ᠡᠸᠡᠩᠬᠢ ᠦᠨᠳᠤᠰᠤᠳᠠᠨ᠎ᠤ ᠦᠪᠡᠷᠳᠡᠬᠡᠨ ᠵᠠᠰᠠᠬᠤ ᠬᠣᠰᠢᠭᠤᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ ᠪᠥᠬᠥ ᠤᠯᠤᠰ ᠪᠥᠬᠥ ᠣᠷᠣᠨ ᠪᠥᠬᠥ ᠬᠣᠲᠠ᠎ᠶᠢᠨ ᠵᠣᠬᠢᠶᠠᠨ ᠪᠠᠶ᠋ᠢᠭᠤᠯᠬᠤ ᠬᠡᠯᠲᠡᠰ᠎ᠦᠨ ᠳᠠᠷᠤᠭ᠎ᠠ ᠨᠠᠷ᠎ᠤᠨ ᠠᠵᠢᠯ᠎ᠤᠨ ᠬᠤᠷᠠᠯ᠎ᠤᠨ ᠵᠣᠷᠢᠭ᠋ ᠰᠠᠨᠠᠭ᠎ᠠ᠎ᠶᠢ ᠬᠢᠨᠠᠮᠠᠭᠠᠢ ᠲᠤᠭᠤᠰᠢᠯᠠᠭᠤᠯᠵᠤ᠂ ᠵᠣᠬᠢᠶᠠᠨ ᠪᠠᠢᠭᠤᠯᠤᠯᠲᠠ᠎ᠶᠢᠨ ᠰᠢᠰᠲᠧᠮ᠎ᠦᠨ 《ᠰᠢᠨ᠎ᠡ᠎ᠶᠢ ᠡᠭᠦᠳᠦᠨ ᠲᠡᠷᠢᠭᠦᠨ᠎ᠦ ᠬᠢ᠎ᠶᠢ ᠡᠭᠦᠳᠬᠦ ᠪᠦᠲᠦᠭᠡᠨ ᠪᠠᠢᠭᠤᠯᠤᠯᠲᠠ᠎ᠶᠢᠨ ᠣᠨ》 ᠵᠢᠡᠷ ᠭᠠᠷᠳᠠᠴᠠ ᠪᠣᠯᠭᠠᠵᠤ᠂ 《ᠺᠠᠳ᠋ᠷ ᠠᠵᠢᠯᠲᠠᠨ᠎ᠤ ᠶᠠᠪᠤᠳᠠᠯ᠎ᠤᠨ ᠲᠠᠩᠰᠠ ᠡᠪᠬᠡᠮᠡᠯ᠎ᠦᠨ ᠠᠵᠢᠯ᠎ᠤᠨ ᠳᠦᠷᠢᠮ》 ᠢ᠋ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠺᠠᠳ᠋ᠷ ᠠᠵᠢᠯᠲᠠᠨ᠎ᠤ ᠶᠠᠪᠤᠳᠠᠯ᠎ᠤᠨ ᠲᠠᠩᠰᠠ ᠡᠪᠬᠡᠮᠡᠯ᠎ᠦᠨ ᠰᠢᠨᠵᠢᠯᠡᠬᠦ ᠤᠬᠠᠭᠠᠨᠴᠢᠯᠠᠯᠲᠠ᠂ ᠳᠦᠷᠢᠮᠵᠢᠯᠲᠡ᠂ ᠵᠢᠷᠦᠮᠵᠢᠯᠲᠡ᠎ᠶᠢᠨ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠪᠡ᠃
ᠺᠠᠳ᠋ᠷ ᠠᠵᠢᠯᠲᠠᠨ᠎ᠤ ᠶᠠᠪᠤᠳᠠᠯ᠎ᠤᠨ ᠲᠠᠨᠭᠰᠠ ᠡᠪᠬᠡᠮᠡᠯ᠎ᠢ ᠰᠠᠢᠲᠤᠷ ᠬᠡᠷᠡᠭᠯᠡᠵᠦ ᠪᠣᠳᠠᠲᠠᠢ ᠬᠡᠷᠡᠭᠵᠢᠬᠦᠯᠵᠦ ᠪᠤᠢ᠃ 《ᠺᠠᠳ᠋ᠷ ᠠᠵᠢᠯᠲᠠᠨ᠎ᠤ ᠶᠠᠪᠤᠳᠠᠯ᠎ᠤᠨ ᠲᠠᠩᠰᠠ ᠡᠪᠬᠡᠮᠡᠯ᠎ᠦᠨ ᠠᠵᠢᠯ᠎ᠤᠨ ᠳᠦᠷᠢᠮ》 ᠤ᠋ᠨ ᠱᠠᠭᠠᠷᠳᠠᠯᠭ᠎ᠠ᠎ᠶᠢ ᠴᠢᠩᠭ᠎ᠠ ᠵᠢᠷᠤᠮᠯᠠᠨ᠂ ᠺᠠᠳ᠋ᠷ ᠠᠵᠢᠯᠲᠠᠨ᠎ᠤ ᠶᠠᠪᠤᠳᠠᠯ᠎ᠤᠨ ᠲᠠᠩᠰᠠ ᠡᠪᠬᠡᠮᠡᠯ᠎ᠢ ᠪᠠᠢᠴᠠᠭᠠᠬᠤ (ᠵᠢᠭᠡᠯᠡᠬᠦ) ᠬᠢᠨᠠᠨ ᠵᠥᠪᠰᠢᠶᠡᠷᠡᠬᠦ ᠪᠠᠢᠴᠠᠭᠠᠨ ᠦᠵᠡᠬᠦ ᠲᠠᠰ ᠳᠠᠷᠠᠭᠠᠯᠠᠯ᠂ ᠮᠠᠲᠧᠷᠢᠶᠠᠯ᠎ᠢ ᠳᠠᠮᠵᠢᠭᠤᠯᠤᠨ ᠬᠦᠷᠭᠡᠬᠦ ᠲᠠᠰ ᠳᠠᠷᠠᠭᠠᠯᠠᠯ ᠪᠠ ᠲᠠᠩᠰᠠ ᠡᠪᠬᠡᠮᠡᠯ᠎ᠢ ᠰᠢᠯᠵᠢᠭᠦᠯᠬᠦ ᠲᠠᠰ ᠳᠠᠷᠠᠭᠠᠯᠠᠯ᠎ᠢ ᠵᠢᠷᠤᠮᠵᠢᠭᠤᠯᠤᠨ ᠬᠡᠷᠡᠭᠯᠡᠬᠦ ᠵᠢ ᠱᠠᠭᠠᠷᠳᠠᠪᠠ᠃
ᠲᠠᠩᠰᠠ ᠡᠪᠬᠡᠮᠡᠯ᠎ᠦᠨ ᠬᠠᠮᠢᠶᠠᠷᠤᠯᠲᠠ ᠬᠡᠷᠡᠭᠯᠡᠯᠲᠡ᠎ᠶᠢ ᠰᠢᠨᠵᠢᠯᠡᠬᠦ ᠤᠬᠠᠭᠠᠨᠴᠢ᠎ᠪᠠᠷ ᠬᠡᠷᠡᠭᠵᠢᠬᠦᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠂ ᠬᠣᠲᠠ᠎ᠶᠢᠨ ᠨᠠᠮ᠎ᠤᠨ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠎ᠦᠨ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠺᠠᠳ᠋ᠷ ᠠᠵᠢᠯᠲᠠᠨ᠎ᠤ ᠶᠠᠪᠤᠳᠠᠯ᠎ᠤᠨ ᠳᠠᠩᠰᠠ ᠡᠪᠬᠡᠮᠡᠯ᠎ᠦᠨ ᠲᠥᠪ ᠪᠣᠯᠣᠨ ᠮᠡᠳᠡᠭᠡ ᠵᠠᠩᠭᠢ᠎ᠶᠢᠨ ᠠᠯᠪᠠᠨ ᠭᠡᠷ ᠴᠠᠭ ᠲᠤᠬᠠᠢ ᠳ᠋ᠤᠨᠢ ᠨᠡᠪᠲᠡᠷᠡᠯᠴᠡᠨ ᠵᠣᠬᠢᠴᠠᠭᠤᠯᠵᠤ᠂ ᠺᠠᠳ᠋ᠷ ᠠᠵᠢᠯᠲᠠᠨ᠎ᠤ ᠶᠠᠪᠤᠳᠠᠯ᠎ᠤᠨ ᠳᠠᠩᠰᠠ ᠡᠪᠬᠡᠮᠡᠯ᠎ᠦᠨ ᠬᠠᠮᠢᠶᠠᠷᠤᠯᠲᠠ᠎ᠶᠢᠨ ᠮᠡᠳᠡᠭᠡ ᠵᠠᠩᠭᠢ᠎ᠶᠢᠨ ᠰᠢᠰᠲᠧᠮ᠎ᠦᠨ 《ᠭᠤᠷᠪᠠᠨ ᠳᠡᠰ》 ᠤ᠋ᠨ ᠰᠦᠯᠵᠢᠶᠡᠨ᠎ᠦ ᠠᠵᠢᠯ᠎ᠳᠤ ᠬᠡᠷᠡᠭᠰᠡᠬᠦ ᠬᠠᠲᠠᠭᠤ ᠲᠣᠨᠣᠭ᠂ ᠵᠥᠭᠡᠯᠡᠨ ᠲᠣᠨᠣᠭ᠎ᠤᠨ ᠪᠠᠢᠭᠤᠯᠤᠯᠲᠠ ᠵᠢ ᠪᠠᠶᠠᠯᠠᠬᠦᠯᠵᠦ᠂ ᠲᠠᠩᠰᠠ ᠡᠪᠬᠡᠮᠡᠯ᠎ᠦᠨ ᠲᠣᠭᠠᠴᠢᠯᠠᠭᠰᠠᠨ ᠲᠠᠩᠰᠠ ᠡᠪᠬᠡᠮᠡᠯ᠎ᠢ ᠠᠯᠤᠰ ᠠ᠋ᠴᠠ ᠰᠤᠷᠪᠤᠯᠵᠢᠯᠠᠬᠤ᠂ ᠪᠠᠢᠴᠠᠭᠠᠨ ᠦᠵᠡᠬᠦ᠂ ᠳᠠᠮᠵᠢᠭᠤᠯᠤᠨ ᠬᠦᠷᠭᠡᠬᠦ ᠵᠢᠴᠢ ᠺᠠᠳ᠋ᠷ ᠠᠵᠢᠯᠲᠠᠨ᠎ᠤ ᠶᠠᠪᠤᠳᠠᠯ᠎ᠤᠨ ᠲᠠᠩᠰᠠ ᠡᠪᠬᠡᠮᠡᠯ᠎ᠦᠨ ᠲᠤᠬᠠᠢᠯᠠᠭᠰᠠᠨ ᠠᠵᠢᠯ᠎ᠢ ᠰᠦᠯᠵᠢᠶᠡᠨ ᠳᠡᠭᠡᠷ᠎ᠡ ᠭᠦᠢᠴᠡᠳᠬᠡᠬᠦ᠎ᠶᠢ ᠪᠡᠶᠡᠯᠡᠭᠦᠯᠵᠦ᠂ 《ᠭᠤᠷᠪᠠᠨ ᠳᠡᠰ》 ᠤ᠋ᠨ ᠰᠦᠯᠵᠢᠶᠡᠨ᠎ᠦ ᠠᠵᠢᠯ᠎ᠢ ᠨᠢᠭᠡᠨᠲᠡ ᠪᠡᠶᠡᠯᠡᠭᠦᠯᠵᠦ᠂ ᠪᠥᠬᠥ ᠬᠣᠰᠢᠭᠤᠨ᠎ᠤ ᠺᠠᠳ᠋ᠷ ᠠᠵᠢᠯᠲᠠᠨ᠎ᠤ ᠶᠠᠪᠤᠳᠠᠯ᠎ᠤᠨ ᠲᠠᠩᠰᠠ ᠡᠪᠬᠡᠮᠡᠯ᠎ᠦᠨ ᠠᠵᠢᠯ᠎ᠤᠨ ᠴᠢᠨᠠᠷ ᠴᠢᠨᠰᠠᠭ᠎ᠠ ᠪᠠ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃