ᠰᠢᠨ᠎ᠠ ᠪᠠᠷᠭᠤ ᠵᠡᠭᠦᠨ ᠬᠣᠰᠢᠭᠤ ᠨᠠᠮ ᠤ᠋ᠨ ᠪᠠᠢᠭᠤᠯᠤᠯᠲᠠ ᠪᠠᠷ ᠬᠦᠳᠡᠭᠡ ᠨᠤᠲᠤᠭ ᠤ᠋ᠨ ᠬᠦᠭᠵᠢᠯᠳᠡ ᠶ᠋ᠢ ᠠᠭᠢᠭᠤᠯᠬᠤ ᠵᠢᠨ ᠲᠣᠭᠤᠷᠢᠨ ᠳ᠋ᠤ᠌᠂ ᠭᠠᠴᠠᠭᠠᠨ ᠳ᠋ᠤ᠌ ᠰᠠᠭᠤᠵᠤ ᠬᠠᠪᠰᠤᠷᠤᠨ ᠲᠡᠳᠭᠦᠬᠦ ᠠᠵᠢᠯ ᠢ᠋ ᠬᠦᠴᠦᠲᠠᠢ ᠠᠳᠬᠤᠨ᠂ ᠬᠦᠳᠡᠭᠡ ᠨᠤᠲᠤᠭ ᠤ᠋ᠨ ᠬᠦᠭᠵᠢᠯᠲᠡ ᠴᠡᠴᠡᠭᠯᠡᠯᠲᠡ ᠶ᠋ᠢᠨ 《ᠲᠤᠯᠤᠭᠠᠢᠯᠠᠭ᠍ᠴᠢ》 ᠶ᠋ᠢᠨ ᠦᠢᠯᠡᠳᠦᠯ ᠢ᠋ ᠭᠦᠢᠴᠡᠳ ᠪᠠᠳᠠᠷᠠᠭᠤᠯᠵᠤ᠂ ᠬᠦᠳᠡᠭᠡ ᠨᠤᠲᠤᠭ ᠤ᠋ᠨ ᠬᠦᠭᠵᠢᠯᠲᠡ ᠴᠡᠴᠡᠭᠯᠡᠯᠲᠡ ᠳ᠋ᠤ᠌ ᠢᠳᠡᠪᠬᠢ ᠬᠦᠴᠦᠨ ᠨᠡᠮᠡᠷᠢᠯᠡᠭᠰᠡᠨ ᠪᠠᠢᠨ᠎ᠠ᠃
ᠪᠦᠬᠦ ᠬᠣᠰᠢᠭᠤᠨ ᠤ᠋ ᠭᠠᠴᠠᠭᠠᠨ ᠳ᠋ᠤ᠌ ᠠᠵᠢᠯᠯᠠᠬᠤ 38 ᠺᠠᠲ᠌ᠷᠴᠤᠳ ᠬᠣᠰᠢᠭᠤ ᠱᠠᠲᠤᠨ ᠤ᠋ ᠨᠠᠮ ᠤ᠋ᠨ ᠬᠣᠷᠢᠳᠤᠭᠠᠷ ᠶᠡᠬᠡ ᠬᠣᠷᠠᠯ ᠤ᠋ᠨ ᠵᠣᠷᠢᠭ᠋ ᠰᠠᠨᠠᠭᠠᠨ ᠤ᠋ ᠲᠤᠰᠬᠠᠢ ᠰᠡᠳᠤᠪᠲᠤ ᠪᠣᠯᠪᠠᠰᠤᠷᠠᠯ ᠤ᠋ᠨ ᠠᠩᠭᠢ ᠪᠠ ᠬᠦᠳᠡᠭᠡ ᠨᠤᠲᠤᠭ ᠢ᠋ ᠬᠦᠭᠵᠢᠭᠦᠯᠦᠨ ᠮᠠᠨᠳᠤᠭᠤᠯᠬᠤ ᠭᠣᠣᠯ ᠰᠡᠳᠤᠪᠲᠤ ᠪᠣᠯᠪᠠᠰᠤᠷᠠᠯ ᠤ᠋ᠨ ᠠᠩᠭᠢ ᠳ᠋ᠤ᠌ ᠢᠳᠡᠪᠬᠢᠲᠡᠢ ᠣᠷᠤᠯᠴᠠᠵᠤ᠂ ᠪᠣᠯᠪᠠᠰᠤᠷᠠᠯ ᠤ᠋ᠨ ᠳᠠᠷᠠᠭ᠎ᠠ ᠮᠠᠯᠵᠢᠬᠤ ᠡᠷᠦᠬᠡ ᠪᠠᠷ ᠭᠦᠨᠵᠡᠭᠡᠢᠷᠡᠨ ᠨᠠᠮ ᠤ᠋ᠨ ᠰᠢᠨ᠎ᠠ ᠤᠨᠤᠯ ᠢ᠋ ᠤᠯᠠᠮᠵᠢᠯᠠᠵᠤ᠂ ᠨᠠᠮ ᠤ᠋ᠨ ᠬᠣᠷᠢᠳᠤᠭᠠᠷ ᠶᠡᠬᠡ ᠬᠣᠷᠠᠯ ᠤ᠋ᠨ ᠵᠣᠷᠢᠭ᠋ ᠰᠠᠨᠠᠭ᠎ᠠ ᠶ᠋ᠢ ᠠᠢᠯ ᠡᠷᠦᠬᠡ ᠪᠣᠯᠭᠠᠨ ᠳ᠋ᠤ᠌ ᠳᠠᠮᠵᠢᠭᠤᠯᠤᠭᠰᠠᠨ ᠪᠠᠢᠨ᠎ᠠ᠃ ᠣᠳᠤᠬᠠᠨ ᠪᠣᠯᠳᠠᠯ᠎ᠠ᠂ ᠪᠦᠬᠦ ᠬᠣᠰᠢᠭᠤᠨ ᠤ᠋ ᠭᠠᠴᠠᠭᠠᠨ ᠳ᠋ᠤ᠌ ᠠᠵᠢᠯᠯᠠᠬᠤ ᠠᠩᠭᠢ ᠶ᠋ᠢᠨ ᠬᠢᠨ ᠳᠠᠪᠳᠠᠭᠰᠠᠨ ᠲᠤᠭ᠎ᠠ ᠪᠠᠷ 200 ᠳᠠᠯᠠᠪᠤᠷ ᠤᠨᠤᠯ ᠲᠦᠷᠦ ᠶ᠋ᠢᠨ ᠪᠣᠳᠤᠯᠭ᠎ᠠ ᠶ᠋ᠢᠨ ᠤᠬᠠᠭᠤᠯᠭ᠎ᠠ ᠲᠠᠢᠯᠤᠮᠵᠢ ᠬᠢᠵᠤ᠂ 7000 ᠭᠠᠷᠤᠢ ᠬᠤᠪᠢ ᠤᠬᠠᠭᠤᠯᠭ᠎ᠠ ᠶ᠋ᠢᠨ ᠮᠠᠲᠸᠷᠢᠶᠡᠯ ᠳᠠᠷᠬᠠᠭᠠᠨ᠂ ᠬᠦᠮᠦᠵᠢᠯ ᠬᠦᠷᠳᠡᠭᠰᠡᠨ ᠮᠠᠯᠴᠢᠨ ᠲᠦᠮᠡᠨ ᠤ᠋ ᠲᠤᠭ᠎ᠠ ᠬᠡᠮᠵᠢᠶ᠎ᠡ ᠳᠠᠪᠳᠠᠭᠰᠠᠨ ᠲᠤᠭ᠎ᠠ ᠪᠠᠷ 10000 ᠭᠠᠷᠤᠢ ᠪᠣᠯᠵᠠᠢ᠃ ᠡᠭᠦᠨ ᠤ᠋ ᠬᠠᠮᠲᠤ ᠠᠵᠢᠯᠯᠠᠬᠤ ᠠᠩᠭᠢ ᠶ᠋ᠢᠨ ᠬᠢᠨ ᠭᠠᠴᠠᠭᠠᠨ ᠤ᠋ ᠪᠦᠬᠦ ᠨᠠᠮ ᠤ᠋ᠨ ᠭᠡᠰᠢᠭᠦᠳ ᠲᠤ᠌ 18 ᠤᠳᠠᠭᠠᠨ ᠤ᠋ ᠨᠠᠮ ᠤ᠋ᠨ ᠬᠢᠴᠢᠶᠡᠯ ᠲᠠᠢᠯᠤᠮᠵᠢ ᠬᠢᠵᠤ᠂ ᠭᠣᠣᠯ ᠰᠡᠳᠤᠪᠲᠤ ᠨᠠᠮ ᠤ᠋ᠨ ᠡᠳᠦᠷ ᠤ᠋ᠨ ᠬᠦᠳᠡᠯᠭᠡᠭᠡᠨ ᠢ᠋ 200 ᠭᠠᠷᠤᠢ ᠤᠳᠠᠭ᠎ᠠ ᠦᠷᠨᠢᠭᠦᠯᠦᠨ᠂ ᠰᠤᠷᠤᠯᠴᠠᠯᠭ᠎ᠠ ᠪᠣᠯᠪᠠᠰᠤᠷᠠᠯ ᠢ᠋ 158 ᠤᠳᠠᠭ᠎ᠠ ᠡᠷᠬᠢᠯᠡᠵᠤ᠂ ᠭᠠᠴᠠᠭᠠᠨ ᠤ᠋ 226 ᠨᠡᠷᠡᠰ ᠪᠡᠯᠡᠳᠭᠡᠯ ᠺᠠᠲ᠌ᠷ ᠢ᠋ ᠬᠦᠮᠦᠵᠢᠭᠦᠯᠵᠤ᠂ ᠨᠠᠮ ᠤ᠋ᠨ ᠡᠭᠦᠷ ᠤ᠋ᠨ ᠪᠠᠷᠢᠮᠵᠢᠶᠠᠵᠢᠭ᠍ᠰᠠᠨ ᠳᠦᠷᠢᠮᠵᠢᠭᠰᠡᠨ ᠪᠠᠢᠭᠤᠯᠤᠯᠲᠠ ᠶ᠋ᠢ ᠠᠬᠢᠭᠤᠯᠪᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号