ᠳ᠋ᠦ᠋ ᠮᠢᠨ ᠄ ᠡᠯᠡᠰᠦ ᠵᠠᠰᠠᠬᠤ ᠠᠶᠠᠨ ᠢ᠋ᠢᠡᠨ ᠭᠤᠴᠢᠭᠠᠳ ᠵᠢᠯ ᠶᠡᠷᠦ ᠵᠤᠬᠰᠤᠬᠰᠠᠨ ᠦᠬᠡᠢ
2023-10-09 10:15:23
ᠵᠣᠬᠢᠶᠠᠭ᠍ᠴᠢ᠄
ᠯᠢ ᠺᠸ ᠱᠢᠨ
ᠣᠩᠱᠢᠭ᠍ᠰᠠᠨ ᠣᠳᠠᠭ᠎ᠠ᠄
★★★☆☆

ᠵᠢᠷᠭᠤᠳᠤᠭᠠᠷ ᠤᠳᠠᠭᠠᠨ ᠤ᠋ ᠪᠦᠬᠦ᠌ ᠤᠯᠤᠰ ᠤ᠋ᠨ ᠴᠦᠯᠯᠡᠷᠬᠡᠭ᠌ᠵᠢᠯ ᠪᠠ ᠡᠯᠡᠰᠦᠷᠬᠡᠭ᠌ᠵᠢᠯ ᠤ᠋ᠨ ᠬᠢᠨᠠᠨ ᠬᠡᠮᠵᠢᠯᠲᠡ ᠢ᠋ᠢᠨ ᠦᠷ᠎ᠡ ᠳ᠋ᠦᠩ ᠡᠴᠡ ᠦᠵᠡᠪᠡᠯ᠂ ᠬᠥᠯᠥᠨ ᠪᠤᠢ᠌ᠷ ᠤ᠋ᠨ ᠡᠯᠡᠰᠦᠷᠬᠡᠭ ᠭᠠᠵᠠᠷ ᠤ᠋ᠨ ᠲᠠᠯᠠᠪᠠᠢ ᠦᠷᠭᠦᠯᠵᠢᠯᠡᠨ ᠪᠠᠭᠠᠰᠴᠤ᠌᠂ ᠦᠷ᠎ᠡ ᠪᠦᠲᠦᠮᠵᠢ ᠢᠯᠡᠳᠲᠡ ᠰᠠᠢ᠌ᠵᠢᠷᠠᠵᠡᠢ; ᠨᠡᠭᠦᠳᠡᠯ ᠡᠯᠡᠰᠦᠷᠬᠡᠭ ᠭᠠᠵᠠᠷ ᠪᠠ ᠬᠠᠭᠠᠰ ᠲᠣᠭ᠍ᠲᠠᠮᠠᠯ ᠡᠯᠡᠰᠦᠷᠬᠡᠭ ᠭᠠᠵᠠᠷ ᠢ᠋ ᠪᠦᠲᠦᠮᠵᠢᠲᠡᠶ ᠬᠢᠵᠠᠭᠠᠷᠯᠠᠵᠤ᠂ ᠪᠢᠲᠡᠭᠦᠮᠵᠢᠯᠡᠨ ᠪᠤᠢᠵᠢᠭᠤᠯᠤᠭᠰᠠᠨ ᠣᠷᠣᠨ ᠤ᠋ ᠤᠷᠭᠤᠮᠠᠯ ᠤ᠋ᠨ ᠬᠤᠴᠢᠯᠭ᠎ᠠ 75% ᠢ᠋ᠢ ᠲᠠᠪᠠᠪᠠ ; ᠡᠯᠡᠰᠦᠷᠬᠡᠭ ᠣᠷᠣᠨ ᠤ᠋ ᠡᠯᠡᠰᠦ ᠲᠡᠭᠳᠡᠵᠤ ᠲᠤᠭᠤᠰᠤ ᠮᠡᠨᠡᠷᠠᠭᠰᠠᠨ ᠠᠭᠤᠷ ᠠᠮᠢᠰᠭᠤᠯ ᠢᠯᠡᠷᠬᠡᠢ ᠪᠠᠭᠠᠰᠴᠤ᠌ ᠂ ᠦᠨᠭᠬᠡᠷᠡᠭᠰᠡᠨ ᠤ᠋ ᠡᠯᠡᠰᠦ ᠲᠡᠭᠳᠡᠵᠤ ᠲᠤᠭᠤᠰᠤ ᠮᠡᠨᠡᠷᠠᠭᠰᠠᠨ ᠵᠢᠯ ᠪᠦᠷᠢ ᠢ᠋ᠢᠨ ᠳᠤᠮᠳᠠᠴᠢ ᠲᠤᠭ᠎ᠠ15 ᠡᠳᠦᠷ ᠪᠠᠢᠭ᠍ᠰᠠᠨ ᠡᠴᠡ᠎ᠪᠠᠨ ᠣᠲᠣ ᠪᠣᠯᠬᠤ ᠳ᠋ᠤ ᠵᠢᠯ ᠪᠦᠷᠢ ᠢ᠋ᠢᠨ ᠲᠤᠮᠳᠠᠴᠢ ᠲᠤᠭ᠎ᠠ 1.3 ᠡᠳᠦᠷ ᠪᠣᠯᠵᠣ ᠪᠠᠭᠠᠰᠤᠭᠰᠠᠨ ᠪᠠᠢᠨ᠎ᠠ᠃

1994 ᠣᠨ ᠳ᠋ᠤ᠂ ᠠᠭᠤᠷ ᠠᠮᠢᠰᠭᠤᠯ ᠭᠠᠩ ᠬᠠᠭᠤᠷᠠᠶ ᠪᠠ ᠬᠦᠮᠦᠰ ᠤ᠋ᠨ ᠠᠵᠢᠯᠯᠠᠭ᠎ᠠ ᠨᠡᠮᠡᠭ᠌ᠳᠡᠭ᠌ᠰᠡᠨ ᠵᠡᠷᠭᠡ ᠱᠢᠯᠲᠠᠭᠠᠨ ᠡᠴᠡ ᠪᠣᠯᠵᠣ ᠂  ᠬᠥᠯᠥᠨ ᠪᠣᠢᠷ ᠬᠣᠲᠠ ᠢ᠋ᠢᠨ ᠡᠯᠡᠰᠦᠷᠬᠡᠭ ᠭᠠᠵᠠᠷ ᠤ᠋ᠨ ᠵᠠᠬ᠎ᠠ ᠬᠦᠪᠡᠬᠡ ᠲᠠᠰᠤᠷᠠᠯᠲᠠ ᠥᠬᠡᠶ ᠥᠷᠭᠡᠵᠢᠨ ᠂ ᠨᠤᠲᠤᠭ ᠪᠡᠯᠴᠢᠭᠡᠷ ᠡᠯᠡᠰᠦᠷᠭᠡᠭᠵᠢᠬᠦ ᠰᠦᠷᠳᠡᠭᠦᠯᠦᠯ ᠳ᠋ᠤ ᠤᠴᠠᠷᠠᠪᠠ᠃ ᠡᠯᠡᠰᠦᠷᠬᠡᠭ᠌ᠵᠢᠭ᠌ᠰᠡᠨ ᠨᠤᠲᠤᠭ ᠪᠡᠯᠴᠢᠭᠡᠷ ᠤ᠋ᠨ ᠵᠠᠰᠠᠯᠲᠠ ᠢ᠋ᠢ ᠲᠦᠷᠭᠡᠳᠭᠡᠵᠦ᠍ ᠂  ᠬᠥᠯᠥᠨ ᠪᠣᠢᠷ ᠤ᠋ᠨ ᠠᠮᠢ ᠠᠬᠤᠶ ᠢ᠋ᠢᠨ ᠠᠮᠤᠷ ᠲᠦᠪᠱᠢᠨ ᠢ᠋ ᠪᠠᠲᠤᠯᠠᠬᠤ ᠢ᠋ᠢᠨ ᠲᠥᠯᠥᠭᠡ ᠂ 2008 ᠣᠨ ᠳ᠋ᠤ ᠬᠥᠯᠥᠨ ᠪᠣᠢᠷ ᠬᠣᠲᠠ 《ᠬᠥᠯᠥᠨ ᠪᠣᠢᠷ ᠤ᠋ᠨ ᠡᠯᠡᠰᠦᠷᠬᠡᠭ ᠭᠠᠵᠠᠷ ᠢ᠋ ᠵᠠᠰᠠᠬᠤ ᠲᠥᠯᠥᠪᠵᠢᠭᠦᠯᠭᠡ (2009 — 2013 ᠣᠨ) 》  ᠢ᠋ᠢ ᠨᠠᠢᠷᠠᠭᠤᠯᠤᠨ ᠵᠤᠬᠢᠶᠠᠬᠤ ᠪᠡᠷ ᠲᠣᠭ᠍ᠲᠠᠪᠠ ᠃

ᠡᠨᠡ ᠬᠦ᠌  《ᠲᠥᠯᠥᠪᠵᠢᠭᠦᠯᠭᠡ》  ᠶ᠋ᠢ ᠬᠥᠯᠥᠨ ᠪᠤᠢ᠌ᠷ ᠬᠤᠳᠠ ᠢ᠋ᠢᠨ ᠤᠢ ᠱᠢᠭᠤᠢ ᠢ᠋ᠢᠨ ᠰᠠᠯᠠᠭ᠎ᠠ ᠮᠥᠴᠢᠷ ᠡᠴᠡ ᠵᠣᠬᠢᠶᠠᠨ ᠪᠠᠢᠭᠤᠯᠤᠨ ᠲᠦᠰᠦᠪᠯᠡᠨ ᠨᠠᠢᠷᠠᠭᠤᠯᠤᠨ ᠵᠤᠬᠢᠶᠠᠵᠤ ᠂  ᠬᠥᠯᠥᠨ ᠪᠤᠢ᠌ᠷ ᠬᠤᠳᠠ ᠢ᠋ᠢᠨ ᠤᠢ ᠱᠢᠭᠤᠢ ᠢ᠋ᠢᠨ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠭᠠᠵᠠᠷ ᠤ᠋ᠨ ᠮᠡᠷᠭᠡᠵᠢᠯᠲᠡᠨ ᠳ᠋ᠦ᠋ ᠮᠢᠨ ᠬᠠᠮᠲᠤ ᠠᠵᠢᠯᠯᠠᠭ᠍ᠰᠠᠳ᠎ᠲᠠᠶ᠎ᠪᠠᠨ ᠡᠨᠡ ᠬᠦ᠌ ᠬᠠᠲᠠᠭᠤᠵᠢᠯᠲᠠᠢ ᠡᠭᠦᠷᠭᠡ ᠢ᠋ᠢ ᠬᠦᠯᠢᠶᠡᠨ ᠠᠪᠴᠠᠢ ᠃ ᠲᠤᠬᠠᠶ ᠢ᠋ᠢᠨ ᠦᠶ᠎ᠡ ᠳ᠋ᠤ ᠂  ᠮᠠᠰᠢ ᠣᠯᠠᠨ ᠬᠠᠮᠢᠶ᠎ᠠ ᠪᠥᠬᠥᠶ ᠮᠠᠲ᠋ᠧᠷᠢᠶᠠᠯ ᠨᠢ ᠴᠥᠮ ᠬᠣᠭᠣᠰᠣᠨ ᠪᠠᠢᠵᠤ ᠂ ᠡᠯᠡᠰᠦᠷᠬᠡᠭ ᠣᠷᠣᠨ ᠤ᠋ ᠦᠨᠳᠦᠰᠦᠨ ᠪᠠᠢᠳᠠᠯ ᠢ᠋ ᠣᠢᠯᠠᠭᠠᠬᠤ ᠳ᠋ᠤ ᠶᠡᠬᠡ ᠬᠦᠴᠢᠷᠳᠡᠵᠤ ᠪᠠᠢᠪᠠ᠃ ᠡᠯᠡᠰᠦᠷᠭᠡᠭᠵᠢᠯ ᠢ᠋ ᠰᠡᠷᠭᠡᠢᠯᠡᠵᠦ᠍ ᠡᠯᠡᠰᠦ ᠢ᠋ᠢ ᠵᠠᠰᠠᠬᠤ ᠳ᠋ᠤ ᠪᠣᠳᠠᠲᠤ ᠲᠣᠭ᠎ᠠ ᠪᠠᠷᠢᠮᠲᠠ ᠢ᠋ᠢ ᠦᠵᠡᠨ᠂ ᠲᠤᠬᠠᠢ ᠢ᠋ᠢᠨ ᠭᠠᠵᠠᠷ ᠲᠦ᠍ᠨᠢ ᠪᠠᠢᠴᠠᠭᠠᠯᠲᠠ ᠬᠢᠪᠡᠯ ᠰᠠᠶᠢ ᠬᠠᠮᠤᠭ ᠤ᠋ᠨ ᠦᠨᠡᠨ ᠪᠣᠳᠠᠲᠠᠢ ᠲᠣᠭ᠎ᠠ ᠪᠠᠷᠢᠮᠲᠠ ᠢ᠋ᠢ ᠣᠯᠵᠤ ᠴᠢᠳᠠᠨ᠎ᠠ᠃ ᠳ᠋ᠦ᠋ ᠮᠢᠨ ᠦᠪᠡᠰᠦᠪᠠᠨ ᠬᠦᠰᠦᠨᠦᠭ ᠵᠢᠷᠤᠵᠤ ᠲᠥᠯᠥᠪᠯᠡᠨ ᠂ ᠪᠠᠢᠴᠠᠭᠠᠯᠲᠠ ᠢ᠋ᠢᠨ ᠪᠠᠢᠳᠠᠯ ᠢ᠋ ᠲᠠᠭ᠍ᠯᠠᠵᠤ ᠂  ᠬᠥᠯᠥᠨ ᠪᠤᠢ᠌ᠷ ᠤ᠋ᠨ ᠡᠯᠡᠰᠦᠷᠬᠡᠭ ᠭᠠᠵᠠᠷ ᠲᠦ᠍ ᠪᠦᠬᠦ᠌ ᠲᠠᠯ᠎ᠠ ᠢ᠋ᠢᠨ ᠪᠠᠢᠴᠠᠭᠠᠯᠲᠠ ᠬᠢᠵᠦ ᠡᠬᠢᠯᠡᠭᠰᠡᠨ ᠪᠠᠢᠨ᠎ᠠ᠃

ᠪᠠᠢᠴᠠᠭᠠᠯᠲᠠ ᠢ᠋ᠢᠨ ᠳᠤᠮᠳᠠ ᠂  ᠳ᠋ᠦ᠋ ᠮᠢᠨ᠎ᠬᠥᠯᠥᠨ ᠪᠣᠢᠷ ᠤ᠋ᠨ ᠡᠯᠡᠰᠦᠷᠬᠡᠭ ᠭᠠᠵᠠᠷ ᠤ᠋ᠨ 6 ᠬᠣᠱᠢᠭᠤ (ᠬᠣᠲᠠ )  ᠢ᠋ᠢᠨ 33 ᠰᠤᠮᠤ ( ᠱᠢᠶᠠᠩ ᠂  ᠪᠠᠯᠭᠠᠰᠤ ) ᠪᠡᠷ ᠶᠠᠪᠤᠵᠤ ᠦᠨᠭᠬᠡᠷᠡᠪᠡ ᠃ ᠵᠠᠮ ᠬᠠᠷᠢᠯᠴᠠᠭ᠎ᠠ ᠳᠥᠭᠥᠮ ᠦᠭᠡᠶ ᠡᠴᠡ ᠪᠣᠯᠵᠤ ᠂  ᠮᠠᠱᠢᠨ ᠲᠡᠷᠭᠡ ᠡᠯᠡᠰᠦᠷᠬᠡᠭ ᠭᠠᠵᠠᠷ ᠤ᠋ᠨ ᠳᠤᠮᠳᠠ ᠬᠦᠷᠴᠦ᠍ ᠴᠢᠳᠠᠬᠤ ᠦᠭᠡᠶ ᠪᠤᠯᠬᠤ ᠦᠶ᠎ᠠ ᠳ᠋ᠤ ᠂  ᠲᠡᠷᠡ ᠶᠠᠪᠠᠭᠠᠨ ᠵᠢᠡᠷ ᠶᠠᠪᠤᠵᠤ ᠡᠯᠡᠰᠦ ᠢ᠋ᠢ ᠲᠤᠭᠤᠯᠳᠠᠭ ᠃  ᠡᠯᠡᠰᠦᠷᠬᠡᠭ ᠭᠠᠵᠠᠷ ᠤ᠋ᠨ ᠠᠭᠠᠬᠢᠮ᠎ᠠ ᠬᠠᠯᠠᠭᠤᠨ ᠂  ᠪᠠᠳᠠᠭᠠᠨ᠎ᠠ ᠱᠢᠮᠠᠭᠤᠯ ᠳ᠋ᠤ ᠬᠠᠳᠭᠤᠭᠳᠠᠬᠤ ᠵᠡᠷᠭᠡ ᠤᠨᠴᠠᠭᠠᠢ ᠣᠷᠴᠢᠨ ᠲᠣᠭᠣᠷᠢᠨ ᠳ᠋ᠤ ᠳ᠋ᠦ᠋ ᠮᠢᠨ ᠥᠴᠦᠬᠡᠨ ᠴᠦ᠍ ᠭᠣᠮᠣᠳᠠᠯ ᠲᠤᠭᠠᠴᠢᠬᠤ ᠦᠬᠡᠢ ᠪᠡᠷ 《 ᠡᠯᠡᠰᠦᠨ ᠳ᠋ᠤ ᠪᠢ ᠥᠪᠡᠷ ᠢ᠋᠎ᠪᠡᠨ ᠡᠮᠡᠭᠳᠡᠢ ᠬᠦᠮᠦᠨ ᠬᠡᠰᠡᠨ ᠢ᠋ᠢᠡᠨ ᠤᠮᠠᠷᠳᠡᠵᠤ ᠂ ᠡᠷᠡᠭ᠌ᠲᠡᠢᠴᠦᠳ ᠤ᠋ᠨ ᠬᠢᠵᠦ᠍ ᠳᠡᠢᠯᠬᠦ᠌ ᠠᠵᠢᠯ᠎ᠢ  ᠪᠢ ᠴᠦ᠍ ᠬᠢᠵᠦ᠍ ᠳᠡᠢᠯᠦᠨ᠎ᠡ 》 ᠬᠡᠵᠤ ᠬᠠᠳᠠᠭᠤ ᠵᠤᠷᠢᠭ ᠰᠢᠢᠳᠴᠦ ᠵᠤᠷᠢᠮᠠᠭ  ᠠᠵᠢᠯᠯᠠᠬᠰᠠᠨ ᠶᠤᠮ ᠃  ᠡᠮᠡᠭ᠌ᠲᠡᠶ ᠬᠥᠮᠦᠨ ᠪᠣᠯᠤᠭ᠍ᠰᠠᠨ ᠤ᠋ ᠬᠤᠪᠢ ᠳ᠋ᠤ ᠂  ᠳ᠋ᠦ᠋ ᠮᠢᠨ ᠶᠡᠷᠦ᠍ ᠡᠴᠡ ᠥᠪᠡᠷ ᠤ᠋ᠨ ᠪᠡᠶ᠎ᠡ᠎ᠪᠡᠨ ᠣᠨᠴᠠᠭᠠᠶ ᠪᠠᠢᠷᠢᠨ ᠳ᠋ᠤ ᠲᠠᠯᠪᠢᠭ᠍ᠰᠠᠨ ᠦᠭᠡᠶ ᠃ ᠣᠷᠳᠣ ᠬᠤᠭᠤᠴᠠᠭ᠎ᠠ ᠪᠡᠷ ᠬᠡᠬᠡᠷ᠎ᠠ ᠭᠠᠳᠠᠨ᠎ᠠ ᠠᠵᠢᠯᠯᠠᠳᠠᠭ ᠪᠤᠯᠬᠤᠷ ᠦᠷᠭᠦᠯᠵᠢ ᠬᠡᠷ ᠤ᠋ᠨ ᠬᠦᠮᠦᠰ ᠵᠢᠡᠨ ᠬᠠᠷᠠᠵᠦ ᠬᠠᠷᠠᠭᠠᠯᠵᠠᠵᠦ ᠲᠡᠢᠯᠬᠦ ᠦᠬᠡᠢ ᠪᠤᠯᠪᠠᠴᠦ ᠬᠡᠷ ᠤ᠋ᠨ ᠬᠢᠨ ᠴᠦ᠍ ᠲᠡᠬᠦᠨ ᠢ᠋ ᠵᠢᠮᠡᠯᠡᠵᠤ ᠥᠩᠭᠡᠷᠡᠭ᠌ᠰᠡᠨ ᠶᠤᠮ ᠂ ᠬᠠᠷᠢᠨ ᠲᠡᠷᠡ ᠠᠵᠢᠯ ᠤ᠋ᠨ ᠪᠠᠢᠷᠢ ᠡᠴᠡ ᠪᠡᠨ ᠰᠠᠯᠦᠯ ᠦᠬᠡᠢ ᠠᠵᠢᠯ ᠳ᠋ᠠᠭᠠᠨ ᠰᠢᠭᠤᠷᠬᠠᠢᠯᠠᠵᠤ ᠠᠵᠢᠯᠯᠠᠬᠤ ᠳ᠋ᠤᠨᠢ ᠠᠬ᠎ᠠ ᠲᠡᠬᠦᠦ ᠲᠥᠷᠥᠯ ᠰᠠᠳᠤᠨ ᠨᠢ ᠲᠡᠬᠦᠨ ᠳ᠋ᠤ ᠬᠦᠴᠦᠨ ᠵᠤᠷᠢᠭ ᠤᠯᠭᠤᠨ ᠤᠷᠤᠭᠰᠢ ᠬᠦᠳᠦᠯᠵᠡᠢ᠃

3 ᠰᠠᠷ᠎ᠠ ᠢ᠋ᠢᠨ ᠬᠤᠭᠤᠴᠠᠭᠠᠨ ᠳ᠋ᠤ ᠂ ᠳ᠋ᠦ᠋ ᠮᠢᠨ ᠬᠠᠮᠲᠤ ᠠᠵᠢᠯᠯᠠᠭ᠍ᠰᠠᠳ᠎ᠲᠠᠶ᠎ᠪᠠᠨ ᠬᠥᠯᠥᠨ ᠪᠣᠢᠷ ᠤ᠋ᠨ ᠡᠯᠡᠰᠦᠷᠬᠡᠭ ᠭᠠᠵᠠᠷ ᠤ᠋ᠨ ᠭᠠᠵᠠᠷ ᠵᠦᠶ ᠢ᠋ᠢᠨ ᠪᠠᠢᠷᠢᠯᠠᠯ ᠂  ᠭᠠᠵᠠᠷ ᠱᠢᠷᠣᠶ ᠢ᠋ᠢᠨ ᠲᠥᠷᠥᠯ ᠬᠡᠯᠪᠡᠷᠢ ᠂ ᠤᠷᠭᠤᠮᠠᠯ ᠤ᠋ᠨ ᠬᠤᠴᠢᠯᠭ᠎ᠠ ᠢ᠋ᠢᠨ ᠪᠠᠢᠳᠠᠯ ᠂ ᠠᠭᠤᠷ ᠠᠮᠢᠰᠭᠤᠯ ᠂ ᠤᠰᠤᠨ ᠤ᠋ ᠡᠬᠢ ᠪᠠᠶᠠᠯᠢᠭ ᠤ᠋ᠨ ᠪᠠᠢᠳᠠᠯ ᠂ ᠡᠯᠡᠰᠦᠷᠬᠡᠭ᠌ᠵᠢᠭ᠌ᠰᠡᠨ ᠬᠡᠮᠵᠢᠶ᠎ᠡ ᠵᠡᠷᠭᠡ ᠦᠨᠳᠦᠰᠦᠨ ᠪᠠᠢᠳᠠᠯ ᠢ᠋ ᠲᠣᠳᠣᠷᠬᠠᠶ ᠣᠢᠯᠠᠭᠠᠪᠠ ᠃

ᠠᠩᠬᠠᠨ ᠤ᠋ ᠪᠠᠢᠴᠠᠭᠠᠯᠲᠠ ᠢ᠋ᠢᠨ ᠮᠠᠲ᠋ᠧᠷᠢᠶᠠᠯ ᠢ᠋ ᠦᠨᠳᠦᠰᠦᠯᠡᠨ ᠂ ᠬᠥᠯᠥᠨ ᠪᠣᠢᠷ ᠬᠣᠲᠠ ᠱᠢᠨᠵᠢᠯᠡᠬᠦ᠌ ᠤᠬᠠᠭᠠᠨᠴᠢ ᠶᠡᠷᠦᠩᠬᠡᠢᠯᠡᠭᠰᠡᠨ ᠵᠠᠰᠠᠯᠳᠡ ᠢ᠋ᠢᠨ ᠠᠷᠭ᠎ᠠ ᠬᠡᠮᠵᠢᠶ᠎ᠡ ᠵᠢᠴᠢ ᠵᠠᠭ᠍ᠪᠤᠷ ᠢ᠋ ᠲᠣᠭ᠍ᠲᠠᠭᠠᠵᠤ᠂ 《ᠬᠥᠯᠥᠨ ᠪᠣᠢᠷ ᠤ᠋ᠨ ᠡᠯᠡᠰᠦᠷᠬᠡᠭ ᠭᠠᠵᠠᠷ ᠢ᠋ ᠵᠠᠰᠠᠬᠤ ᠲᠥᠯᠥᠪᠵᠢᠭᠦᠯᠭᠡ ( 2009 — 2013 ᠣᠨ ) 》  ᠢ᠋ᠢ ᠨᠠᠢᠷᠠᠭᠤᠯᠤᠨ ᠵᠣᠬᠢᠶᠠᠵᠤ ᠳᠠᠭᠤᠰᠭᠠᠪᠠ ᠃  ᠲᠣᠰ 《 ᠲᠥᠯᠥᠪᠵᠢᠭᠦᠯᠭᠡ 》 ᠨᠢ ᠲᠤᠰᠭᠠᠶ ᠮᠡᠷᠭᠡᠵᠢᠯᠲᠡᠨ᠎ᠦ ᠨᠤᠲᠠᠯᠠᠯᠲᠠ ᠢ᠋ᠢ ᠦᠨᠭᠬᠡᠷᠡᠬᠡᠵᠤ ᠂  ᠬᠥᠯᠥᠨ ᠪᠣᠢᠷ ᠤ᠋ᠨ ᠡᠯᠡᠰᠦᠷᠬᠡᠭ ᠣᠷᠣᠨ ᠤ᠋ ᠶᠡᠷᠦᠩᠬᠡᠢᠯᠡᠭᠰᠡᠨ ᠵᠠᠰᠠᠯᠳᠡ ᠢ᠋ᠢᠨ ᠵᠢᠯᠣᠭᠣᠳᠭᠤ ᠴᠢᠨᠠᠷᠲᠠᠶ ᠪᠢᠴᠢᠭ ᠮᠠᠲ᠋ᠧᠷᠢᠶᠠᠯ ᠪᠣᠯᠤᠭ᠍ᠰᠠᠨ ᠤ᠋ ᠬᠤᠪᠢ ᠳ᠋ᠤ ᠂ ᠬᠥᠯᠥᠨ ᠪᠣᠢᠷ ᠤ᠋ᠨ ᠡᠯᠡᠰᠦᠷᠬᠡᠭ ᠭᠠᠵᠠᠷ ᠢ᠋ ᠶᠡᠷᠦᠩᠬᠡᠢᠯᠡᠨ ᠵᠠᠰᠠᠬᠤ ᠢᠨᠵᠧᠨᠧᠷᠢᠩ ᠳ᠋ᠤ ᠣᠲᠣ ᠪᠣᠯᠲᠠᠯ᠎ᠠ ᠥᠷᠭᠡᠨ ᠢ᠋ᠢᠡᠷ ᠬᠡᠷᠡᠭ᠌ᠯᠡᠭ᠌ᠳᠡᠭ᠌ᠰᠡᠭᠡᠷ ᠪᠠᠢᠨ᠎ᠠ ᠃

ᠡᠯᠡᠰᠦᠷᠭᠡᠭᠵᠢᠯ ᠢ᠋ ᠰᠡᠷᠭᠡᠢᠯᠡᠨ ᠡᠯᠡᠰᠦ ᠢ᠋ᠢ ᠵᠠᠰᠠᠬᠤ ᠢᠨᠵᠧᠨᠧᠷᠢᠩ ᠪᠣᠯ ᠨᠢᠭᠡᠨ ᠤᠷᠳᠤ ᠬᠤᠭᠤᠴᠠᠭᠠᠨ ᠤ᠋ ᠬᠠᠲᠠᠭᠤ ᠪᠡᠷᠬᠡ ᠱᠢᠰᠲ᠋ᠧᠮᠳᠤ ᠢᠨᠵᠧᠨᠧᠷᠢᠩ ᠮᠥᠨ ᠂  ᠳ᠋ᠦ᠋ ᠮᠢᠨ ᠵᠤᠨ ᠪᠤᠯᠤᠭᠰᠠᠭᠠᠷ ᠡᠯᠡᠰᠦ ᠢ᠋ᠢ ᠵᠠᠰᠠᠬᠤ ᠲᠤᠬᠠᠢ ᠢ᠋ᠢᠨ ᠲᠠᠯᠠᠪᠠᠢ ᠳ᠋ᠤ ᠬᠦᠷᠴᠤ ᠂  ᠡᠯᠡᠰᠦ ᠢ᠋ᠢ ᠵᠠᠰᠠᠬᠤ ᠭᠠᠵᠠᠷ ᠪᠣᠯᠭᠠᠨ ᠢ᠋ᠢᠡᠷ ᠶᠠᠪᠤᠵᠤ ᠂  ᠡᠩ ᠤ᠋ᠨ ᠪᠠᠢᠴᠠᠭᠠᠯᠲᠠ ᠪᠠ ᠬᠢᠨᠠᠨ ᠬᠡᠮᠵᠢᠯᠲᠡ ᠢ᠋ᠢᠨ ᠠᠵᠢᠯ ᠢ᠋ ᠪᠠᠷᠢᠮᠲᠠᠯᠠᠨ ᠦᠷᠨᠢᠬᠦᠯᠵᠤ ᠂  ᠵᠠᠰᠠᠭ᠍ᠰᠠᠨ ᠦᠷ᠎ᠡ ᠪᠦᠲᠦᠮᠵᠢ ᠢ᠋ᠢ ᠵᠥᠪ ᠦᠨᠡᠯᠡᠬᠦ᠌ ᠳ᠋ᠤ ᠨᠠᠢᠳᠠᠪᠤᠷᠢᠲᠠᠢ ᠦᠨᠳᠦᠰᠦ ᠪᠠᠷᠢᠮᠲᠠ ᠬᠠᠩᠭᠠᠭ᠍ᠰᠠᠨ ᠪᠠᠢᠨ᠎ᠠ᠃ 《ᠡᠯᠡᠰᠦ ᠢ᠋ᠢ ᠵᠠᠰᠠᠭᠰᠠᠨ ᠭᠠᠵᠠᠷ ᠪᠣᠯᠭᠠᠨ ᠴᠥᠮ ᠮᠢᠨᠦ᠍ ᠬᠡᠦᠬᠡᠳ᠎ᠲᠡᠶ ᠠᠳᠠᠯᠢ ᠂ ᠪᠢ ᠵᠢᠯ ᠪᠦᠷᠢ ᠨᠢᠭᠡ ᠤᠳᠠᠭ᠎ᠠ ᠡᠷᠬᠢᠨ ᠦᠵᠡᠳᠡᠭ ᠂  ᠢᠩᠭᠢᠪᠡᠯ ᠠᠰᠠᠭᠤᠳᠠᠯ ᠢ᠋ ᠴᠠᠭ ᠲᠤᠬᠠᠢ ᠳ᠋ᠤᠨᠢ ᠢᠯᠡᠷᠡᠭᠦᠯᠵᠦ᠍ ᠂  ᠬᠣᠢᠱᠢᠳᠠ ᠢ᠋ᠢᠨ ᠠᠵᠢᠯ ᠳ᠋ᠤ ᠰᠠᠨᠠᠭᠤᠯᠭ᠎ᠠ ᠭᠠᠷᠴᠤ ᠢᠷᠡᠨ᠎ᠠ ᠂ ᠪᠢᠳᠡ ᠬᠢᠯᠪᠡᠷ ᠪᠤᠰᠤ ᠪᠡᠷ ᠣᠯᠤᠭ᠍ᠰᠠᠨ ᠡᠯᠡᠰᠦ ᠢ᠋ᠢ ᠵᠠᠰᠠᠭ᠍ᠰᠠᠨ ᠦᠷ᠎ᠡ ᠪᠦᠲᠦᠭᠡᠯ ᠢ᠋ᠢᠡᠨ ᠡᠷᠬᠡᠪᠰᠢ ᠰᠠᠢᠲᠤᠷ ᠪᠡᠬᠢᠵᠢᠭᠦᠯᠬᠦ᠌ ᠬᠡᠷᠡᠭ᠌ᠲᠡᠢ》  ᠭᠡᠵᠦ᠍ ᠳ᠋ᠦ᠋ ᠮᠢᠨ ᠬᠡᠯᠡᠨ᠎ᠠ ᠃

ᠳ᠋ᠦ᠋ ᠮᠢᠨ ᠣᠲᠣ ᠬᠥᠯᠥᠨ ᠪᠣᠢᠷ ᠬᠣᠲᠠ ᠢ᠋ᠢᠨ ᠣᠶ ᠱᠢᠭᠤᠶ ᠪᠠ ᠨᠤᠲᠤᠭ ᠪᠡᠯᠴᠢᠭᠡᠷ ᠤ᠋ᠨ ᠦᠶ᠋ᠯᠡᠰ ᠤ᠋ᠨ ᠬᠥᠭ᠌ᠵᠢᠯᠲᠡ ᠢ᠋ᠢᠨ ᠲᠥᠪ ᠤ᠋ᠨ ᠳᠡᠳ᠋ ᠡᠷᠬᠢᠯᠡᠭ᠌ᠴᠢ ᠢ᠋ᠢᠨ ᠲᠤᠱᠢᠶᠠᠯ ᠢ᠋ ᠡᠬᠦᠷᠭᠡᠯᠡᠵᠤ ᠂ ᠡᠯᠡᠰᠦᠷᠬᠡᠭ᠌ᠵᠢᠯ ᠢ᠋᠎ᠰᠡᠷᠭᠡᠢᠯᠡᠵᠦ᠍ ᠡᠯᠡᠰᠦ ᠢ᠋ᠢ ᠵᠠᠰᠠᠬᠤ ᠢ᠋ᠢ ᠬᠢᠨᠠᠨ ᠬᠡᠮᠵᠢᠬᠦ᠌ ᠪᠠ ᠮᠡᠷᠭᠡᠵᠢᠯ ᠢ᠋ ᠳᠡᠯᠭᠡᠷᠡᠭᠦᠯᠦᠨ ᠬᠡᠷᠡᠭ᠌ᠯᠡᠬᠦ᠌ ᠵᠢᠴᠢ ᠰᠤᠳᠤᠯᠬᠤ ᠵᠡᠷᠭᠡ ᠠᠵᠢᠯ ᠢ᠋ ᠡᠷᠭᠢᠯᠡᠵᠦ᠍ ᠪᠣᠶ ᠃ 2015 ᠣᠨ ᠳ᠋ᠤ ᠂ ᠳ᠋ᠦ᠋ ᠮᠢᠨ ᠳ᠋ᠤ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠵᠠᠰᠠᠭ ᠤ᠋ᠨ ᠣᠷᠳᠣᠨ ᠡᠴᠡ 《ᠥᠪᠡᠷᠲᠡᠭᠡᠨ ᠵᠠᠰᠠᠬᠤ ᠣᠷᠣᠨ ᠤ᠋ ᠲᠣᠪᠣᠢᠮ᠎ᠠ ᠬᠤᠪᠢ ᠨᠡᠮᠡᠷᠢ ᠦᠵᠡᠭᠦᠯᠦᠭ᠌ᠰᠡᠨ ᠲᠤᠰᠭᠠᠶ ᠮᠡᠷᠭᠡᠵᠢᠯᠲᠡᠨ 》 ᠤ᠋ ᠴᠣᠯᠠ ᠣᠯᠭᠣᠪᠠ ᠃ ᠲᠡᠭᠦᠨ᠎ᠦ ᠳᠠᠭᠠᠭᠤᠯᠭ᠎ᠠ ᠪᠡᠷ ᠂  ᠡᠯᠡᠰᠦ ᠢ᠋ᠢ ᠵᠠᠰᠠᠬᠤ ᠰᠤᠳᠤᠯᠭᠠᠨ ᠤ᠋ ᠲᠥᠪ ᠤ᠋ᠨ ᠪᠦᠯᠬᠦᠮ ᠤ᠋ᠨ ᠬᠢᠨ ᠤᠯᠠᠨ ᠵᠦᠢᠯ ᠤ᠋ᠨ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠦᠷ᠎ᠡ ᠪᠦᠲᠦᠭᠡᠯ ᠣᠯᠵᠠᠢ ᠃ ᠡᠭᠦᠨ ᠳ᠋ᠤ 《 ᠬᠥᠯᠥᠨ ᠪᠣᠢᠷ ᠤ᠋ᠨ ᠡᠯᠡᠰᠦᠷᠬᠡᠭ ᠭᠠᠵᠠᠷ ᠢ᠋ ᠪᠢᠲᠡᠭᠦᠮᠵᠢᠯᠡᠨ ᠪᠣᠢᠵᠢᠭᠤᠯᠬᠤ ᠨᠥᠬᠥᠴᠡᠯ ᠳᠣᠸ᠋ᠷᠠᠬᠢ ᠬᠥᠮᠦᠨ᠎ᠦ ᠬᠦᠴᠦ᠍᠎ᠪᠡᠷ ᠤᠷᠭᠤᠮᠠᠯ ᠤ᠋ᠨ ᠬᠤᠴᠢᠯᠭ᠎ᠠ ᠢ᠋ᠢ ᠰᠡᠷᠭᠦᠭᠡᠬᠦ᠌ ᠮᠡᠷᠭᠡᠵᠢᠯ ᠤ᠋ᠨ ᠰᠤᠳᠤᠯᠭᠠᠨ 》 ᠨᠢ 《2014 ᠣᠨ ᠤ᠋ ᠥᠪᠡᠷᠲᠡᠭᠡᠨ ᠵᠠᠰᠠᠬᠤ ᠣᠷᠣᠨ ᠤ᠋ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠳᠠᠪᠱᠢᠯᠲᠠ ᠢ᠋ᠢᠨ ᠭᠤᠷᠪᠠᠳᠤᠭᠠᠷ ᠳᠡᠰ ᠤ᠋ᠨ ᠱᠠᠩᠨᠠᠯ 》 ᠎ᠢ᠋ ᠬᠦᠷᠳᠡᠪᠡ᠃

30 ᠭᠠᠷᠤᠢ ᠵᠢᠯ ᠤ᠋ᠨ ᠲᠤᠷᠰᠢ᠂ ᠳ᠋ᠦ᠋ ᠮᠢᠨ ᠡᠯᠡᠰᠦ ᠢ᠋ᠢ ᠵᠠᠰᠠᠬᠤ ᠡᠮᠦᠨ᠎ᠡ ᠹᠷᠣᠨᠲ ᠲᠦ᠍ ᠭᠠᠪᠱᠢᠭᠠᠢᠯᠠᠨ ᠠᠵᠢᠯᠯᠠᠵᠤ᠂ ᠵᠠᠯᠠᠭᠤ ᠲᠤᠰᠭᠠᠢ ᠮᠡᠷᠭᠡᠵᠢᠯᠲᠡᠨ ᠢ᠋ ᠳᠠᠭᠠᠭᠤᠯᠤᠨ ᠦᠨᠳᠦᠰᠦᠨ ᠱᠠᠲᠤᠨ ᠳ᠋ᠤ ᠭᠦᠨᠵᠡᠭᠡᠢᠷᠡᠵᠦ᠍᠂ ᠲᠤᠰᠭᠠᠢ ᠮᠡᠷᠭᠡᠵᠢᠯ ᠤ᠋ᠨ ᠮᠡᠳᠡᠯᠭᠡ ᠪᠠ ᠲᠤᠷᠱᠢᠯᠭ᠎ᠠ ᠢ᠋ᠢ ᠤᠯᠠᠮᠵᠢᠯᠠᠪᠠ ᠃ 《ᠭᠠᠬᠴᠠ ᠮᠢᠨᠦ᠍ ᠴᠢᠷᠮᠠᠢᠯᠭ᠎ᠠ ᠪᠡᠷ ᠣᠷᠴᠢᠨ ᠲᠣᠭᠣᠷᠢᠨ ᠢ᠋ ᠰᠠᠢᠵᠢᠷᠠᠭᠤᠯᠵᠦ ᠳᠡᠢᠯᠬᠦ᠌ ᠪᠢᠰᠢ ᠂  ᠬᠥᠯᠥᠨ ᠪᠤᠢ᠌ᠷ ᠤ᠋ᠨ ᠡᠯᠡᠰᠦ ᠢ᠋ᠢ ᠵᠠᠰᠠᠭ᠍ᠰᠠᠨ ᠠᠮᠵᠢᠯᠲᠠ ᠪᠣᠯ ᠬᠡᠳᠦᠨ ᠦᠶ᠎ᠡ ᠢ᠋ᠢᠨ ᠬᠥᠮᠦᠰ ᠤ᠋ᠨ ᠬᠠᠮᠲᠤ ᠢ᠋ᠢᠨ ᠴᠢᠷᠮᠠᠢᠯᠭ᠎ᠠ ᠢ᠋ᠢᠨ ᠦᠷ᠎ᠡ ᠪᠦᠳᠦᠭᠡᠯ ᠮᠦᠨ ᠂  ᠡᠯᠡᠰᠦᠷᠬᠡᠭ ᠣᠷᠣᠨ ᠤ᠋ ᠦᠨᠳᠦᠰᠦᠲᠡᠨ᠎ᠨᠦᠭᠦᠳ ᠤ᠋ᠨ ᠠᠷᠠᠳ ᠲᠦᠮᠡᠨ᠎ᠦ ᠤᠶᠤᠨ ᠤᠬᠠᠭᠠᠨ ᠪᠠ ᠬᠦᠴᠦᠨ ᠴᠢᠳᠠᠯ ᠢ᠋ ᠨᠢᠭ᠍ᠲᠠᠷᠠᠭᠤᠯᠤᠭ᠍ᠰᠠᠨ ᠶᠠᠪᠤᠳᠠᠯ ᠮᠦᠨ》 ᠭᠡᠵᠦ᠍ ᠳ᠋ᠦ᠋ ᠮᠢᠨ ᠬᠡᠯᠡᠨ᠎ᠠ᠃

ᠬᠥᠯᠥᠨ ᠪᠣᠢᠷ ᠤ᠋ᠨ ᠡᠯᠡᠰᠦ ᠢ᠋ᠢ ᠵᠠᠰᠠᠬᠤ ᠠᠯᠬᠤᠭ᠎ᠠ ᠦᠷᠬᠦᠯᠵᠢᠯᠡᠬᠰᠡᠭᠡᠷ ᠂  ᠳ᠋ᠦ᠋ ᠮᠢᠨ᠎ᠦ ᠠᠯᠬᠤᠭ᠎ᠠ ᠴᠤ᠌ ᠦᠷᠬᠦᠯᠵᠢᠯᠡᠭᠰᠡᠬᠡᠷ ᠃ ᠡᠨᠡ ᠵᠢᠯ ᠂  ᠬᠥᠯᠥᠨ ᠪᠣᠢᠷ ᠬᠣᠲᠠ ᠶᠠᠭ ᠬᠠᠭᠤᠴᠢᠨ ᠪᠠᠷᠭᠤ ᠬᠣᠱᠢᠭᠤᠨ ᠤ᠋ ᠡᠯᠡᠰᠦᠷᠬᠡᠭ ᠭᠠᠵᠠᠷ ᠢ᠋ ᠶᠡᠷᠦᠩᠬᠡᠢᠯᠡᠨ ᠵᠠᠰᠠᠬᠤ ᠲᠥᠷᠥᠯ ᠵᠦᠶ᠋ᠯ ᠢ᠋ ᠬᠡᠷᠡᠭ᠌ᠵᠢᠭᠦᠯᠵᠦ᠍ ᠪᠠᠢᠨ᠎ᠠ᠂ ᠠᠵᠢᠯᠯᠠᠬᠤ ᠲᠣᠭᠣᠷᠢᠭ ᠲᠦ᠍ ᠳ᠋ᠦ᠋ ᠮᠢᠨ᠎ᠦ ᠶᠠᠭᠠᠷᠠᠯᠲᠠᠶ ᠠᠵᠢᠯᠯᠠᠵᠤ ᠪᠠᠢᠬᠤ ᠢ᠋ᠢ ᠪᠠᠢᠨᠭᠭᠤ ᠣᠯᠵᠤ ᠬᠠᠷᠠᠬᠤ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号