ᠤᠶᠤᠳᠠᠯ᠎ᠤᠨ ᠮᠠᠰᠢᠨ᠎ᠤ ᠰᠦᠷᠴᠢᠬᠢᠨᠡᠬᠦ ᠲᠠᠭᠤᠨ ᠲᠠᠢ ᠤᠷᠤᠯᠳᠤᠨ᠂ ᠱᠠᠭᠯᠠᠵᠦ ᠤᠶᠤᠭᠰᠠᠨ ᠤᠷᠠᠨ ᠬᠢᠴᠠᠳᠠᠢ ᠨᠡᠬᠡᠮᠡᠯ ᠤᠭᠤᠳᠠ ᠠᠭᠤᠯᠠ ᠮᠡᠳᠤ ᠤᠪᠤᠭᠠᠷᠠᠨᠠ᠃ ᠰᠢᠯᠢ ᠵᠢᠨ ᠭᠤᠤᠯ ᠠᠢᠮᠠᠭ᠎ᠤᠨ ᠲᠠᠢᠪᠤᠰᠧ ᠬᠣᠱᠢᠭᠤᠨ᠎ᠤ ᠪᠣᠤᠴᠠᠩ ᠪᠠᠯᠭᠠᠰᠤᠨ᠎ᠤ ᠱᠢᠶᠠᠩᠶᠠᠩ ᠲᠣᠰᠭᠣᠨ᠎ᠤ ᠨᠡᠬᠡᠮᠡᠯ ᠤᠭᠤᠲᠠ ᠵᠢᠨ ᠦᠢᠯᠡᠳᠪᠦᠷᠢ ᠵᠢᠨ ᠲᠠᠰᠤᠭ ᠢᠩᠬᠢᠵᠦ ᠪᠠᠴᠢᠮ ᠶᠠᠭᠠᠷᠠᠯᠳᠠᠢ ᠠᠵᠢᠯᠯᠠᠨ᠎ᠠ᠂ ᠲᠡᠭᠡᠬᠦ᠎ᠳᠤ ᠠᠵᠢᠯᠴᠢᠳ ᠠᠵᠢᠯ᠎ᠤᠨ ᠡᠷᠴᠢᠮ᠎ᠳᠤ ᠦᠴᠦᠬᠡᠨ ᠴᠦ᠍ ᠵᠦᠳᠡᠷᠡᠭᠰᠡᠨ ᠪᠠᠢᠳᠠᠯ ᠦᠭᠡᠢ᠃
ᠤᠢᠷ᠎ᠠ ᠵᠢᠨ ᠵᠢᠯ ᠳ᠋ᠤ ᠰᠢᠶᠠᠡᠭᠶᠠᠡᠭ ᠲᠤᠰᠬᠤᠨ ᠬᠦᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ ᠵᠢᠨ ᠬᠦᠴᠦᠳᠤ ᠲᠡᠮᠵᠢᠯᠭᠡ ᠪᠡᠷ ᠲᠦᠮᠦᠰᠤᠨᠤ ᠬᠦᠷᠢᠶᠡᠯᠡᠡᠭ ᠲᠤᠭᠤᠷᠢᠭ᠎ᠢ ᠬᠦᠭᠵᠢᠭᠦᠯᠦᠭᠡᠳ ᠪᠤᠭᠤᠳᠠᠯ ᠪᠠᠭᠯᠠᠭ᠎ᠠ ᠵᠢᠨ ᠬᠡᠷᠡᠭᠴᠡᠭᠡ ᠡᠳᠦᠷ ᠢᠷᠡᠬᠦᠶ᠎ᠡ ᠨᠡᠮᠡᠭᠳᠡᠪᠡ᠃ 《ᠡᠨᠡ ᠪᠤᠯ ᠤᠷᠤᠯᠭ᠎ᠠ ᠪᠡᠨ ᠨᠡᠮᠡᠭᠳᠡᠭᠦᠯᠬᠦ ᠠᠰᠢᠭᠳᠠᠢ ᠲᠤᠬᠢᠶᠠᠯ ᠮᠦᠨ》 ᠭᠡᠵᠦ ᠦᠵᠡᠭᠰᠡᠨ ᠲᠤᠰᠬᠤᠨ᠎ᠤ ᠤᠯᠠᠨ ᠲᠦᠮᠡᠨ ᠬᠤᠰᠢᠭᠤᠨ ᠲᠦᠪ ᠪᠤᠤᠴᠠᠡᠭ ᠪᠠᠯᠭᠠᠰᠤᠨ ᠡᠴᠡ ᠤᠢᠷ᠎ᠡ ᠪᠠᠢᠭ᠎ᠠ ᠭᠠᠵᠠᠷ ᠵᠦᠢ ᠵᠢᠨ ᠲᠠᠪᠠᠭᠤᠯᠢᠭ ᠵᠢᠠᠨ ᠠᠰᠢᠬᠯᠠᠨ᠂ ᠨᠠᠷᠢᠨ ᠬᠢᠨᠠᠮᠠᠭᠠᠢ ᠲᠦᠯᠦᠪᠵᠢᠭᠦᠯᠵᠦ᠂ ᠠᠵᠤ ᠦᠢᠯᠡᠰ᠎ᠤᠨ ᠪᠦᠲᠦᠴᠡ᠎ᠪᠠᠨ ᠰᠢᠨᠵᠢᠯᠡᠬᠦ ᠤᠬᠠᠭᠠᠨᠴᠢ ᠪᠡᠷ ᠲᠤᠬᠢᠷᠠᠭᠤᠯᠵᠤ᠂ ᠤᠨᠴᠠᠯᠢᠭᠳᠤ ᠠᠵᠤ ᠦᠢᠯᠡᠰ᠎ᠢ ᠬᠦᠭᠵᠢᠭᠦᠯᠬᠦ ᠬᠠᠷᠠᠯᠳᠠ ᠪᠡᠨ ᠲᠤᠳᠤᠷᠬᠠᠢ ᠲᠤᠭᠲᠠᠭᠠᠵᠠᠢ᠃ ᠲᠡᠭᠡᠭᠡᠳ ᠲᠡᠭᠡᠳᠤ ᠱᠠᠲᠤᠨ᠎ᠤ ᠠᠵᠤ ᠦᠢᠯᠡᠰ᠎ᠢ ᠬᠦᠭᠵᠢᠭᠦᠯᠬᠦ ᠬᠠᠪᠰᠤᠷᠤᠨ ᠲᠡᠳᠬᠦᠬᠦ ᠪᠡᠯᠡ ᠮᠦᠡᠭᠭᠦ ᠵᠢ 11 ᠲᠦᠮᠡᠨ ᠲᠦᠭᠦᠷᠢᠭ ᠭᠤᠶᠤᠴᠢᠯᠠᠨ ᠤᠯᠵᠦ᠂ 140 ᠲᠡᠭᠰᠢ ᠲᠦᠷᠪᠡᠯᠵᠢᠨ ᠮᠸᠲᠷ᠎ᠤᠨ ᠲᠠᠯᠠᠪᠠᠢ ᠪᠦᠬᠦᠢ ᠨᠡᠬᠡᠮᠡᠯ ᠤᠭᠤᠳᠠ ᠵᠢᠨ ᠦᠢᠯᠡᠳᠪᠦᠷᠢ ᠪᠠᠢᠭᠤᠯᠤᠭᠠᠳ᠂ ᠤᠢᠷ᠎ᠠ ᠬᠠᠪᠢ ᠵᠢᠨ 40 ᠭᠠᠷᠤᠢ ᠤᠯᠠᠨ ᠲᠦᠮᠡᠨ᠎ᠳᠤ ᠲᠤᠬᠢᠳᠠᠢ ᠰᠠᠢᠬᠠᠨ ᠠᠵᠢᠯ᠎ᠤᠨ ᠪᠠᠢᠷᠢ ᠬᠠᠡᠭᠭᠠᠵᠠᠢ᠃
ᠡᠭᠦᠨ ᠡᠴᠡ ᠭᠠᠳᠠᠨ᠎ᠠ᠂ ᠰᠢᠶᠠᠡᠭᠶᠠᠡᠭ ᠲᠤᠰᠬᠤᠨ ᠪᠠᠰᠠ ᠬᠠᠪᠰᠤᠷᠤᠨ ᠲᠡᠳᠬᠦᠬᠦ ᠪᠡᠯᠡ ᠮᠦᠡᠭᠭᠦ ᠵᠢ 171 ᠲᠦᠮᠡᠨ ᠲᠦᠭᠦᠷᠢᠭ ᠭᠤᠶᠤᠴᠢᠯᠠᠨ ᠤᠯᠵᠤ᠂ ᠲᠤᠰᠬᠤᠨ᠎ᠤ ᠬᠠᠮᠳᠤ ᠨᠡᠢᠲᠡ ᠡᠴᠡ 6 ᠲᠦᠮᠡᠨ ᠲᠦᠭᠦᠷᠢᠭ ᠴᠤᠭᠯᠠᠭᠤᠯᠤᠭᠠᠳ᠂ 600 ᠲᠡᠭᠰᠢ ᠲᠦᠷᠪᠡᠯᠵᠢᠨ ᠮᠸᠲᠷ᠎ᠤᠨ ᠲᠠᠯᠠᠪᠠᠢ ᠪᠦᠬᠦᠢ ᠡᠳ᠋ᠰᠢᠭᠦᠯᠦᠨ ᠪᠤᠯᠪᠠᠰᠤᠷᠠᠭᠤᠯᠬᠤ ᠦᠢᠯᠡᠳᠪᠦᠷᠢ ᠪᠠᠢᠭᠤᠯᠤᠨ᠂ ᠪᠠᠰᠠ ᠤᠳᠤᠬᠢᠴᠢᠯᠠᠭᠰᠠᠨ ᠦᠢᠯᠡᠳᠭᠡᠯ᠎ᠤᠨ ᠮᠠᠰᠢᠨ ᠲᠦᠬᠦᠭᠡᠷᠦᠮᠵᠢ ᠤᠷᠤᠭᠤᠯᠤᠭᠠᠳ᠂ ᠵᠢᠯ ᠳ᠋ᠤ 200 — 300 ᠲᠦᠮᠡᠨ ᠰᠢᠷᠬᠡᠭ ᠡᠯᠳᠡᠪ ᠲᠦᠷᠦᠯ᠎ᠤᠨ ᠨᠡᠬᠡᠮᠡᠯ ᠤᠭᠤᠳᠠ ᠦᠢᠯᠡᠳᠪᠦᠷᠢᠯᠡᠵᠦ᠂ 《ᠨᠠᠮ᠎ᠤᠨ ᠡᠭᠦᠷ + ᠠᠵᠤ ᠠᠬᠤᠢᠯᠠᠯ + ᠦᠢᠯᠡᠳᠪᠦᠷᠢ + ᠲᠠᠷᠢᠶᠠᠴᠢᠨ ᠡᠷᠦᠬᠡ》 ᠵᠢᠨ ᠵᠠᠭᠪᠤᠷ ᠵᠢᠠᠷ ᠲᠤᠰᠬᠤᠨ ᠡᠴᠡ ᠡᠵᠡᠡᠭᠨᠡᠭᠰᠡᠨ ᠠᠵᠤ ᠠᠬᠤᠢᠯᠠᠯ ᠪᠤᠯᠬᠤ ᠢᠤᠢ ᠶᠠᠡᠭ ᠲᠠᠷᠢᠶᠠᠯᠡᠡᠭᠤᠨ ᠬᠦᠭᠵᠢᠯᠲᠡ ᠵᠢᠨ ᠬᠢᠵᠠᠭᠠᠷᠲᠤ ᠺᠤᠮᠫᠠᠨᠢ ᠵᠢ ᠪᠠᠢᠭᠤᠯᠵᠦ᠂ ᠲᠤᠰᠬᠤᠨ᠎ᠤ ᠲᠠᠷᠢᠶᠠᠴᠢᠨ ᠡᠷᠦᠬᠡ ᠵᠢᠨ ᠤᠷᠤᠯᠭ᠎ᠠ ᠵᠢᠨ ᠨᠡᠮᠡᠭᠳᠡᠯ᠎ᠢ ᠠᠬᠢᠭᠤᠯᠪᠠ᠃
ᠱᠢᠶᠠᠩᠶᠠᠩ ᠲᠣᠰᠭᠣᠨ᠎ᠤ ᠨᠠᠮ᠎ᠤᠨ ᠡᠭᠦᠷ᠎ᠦᠨ ᠱᠦᠵᠢ ᠵᠤᠤ ᡁᠢ ᠭᠠᠩ᠎ᠤᠨ ᠲᠠᠨᠢᠯᠴᠠᠭᠤᠯᠬᠤ ᠪᠡᠷ᠂ ᠦᠢᠯᠡᠳᠪᠦᠷᠢ ᠨᠢ ᠠᠡᠭᠬ᠎ᠠ ᠪᠠᠢᠭᠤᠯᠤᠭᠳᠠᠬᠤ᠎ᠳᠤ ᠵᠦᠪᠬᠡᠨ ᠪᠤᠰᠤᠳ᠎ᠤᠨ ᠵᠠᠬᠢᠶᠠᠯᠠᠭ᠎ᠠ ᠵᠢ ᠤᠷᠤᠯᠠᠨ ᠦᠢᠯᠡᠳᠪᠦᠷᠢᠯᠡᠵᠦ ᠪᠠᠢᠭᠰᠠᠨ ᠪᠤᠯ ᠡᠳᠦᠭᠡ ᠥᠪᠡᠷ᠎ᠢᠶᠡᠨ ᠲᠦᠭᠦᠬᠡᠢ ᠮᠠᠲ᠋ᠧᠷᠢᠶᠠᠯ ᠬᠤᠳᠠᠯᠳᠤᠨ ᠠᠪᠴᠤ᠌ ᠡᠳ᠋ᠰᠢᠭᠦᠯᠦᠨ ᠪᠤᠯᠪᠠᠰᠤᠷᠠᠭᠤᠯᠵᠦ᠂ ᠪᠦᠬᠦ᠌ ᠲᠣᠰᠭᠣᠨ ᠵᠢᠴᠢ ᠡᠷᠬᠢᠨ ᠲᠣᠭᠣᠷᠢᠨ᠎ᠤ ᠲᠣᠰᠭᠣᠨ᠎ᠤ ᠤᠯᠠᠨ ᠲᠦᠮᠡᠨ᠎ᠢ ᠲᠠᠢ᠌ᠴᠢᠯᠠᠵᠡᠢ᠂ ᠠᠵᠢᠯᠴᠢᠨ᠎ᠤ ᠡᠳᠦᠷ᠎ᠦᠨ ᠬᠥᠯᠥᠰᠥ ᠤᠯᠭᠤᠮᠵᠢ 130 ᠲᠥᠭᠥᠷᠢᠭ ᠣᠷᠴᠢᠮ ᠪᠠᠢᠵᠤ᠂ ᠵᠢᠱ᠌ᠢᠯᠲᠡ᠎ᠪᠡᠷ ᠡᠨᠡ ᠵᠢᠯ᠎ᠦᠨ ᠦᠢᠯᠡᠳᠬᠦᠨ᠎ᠦ ᠶᠡᠷᠦᠡᠭᠬᠡᠢ ᠦᠷᠳᠡᠭ ᠨᠢ 150 ᠲᠦᠮᠡᠨ ᠲᠥᠭᠥᠷᠢᠭ᠎ᠲᠦ ᠬᠦᠷᠦᠨ᠎ᠡ᠃
ᠶᠠᠳᠠᠭᠤ ᠡᠴᠡ ᠠᠡᠭᠭᠢᠵᠢᠷᠠᠭᠰᠠᠨ ᠡᠷᠦᠬᠡ ᠵᠢᠨ ᠮᠠ ᠱᠦ᠍ ᠯᠢᠶᠠᠨ᠄《ᠡᠨᠡᠬᠦ ᠦᠢᠯᠡᠳᠪᠦᠷᠢ ᠵᠢ ᠪᠠᠢᠭᠤᠯᠤᠭᠰᠠᠨ ᠨᠢ ᠮᠠᠨᠳᠤ ᠭᠡᠷ ᠡᠴᠡ ᠪᠡᠨ ᠤᠢᠷᠠᠬᠠᠨ ᠠᠵᠢᠯᠯᠠᠬᠤ ᠰᠠᠢᠬᠠᠨ ᠨᠦᠬᠦᠴᠡᠯ ᠤᠯᠭᠤᠵᠠᠢ᠂ ᠪᠢᠳᠡ ᠴᠦᠮ ᠲᠤᠢᠯ᠎ᠤᠨ ᠬᠠᠨᠤᠮᠵᠢᠳᠠᠢ ᠪᠠᠢᠨ᠎ᠠ》 ᠭᠡᠵᠦ ᠰᠤᠷᠪᠤᠯᠵᠢᠯᠠᠭᠴᠢ᠎ᠳᠤ ᠪᠠᠶᠠᠷᠯᠠᠨ ᠶᠠᠷᠢᠵᠤ ᠪᠠᠢᠯ᠎ᠠ᠃
ᠣᠢᠯᠠᠭᠠᠭ᠍ᠰᠠᠨ᠎ᠢᠶᠠᠷ᠂ ᠱᠢᠶᠠᠩᠶᠠᠩ ᠲᠣᠰᠭᠣᠨ᠎ᠤ ᠨᠡᠬᠡᠮᠡᠯ ᠤᠭᠤᠲᠠ ᠵᠢᠨ ᠦᠶ᠋ᠯᠡᠳᠪᠦᠷᠢ᠎ᠶ᠋ᠢᠨ ᠡᠵᠡᠩᠨᠡᠯᠲᠡ᠎ᠶ᠋ᠢᠨ ᠠᠱᠢᠭ ᠣᠷᠣᠯᠭ᠎ᠠ᠎ᠶ᠋ᠢ ᠡᠷᠬᠡᠪᠰᠢ ᠨᠠᠮ᠎ᠤᠨ ᠭᠡᠱᠢᠭᠦᠳ᠎ᠦᠨ ᠶᠡᠬᠡ ᠬᠤᠷᠠᠯ ᠪᠣᠯᠤᠨ ᠲᠣᠰᠭᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠳᠡᠭᠡᠷ᠎ᠡ ᠵᠦᠪᠳᠡᠯᠴᠡᠨ ᠪᠠᠲᠤᠯᠠᠭ᠍ᠰᠠᠨ᠎ᠤ ᠳᠠᠷᠠᠭ᠎ᠠ ᠢᠯᠡ᠎ᠪᠡᠷ ᠬᠤᠪᠢᠶᠠᠷᠢᠯᠠᠬᠤ ᠠᠵᠢ᠃ ᠠᠵᠤ ᠠᠬᠤᠢᠯᠠᠯ᠎ᠤᠨ ᠠᠱᠢᠭ ᠣᠷᠣᠯᠭ᠎ᠠ᠎ᠶ᠋ᠢ ᠭᠤᠤᠯᠳᠠᠭᠤ ᠬᠦᠴᠢᠷᠳᠡᠯᠲᠡᠶ ᠨᠠᠮ᠎ᠤᠨ ᠭᠡᠱᠢᠭᠦᠨ ᠣᠯᠠᠨ ᠲᠦᠮᠡᠨ᠎ᠢ ᠬᠠᠪᠰᠤᠷᠤᠨ ᠲᠡᠳᠬᠦᠬᠦ᠂ ᠭᠠᠴᠠᠭᠠᠨ᠎ᠤ ᠠᠷᠠᠳ᠎ᠤᠨ ᠬᠦᠨᠳᠦ ᠶᠡᠬᠡ ᠡᠪᠡᠳᠴᠢᠨ ᠡᠮᠭᠡᠭ᠎ᠢ ᠡᠮᠨᠡᠬᠦ ᠵᠢᠴᠢ ᠲᠦᠷ ᠴᠠᠭ᠎ᠤᠨ ᠴᠢᠨᠠᠷᠲᠠᠶ ᠠᠪᠤᠷᠠᠨ ᠲᠤᠰᠠᠯᠠᠬᠤ᠎ᠳᠤ ᠬᠡᠷᠡᠭᠯᠡᠬᠦ᠂ ᠬᠥᠮᠦᠰ᠎ᠦᠨ ᠣᠷᠣᠱᠢᠨ ᠠᠮᠢᠳᠤᠷᠠᠬᠤ ᠣᠷᠴᠢᠨ ᠨᠥᠬᠥᠴᠡᠯ᠎ᠢ ᠰᠠᠢᠵᠢᠷᠠᠭᠤᠯᠬᠤ ᠪᠠ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠢ ᠪᠥᠲᠥᠭᠡᠨ ᠪᠠᠢᠭᠤᠯᠬᠤ ᠵᠡᠷᠭᠡ ᠨᠡᠢᠲᠡ᠎ᠶ᠋ᠢᠨ ᠠᠰᠠᠷᠠᠮᠵᠢ᠎ᠶ᠋ᠢᠨ ᠦᠶ᠋ᠯᠡᠰ᠎ᠦᠨ ᠪᠠᠢᠭᠤᠯᠤᠯᠲᠠ᠎ᠳᠤ ᠬᠡᠷᠡᠭ᠌ᠯᠡᠬᠦ᠂ ᠬᠡᠪ᠎ᠦᠨ ᠦᠶ᠋ᠯᠡᠳᠪᠦᠷᠢᠯᠡᠯ ᠡᠵᠡᠩᠨᠡᠯᠲᠡ᠎ᠶ᠋ᠢ ᠪᠠᠲᠤᠯᠠᠵᠤ᠂ ᠥᠷᠭᠡᠳᠭᠡᠨ ᠦᠶ᠋ᠯᠡᠳᠪᠦᠷᠢᠯᠡᠬᠦ᠌ ᠵᠡᠷᠭᠡ᠎ᠳᠦ ᠬᠡᠷᠡᠭ᠌ᠯᠡᠬᠦ᠂ ᠢᠯᠠᠩᠭᠤᠶ᠎ᠠ ᠨᠠᠮ᠎ᠤᠨ ᠭᠡᠱᠢᠭᠦᠨ ᠣᠯᠠᠨ ᠲᠦᠮᠡᠨ ᠥᠷᠭᠡᠨ᠎ᠢᠶᠡᠷ ᠣᠷᠣᠯᠴᠠᠭ᠍ᠰᠠᠨ᠂ ᠨᠥᠯᠥᠭᠡᠯᠡᠨ ᠳᠠᠢᠴᠢᠯᠠᠬᠤ ᠦᠶ᠋ᠯᠡᠳᠦᠯ᠎ᠢᠶᠡᠷ ᠴᠢᠩᠭ᠎ᠠ ᠲᠥᠷᠥᠯ ᠵᠦᠶ᠋ᠯ᠎ᠳᠤ ᠵᠠᠷᠤᠴᠠᠭᠤᠯᠵᠦ᠂ ᠲᠣᠰᠭᠣᠨ᠎ᠤ ᠬᠠᠮᠲᠤ᠎ᠶ᠋ᠢᠨ ᠠᠵᠤ ᠠᠬᠤᠶ᠎ᠶ᠋ᠢᠨ ᠲᠠᠰᠤᠷᠠᠯᠲᠠ ᠥᠬᠡᠶ ᠬᠦᠴᠦᠷᠬᠡᠭᠵᠢᠬᠦ᠎ᠶ᠋ᠢ ᠪᠠᠲᠤᠯᠠᠬᠤ᠂ ᠭᠠᠴᠠᠭᠠᠨ᠎ᠤ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢᠨ ᠠᠵᠢᠯᠯᠠᠭᠠᠨ᠎ᠤ ᠵᠠᠷᠤᠳᠠᠯ᠎ᠢ ᠨᠥᠬᠥᠪᠥᠷᠢᠯᠡᠬᠦ᠌᠎ᠳᠦ ᠬᠡᠷᠡᠭ᠌ᠯᠡᠬᠦ ᠵᠡᠷᠭᠡ ᠲᠠᠯ᠎ᠠ᠎ᠳᠤ ᠵᠠᠷᠤᠴᠠᠭᠤᠯᠤᠨ᠎ᠠ᠃
《〈ᠲᠣᠰᠭᠣᠨ᠎ᠤ ᠬᠠᠮᠲᠤ + ᠤᠯᠠᠨ ᠲᠦᠮᠡᠨ〉 ᠤ᠋ ᠠᠱᠢᠭ ᠲᠤᠰᠠ᠎ᠶ᠋ᠢᠨ ᠬᠤᠪᠢᠶᠠᠷᠢᠯᠠᠯᠲᠠ᠎ᠶ᠋ᠢᠨ ᠵᠠᠭ᠍ᠪᠤᠷ᠎ᠢ ᠬᠡᠷᠡᠭ᠌ᠵᠢᠭᠦᠯᠬᠦ᠌᠎ᠪᠡᠷ ᠳᠠᠮᠵᠢᠨ᠂ ᠨᠢᠭᠡ ᠲᠠᠯ᠎ᠠ᠎ᠪᠠᠷ ᠦᠢᠯᠡᠳᠪᠦᠷᠢ᠎ᠶ᠋ᠢᠨ ᠦᠷᠭᠦᠯᠵᠢᠯᠡᠨ ᠬᠡᠪ᠎ᠦᠨ ᠶᠣᠰᠣᠭᠠᠷ ᠠᠵᠢᠯᠯᠠᠬᠤ᠎ᠶ᠋ᠢ ᠪᠠᠲᠤᠯᠠᠵᠤ᠂ ᠲᠣᠰᠭᠣᠨ᠎ᠤ ᠬᠠᠮᠲᠤ᠎ᠶ᠋ᠢᠨ ᠡᠳ᠋ ᠬᠦᠷᠦᠩᠭᠡ᠎ᠶ᠋ᠢ ᠪᠦᠲᠦᠮᠵᠢᠲᠡᠢ ᠠᠮᠢᠳᠤᠯᠢᠭ ᠵᠢᠡᠷ ᠠᠰᠢᠬᠯᠠᠯᠳᠠ᠎ᠳᠤ ᠤᠷᠤᠭᠤᠯᠤᠨ᠂ ᠬᠠᠮᠲᠤ᠎ᠶ᠋ᠢᠨ ᠠᠵᠤ ᠠᠬᠤᠢ᠎ᠶ᠋ᠢ ᠳᠠᠢ᠌ᠴᠢᠯᠠᠨ ᠠᠱᠢᠭ ᠣᠷᠣᠯᠭ᠎ᠠ᠎ᠶ᠋ᠢ ᠪᠦᠲᠦᠮᠵᠢᠲᠡᠢ ᠨᠡᠮᠡᠭᠳᠡᠭᠦᠯᠦᠨ᠎ᠡ᠂ ᠨᠦᠬᠦᠬᠡ ᠲᠠᠯ᠎ᠠ᠎ᠪᠠᠷ ᠤᠯᠠᠨ ᠲᠦᠮᠡᠨ᠎ᠳᠦ ᠠᠱᠢᠭ ᠬᠦᠷᠲᠡᠭᠡᠵᠦ᠍᠂ ᠠᠷᠠᠳ᠎ᠤᠨ ᠠᠮᠢᠳᠤᠷᠠᠯ᠎ᠢ ᠳᠠᠰᠤᠷᠠᠯᠳᠠ ᠦᠬᠡᠢ ᠳᠡᠭᠡᠭ᠌ᠰᠢᠯᠡᠭᠦᠯᠵᠦ᠍᠂ ᠲᠣᠰᠭᠣᠨ᠎ᠤ ᠠᠷᠠᠳ᠎ᠤᠨ ᠣᠷᠣᠯᠭ᠎ᠠ᠎ᠶ᠋ᠢ ᠨᠡᠮᠡᠭ᠌ᠳᠡᠭᠦᠯᠦᠨ ᠴᠢᠨᠡᠭᠡᠯᠢᠭᠵᠢᠭᠦᠯᠦᠨ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠲᠦᠮᠵᠢᠲᠡᠢ ᠠᠬᠢᠭᠤᠯᠬᠤ ᠪᠡᠷ ᠴᠢᠷᠮᠠᠢᠨ᠎ᠠ》 ᠭᠡᠵᠦ᠍ ᠪᠣᠤᠴᠠᠩ ᠪᠠᠯᠭᠠᠰᠤᠨ᠎ᠤ ᠨᠠᠮ᠎ᠤᠨ ᠬᠣᠷᠢᠶᠠᠨ᠎ᠤ ᠱᠦᠵᠢ ᠸᠠᠩ ᠰᠢ ᠪᠢᠨ ᠰᠤᠷᠪᠤᠯᠵᠢᠯᠠᠭ᠎ᠠ ᠬᠦᠯᠢᠶᠡᠬᠦ ᠳ᠋ᠡᠭᠡᠨ ᠶᠠᠷᠢᠵᠦ ᠪᠢᠯᠡ᠃