᠭ᠌ᠰᠡᠨ ᠡᠴᠡ ᠨᠠᠭᠠᠰᠢ ᠤᠯᠠᠭᠠᠨᠬᠠᠳᠠ ᠬᠣᠲᠠ ᠨᠢᠭᠡᠨᠲᠡ 21.23 ᠲᠦᠮᠡᠨ ᠮᠥ᠍ ᠡᠯᠡᠰᠦᠷᠬᠡᠭ᠌ᠵᠢᠭ᠌ᠰᠡᠨ ᠭᠠᠵᠠᠷ ᠢ᠋ ᠵᠠᠰᠠᠵᠤ᠂ ᠡᠨᠡ ᠵᠢᠯ ᠤ᠋ᠨ ᠲᠤᠳᠤᠷ᠎ᠠ ᠳᠠᠬᠢᠨ 18.75 ᠲᠦᠮᠡᠨ ᠮᠥ᠍ ᠡᠯᠡᠰᠦᠷᠬᠡᠭ᠌ᠵᠢᠭ᠌ᠰᠡᠨ ᠭᠠᠵᠠᠷ ᠢ᠋ ᠵᠠᠰᠠᠬᠤ ᠪᠡᠷ ᠬᠦᠴᠦᠯᠡᠵᠤ ᠪᠠᠢᠨ᠎ᠠ᠃

ᠲᠦᠩᠯᠢᠶᠣᠤ ᠬᠣᠲᠠ 《ᠬᠤᠢᠳᠦ ᠬᠡᠰᠡᠭ ᠵᠢᠡᠷ ᠬᠠᠮᠠᠭᠠᠯᠠᠬᠤ᠂ ᠲᠤᠮᠳᠠ ᠬᠡᠰᠡᠭ ᠵᠢᠡᠷ ᠤᠰᠤ ᠠᠷᠪᠢᠯᠠᠬᠤ᠂ ᠡᠮᠦᠨ᠎ᠠ ᠬᠡᠰᠡᠭ᠎ᠵᠢᠡᠷ ᠡᠯᠡᠰᠦ ᠵᠢ ᠵᠠᠰᠠᠬᠤ》 ᠠᠮᠢ ᠠᠬᠤᠶ ᠶ᠋ᠢᠨ ᠬᠥᠭ᠌ᠵᠢᠯᠲᠡ ᠶ᠋ᠢᠨ ᠰᠡᠳᠭᠢᠴᠡ ᠶᠣᠰᠣᠭᠠᠷ 2023 — 2030 ᠣᠨ ᠤ᠋ ᠬᠣᠷᠴᠢᠨ ᠤ᠋ ᠡᠯᠡᠰᠦᠷᠬᠡᠭ ᠭᠠᠵᠠᠷ ᠢ᠋ ᠲᠦᠢᠯᠪᠤᠷᠢᠳᠠᠢ ᠵᠠᠰᠠᠬᠤ ᠶᠡᠷᠦᠩᠬᠡᠶ ᠲᠥᠯᠥᠪᠵᠢᠭᠦᠯᠭᠡ ᠵᠢ ᠱᠢᠨᠵᠢᠯᠡᠬᠦ᠌ ᠤᠬᠠᠭᠠᠨᠴᠢ ᠪᠡᠷ ᠨᠠᠢᠷᠠᠭᠤᠯᠤᠨ ᠵᠣᠬᠢᠶᠠᠵᠤ᠂ 《ᠲᠠᠪᠤᠨ ᠮᠢᠩᠭᠠᠨ ᠲᠦᠮᠡ》 ᠶ᠋ᠢᠨ ᠢᠨᠵᠧᠨᠧᠷᠢᠩ ᠢ᠋ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ 《 ᠲᠠᠪᠤᠨ ᠶᠡᠬᠡ ᠠᠵᠤ ᠦᠢᠯᠡᠰ》 ᠢ᠋ ᠪᠦᠬᠦ᠌ ᠬᠦᠴᠦᠨ ᠢ᠋ᠶ᠋ᠡᠷ ᠢ᠋ᠶ᠋ᠡᠨ ᠬᠥᠭ᠌ᠵᠢᠭᠦᠯᠵᠤ ᠪᠠᠢᠨ᠎ᠠ᠃ ᠬᠡᠬᠦ ᠳ᠋ᠡᠬᠡᠨ ᠭᠤᠤᠯᠳᠠᠯᠭ᠎ᠠ ᠲᠠᠢ ᠵᠠᠰᠠᠯᠳᠠ ᠵᠢ ᠲᠤᠪᠤᠢᠯᠭᠠᠨ᠂ ᠨᠡᠢᠭᠡᠮ ᠤ᠋ᠨ ᠡᠯ᠎ᠡ ᠲᠠᠯ᠎ᠠ ᠶ᠋ᠢᠨ ᠬᠦᠴᠦᠨ ᠢ᠋ ᠳᠠᠢᠴᠢᠯᠠᠵᠤ ᠂ ᠬᠣᠷᠴᠢᠨ ᠤ᠋ ᠡᠯᠡᠰᠦᠷᠬᠡᠭ ᠭᠠᠵᠠᠷ ᠢ᠋ ᠲᠦᠢᠯᠪᠤᠷᠢᠳᠠᠢ ᠵᠠᠰᠠᠬᠤ ᠳᠠᠢᠯᠠᠯᠳᠤᠭᠠᠨ ᠢ᠋ ᠪᠥᠬᠥ᠌ ᠬᠦᠴᠦᠨ ᠢ᠋ᠶ᠋ᠡᠷ ᠢ᠋ᠶ᠋ᠡᠨ ᠰᠠᠢᠲᠤᠷ ᠬᠢᠵᠤ ᠡᠬᠢᠯᠡᠯ᠎ᠠ᠃

8 ᠰᠠᠷ᠎ᠠ ᠶ᠋ᠢᠨ 17 ᠤ᠋ ᠡᠳᠦᠷ᠂ ᠤᠯᠠᠭᠠᠨᠴᠠᠪ ᠬᠣᠲᠠ 《ᠤᠮᠠᠷᠠᠲᠤ ᠶ᠋ᠢᠨ ᠭᠤᠷᠪᠠᠨ ᠣᠷᠣᠨ》 ᠵᠡᠷᠭᠡ ᠭᠤᠤᠯᠳᠠᠯᠭ᠎ᠠ ᠲᠠᠢ ᠠᠮᠢ ᠠᠬᠤᠶ ᠶ᠋ᠢᠨ ᠢᠨᠵᠧᠨᠧᠷᠢᠩ ᠤ᠋ᠨ ᠪᠥᠲᠥᠭᠡᠨ ᠪᠠᠢᠭᠤᠯᠤᠯᠲᠠ ᠵᠢ ᠠᠬᠢᠭᠤᠯᠬᠤ ᠵᠢᠴᠢ ᠥᠪᠥᠷ ᠮᠣᠩᠭᠣᠯ ᠤ᠋ᠨ ᠵᠡᠭᠦᠨ ᠬᠡᠰᠡᠭ ᠤ᠋ᠨ ᠳᠠᠯ᠎ᠠ ᠨᠤᠲᠤᠭ ᠤ᠋ᠨ ᠡᠯᠡᠰᠦᠷᠬᠡᠭ ᠭᠠᠵᠠᠷ ᠢ᠋ ᠶᠡᠷᠦᠩᠬᠡᠢᠯᠡᠨ ᠵᠠᠰᠠᠬᠤ ᠬᠣᠶᠠᠳᠤᠭᠠᠷ ᠬᠤᠭᠤᠴᠠᠭᠠᠨ ᠤ᠋ ᠲᠥᠷᠥᠯ ᠵᠦᠶ᠋ᠯ ᠢ᠋ ᠡᠬᠢᠯᠡᠭᠦᠯᠵᠦ᠍᠂ ᠱᠢᠨ᠎ᠡ ᠨᠢᠭᠡ ᠡᠭᠡᠯᠵᠢ ᠶ᠋ᠢᠨ 《ᠤᠮᠠᠷᠠᠲᠤ ᠶ᠋ᠢᠨ ᠭᠤᠷᠪᠠᠨ ᠣᠷᠣᠨ》ᠵᠡᠷᠭᠡ ᠭᠤᠤᠯᠳᠠᠯᠭ᠎ᠠ ᠲᠠᠢ ᠠᠮᠢ ᠠᠬᠤᠶ ᠶ᠋ᠢᠨ ᠢᠨᠵᠧᠨᠧᠷᠢᠩ ᠤ᠋ᠨ ᠪᠥᠲᠥᠭᠡᠨ ᠪᠠᠢᠭᠤᠯᠤᠯᠲᠠ ᠵᠢ ᠡᠬᠢᠯᠡᠬᠦᠯᠪᠠ᠃ ᠲᠤᠰ ᠬᠣᠲᠠ《ᠬᠠᠲᠤᠨ ᠭᠤᠤᠯ ᠤ᠋ᠨ 〈ᠶᠡᠬᠡ ᠲᠤᠬᠤᠢ〉 ᠶ᠋ᠢᠨ ᠪᠣᠭᠣᠮᠲᠠ ᠱᠢᠪᠲᠤᠯᠬᠤ ᠳᠠᠢᠯᠠᠯᠳᠤᠭᠠᠨ ᠤ᠋ ᠬᠡᠷᠡᠭ᠌ᠵᠢᠭᠦᠯᠬᠦ᠌ ᠲᠥᠰᠦᠯ 》 ᠪᠣᠯᠤᠨ 《ᠬᠤᠯᠠᠨ ᠱᠢᠷᠭ᠎ᠠ ᠲᠠᠭ᠎ᠠ ᠶ᠋ᠢᠨ ᠡᠯᠡᠰᠦᠷᠬᠡᠭ ᠭᠠᠵᠠᠷ ᠢ᠋ ᠲᠦᠢᠯᠪᠤᠷᠢᠳᠠᠢ ᠵᠠᠰᠠᠬᠤ ᠳᠠᠢᠯᠠᠯᠳᠤᠭᠠᠨ ᠤ᠋ ᠬᠡᠷᠡᠭ᠌ᠵᠢᠭᠦᠯᠬᠦ᠌ ᠲᠥᠰᠦᠯ》 ᠢ᠋ ᠨᠢᠭᠡᠨᠲᠡ ᠨᠠᠢᠷᠠᠭᠤᠯᠤᠨ ᠵᠣᠬᠢᠶᠠᠵᠤ᠂ ᠣᠳᠣᠬᠠᠨ ᠪᠣᠯᠲᠠᠯ᠎ᠠ 76.21 ᠲᠦᠮᠡᠨ ᠮᠥ᠍ ᠵᠢᠨ ᠣᠶ ᠱᠢᠭᠤᠶ ᠨᠤᠳᠤᠭ ᠪᠡᠯᠴᠢᠭᠡᠷ ᠤ᠋ᠨ ᠠᠮᠢ ᠠᠬᠤᠶ ᠶ᠋ᠢᠨ ᠪᠥᠲᠥᠭᠡᠨ ᠪᠠᠢᠭᠤᠯᠤᠯᠲᠠ ᠬᠢᠵᠤ ᠂ ᠨᠢᠬᠡᠨᠳᠡ ᠵᠢᠯ ᠤ᠋ᠨ ᠡᠭᠦᠷᠭᠡ ᠵᠢᠨ ᠵᠢᠡᠨ 95.74% ᠵᠢ ᠪᠡᠶᠡᠯᠡᠭᠦᠯᠪᠡ᠃

ᠱᠢᠯᠢ ᠶ᠋ᠢᠨ ᠭᠤᠤᠯ ᠠᠢᠮᠠᠭ ᠪᠦᠬᠦᠯᠢ ᠴᠣᠭ᠍ᠴᠠ ᠪᠡᠷ ᠨᠢ ᠠᠬᠢᠭᠤᠯᠬᠤ᠂ ᠣᠷᠣᠨ ᠬᠤᠪᠢᠶᠠᠵᠦ ᠵᠠᠰᠠᠬᠤ᠂ ᠶᠡᠷᠦᠩᠬᠡᠢᠯᠡᠨ ᠵᠠᠰᠠᠬᠤ ᠵᠠᠷᠴᠢᠮ ᠶᠣᠰᠣᠭᠠᠷ ᠪᠥᠬᠥ᠌ ᠠᠢᠮᠠᠭ ᠤ᠋ᠨ ᠬᠡᠪᠴᠢᠶᠡᠨ ᠳ᠋ᠡᠬᠢ ᠬᠤᠯᠠᠨ ᠱᠢᠷᠭ᠎ᠠ ᠲᠠᠭ᠎ᠠ ᠶ᠋ᠢᠨ ᠡᠯᠡᠰᠦᠷᠬᠡᠭ ᠭᠠᠵᠠᠷ ᠢ᠋ 《ᠲᠠᠪᠤᠨ ᠣᠷᠣᠨ ᠬᠣᠶᠠᠷ ᠪᠦᠰᠡ ᠣᠯᠠᠨ ᠴᠡᠭ》 ᠪᠣᠯᠭᠠᠨ ᠬᠤᠪᠢᠶᠠᠪᠠ᠃ ᠬᠤᠯᠠᠨ ᠱᠢᠷᠭ᠎ᠠ ᠲᠠᠭ᠎ᠠ ᠶ᠋ᠢᠨ ᠡᠯᠡᠰᠦᠷᠬᠡᠭ ᠭᠠᠵᠠᠷ ᠢ᠋ ᠲᠦᠢᠯᠪᠤᠷᠢᠳᠠᠢ ᠵᠠᠰᠠᠬᠤ ᠳᠠᠢᠯᠠᠯᠳᠤᠭᠠᠨ ᠢ᠋ ᠡᠬᠢᠯᠡᠭᠦᠯᠦᠭ᠌ᠰᠡᠨ ᠡᠴᠡ ᠨᠠᠭᠠᠰᠢ ᠭᠤᠤᠯᠳᠠᠭᠤ ᠥᠪᠥᠷ ᠮᠣᠩᠭᠣᠯ ᠤ᠋ᠨ ᠵᠡᠭᠦᠨ ᠬᠡᠰᠡᠭ ᠤ᠋ᠨ ᠳᠠᠯ᠎ᠠ ᠨᠤᠲᠤᠭ ᠤ᠋ᠨ ᠡᠯᠡᠰᠦᠷᠬᠡᠭ ᠭᠠᠵᠠᠷ ᠢ᠋ ᠶᠡᠷᠦᠩᠬᠡᠢᠯᠡᠨ ᠵᠠᠰᠠᠬᠤ ᠳ᠋ᠦ ᠲᠦᠱᠢᠭ᠌ᠯᠡᠨ ᠡᠯᠡᠰᠦᠷᠬᠡᠭ ᠭᠠᠵᠠᠷ ᠢ᠋ 34.3 ᠲᠦᠮᠡᠨ ᠮᠥ᠍ ᠵᠠᠰᠠᠵᠤ᠂ ᠡᠨᠡ ᠨᠠᠮᠤᠷ ᠮᠠᠯᠴᠢᠨ ᠲᠠᠷᠢᠶᠠᠴᠢᠨ ᠵᠢᠴᠢ ᠬᠤᠷᠱᠢᠭ᠍ᠰᠠᠨ ᠵᠣᠬᠢᠶᠠᠨ ᠪᠠᠢᠭᠤᠯᠤᠯᠲᠠ ᠶ᠋ᠢᠨ ᠣᠷᠣᠯᠴᠠᠯᠭ᠎ᠠ ᠪᠡᠷ ᠭᠤᠤᠯ ᠠᠷᠭ᠎ᠠ ᠬᠡᠯᠪᠡᠷᠢ ᠪᠤᠯᠭᠠᠨ ᠳᠠᠬᠢᠨ 6 ᠲᠦᠮᠡᠨ ᠮᠥ᠍ ᠡᠯᠡᠰᠦᠷᠬᠡᠭ ᠭᠠᠵᠠᠷ ᠢ᠋ ᠵᠠᠰᠠᠬᠤ᠌ ᠪᠡᠷ ᠲᠥᠯᠥᠪᠯᠡᠵᠤ ᠪᠠᠢᠨ᠎ᠠ᠃

ᠣᠷᠳᠣᠰ ᠬᠣᠲᠠ 《ᠬᠠᠲᠤᠨ ᠭᠤᠤᠯ ᠤ᠋ᠨ 〈ᠶᠡᠬᠡ ᠲᠤᠬᠤᠢ〉 ᠶ᠋ᠢᠨ ᠪᠤᠭᠤᠮᠳᠠ ᠰᠢᠪᠳᠤᠯᠬᠤ ᠳᠠᠢᠯᠠᠯᠳᠤᠭᠠᠨ ᠢ᠋ ᠰᠠᠢᠲᠤᠷ ᠬᠢᠬᠦ᠌ ᠬᠡᠷᠡᠭ᠌ᠵᠢᠭᠦᠯᠬᠦ᠌ ᠲᠥᠰᠦᠯ》 ᠢ᠋ ᠳᠠᠷᠤᠮᠠᠯᠯᠠᠨ ᠲᠠᠷᠬᠠᠭᠠᠵᠤ᠂ 8 ᠵᠦᠶ᠋ᠯ ᠤ᠋ᠨ ᠪᠠᠲᠤᠯᠠᠭ᠎ᠠ ᠶ᠋ᠢᠨ ᠠᠷᠭ᠎ᠠ ᠬᠡᠮᠵᠢᠶ᠎ᠡ ᠵᠢ ᠨᠡᠢᠲᠡᠯᠡᠬᠦ ᠵᠢᠨ ᠬᠠᠮᠳᠤ ᠱᠠᠯᠠᠪᠳᠠᠨ ᠠᠵᠢᠯᠯᠠᠵᠤ᠂ ᠲᠥᠪᠯᠡᠷᠡᠭᠦᠯᠦᠨ ᠪᠤᠭᠤᠮᠳᠠ ᠰᠢᠪᠳᠤᠯᠬᠤ ᠵᠢ ᠴᠢᠩᠭ᠎ᠠ ᠠᠳᠬᠤᠪᠠ᠃ 7 ᠰᠠᠷ᠎ᠠ ᠶ᠋ᠢᠨ 30 ᠤ᠋ ᠡᠳᠦᠷ ᠡᠴᠡ ᠡᠬᠢᠯᠡᠨ ᠪᠥᠬᠥ᠌ ᠬᠣᠲᠠ ᠶ᠋ᠢᠨ ᠡᠯ᠎ᠠ ᠭᠠᠵᠠᠷ ᠤ᠋ᠨ ᠬᠢᠨ ᠵᠠᠯᠭᠠᠭ᠎ᠠ ᠪᠡᠷ ᠳᠠᠢᠴᠢᠯᠠᠯᠳᠠ ᠶ᠋ᠢᠨ ᠬᠤᠷᠠᠯ ᠬᠢᠵᠤ᠂ ᠬᠥᠪᠴᠢ ᠶ᠋ᠢᠨ ᠡᠯᠡᠰᠦ ᠵᠢ ᠡᠮᠵᠢᠶᠡᠷᠢᠯᠡᠬᠦ ᠤᠢ ᠡᠪᠡᠰᠤᠨ ᠤ᠋ ᠪᠦᠰᠡ᠂ ᠮᠤᠤᠠᠤᠰᠤ ᠶ᠋ᠢᠨ ᠡᠯᠡᠰᠦᠷᠬᠡᠭ ᠭᠠᠵᠠᠷ ᠤ᠋ᠨ ᠲᠥᠪᠯᠡᠷᠡᠨ ᠵᠠᠯᠭᠠᠯᠳᠤᠭ᠍ᠰᠠᠨ ᠨᠢᠴᠦᠭᠦᠨ ᠡᠯᠡᠰᠦ ᠵᠢ ᠵᠠᠰᠠᠬᠤ ᠵᠡᠷᠭᠡ ᠪᠡᠯᠭᠡ ᠲᠡᠮᠳᠡᠭ ᠤ᠋ᠨ ᠴᠢᠨᠠᠷᠲᠠᠶ ᠢᠨᠵᠧᠨᠧᠷᠢᠩ ᠢ᠋ ᠡᠬᠢᠯᠡᠭᠦᠯᠪᠠ᠃

ᠪᠠᠶᠠᠨᠨᠠᠭᠤᠷ ᠬᠣᠲᠠ 《〈ᠤᠮᠠᠷᠠᠲᠤ ᠶ᠋ᠢᠨ ᠭᠤᠷᠪᠠᠨ ᠣᠷᠣᠨ〉 ᠤ᠋ ᠵᠢᠷᠭᠤᠳᠤᠭᠠᠷ ᠬᠤᠭᠤᠴᠠᠭ᠎ᠠ ᠵᠡᠷᠭᠡ ᠭᠤᠤᠯᠳᠠᠯᠭ᠎ᠠ ᠲᠠᠢ ᠠᠮᠢ ᠠᠬᠤᠶ ᠶ᠋ᠢᠨ ᠢᠨᠵᠧᠨᠧᠷᠢᠩ ᠤ᠋ᠨ ᠪᠥᠲᠥᠭᠡᠨ ᠪᠠᠢᠭᠤᠯᠤᠯᠲᠠ ᠵᠢ ᠴᠢᠨᠠᠷ ᠰᠠᠢᠲᠠᠶ ᠪᠡᠷ ᠠᠬᠢᠭᠤᠯᠵᠤ ᠂ ᠬᠠᠲᠤᠨ ᠭᠤᠤᠯ ᠤ᠋ᠨ 〈ᠶᠡᠬᠡ ᠲᠤᠬᠤᠢ〉ᠶ᠋ᠢᠨ ᠪᠣᠭᠣᠮᠲᠠ ᠱᠢᠪᠲᠤᠯᠬᠤ ᠳᠠᠢᠯᠠᠯᠳᠤᠭᠠᠨ ᠢ᠋ ᠰᠠᠢᠲᠤᠷ ᠬᠢᠬᠦ᠌ ᠬᠡᠷᠡᠭ᠌ᠵᠢᠭᠦᠯᠬᠦ᠌ ᠲᠥᠰᠦᠯ》 ᠢ᠋ ᠨᠠᠢᠷᠠᠭᠤᠯᠤᠨ ᠵᠣᠬᠢᠶᠠᠵᠤ᠂ ᠪᠥᠬᠥ᠌ ᠬᠣᠲᠠ ᠵᠢ ᠡᠯᠡᠰᠦᠨ ᠴᠦᠯ(ᠡᠯᠡᠰᠦᠷᠬᠡᠭ ᠭᠠᠵᠠᠷ)ᠢ᠋ ᠶᠡᠷᠦᠩᠬᠡᠢᠯᠡᠨ ᠵᠠᠰᠠᠬᠤ ᠣᠷᠣᠨ᠂ ᠮᠤᠨᠢ ᠠᠭᠤᠯᠠ ᠵᠢᠴᠢ ᠮᠤᠨᠢ ᠠᠭᠤᠯᠠ ᠶ᠋ᠢᠨ ᠠᠷᠤ ᠬᠣᠷᠮᠣᠶ ᠶ᠋ᠢᠨ ᠠᠮᠢ ᠠᠬᠤᠶ ᠵᠢ ᠶᠡᠷᠦᠩᠬᠡᠢᠯᠡᠨ ᠵᠠᠰᠠᠬᠤ ᠣᠷᠣᠨ ᠂ ᠪᠣᠷᠣᠲᠣᠬᠣᠶ ᠶ᠋ᠢᠨ ᠲᠠᠯ᠎ᠠ ᠭᠠᠵᠠᠷ ᠤ᠋ᠨ ᠪᠥᠲᠥᠭᠡᠨ ᠪᠠᠢᠭᠤᠯᠤᠯᠲᠠ ᠶ᠋ᠢᠨ ᠣᠷᠣᠨ᠂ ᠨᠤᠭᠤ ᠭᠠᠵᠠᠷ ᠢ᠋ ᠬᠠᠮᠠᠭᠠᠯᠠᠨ ᠰᠡᠷᠭᠦᠭᠡᠵᠦ᠍ ᠵᠠᠰᠠᠬᠤ ᠣᠷᠣᠨ ᠭᠡᠬᠦ 4 ᠣᠷᠣᠨ ᠪᠦᠰᠡ ᠬᠤᠪᠢᠶᠠᠵᠤ᠂ ᠨᠢᠭᠡᠨᠲᠡ 13 ᠲᠥᠷᠥᠯ ᠵᠦᠶ᠋ᠯ ᠤ᠋ᠨ ᠠᠵᠢᠯ ᠢ᠋ ᠡᠬᠢᠯᠡᠭᠦᠯᠦᠭᠰᠡᠨ ᠪᠠᠢᠨ᠎ᠠ᠃

ᠮᠠᠨ ᠤ᠋ ᠤᠷᠤᠨ 《ᠤᠮᠠᠷᠠᠲᠤ ᠶ᠋ᠢᠨ ᠭᠤᠷᠪᠠᠨ ᠣᠷᠣᠨ》 ᠤ᠋ ᠢᠨᠵᠧᠨᠧᠷᠢᠩ ᠤ᠋ᠨ ᠪᠣᠭᠣᠮᠲᠠ ᠱᠢᠪᠲᠤᠯᠬᠤ ᠳᠠᠢᠯᠠᠯᠳᠤᠭᠠᠨ ᠪᠤᠯᠤᠨ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠭᠤᠷᠪᠠᠨ ᠶᠡᠬᠡ ᠪᠡᠯᠬᠡ ᠲᠡᠮᠳᠡᠭ ᠤ᠋ᠨ ᠴᠢᠨᠠᠷᠳᠠᠢ ᠲᠠᠢᠯᠠᠯᠳᠤᠭᠠᠨ ᠳ᠋ᠤ ᠨᠢᠬᠡᠨᠳᠡ ᠱᠠᠳᠤᠴᠢ ᠴᠢᠨᠠᠷᠳᠠᠢ ᠠᠮᠵᠢᠯᠳᠠ ᠤᠯᠵᠤ᠂ ᠮᠠᠨ ᠤ᠋ ᠣᠷᠣᠨ ᠦᠪᠡᠷ ᠵᠢᠡᠨ ᠲᠦᠯᠦᠪᠯᠡᠭᠰᠡᠨ ᠬᠥᠪᠴᠢ ᠵᠢᠨ ᠡᠯᠡᠰᠤ — ᠮᠤᠤᠠᠤᠰᠤ ᠶ᠋ᠢᠨ ᠡᠯᠡᠰᠦᠷᠬᠡᠭ ᠭᠠᠵᠠᠷ ᠢ᠋ ᠶᠡᠷᠦᠩᠬᠡᠢᠯᠡᠨ ᠵᠠᠰᠠᠬᠤ ᠲᠥᠷᠥᠯ ᠵᠦᠢᠯ᠂ ᠬᠤᠯᠠᠨ ᠱᠢᠷᠭ᠎ᠠ ᠲᠠᠭ᠎ᠠ ᠶ᠋ᠢᠨ ᠡᠯᠡᠰᠦᠷᠬᠡᠭ ᠭᠠᠵᠠᠷ ᠢ᠋ ᠶᠡᠷᠦᠩᠬᠡᠢᠯᠡᠨ ᠵᠠᠰᠠᠬᠤ ᠲᠥᠷᠥᠯ ᠵᠦᠢᠯ᠂ ᠪᠠᠳᠠᠢ ᠶ᠋ᠢᠨ ᠵᠢᠷᠠᠨ ᠤ᠋ ᠡᠯᠡᠰᠦᠨ ᠤ᠋ ᠬᠦᠪᠡᠬᠡ ᠲᠠᠭᠠᠤ ᠳ᠋ᠡᠬᠢ ᠡᠯᠡᠰᠦ ᠵᠢ ᠲᠤᠭᠳᠠᠪᠤᠷᠢᠵᠢᠭᠤᠯᠵᠤ ᠡᠯᠡᠰᠦ ᠵᠢ ᠵᠠᠰᠠᠬᠤ ᠤᠢ ᠡᠪᠡᠰᠤᠨ ᠤ᠋ ᠪᠦᠰᠡ ᠵᠢᠨ ᠲᠥᠷᠥᠯ ᠵᠦᠢᠯ ᠵᠡᠷᠭᠡ 11 ᠴᠢᠬᠤᠯᠠ ᠶᠡᠬᠡ ᠲᠥᠷᠥᠯ ᠵᠦᠢᠯ ᠢ᠋ ᠪᠦᠬᠦᠨ ᠢ᠋ ᠤᠯᠤᠰ ᠤ᠋ᠨ 《ᠤᠮᠠᠷᠠᠲᠤ ᠶ᠋ᠢᠨ ᠭᠤᠷᠪᠠᠨ ᠣᠷᠣᠨ》 ᠤ᠋ ᠢᠨᠵᠧᠨᠧᠷᠢᠩ ᠤ᠋ᠨ ᠵᠢᠷᠭᠤᠳᠤᠭᠠᠷ ᠬᠤᠭᠤᠴᠠᠭᠠᠨ ᠤ᠋ ᠲᠥᠯᠥᠪᠵᠢᠭᠦᠯᠭᠡ ᠶ᠋ᠢᠨ ᠬᠡᠪᠴᠢᠶᠡᠨ ᠳ᠋ᠦ ᠣᠷᠣᠭᠤᠯᠵᠤ᠂ ᠪᠦᠬᠦ᠌ ᠣᠷᠣᠨ ᠤ᠋ 103 ᠬᠣᠱᠢᠭᠤ ᠱᠢᠶᠠᠨ (ᠬᠣᠲᠠ᠂ ᠲᠣᠭᠣᠷᠢᠭ) ᠢ᠋ ᠪᠦᠬᠦᠨ ᠢ᠋ ᠲᠥᠯᠥᠪᠵᠢᠭᠦᠯᠭᠡ ᠶ᠋ᠢᠨ ᠬᠡᠷᠡᠭ᠌ᠵᠢᠭᠦᠯᠬᠦ᠌ ᠬᠡᠪᠴᠢᠶᠡᠨ ᠳ᠋ᠦ ᠣᠷᠣᠭᠤᠯᠪᠠ᠃ ᠡᠨᠡ ᠵᠢᠯ ᠡᠴᠡ ᠨᠠᠭᠠᠰᠢ 9 ᠰᠠᠷ᠎ᠠ ᠶ᠋ᠢᠨ ᠡᠬᠢᠨ ᠪᠣᠯᠲᠠᠯ᠎ᠠ ᠪᠥᠬᠥ᠌ ᠣᠷᠣᠨ ᠵᠢᠡᠷ ᠵᠢᠡᠨ ᠨᠡᠢᠳᠡ 337 ᠲᠦᠮᠡᠨ ᠮᠥ᠍ ᠭᠠᠵᠠᠷ ᠢ᠋ ᠣᠢᠵᠢᠭᠤᠯᠤᠨ᠂ 1362 ᠲᠦᠮᠡᠨ ᠮᠥ᠍ ᠡᠪᠡᠰᠦ ᠳᠠᠷᠢᠵᠤ᠂ ᠡᠯᠡᠰᠦᠷᠬᠡᠭᠵᠢᠯ ᠢ᠋ ᠰᠡᠷᠬᠡᠢᠯᠡᠨ ᠡᠯᠡᠰᠤ ᠵᠢ ᠵᠠᠰᠠᠭᠰᠠᠨ ᠲᠠᠯᠠᠪᠠᠢ 650 ᠲᠦᠮᠡᠨ ᠮᠥ᠍ ᠳ᠋ᠤ ᠬᠦᠷᠴᠦ᠂ ᠲᠣᠰ ᠲᠣᠰ ᠵᠢᠯ ᠤ᠋ᠨ ᠡᠭᠦᠷᠭᠡ ᠵᠢᠨ ᠵᠢᠡᠨ 90%᠂ 105% ᠪᠠ 103% ᠵᠢ ᠪᠡᠶᠡᠯᠡᠭᠦᠯᠪᠡ᠃

ᠦᠪᠤᠷ ᠮᠤᠩᠭᠤᠯ 《ᠤᠮᠠᠷᠠᠲᠤ ᠶ᠋ᠢᠨ ᠭᠤᠷᠪᠠᠨ ᠣᠷᠣᠨ》 ᠢ᠋ ᠰᠤᠨᠳᠠᠯᠠᠵᠤ᠂ ᠮᠠᠨ ᠤ᠋ ᠤᠯᠤᠰ ᠤ᠋ᠨ ᠤᠮᠠᠷᠠᠲᠤ ᠶ᠋ᠢᠨ ᠲᠠᠯᠠᠪᠠᠶ ᠪᠡᠷ ᠬᠠᠮᠤᠭ ᠤ᠋ᠨ ᠶᠡᠬᠡ᠂ ᠲᠥᠷᠥᠯ ᠵᠦᠶ᠋ᠯ ᠢ᠋ᠶ᠋ᠡᠷ ᠬᠠᠮᠤᠭ ᠤ᠋ᠨ ᠪᠦᠷᠢᠨ ᠠᠮᠢ ᠠᠬᠤᠶ ᠶ᠋ᠢᠨ ᠴᠢᠳᠠᠮᠵᠢᠳᠤ ᠣᠷᠣᠨ ᠮᠦᠷᠳᠡᠭᠡᠨ ᠪᠠᠰᠠ ᠪᠥᠬᠥ᠌ ᠤᠯᠤᠰ ᠤ᠋ᠨ ᠴᠦᠯᠯᠡᠷᠭᠡᠭ᠌ᠵᠢᠭ᠌ᠰᠡᠨ ᠪᠠ ᠡᠯᠡᠰᠦᠷᠬᠡᠭ᠌ᠵᠢᠭ᠌ᠰᠡᠨ ᠭᠠᠵᠠᠷ ᠨᠤᠳᠤᠭ ᠵᠢᠡᠷ ᠬᠠᠮᠤᠭ ᠤ᠋ᠨ ᠲᠥᠪᠯᠡᠷᠡᠩᠭᠦᠶ᠂ ᠬᠤᠤᠷ ᠬᠥᠨᠥᠭᠡᠯ ᠢ᠋ᠶ᠋ᠡᠷ ᠬᠠᠮᠤᠭ ᠤ᠋ᠨ ᠬᠦᠨᠳᠦ ᠨᠣᠴᠢᠲᠠᠶ ᠮᠤᠵᠢ ᠣᠷᠣᠨ ᠤ᠋ ᠨᠢᠭᠡ ᠪᠣᠯᠤᠨ᠎ᠠ᠃《ᠤᠮᠠᠷᠠᠲᠤ ᠶ᠋ᠢᠨ ᠭᠤᠷᠪᠠᠨ ᠣᠷᠣᠨ》 ᠤ᠋ ᠢᠨᠵᠧᠨᠧᠷᠢᠩ ᠢ᠋ ᠡᠬᠢᠯᠡᠭᠦᠯᠦᠭ᠌ᠰᠡᠨ ᠡᠴᠡ ᠨᠠᠭᠠᠰᠢ ᠮᠠᠨ ᠤ᠋ ᠣᠷᠣᠨ ᠨᠡᠢᠲᠡ 56 ᠳ᠋ᠦᠩᠱᠢᠭᠤᠷ ᠲᠥᠭᠥᠷᠢᠭ ᠤ᠋ᠨ ᠪᠡᠯᠡ ᠣᠷᠣᠭᠤᠯᠤᠨ ᠲᠠᠪᠤᠨ ᠬᠤᠭᠤᠴᠠᠭᠠᠨ ᠤ᠋ ᠢᠨᠵᠧᠨᠧᠷᠢᠩ ᠢ᠋ ᠬᠡᠷᠡᠭ᠌ᠵᠢᠭᠦᠯᠵᠦ᠍᠂ ᠤᠷᠢᠳ ᠬᠤᠵᠢᠳ ᠨᠡᠢᠳᠡ 1.19 ᠳ᠋ᠦᠩᠱᠢᠭᠤᠷ ᠮᠦ᠍ ᠵᠢᠨ ᠪᠦᠲᠦᠭᠡᠨ ᠪᠠᠢᠭᠤᠯᠤᠯᠲᠠ ᠶ᠋ᠢᠨ ᠡᠭᠦᠷᠭᠡ ᠵᠢ ᠪᠡᠶᠡᠯᠡᠭᠦᠯᠤᠨ᠂ ᠪᠦᠬᠦ᠌ ᠤᠯᠤᠰ ᠤ᠋ᠨ ᠪᠠᠶᠡᠯᠡᠬᠦᠯᠦᠭᠰᠡᠨ ᠶᠡᠷᠦᠩᠬᠡᠢ ᠡᠬᠦᠷᠬᠡ ᠵᠢᠨ 25.1% ᠵᠢ ᠡᠵᠡᠯᠡᠪᠡ᠃ 《ᠡᠨᠡ ᠵᠢᠯ ᠪᠣᠯ 〈ᠤᠮᠠᠷᠠᠲᠤ ᠶ᠋ᠢᠨ ᠭᠤᠷᠪᠠᠨ ᠣᠷᠣᠨ〉 ᠤ᠋ ᠢᠨᠵᠧᠨᠧᠷᠢᠩ ᠢ᠋ ᠬᠡᠷᠡᠭ᠌ᠵᠢᠭᠦᠯᠦᠭ᠌ᠰᠡᠨ 45 ᠵᠢᠯ ᠤ᠋ᠨ ᠤᠢ ᠪᠣᠯᠤᠨ᠎ᠠ᠂ ᠪᠦᠬᠦ᠌ ᠣᠷᠣᠨ ᠤ᠋ ᠲᠠᠷᠢᠮᠠᠯ ᠤᠢ ᠶ᠋ᠢᠨ ᠬᠠᠳᠠᠭᠠᠯᠠᠯᠲᠠ ᠶ᠋ᠢᠨ ᠲᠠᠯᠠᠪᠠᠢ᠂ ᠤᠢ ᠱᠢᠭᠤᠢ ᠶ᠋ᠢᠨ ᠲᠠᠯᠠᠪᠠᠢ ᠲᠤᠰ ᠲᠤᠰ 1977 ᠣᠨ ᠳ᠋ᠤ 0.13 ᠳ᠋ᠦᠩᠱᠢᠭᠤᠷ ᠮᠦ᠍ ᠪᠠ 2.34 ᠳ᠋ᠦᠩᠱᠢᠭᠤᠷ ᠮᠦ᠍ ᠪᠠᠢᠭᠰᠠᠨ ᠡᠴᠡ ᠤᠳᠤ 0.84 ᠳ᠋ᠦᠩᠱᠢᠭᠤᠷ ᠮᠦ᠍ ᠪᠠ 3.57 ᠳ᠋ᠦᠩᠱᠢᠭᠤᠷ ᠮᠦ᠍ ᠪᠣᠯᠤᠨ ᠨᠡᠮᠡᠭ᠌ᠳᠡᠵᠦ᠍᠂ ᠡᠯᠡᠰᠤ ᠰᠠᠯᠬᠢᠨ ᠤ᠋ ᠬᠣᠣᠷ ᠬᠥᠨᠥᠭᠡᠯ ᠪᠤᠯᠤᠨ ᠤᠰᠤ ᠱᠢᠷᠣᠢ ᠶ᠋ᠢᠨ ᠢᠳᠡᠭ᠌ᠳᠡᠯ ᠢ᠋ ᠪᠦᠲᠦᠮᠵᠢᠲᠡᠢ ᠪᠠᠭᠠᠰᠭᠠᠨ᠂ ᠮᠠᠨ ᠤ᠋ ᠤᠯᠤᠰ ᠤ᠋ᠨ ᠤᠮᠠᠷᠠᠲᠤ ᠶ᠋ᠢᠨ ᠴᠢᠬᠤᠯᠠ ᠠᠮᠢ ᠠᠬᠤᠢ ᠶ᠋ᠢᠨ ᠠᠮᠤᠷ ᠲᠦᠪᠱᠢᠨ ᠤ᠋ ᠬᠠᠯᠬᠠᠪᠴᠢ ᠵᠢ ᠪᠠᠲᠤ ᠴᠣᠭ᠍ᠴᠠᠯᠠᠬᠤ ᠳ᠋ᠦ ᠴᠢᠬᠤᠯᠠ ᠶᠡᠬᠡ ᠦᠢᠯᠡᠳᠦᠯ ᠦᠵᠡᠭᠦᠯᠪᠠ》 ᠭᠡᠵᠦ᠍ ᠥᠪᠡᠷᠲᠡᠭᠡᠨ ᠵᠠᠰᠠᠬᠤ ᠣᠷᠣᠨ ᠤ᠋ ᠤᠢ ᠱᠢᠭᠤᠢ ᠪᠠ ᠨᠤᠲᠤᠭ ᠪᠡᠯᠴᠢᠭᠡᠷ ᠤ᠋ᠨ ᠲᠣᠪᠴᠢᠶᠠᠨ ᠤ᠋ ᠡᠯᠡᠰᠦ ᠮᠠᠩᠬ᠎ᠠ ᠵᠢ ᠵᠠᠰᠠᠵᠤ ᠣᠢᠵᠢᠭᠤᠯᠬᠤ ᠭᠠᠵᠠᠷ ᠤ᠋ᠨ ᠳᠡᠳ᠋ ᠳᠠᠷᠤᠭ᠎ᠠ ᠲᠠᠯᠢᠨᠬᠦᠦ ᠬᠡᠯᠡᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号