《ᠨᠠᠮ᠎ᠤᠨ ᠠᠴᠢ᠎ᠳᠤ ᠲᠠᠯᠠᠷᠬᠠᠵᠤ ᠨᠠᠮ᠎ᠤᠨ ᠦᠭᠡ᠎ᠶ᠋ᠢ ᠰᠣᠨᠣᠰᠴᠤ ᠨᠠᠮ᠎ᠢᠶᠠᠨ ᠲᠠᠭᠠᠨ ᠤᠷᠤᠭᠰᠢᠯᠠᠬᠤ》ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯ᠎ᠦᠨ ᠡᠳ᠋ ᠬᠥᠷᠥᠩᠭᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠵᠥᠪᠯᠡᠯ᠎ᠳᠦ ᠤᠬᠠᠭᠤᠯᠤᠨ ᠲᠠᠢᠯᠪᠤᠷᠢᠯᠠᠪᠠ
2023-11-14 09:32:23
ᠵᠣᠬᠢᠶᠠᠭ᠍ᠴᠢ᠄
ᠱᠤᠸᠠᠢ ᠵᠧᠩ
ᠣᠩᠱᠢᠭ᠍ᠰᠠᠨ ᠣᠳᠠᠭ᠎ᠠ᠄
★★★☆☆

11 ᠰᠠᠷ᠎ᠠ᠎ᠶ᠋ᠢᠨ 10  ᠤ᠋ ᠡᠳᠦᠷ᠂《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠂ ᠨᠠᠮ᠎ᠢᠶᠠᠨ ᠲᠠᠭᠠᠨ ᠤᠷᠤᠭᠰᠢᠯᠠᠬᠤ》 ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯ᠎ᠦᠨ ᠡᠳ᠋ ᠬᠦᠷᠦᠩᠭᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠵᠥᠪᠯᠡᠯ᠎ᠳᠦ ᠤᠬᠠᠭᠤᠯᠤᠨ ᠲᠠᠢᠯᠪᠤᠷᠢᠯᠠᠯᠲᠠ ᠦᠷᠨᠢᠬᠦᠯᠪᠠ᠃

ᠤᠬᠠᠭᠤᠯᠤᠨ ᠲᠠᠢᠯᠪᠤᠷᠢᠯᠠᠬᠤ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ 《ᠦᠶ᠋ᠯᠡᠳᠦᠯᠭᠡ》 ᠰᠡᠳᠬᠦᠯ᠎ᠦᠨ ᠬᠣᠷᠢᠶ᠎ᠠ᠎ᠶ᠋ᠢᠨ ᠶᠡᠷᠦᠩᠬᠡᠶ ᠨᠠᠢᠷᠠᠭᠤᠯᠤᠭ᠍ᠴᠢ ᠵᠠᠩ ᠢ ᠮᠢᠨ ᠮᠠᠨ᠎ᠤ ᠣᠷᠣᠨ᠎ᠤ ᠪᠣᠳᠠᠲᠤ ᠪᠠᠢᠳᠠᠯ᠎ᠲᠠᠶ ᠤᠶᠠᠯᠳᠤᠭᠤᠯᠤᠨ᠂ 《ᠲᠠᠪᠤᠨ ᠥᠭᠦᠯᠡᠪᠦᠷᠢ》 ᠶ᠋ᠢᠨ ᠪᠣᠳᠠᠲᠠᠢ ᠶᠠᠪᠤᠳᠠᠯ ᠪᠠ ᠶᠣᠰᠣ ᠤᠴᠢᠷ᠎ᠢ ᠭᠦᠨᠵᠡᠭᠡᠶ ᠣᠢᠯᠠᠭᠠᠨ ᠡᠵᠡᠮᠱᠢᠬᠦ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠭᠦᠨ ᠵᠤᠵᠠᠭᠠᠨ ᠬᠠᠢᠷ᠎ᠠ ᠬᠠᠯᠠᠮᠵᠢᠯᠠᠯ ᠪᠠ ᠬᠦᠨᠳᠦ ᠨᠠᠢᠳᠠᠯᠭ᠎ᠠ᠎ᠶ᠋ᠢ  ᠦᠨᠡᠨ ᠬᠦ᠌  ᠭᠦᠨᠵᠡᠭᠡᠶ ᠤᠢᠯᠠᠭᠠᠨ ᠮᠡᠳᠡᠬᠦ᠂ 《ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠲᠤᠬᠠᠶ ᠰᠠᠨᠠᠯ》 (ᠳᠣᠷᠣᠭ᠍ᠰᠢ 《ᠰᠠᠨᠠᠯ》 ᠭᠡᠵᠦ᠍ ᠳᠥᠭᠥᠮᠴᠢᠯᠡᠨ᠎ᠡ) ᠤ᠋ᠨ ᠵᠣᠷᠢᠭ ᠰᠠᠨᠠᠭ᠎ᠠ  ᠵᠢ  ᠬᠦᠨᠵᠡᠭᠡᠢ ᠰᠤᠷᠤᠯᠴᠠᠵᠤ ᠪᠦᠬᠦ ᠲᠠᠯ᠎ᠠ ᠪᠡᠷ ᠤᠨᠤᠪᠴᠢᠳᠠᠢ ᠡᠵᠡᠮᠰᠢᠬᠦ  ᠪᠤᠯᠤᠨ ᠤᠷᠬᠢᠯᠤᠮ᠎ᠠ ᠬᠠᠯᠠᠭᠤᠨ ᠲᠠᠯᠠᠷᠬᠠᠯ ᠤ᠋ᠨ ᠰᠡᠳᠬᠢᠯ ᠪᠠ  ᠡᠷᠡᠮᠡᠬᠡᠢᠯᠡᠨ ᠤᠷᠤᠭ᠍ᠰᠢᠯᠠᠬᠤ ᠲᠦᠷᠰᠦ ᠪᠠᠢᠳᠠᠯ ᠵᠢᠡᠷ 《ᠰᠠᠨᠠᠯ》 ᠢ᠋ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠬᠤ ᠳᠥᠷᠪᠡᠨ ᠲᠠᠯ᠎ᠠ᠎ᠡᠴᠡ᠂《ᠰᠠᠨᠠᠯ》 ᠎ᠢ᠋ ᠭᠦᠨᠵᠡᠭᠡᠶ ᠪᠥᠭᠡᠳ ᠣᠢᠯᠠᠭᠠᠮᠵᠢᠲᠠᠶ᠂ ᠪᠦᠬᠦ᠌ ᠲᠠᠯ᠎ᠠ᠎ᠪᠠᠷ ᠱᠢᠰᠲ᠋ᠧᠮ᠎ᠲᠡᠶ ᠲᠠᠢᠯᠪᠤᠷᠢᠯᠠᠯᠲᠠ ᠬᠢᠵᠠᠢ᠃

ᠣᠯᠠᠨ᠎ᠢᠶᠠᠷ᠎ᠢᠶᠠᠨ᠂ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠨᠢ《ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ᠎ᠶ᠋ᠢ ᠰᠣᠨᠣᠰᠭᠤ᠂ ᠨᠠᠮ᠎ᠢᠶᠠᠨ ᠲᠠᠭᠠᠨ ᠤᠷᠤᠭᠰᠢᠯᠠᠬᠤ》ᠭᠤᠤᠯ ᠰᠡᠳᠦᠪ᠎ᠲᠦ ᠠᠩᠬᠠᠷᠤᠯ᠎ᠢᠶᠠᠨ ᠲᠥᠪᠯᠡᠷᠡᠭᠦᠯᠵᠦ᠍ ᠂ ᠤᠯᠤᠰ ᠲᠥᠷᠥ᠎ᠶ᠋ᠢᠨ ᠦᠨᠳᠦᠷᠴᠠ ᠲᠠᠢ᠂ ᠣᠨᠣᠯ᠎ᠤᠨ ᠭᠦᠨᠴᠡ᠎ᠲᠡᠶ ᠮᠥᠷᠲᠡᠭᠡᠨ ᠦᠶ᠋ᠯᠡᠳᠦᠯᠭᠡ᠎ᠶ᠋ᠢᠨ ᠡᠷᠴᠢᠮ ᠪᠠ ᠬᠦᠨ ᠵᠤᠵᠠᠭᠠᠨ ᠬᠠᠢᠷ᠎ᠠ ᠰᠡᠳᠭᠢᠯᠭᠡ᠎ᠲᠡᠶ ᠪᠠᠢᠵᠤ᠂ ᠺᠠᠳ᠋ᠷ ᠣᠯᠠᠨ ᠲᠦᠮᠡᠨ᠎ᠦ ᠠᠩᠬᠠᠷᠴᠤ᠌ ᠪᠠᠢᠭ᠎ᠠ ᠬᠠᠯᠠᠮᠱᠢᠯ ᠠᠰᠠᠭᠤᠳᠠᠯ ᠪᠣᠯᠤᠨ ᠴᠢᠬᠤᠯᠠ ᠵᠥᠪᠯᠡᠬᠦ᠌ ᠵᠦᠶ᠋ᠯ᠎ᠳᠦ ᠬᠠᠷᠢᠭᠤᠯᠲᠠ ᠥᠭ᠌ᠴᠦ᠂ ᠣᠨᠣᠯ᠎ᠤᠨ ᠰᠤᠷᠤᠯᠴᠠᠯᠭ᠎ᠠ ᠪᠣᠯᠤᠨ ᠪᠣᠳᠠᠲᠠᠶ ᠠᠵᠢᠯ᠎ᠳᠤ ᠮᠠᠰᠢ ᠶᠡᠬᠡ ᠰᠡᠩᠬᠡᠷᠡᠭᠦᠯᠬᠦ ᠦᠢᠯᠡᠳᠦᠯ ᠦᠵᠡᠭᠦᠯᠪᠡ ᠬᠡᠵᠦ ᠰᠠᠨᠠᠯ ᠨᠢᠭᠡᠳᠡᠢ ᠦᠵᠡᠵᠡᠭᠡᠪᠡ᠃ ᠲᠠᠷᠠᠭᠠᠴᠢ᠎ᠶ᠋ᠢᠨ ᠠᠯᠬᠤᠮ᠎ᠳᠤ᠂ ᠣᠯᠠᠨ᠎ᠢᠶᠠᠷ᠎ᠢᠶᠠᠨ ᠲᠣᠰ ᠤᠳᠠᠭᠠᠨ᠎ᠤ ᠤᠬᠠᠭᠤᠯᠤᠨ ᠲᠠᠢᠯᠪᠤᠷᠢᠯᠠᠯᠳᠠ᠎ᠪᠠᠷ ᠠᠵᠠ ᠲᠣᠬᠢᠶᠠᠯ ᠪᠣᠯᠭᠠᠵᠤ᠂ ᠬᠦᠰᠡᠯᠡᠩ ᠢᠲᠡᠭᠡᠯ ᠪᠢᠱᠢᠷᠡᠯ᠎ᠢᠶᠡᠨ ᠲᠠᠰᠤᠷᠠᠯᠲᠠ ᠥᠬᠡᠶ ᠪᠠᠲᠤᠳᠭᠠᠵᠤ᠂ ᠠᠵᠢᠯ᠎ᠤᠨ ᠴᠢᠳᠠᠪᠤᠷᠢ᠎ᠪᠠᠨ ᠴᠢᠩᠭᠠᠳᠭᠠᠵᠤ᠂ ᠡᠭᠦᠷᠭᠡ ᠬᠠᠷᠢᠭᠤᠴᠠᠯᠭ᠎ᠠ᠎ᠪᠠᠨ ᠨᠠᠩ ᠰᠠᠢᠲᠤᠷ ᠡᠭᠦᠷᠭᠡᠯᠡᠵᠦ᠍᠂ 《ᠰᠠᠨᠠᠯ》 ᠢ᠋ ᠥᠪᠥᠷ ᠮᠣᠩᠭᠣᠯ᠎ᠳᠤ ᠨᠠᠢᠳᠠᠪᠤᠷᠢᠵᠢᠭᠤᠯᠬᠤ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠤᠨ᠎ᠠ ᠭᠡᠵᠦ᠍ ᠢᠯᠡᠳᠭᠡᠵᠡᠭᠡᠪᠡ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号