ᠴᠢᠩ ᠱᠦᠶ ᠾᠧ ᠱᠢᠶᠠᠨ ᠤ᠋ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠣᠪᠴᠢᠶ᠎ᠠ — ᠲᠣᠭᠠᠴᠢᠯᠠᠭ᠍ᠰᠠᠨ ᠮᠡᠷᠭᠡᠵᠢᠯ ᠵᠢᠡᠷ ᠣᠶ ᠱᠢᠭᠤᠶ ᠢ᠋ᠢᠨ ᠬᠠᠮᠢᠶᠠᠷᠤᠯᠲᠠ ᠬᠠᠮᠠᠭᠠᠯᠠᠯᠲᠠ ᠳ᠋ᠤ 《ᠣᠶᠤᠨ ᠤ᠋ ᠵᠢᠭᠦᠷ 》 ᠤᠷᠭᠤᠭᠤᠯᠤᠯ᠎ᠠ
2023-10-07 10:57:49
ᠵᠣᠬᠢᠶᠠᠭ᠍ᠴᠢ᠄
ᠵᠧᠩ ᠱᠢᠤᠸᠠᠢ ᠯᠢᠶᠠᠩ ᠯᠢᠦ ᠶᠠᠩ ᠸᠠᠩ ᠷᠦᠩ ᠷᠦᠩ
ᠣᠩᠱᠢᠭ᠍ᠰᠠᠨ ᠣᠳᠠᠭ᠎ᠠ᠄
★★★☆☆

ᠥᠷᠯᠥᠭᠡ ᠡᠷᠲᠡ ᠂ ᠬᠥᠬᠡᠬᠣᠲᠠ ᠢ᠋ᠢᠨ ᠴᠢᠩ ᠱᠦᠢ ᠾᠧ ᠱᠢᠶᠠᠨ ᠤ᠋ ᠴᠧᠩᠭᠤᠸᠠᠨ ᠪᠠᠯᠭᠠᠰᠤ ᠢ᠋ᠢᠨ ᠤᠢ ᠱᠢᠭᠤᠢ ᠢ᠋ᠢ ᠬᠠᠮᠢᠶᠠᠷᠤᠨ ᠬᠠᠮᠠᠭᠠᠯᠠᠬᠤ ᠠᠩᠬᠢ ᠢ᠋ᠢᠨ ᠳᠠᠷᠤᠭ᠎ᠠ ᠨᠢᠦ ᠱ᠌ᠢ ᠬᠤᠸᠠ ᠶᠠᠷᠦᠳᠡ ᠢ᠋ᠢᠨ ᠬᠢ ᠰᠢᠭ ᠢ᠋ᠢᠡᠨ ᠶᠢᠨ ᠭᠦᠨ ᠱᠠᠨ ᠠᠭᠤᠯᠠ ᠢ᠋ᠢᠨ ᠤᠷᠳᠤ ᠴᠠᠭᠠᠨ ᠬᠡᠷᠡᠮ ᠤ᠋ᠨ ᠴᠡᠴᠡᠷᠯᠢᠭ ᠲᠦ᠍ ᠬᠦᠷᠴᠤ ᠂ ᠭᠠᠷ ᠤᠲᠠᠰᠤ ᠪᠠᠨ ᠨᠡᠭᠡᠭᠡᠨ 《ᠬᠥᠬᠡᠬᠣᠲᠠ ᠢ᠋ᠢᠨ ᠴᠠᠭᠳᠠᠨ ᠬᠠᠮᠠᠭᠠᠯᠠᠯᠳᠠ》 App ᠳᠡᠭᠡᠷ᠎ᠡ ᠨᠡᠷ᠎ᠡ᠎ᠪᠡᠨ ᠪᠢᠴᠢᠭᠡᠳ ᠮᠣᠲ᠋ᠣᠷ ᠢ᠋ᠢᠡᠨ ᠵᠠᠢᠳᠠᠯᠠᠨ  ᠤᠢ ᠱᠢᠭᠤᠢ ᠢ᠋ᠢ ᠴᠠᠭᠳᠠᠨ ᠬᠠᠮᠠᠭᠠᠯᠠᠬᠤ ᠨᠢᠭᠡ ᠡᠳᠦᠷ ᠤ᠋ᠨ ᠠᠵᠢᠯ ᠢ᠋ᠢᠡᠨ ᠡᠬᠢᠯᠡᠭᠦᠯᠪᠡ ᠃

ᠱᠢᠶᠠ ᠶᠠᠩ ᠲᠠ ᠲᠣᠰᠭᠣᠨ ᠤ᠋ ᠬᠡᠬᠡᠷ᠎ᠠ ᠵᠢᠨ ᠬᠦᠶ᠋ᠯᠡᠰᠦᠨ ᠣᠶ ᠢ᠋ᠢ ᠴᠠᠭᠳᠠᠨ ᠬᠠᠮᠠᠭᠠᠯᠠᠬᠤ ᠦᠶ᠎ᠡ᠎ᠳᠦ ᠨᠢᠦ ᠱ᠌ᠢ ᠬᠤᠸᠠ ᠮᠣᠳᠣᠨ ᠰᠠᠯᠠᠭᠠᠨ ᠳᠡᠭᠡᠷ᠎ᠡ ᠴᠠᠭᠠᠨ ᠬᠦᠰᠢᠭᠡᠲᠤ ᠲᠤᠤᠷ᠎ᠪᠠᠢᠬᠤ ᠢ᠋ᠢ ᠣᠯᠵᠤ ᠮᠡᠳᠡᠪᠠ ᠃ ᠲᠡᠷᠡ ᠣᠯᠠᠨ ᠵᠢᠯ ᠤ᠋ᠨ ᠣᠶ ᠱᠢᠭᠤᠶ ᠢ᠋ᠢ ᠴᠠᠭᠳᠠᠨ ᠪᠠᠢᠴᠠᠭᠠᠭ᠍ᠰᠠᠨ ᠲᠤᠷᠱᠢᠯᠭ᠎ᠠ ᠪᠡᠷ ᠢ᠋ᠢᠡᠨ ᠭᠠᠷ ᠤᠲᠠᠰᠤ ᠪᠠᠨ ᠭᠠᠷᠭᠠᠨ 《ᠬᠥᠬᠡᠬᠣᠲᠠ ᠢ᠋ᠢᠨ ᠴᠠᠭᠳᠠᠨ ᠬᠠᠮᠠᠭᠠᠯᠠᠯᠳᠠ》 App ᠢ᠋ᠢ ᠨᠡᠭᠡᠭᠡᠵᠦ᠍ ᠂ ᠴᠠᠭᠠᠨ ᠲᠤᠤᠷ ᠤ᠋ᠨ ᠪᠠᠢᠳᠠᠯ ᠂ ᠣᠷᠣᠨ ᠪᠠᠢᠷᠢ ᠪᠠ ᠭᠠᠮᠱᠢᠭ᠍ᠳᠠᠭ᠍ᠰᠠᠨ ᠲᠠᠯᠠᠪᠠᠶ ᠵᠡᠷᠭᠡ ᠮᠡᠳᠡᠭᠡ ᠵᠠᠩᠭᠢ ᠢ᠋ᠢ ᠲᠠᠪᠴᠠᠩ ᠳ᠋ᠤ ᠳᠠᠮᠵᠢᠭᠤᠯᠪᠠ᠃ 《ᠳ᠋ᠢ ᠳ᠋ᠢ ᠳ᠋ᠢ ᠁》  ᠴᠢᠩ ᠱᠦᠶ ᠾᠧ ᠱᠢᠶᠠᠨ ᠤ᠋ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠢ᠋ᠢᠨ ᠬᠠᠮᠠᠭᠠᠯᠠᠯᠲᠠ ᠢ᠋ᠢᠨ ᠲᠥᠪ ᠤ᠋ᠨ 《ᠬᠥᠬᠡᠬᠣᠲᠠ ᠢ᠋ᠢᠨ ᠴᠠᠭᠳᠠᠨ ᠬᠠᠮᠠᠭᠠᠯᠠᠯᠳᠠ 》 ᠱᠢᠰᠲ᠋ᠧᠮ ᠰᠠᠨᠠᠭᠤᠯᠤᠮᠵᠢ ᠢ᠋ᠢᠨ ᠴᠢᠮᠡᠭᠡ ᠳᠠᠮᠵᠢᠭᠤᠯᠵᠤ ᠂ ᠬᠠᠮᠠᠭᠠᠯᠠᠯᠲᠠ ᠢ᠋ᠢᠨ ᠲᠥᠪ ᠤ᠋ᠨ ᠳᠡᠳ᠋ ᠡᠷᠬᠢᠯᠡᠭ᠌ᠴᠢ ᠯᠢ ᠱᠢᠶᠠ ᠳᠡᠯᠭᠡᠴᠡ ᠵᠢᠨ ᠭᠤᠷᠪᠠᠨ ᠬᠡᠮᠵᠢᠯᠳᠦ ᠪᠡᠶᠡᠲᠦ ᠵᠢᠷᠤᠭ ᠳᠡᠭᠡᠷᠡᠬᠢ ᠬᠥᠬᠡ ᠴᠡᠭ ᠢ᠋ ᠳᠠᠷᠤᠵᠤ ᠂ ᠨᠢᠦ ᠱ᠌ᠢ ᠬᠤᠸᠠ ᠢ᠋ᠢᠨ ᠳᠠᠮᠵᠢᠭᠤᠯᠤᠭ᠍ᠰᠠᠨ ᠬᠣᠷᠣᠬᠠᠶ ᠢ᠋ᠢᠨ ᠬᠥᠨᠥᠭᠡᠯ ᠤ᠋ᠨ ᠵᠢᠷᠤᠭ ᠢ᠋ ᠤᠯᠵᠤ ᠥᠵᠡᠯ᠎ᠠ ᠃ ᠲᠡᠷᠡ ᠳᠠᠷᠤᠢᠬᠠᠨ ᠤᠲᠠᠰᠤᠳᠠᠵᠤ ᠄ 《ᠨᠢᠤ ᠭᠤᠸᠠᠢ ᠂ ᠪᠢ ᠱᠢᠰᠲ᠋ᠧᠮ ᠡᠴᠡ ᠲᠠᠨ ᠤ᠋ ᠳᠠᠮᠵᠢᠭᠤᠯᠤᠭ᠍ᠰᠠᠨ ᠬᠣᠷᠣᠬᠠᠶ ᠢ᠋ᠢᠨ ᠬᠥᠨᠥᠭᠡᠯ ᠤ᠋ᠨ ᠵᠢᠷᠤᠭ ᠢ᠋ ᠣᠯᠵᠤ ᠦᠵᠡᠪᠡ ᠂ ᠪᠤᠳᠠᠳᠠᠢ ᠤᠷᠤᠨ ᠪᠠᠢᠷᠢ ᠨᠢ ᠬᠠᠮᠢᠭ᠎ᠠ ᠪᠠᠢᠬᠤ ᠪᠤᠢ? ᠪᠢᠳᠠ ᠳᠠᠷᠤᠢᠬᠠᠨ ᠲᠤᠰᠭᠠᠶ ᠮᠡᠷᠭᠡᠵᠢᠯᠲᠡᠨ ᠲᠣᠮᠢᠯᠠᠨ ᠲᠤᠬᠠᠶ ᠢ᠋ᠢᠨ ᠲᠠᠯᠠᠪᠠᠢ ᠳ᠋ᠤ ᠤᠴᠢᠭᠤᠯᠵᠤ ᠰᠢᠯᠭᠠᠨ ᠲᠤᠭᠲᠠᠭᠠᠯᠭᠠᠶ᠎ᠠ》  ᠭᠡᠪᠠ ᠃

ᠲᠤᠰᠭᠠᠶ ᠮᠡᠷᠭᠡᠵᠢᠯᠲᠡᠨ ᠤ᠋ ᠰᠢᠯᠭᠠᠨ ᠲᠣᠭ᠍ᠲᠠᠭᠠᠭ᠍ᠰᠠᠨ ᠵᠢᠡᠷ ᠂ ᠴᠠᠭᠠᠨ ᠬᠥᠱᠢᠭᠡᠲᠤ ᠲᠤᠤᠷ ᠤ᠋ᠨ ᠦᠵᠡᠭ᠌ᠳᠡᠯ ᠨᠢ ᠣᠶ ᠮᠣᠳᠣᠨ ᠤ᠋ ᠬᠥᠨᠥᠭᠡᠯᠲᠦ ᠬᠣᠷᠣᠬᠠᠶ — ᠱᠢᠷ᠎ᠠ ᠬᠦᠷᠡᠩ ᠬᠥᠱᠢᠭᠡᠲᠦ ᠰᠠᠬᠤᠯᠢᠭ ᠬᠣᠷᠣᠬᠠᠶ ᠡᠴᠡ ᠪᠤᠯᠵᠤ ᠂ 41 ᠲᠦᠮᠡᠨ ᠭᠠᠷᠤᠢ ᠰᠠᠭᠤᠷᠢ ᠮᠤᠳᠤ ᠬᠤᠷᠤᠬᠠᠢ ᠵᠢᠨ ᠬᠦᠨᠦᠬᠡᠯ ᠳ᠋ᠤ ᠲᠠᠭᠠᠷᠢᠭᠳᠠᠨ ᠂ ᠭᠠᠮᠱᠢᠭ᠍ᠳᠠᠭ᠍ᠰᠠᠨ ᠲᠠᠯᠠᠪᠠᠶ ᠨᠢ ᠪᠠᠷᠤᠭ 5000 ᠮᠥ᠍ ᠳ᠋ᠤ ᠬᠦᠷᠴᠠᠢ ᠃ ᠡᠮ ᠨᠠᠢᠷᠠᠭᠤᠯᠬᠤ ᠂ ᠤᠰᠤ ᠨᠡᠮᠡᠬᠦ᠌ ᠂ ᠡᠮ ᠰᠦᠷᠴᠢᠬᠦ᠌  ᠁ ᠬᠠᠮᠠᠭᠠᠯᠠᠯᠲᠠ ᠢ᠋ᠢᠨ ᠲᠥᠪ ᠤ᠋ᠨ ᠬᠢᠨ ᠬᠠᠮᠢᠶ᠎ᠠ ᠪᠦᠬᠦᠢ ᠬᠥᠮᠦᠰ ᠢ᠋ ᠵᠣᠬᠢᠶᠠᠨ ᠪᠠᠢᠭᠤᠯᠤᠨ ᠬᠣᠷᠣᠬᠠᠶ ᠢ᠋ᠢᠨ ᠬᠥᠨᠥᠭᠡᠯ ᠳ᠋ᠤ ᠲᠠᠭᠠᠷᠢᠭᠳᠠᠭᠰᠠᠨ ᠤᠢᠳᠤ ᠭᠠᠵᠠᠷ ᠢ᠋ ᠲᠤᠤᠷᠯᠠᠨ ᠰᠦᠷᠴᠢᠵᠤ ᠠᠷᠢᠭᠤᠳᠬᠠᠪᠠ ᠃

ᠴᠢᠩ ᠱᠦᠶ ᠾᠧ ᠱᠢᠶᠠᠨ ᠳ᠋ᠤ ᠥᠷᠭᠡᠨ ᠣᠯᠠᠨ ᠣᠶ ᠰᠢᠭᠤᠢ ᠵᠢᠨ ᠬᠠᠮᠠᠭᠠᠯᠠᠭ᠍ᠴᠢ 《ᠬᠥᠬᠡᠬᠣᠲᠠ ᠢ᠋ᠢᠨ ᠴᠠᠭᠳᠠᠨ ᠬᠠᠮᠠᠭᠠᠯᠠᠯᠳᠠ 》 ᠵᠢᠨ ᠱᠢᠰᠲ᠋ᠧᠮ ᠢ᠋ ᠠᠱᠢᠭ᠍ᠯᠠᠵᠤ ᠂ ᠲᠣᠭᠠᠴᠢᠯᠠᠭ᠍ᠰᠠᠨ ᠮᠡᠷᠭᠡᠵᠢᠯ ᠳ᠋ᠤ ᠲᠦᠰᠢᠭᠯᠡᠨ ᠤᠯᠠᠮᠵᠢᠯᠠᠯᠲᠤ ᠣᠶ ᠱᠢᠭᠤᠶ ᠢ᠋ᠢ ᠬᠠᠮᠢᠶᠠᠷᠴᠤ᠌ ᠬᠠᠮᠠᠭᠠᠯᠠᠬᠤ ᠠᠵᠢᠯ ᠳ᠋ᠤ  《 ᠣᠶᠤᠨ ᠤ᠋ ᠵᠢᠭᠦᠷ 》 ᠤᠷᠭᠤᠭᠤᠯᠪᠠ ᠃ ᠲᠤᠰ ᠱᠢᠰᠲ᠋ᠧᠮ ᠢ᠋ ᠴᠢᠩ ᠱᠦᠶ ᠾᠧ ᠱᠢᠶᠠᠨ ᠤ᠋ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠡᠴᠡ ᠬᠥᠬᠡᠬᠣᠲᠠ ᠢ᠋ᠢᠨ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠳ᠋ᠤ ᠨᠠᠢᠳᠡᠨ ᠨᠡᠭᠡᠭᠡᠨ ᠬᠥᠭ᠌ᠵᠢᠭᠦᠯᠦᠭ᠌ᠰᠡᠨ ᠶᠤᠮ ᠂ ᠱᠢᠰᠲ᠋ᠧᠮ ᠢ᠋ 2019 ᠣᠨ ᠳ᠋ᠤ ᠲᠤᠷᠱᠢᠨ ᠠᠵᠢᠯᠯᠠᠭᠤᠯᠤᠭ᠍ᠰᠠᠨ ᠡᠴᠡ ᠨᠠᠭᠠᠰᠢ ᠨᠢᠭᠡᠨᠲᠡ ᠪᠥᠬᠥ᠌ ᠱᠢᠶᠠᠨ ᠤ᠋ 400 ᠣᠶ ᠰᠢᠭᠤᠢ ᠵᠢᠨ ᠬᠠᠮᠠᠭᠠᠯᠠᠭ᠍ᠴᠢ ᠢ᠋ᠢ ᠬᠠᠮᠤᠷᠴᠤ᠌ ᠂ ᠮᠠᠰᠢ ᠢᠯᠡᠷᠬᠡᠶ ᠦᠷ᠎ᠡ ᠪᠦᠲᠦᠮᠵᠢ ᠣᠯᠵᠤ ᠪᠠᠢᠨ᠎ᠠ᠃

《ᠬᠤᠯᠤᠭᠠᠨᠠᠴᠢᠷ ᠢ᠋ ᠳᠠᠷᠤᠪᠠᠯ ᠣᠶ ᠰᠢᠭᠤᠢ ᠵᠢᠨ ᠬᠠᠮᠠᠭᠠᠯᠠᠭ᠍ᠴᠢ ᠢ᠋ᠢᠨ ᠬᠤᠪᠢ ᠬᠥᠮᠦᠨ ᠤ᠋ ᠮᠠᠲ᠋ᠧᠷᠢᠶᠠᠯ ᠂ ᠬᠡᠷᠡᠭ᠌ᠯᠡᠭ᠌ᠰᠡᠨ ᠪᠠᠢᠳᠠᠯ ᠵᠡᠷᠭᠡ ᠮᠡᠳᠡᠭᠡ ᠵᠠᠩᠭᠢ ᠢ᠋ᠢ ᠣᠯᠵᠤ ᠬᠠᠷᠠᠨ᠎ᠠ》 ᠭᠡᠵᠤ ᠯᠢ ᠱᠢᠶᠠ ᠰᠤᠷᠪᠤᠯᠵᠢᠯᠠᠭ᠍ᠴᠢ ᠳ᠋ᠤ ᠬᠡᠯᠡᠨ᠎ᠠ ᠃ ᠲᠡᠬᠦᠨ ᠤ᠋ ᠬᠡᠯᠡᠬᠦ ᠪᠡᠷ ᠂ 《ᠬᠥᠬᠡᠬᠣᠲᠠ ᠢ᠋ᠢᠨ ᠴᠠᠭᠳᠠᠨ ᠬᠠᠮᠠᠭᠠᠯᠠᠯᠳᠠ》 ᠵᠢᠨ ᠱᠢᠰᠲ᠋ᠧᠮ ᠨᠢ ᠣᠶ ᠰᠢᠭᠤᠢ ᠵᠢᠨ ᠬᠠᠮᠠᠭᠠᠯᠠᠭ᠍ᠴᠢᠳ ᠤ᠋ᠨ ᠠᠭᠤᠯᠠ ᠲᠠᠯ᠎ᠠ ᠵᠢ ᠴᠠᠭ᠍ᠳᠠᠬᠰᠠᠨ ᠵᠠᠮ ᠮᠥᠷ ᠢ᠋ ᠲᠡᠮᠳᠡᠭ᠌ᠯᠡᠵᠦ᠍ ᠪᠣᠯᠬᠤ ᠪᠡᠷ ᠪᠠᠷᠠᠬᠤ ᠥᠬᠡᠶ ᠪᠠᠰᠠ ᠳᠦᠷᠰᠦ ᠱᠢᠩᠭᠡᠭᠡᠬᠦ᠌ ᠂ ᠠᠪᠢᠶ᠎ᠠ ᠪᠡᠷ ᠳᠡᠭᠡᠭ᠌ᠰᠢ ᠮᠡᠳᠡᠭᠦᠯᠬᠦ᠌ ᠂ ᠡᠭᠦᠷᠭᠡ ᠬᠦᠯᠢᠶᠡᠨ ᠳᠠᠮᠵᠢᠭᠤᠯᠬᠤ ᠵᠡᠷᠭᠡ ᠡᠯ᠎ᠡ ᠵᠦᠶ᠋ᠯ ᠤ᠋ᠨ ᠠᠵᠢᠯ ᠢ᠋ ᠬᠢᠵᠦ᠍ ᠂ ᠠᠭᠤᠯᠠ ᠲᠠᠯ᠎ᠠ ᠵᠢ ᠴᠠᠭ᠍ᠳᠠᠬᠤ ᠠᠵᠢᠯ ᠢ᠋ ᠨᠠᠩ ᠣᠨᠣᠪᠴᠢᠲᠠᠶ ᠪᠥᠭᠡᠳ ᠥᠨᠳᠥᠷ ᠪᠦᠲᠦᠮᠵᠢᠲᠡᠶ ᠪᠣᠯᠭᠠᠭᠰᠠᠨ ᠪᠠᠢᠨ᠎ᠠ ᠃

ᠤᠢᠷ᠎ᠠ ᠢ᠋ᠢᠨ ᠵᠢᠯ ᠳ᠋ᠤ ᠴᠢᠩ ᠱᠦᠶ ᠾᠧ ᠱᠢᠶᠠᠨ《ᠠᠮᠢ ᠠᠬᠤᠶ ᠢ᠋ᠢᠨ ᠲᠣᠭᠣᠷᠢᠨ ᠳ᠋ᠤ ᠨᠠᠮ ᠤ᠋ᠨ ᠪᠠᠢᠭᠤᠯᠤᠯᠲᠠ ᠢ᠋ᠢ ᠠᠳᠬᠤᠵᠤ ᠂ ᠨᠠᠮ ᠤ᠋ᠨ ᠪᠠᠢᠭᠤᠯᠤᠯᠲᠠ ᠢ᠋ᠢ ᠰᠠᠢᠲᠤᠷ ᠠᠳᠭᠤᠵᠤ ᠠᠮᠢ ᠠᠬᠤᠶ ᠢ᠋ᠢ ᠠᠬᠢᠭᠤᠯᠬᠤ 》 ᠠᠵᠢᠯ ᠤ᠋ᠨ ᠰᠡᠳᠭᠢᠴᠡ ᠢ᠋ᠢ ᠪᠠᠷᠢᠮᠲᠠᠯᠠᠨ ᠂ 《 ᠠᠮᠢ ᠠᠬᠤᠶ ᠪᠡᠷ ᠱᠢᠶᠠᠨ ᠵᠢᠡᠨ ᠬᠦᠭᠵᠢᠬᠦᠯᠬᠦ ᠂ ᠠᠮᠢ ᠠᠬᠤᠶ ᠪᠡᠷ ᠱᠢᠶᠠᠨ ᠵᠢᠡᠨ ᠬᠦᠴᠦᠷᠬᠡᠭᠵᠢᠭᠦᠯᠬᠦ ᠂ ᠠᠮᠢ ᠠᠬᠤᠶ ᠪᠡᠷ ᠱᠢᠶᠠᠨ ᠵᠢᠡᠨ ᠮᠠᠨᠳᠤᠭᠤᠯᠬᠤ᠂ ᠠᠮᠢ ᠠᠬᠤᠶ ᠪᠡᠷ ᠠᠷᠠᠳ ᠢ᠋ ᠪᠠᠶᠠᠵᠢᠭᠤᠯᠬᠤ 》 ᠶᠡᠷᠦᠩᠬᠡᠶ ᠬᠠᠷᠠᠯᠲᠠ ᠪᠡᠷ ᠠᠮᠢ ᠠᠬᠤᠶ ᠢ᠋ᠢ ᠤᠷᠢᠳ ᠢ᠋ᠢᠡᠷ ᠪᠤᠳᠤᠯᠬᠢᠯᠠᠬᠤ ᠂ ᠪᠣᠬᠢᠷᠲᠤᠯ ᠦᠭᠡᠢ ᠬᠥᠭ᠌ᠵᠢᠬᠦᠯᠬᠦ ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ ᠢ᠋ᠢᠨ ᠱᠢᠨ᠎ᠡ ᠵᠠᠮ ᠢ᠋ᠢᠡᠷ ᠭᠤᠢᠪᠢᠰᠢ ᠦᠭᠡᠢ ᠵᠠᠮᠨᠠᠵᠤ ᠂ ᠤᠷᠢᠳ ᠬᠣᠵᠢᠳ《ᠤᠮᠠᠷᠠᠲᠤ ᠢ᠋ᠢᠨ ᠭᠤᠷᠪᠠᠨ ᠤᠷᠤᠨ》 ᠤ᠋ ᠬᠠᠯᠬᠠᠪᠴᠢ ᠣᠶ ᠂ ᠲᠠᠷᠢᠶᠠᠯᠠᠬᠤ ᠪᠠᠨ ᠵᠣᠭ᠍ᠰᠣᠭᠠᠵᠤ ᠡᠪᠡᠰᠦ ᠮᠣᠳᠣ ᠲᠠᠷᠢᠬᠤ ᠂ ᠪᠠᠢᠭᠠᠯᠢ ᠢ᠋ᠢᠨ ᠤᠢ ᠢ᠋ᠢᠨ ᠬᠠᠮᠠᠭᠠᠯᠠᠯᠲᠠ ᠂ ᠪᠡᠭᠡᠵᠢᠩ ᠲᠢᠶᠠᠨᠵᠢᠨ ᠤ᠋ ᠡᠷᠬᠢᠨ ᠲᠤᠭᠤᠷᠢᠨ ᠤ᠋ ᠡᠯᠡᠰᠤ ᠰᠠᠯᠬᠢᠨ ᠤ᠋ ᠡᠬᠢ ᠢ᠋ᠢ ᠵᠠᠰᠠᠬᠤ ᠵᠡᠷᠭᠡ ᠤᠯᠤᠰ ᠤ᠋ᠨ ᠭᠣᠣᠯᠳᠠᠯᠭ᠎ᠠ ᠲᠠᠶ ᠠᠮᠢ ᠠᠬᠤᠶ ᠢ᠋ᠢᠨ ᠪᠦᠲᠦᠭᠡᠨ ᠪᠠᠢᠭᠤᠯᠤᠯᠲᠠ ᠢ᠋ᠢᠨ ᠢᠨᠵᠧᠨᠧᠷᠢᠩ ᠢ᠋ ᠬᠡᠷᠡᠭᠵᠢᠭᠦᠯᠵᠤ ᠂ ᠪᠢᠲᠡᠭᠦᠮᠵᠢᠯᠡᠨ ᠪᠤᠢᠵᠢᠭᠤᠯᠬᠤ ᠪᠡᠯᠴᠢᠬᠡᠷᠯᠡᠬᠦᠯᠬᠦ ᠢ᠋ᠢ ᠴᠠᠭᠠᠵᠠᠯᠠᠬᠤ ᠂ ᠤᠢ ᠰᠢᠭᠤᠢ ᠨᠤᠲᠤᠭ ᠪᠡᠯᠴᠢᠭᠡᠷ ᠤ᠋ᠨ ᠬᠠᠤᠯᠢ ᠬᠡᠷᠡᠭ᠌ᠵᠢᠭᠦᠯᠦᠯᠲᠡ ᠂ ᠲᠤᠢᠮᠠᠷ ᠢ᠋ ᠰᠡᠷᠭᠡᠢᠯᠡᠬᠦ ᠂ ᠬᠥᠨᠥᠭᠡᠯᠲᠤ ᠠᠮᠢᠳᠤ ᠪᠣᠳᠠᠰ ᠢ᠋ ᠰᠡᠷᠭᠡᠢᠯᠡᠨ ᠵᠠᠰᠠᠬᠤ ᠵᠡᠷᠭᠡ ᠶᠡᠷᠦᠩᠬᠡᠢᠯᠡᠨ ᠵᠠᠰᠠᠬᠤ ᠠᠷᠭ᠎ᠠ ᠬᠡᠮᠵᠢᠶ᠎ᠡ ᠪᠡᠷ ᠳᠠᠮᠵᠢᠨ ᠪᠦᠬᠦ᠌ ᠱᠢᠶᠠᠨ ᠤ᠋ ᠠᠮᠢ ᠠᠬᠤᠶ ᠢ᠋ᠢᠨ ᠪᠦᠲᠦᠭᠡᠨ ᠪᠠᠢᠭᠤᠯᠤᠯᠲᠠ ᠪᠠ ᠬᠠᠮᠠᠭᠠᠯᠠᠯᠲᠠ ᠳ᠋ᠤ ᠢᠯᠡᠳᠲᠡ ᠦᠷ᠎ᠠ ᠪᠦᠲᠦᠮᠵᠢ ᠤᠯᠪᠠ ᠃

ᠴᠢᠩ ᠱᠦᠶ ᠾᠧ ᠱᠢᠶᠠᠨ ᠤ᠋ ᠪᠠᠷᠠᠭᠤᠨ ᠬᠣᠢᠲᠤ ᠬᠡᠰᠡᠭ ᠲᠦ᠍ ᠪᠠᠢᠷᠢᠯᠠᠵᠤ ᠪᠠᠢᠭ᠎ᠠ ᠡᠮᠤᠨ᠎ᠠ ᠬᠤᠭᠤᠯᠠᠢ ᠣᠶ ᠱᠢᠭᠤᠶ ᠢ᠋ᠢᠨ ᠲᠠᠯᠠᠪᠠᠶ ᠪᠣᠯ ᠬᠠᠲᠤᠨ ᠭᠤᠤᠯ ᠤ᠋ᠨ ᠳᠤᠮᠳᠠ ᠳᠡᠭᠡᠳᠦ ᠤᠷᠤᠰᠭᠠᠯ ᠤ᠋ᠨ ᠭᠠᠵᠠᠷ ᠣᠷᠣᠨ ᠤ᠋ ᠠᠮᠢ ᠠᠬᠤᠶ ᠢ᠋ᠢᠨ ᠣᠷᠴᠢᠨ ᠲᠣᠭᠣᠷᠢᠨ ᠢ᠋ ᠶᠡᠷᠦᠩᠬᠡᠢᠯᠡᠨ ᠵᠠᠰᠠᠬᠤ ᠪᠠ 《ᠤᠮᠠᠷᠠᠲᠤ ᠢ᠋ᠢᠨ ᠭᠤᠷᠪᠠᠨ ᠤᠷᠤᠨ》 ᠤ᠋ ᠬᠠᠯᠬᠠᠪᠴᠢ ᠣᠶ ᠂ ᠲᠠᠷᠢᠶᠠᠯᠠᠬᠤ ᠪᠠᠨ ᠵᠣᠭ᠍ᠰᠣᠭᠠᠵᠤ ᠣᠶ ᠮᠣᠳᠣ ᠲᠠᠷᠢᠬᠤ ᠂ ᠪᠠᠢᠭᠠᠯᠢ ᠢ᠋ᠢᠨ ᠣᠶ ᠵᠢ ᠬᠠᠮᠠᠭᠠᠯᠠᠬᠤ ᠵᠢᠴᠢ ᠪᠡᠭᠡᠵᠢᠩ ᠲᠢᠶᠠᠨᠵᠢᠨ ᠤ᠋ ᠡᠷᠭᠢᠨ ᠲᠣᠭᠣᠷᠢᠨ ᠤ᠋ ᠡᠯᠡᠰᠤ ᠰᠠᠯᠬᠢᠨ ᠤ᠋ ᠡᠬᠢ ᠢ᠋ᠢ ᠵᠠᠰᠠᠬᠤ ᠢᠨᠵᠧᠨᠧᠷᠢᠩ ᠤ᠋ᠨ ᠭᠤᠤᠯᠳᠠᠯᠭ᠎ᠠ ᠲᠠᠶ ᠪᠦᠲᠦᠭᠡᠨ ᠪᠠᠢᠭᠤᠯᠤᠯᠳᠠ ᠵᠢᠨ ᠭᠠᠵᠠᠷ ᠣᠷᠣᠨ ᠤ᠋ ᠨᠢᠭᠡ ᠪᠣᠯᠤᠨ᠎ᠠ ᠃ ᠣᠷᠳᠣ ᠬᠤᠭᠤᠴᠠᠭᠠᠨ ᠤ᠋ ᠲᠤᠷᠰᠢ ᠂ ᠴᠢᠩ ᠱᠦᠶ ᠾᠧ ᠱᠢᠶᠠᠨ ᠨᠠᠮ ᠤ᠋ᠨ ᠪᠠᠢᠭᠤᠯᠤᠯᠲᠠ ᠢ᠋ᠢᠨ ᠠᠵᠢᠯ ᠤ᠋ᠨ ᠤᠯᠤᠰ ᠲᠥᠷᠥ ᠢ᠋ᠢᠨ ᠬᠥᠲᠥᠯᠥᠨ ᠳᠠᠭᠠᠭᠤᠯᠬᠤ ᠪᠠ ᠵᠣᠬᠢᠶᠠᠨ ᠪᠠᠢᠭᠤᠯᠤᠯᠲᠠ ᠢ᠋ᠢᠨ ᠪᠠᠲᠤᠯᠠᠭ᠎ᠠ ᠢ᠋ᠢᠨ ᠦᠶ᠋ᠯᠡᠳᠦᠯ ᠢ᠋ ᠪᠠᠳᠠᠷᠠᠭᠤᠯᠤᠨ ᠂ ᠬᠠᠷᠢᠭᠤᠴᠠᠯᠭ᠎ᠠ ᠡᠭᠦᠷᠭᠡᠯᠡᠬᠦ᠌ ᠂ ᠬᠠᠮᠢᠶᠠᠷᠴᠤ᠌ ᠬᠠᠮᠠᠭᠠᠯᠠᠬᠤ ᠂ ᠬᠢᠨᠠᠨ ᠬᠡᠮᠵᠢᠬᠦ᠌ ᠭᠤᠷᠪᠠᠨ ᠶᠡᠬᠡ ᠱᠢᠰᠲ᠋ᠧᠮ ᠢ᠋ ᠬᠦᠴᠦᠯᠡᠨ ᠪᠠᠢᠭᠤᠯᠵᠤ ᠂  《ᠣᠶ ᠰᠢᠭᠤᠢ ᠢ᠋ᠢᠨ ᠳᠠᠷᠤᠭ᠎ᠠ + ᠪᠠᠢᠴᠠᠭᠠᠬᠤ ᠳᠠᠷᠤᠭ᠎ᠠ + ᠴᠠᠭ᠍ᠳᠠᠭᠠᠨ ᠳᠠᠷᠤᠭ᠎ᠠ》 ᠢ᠋ᠢᠨ ᠬᠠᠮᠢᠶᠠᠷᠤᠯᠲᠠ ᠢ᠋ᠢᠨ ᠲᠣᠭ᠍ᠲᠠᠴᠠ ᠢ᠋ᠢ ᠦᠷᠭᠦᠯᠵᠢᠯᠡᠨ ᠠᠬᠢᠭᠤᠯᠵᠤ ᠂ 《 ᠣᠶ ᠰᠢᠭᠤᠢ ᠢ᠋ᠢᠨ ᠬᠠᠮᠠᠭᠠᠯᠠᠭ᠍ᠴᠢ》 ᠢ᠋ᠢᠨ ᠠᠵᠢᠯᠯᠠᠭ᠎ᠠ ᠢ᠋ᠢᠨ ᠨᠠᠮ ᠤ᠋ᠨ ᠡᠭᠦᠷ ᠢ᠋ ᠵᠣᠬᠢᠶᠠᠨ ᠪᠠᠢᠭᠤᠯᠵᠤ ᠂ ᠨᠠᠮ ᠤ᠋ᠨ ᠪᠠᠢᠭᠤᠯᠤᠯᠲᠠ ᠢ᠋ᠢᠨ ᠠᠵᠢᠯ ᠢ᠋ ᠨᠣᠭᠣᠭᠠᠷᠠᠭᠤᠯᠤᠯᠲᠠ ᠢ᠋ᠢ ᠬᠠᠮᠢᠶᠠᠷᠬᠤ ᠨᠣᠭᠣᠭᠠᠷᠠᠭᠤᠯᠤᠯᠲᠠ ᠢ᠋ᠢ ᠬᠠᠮᠠᠭᠠᠯᠠᠬᠤ ᠡᠯ᠎ᠡ ᠵᠦᠶ᠋ᠯ ᠤ᠋ᠨ ᠠᠵᠢᠯᠯᠠᠭ᠎ᠠ ᠳ᠋ᠤ ᠠᠭᠤᠰᠭᠠᠨ ᠂ ᠨᠠᠮ ᠤ᠋ᠨ ᠭᠡᠱᠢᠭᠦᠨ ᠤ᠋ ᠬᠣᠱᠢᠭᠤᠴᠢ ᠵᠢᠱ᠌ᠢᠶᠡᠴᠢ ᠦᠶ᠋ᠯᠡᠳᠦᠯ ᠢ᠋ ᠳᠣᠪᠣᠢᠯᠭᠠᠵᠤ ᠂ ᠮᠣᠳᠣ ᠳᠠᠷᠢᠵᠤ ᠣᠢᠵᠢᠭᠤᠯᠬᠤ ᠵᠢ ᠲᠠᠰᠤᠷᠠᠯᠳᠠ ᠦᠬᠡᠢ ᠴᠢᠩᠭᠠᠳᠬᠠᠪᠠ ᠃ ᠦᠨᠦ ᠣᠶ ᠱᠢᠭᠤᠶ ᠢ᠋ᠢᠨ ᠲᠠᠯᠠᠪᠠᠶ ᠢ᠋ᠢᠨ ᠶᠡᠷᠦᠩᠬᠡᠶ ᠡᠵᠡᠩᠨᠡᠯᠲᠡ ᠢ᠋ᠢᠨ ᠲᠠᠯᠠᠪᠠᠶ ᠨᠢ 4132 ᠾᠧᠺᠲ᠋ᠠᠷ ᠲᠦ᠍ ᠬᠦᠷᠴᠦ᠍ ᠂《ᠤᠮᠠᠷᠠᠲᠤ ᠢ᠋ᠢᠨ ᠭᠤᠷᠪᠠᠨ ᠤᠷᠤᠨ》 ᠤ᠋ ᠬᠠᠯᠬᠠᠪᠴᠢ ᠣᠶ ᠢ᠋ᠢᠨ ᠢᠨᠵᠧᠨᠧᠷᠢᠩ ᠤ᠋ᠨ ᠬᠠᠲᠤᠨ ᠭᠤᠤᠯ ᠤ᠋ᠨ ᠰᠠᠪᠠ ᠭᠠᠵᠠᠷ ᠤ᠋ᠨ ᠠᠮᠢ ᠠᠬᠤᠶ ᠢ᠋ᠢᠨ ᠬᠠᠮᠠᠭᠠᠯᠠᠯᠲᠠ ᠪᠣᠯᠤᠨ ᠴᠢᠨᠠᠷ ᠰᠠᠢᠲᠠᠶ ᠬᠥᠭ᠌ᠵᠢᠯᠲᠡ ᠢ᠋ᠢ ᠪᠠᠲᠤᠯᠠᠬᠤ ᠳ᠋ᠤ ᠦᠶ᠋ᠯᠡᠴᠢᠯᠡᠭ᠌ᠰᠡᠨ ᠦᠶ᠋ᠯᠡᠳᠦᠯᠭᠡ ᠢ᠋ᠢᠨ ᠱᠢᠨ᠎ᠡ ᠡᠭᠦᠳᠦᠯᠲᠡ ᠢ᠋ᠢᠨ ᠦᠷ᠎ᠡ ᠪᠦᠲᠦᠭᠡᠯ ᠢ᠋ ᠢᠯᠡᠷᠡᠭᠦᠯᠪᠡ ᠃ ᠤᠳᠤ ᠡᠮᠤᠨ᠎ᠠ ᠬᠤᠭᠤᠯᠠᠢ ᠤᠢ ᠱᠢᠭᠤᠢ ᠢ᠋ᠢᠨ ᠲᠠᠯᠠᠪᠠᠢ ᠢ᠋ᠢᠨ ᠬᠢᠯᠢ ᠳᠣᠲᠣᠷ᠎ᠠ ᠤᠢ ᠮᠣᠳᠣ ᠡᠪᠡᠰᠦ ᠪᠡᠯᠴᠢᠭᠡᠷ ᠢᠭ᠍ᠴᠤ ᠰᠠᠬᠤᠯᠢᠭ ᠤᠷᠭᠤᠵᠤ ᠨᠣᠮᠢᠨ ᠲᠤᠯᠭᠢᠶᠠᠨ ᠬᠠᠶᠠᠯᠠᠨ ᠂ ᠥᠩᠭᠡᠷᠡᠭ᠌ᠰᠡᠨ ᠤ᠋ ᠨᠡᠯᠦᠢᠭ᠌ᠰᠡᠨ ᠡᠯᠡᠰᠤ ᠮᠠᠡᠭᠬ᠎ᠠ ᠪᠤᠴᠠᠯᠲᠠ ᠦᠭᠡᠢ ᠠᠷᠢᠯᠪᠠ ᠃

ᠮᠠᠲ᠋ᠧᠷᠢᠶᠠᠯ ᠢ᠋ ᠦᠨᠳᠦᠰᠦᠯᠡᠪᠡᠯ ᠂《ᠠᠷᠪᠠᠨ ᠭᠤᠷᠪᠠᠳᠤᠭᠠᠷ ᠲᠠᠪᠤᠨ ᠵᠢᠯ》ᠤ᠋ᠨ ᠰᠡᠭᠦᠯᠴᠢ ᠪᠣᠯᠲᠠᠯ᠎ᠠ ᠴᠢᠩ ᠱᠦᠶ ᠾᠧ ᠱᠢᠶᠠᠨ ᠤ᠋ ᠡᠯ᠎ᠡ ᠲᠥᠷᠥᠯ ᠤ᠋ᠨ ᠣᠶ ᠮᠣᠳᠣᠨ ᠤ᠋ ᠲᠠᠯᠠᠪᠠᠶ 131.1 ᠲᠦᠮᠡᠨ ᠮᠥ᠍ ᠂ ᠣᠶ ᠱᠢᠭᠤᠶ ᠢ᠋ᠢᠨ ᠪᠦᠷᠬᠦᠴᠡ ᠢ᠋ᠢᠨ ᠨᠣᠷᠮ᠎ᠠ 31% ᠳ᠋ᠤ ᠬᠦᠷᠴᠦ᠍᠂ ᠡᠪᠡᠰᠦᠳᠤ ᠭᠠᠵᠠᠷ ᠤ᠋ᠨ ᠲᠠᠯᠠᠪᠠᠶ 166.7 ᠲᠦᠮᠡᠨ ᠮᠥ᠍ ᠂ ᠨᠤᠲᠤᠭ ᠪᠡᠯᠴᠢᠭᠡᠷ ᠤ᠋ᠨ ᠶᠡᠷᠦᠩᠬᠡᠢᠯᠡᠭ᠌ᠰᠡᠨ ᠤᠷᠭᠤᠮᠠᠯ ᠤ᠋ᠨ ᠬᠤᠴᠢᠯᠭ᠎ᠠ ᠢ᠋ᠢᠨ ᠪᠦᠷᠬᠦᠴᠡ 40.1% ᠳ᠋ᠤ ᠬᠦᠷᠴᠦ᠍ ᠂ ᠠᠮᠢ ᠠᠬᠤᠶ ᠪᠠ ᠠᠵᠤ ᠠᠬᠤᠶ ᠢ᠋ᠢᠨ ᠬᠤᠤᠰ ᠬᠡᠷᠡᠭ᠌ᠴᠡᠭᠡᠲᠦ ᠣᠶ ᠢ᠋ᠢ 88 ᠲᠦᠮᠡᠨ ᠮᠥ᠍ ᠤᠢᠵᠢᠭᠤᠯᠪᠠ ᠃ ᠡᠭᠦᠨ ᠤ᠋ ᠬᠠᠮᠲᠤ ᠤᠯᠤᠰ ᠤ᠋ᠨ ᠲᠡᠰ ᠤ᠋ᠨ ᠭᠠᠵᠠᠷ ᠱᠢᠨᠵᠢᠯᠡᠭᠡᠨ ᠤ᠋ ᠴᠡᠴᠡᠷᠯᠢᠭ᠂ ᠨᠤᠭᠤ ᠭᠠᠵᠠᠷ ᠤ᠋ᠨ ᠴᠡᠴᠡᠷᠯᠢᠭ ᠢ᠋ ᠲᠣᠰ ᠪᠦᠷᠢ 1 ᠪᠠᠢᠭᠤᠯᠪᠠ ᠃ ᠲᠣᠰ ᠱᠢᠶᠠᠨ ᠤᠷᠢᠳ ᠬᠣᠵᠢᠳ 《 ᠪᠥᠬᠥ᠌ ᠤᠯᠤᠰ ᠤ᠋ᠨ ᠨᠣᠭᠣᠭᠠᠷᠠᠭᠤᠯᠤᠯᠲᠠ ᠢ᠋ᠢᠨ ᠵᠢᠱ᠌ᠢᠶᠡᠴᠢ ᠱᠢᠶᠠᠨ 》 ᠂ 《 ᠪᠥᠬᠥ᠌ ᠤᠯᠤᠰ ᠤ᠋ᠨ ᠠᠮᠢ ᠠᠬᠤᠶ ᠢ᠋ᠢᠨ ᠪᠥᠲᠥᠭᠡᠨ ᠪᠠᠢᠭᠤᠯᠤᠯᠲᠠ ᠢ᠋ᠢᠨ ᠲᠣᠪᠣᠢᠮ᠎ᠠ ᠬᠤᠪᠢ ᠨᠡᠮᠡᠷᠢ ᠦᠵᠡᠭᠦᠯᠦᠭ᠌ᠰᠡᠨ ᠲᠡᠷᠢᠭᠦᠨ ᠤ᠋ ᠬᠠᠮᠲᠤ ᠨᠡᠢᠲᠡ》 ᠂ 《ᠪᠥᠬᠥ᠌ ᠤᠯᠤᠰ ᠤ᠋ᠨ ᠣᠶ ᠱᠢᠭᠤᠶ ᠢ᠋ᠢᠨ ᠱᠢᠰᠲ᠋ᠧᠮ ᠤ᠋ᠨ ᠲᠡᠷᠢᠭᠦᠨ ᠤ᠋ ᠬᠠᠮᠲᠤ ᠨᠡᠢᠲᠡ》 ᠂ 《ᠪᠥᠬᠥ᠌ ᠤᠯᠤᠰ ᠤ᠋ᠨ ᠤᠯᠤᠰ ᠤ᠋ᠨ ᠨᠤᠲᠤᠭ ᠳᠡᠪᠢᠰᠭᠡᠷ ᠤ᠋ᠨ ᠨᠣᠭᠣᠭᠠᠷᠠᠭᠤᠯᠤᠯᠲᠠ ᠢ᠋ᠢᠨ ᠲᠣᠪᠣᠢᠮ᠎ᠠ ᠬᠤᠪᠢ ᠨᠡᠮᠡᠷᠢ ᠦᠵᠡᠭᠦᠯᠦᠭ᠌ᠰᠡᠨ ᠨᠢᠭᠡᠴᠢ 》  ᠵᠡᠷᠭᠡ ᠠᠯᠢ ᠣᠯᠠᠨ ᠢᠷᠠᠭᠤ ᠠᠯᠳᠠᠷ ᠢ᠋ ᠭᠥᠷᠳᠡᠭᠰᠡᠨ ᠪᠢᠯᠡ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号