ᠮᠠᠨ ᠤ᠋ ᠤᠷᠤᠨ 《ᠥᠪᠡᠷᠲᠡᠭᠡᠨ ᠵᠠᠰᠠᠬᠤ ᠣᠷᠣᠨᠤ ᠡᠮᠴᠢᠯᠡᠭᠡ ᠡᠷᠡᠭᠦᠯ ᠬᠠᠮᠠᠭᠠᠯᠠᠯ ᠤ᠋ᠨ ᠦᠶ᠋ᠯᠡᠴᠢᠯᠡᠭᠡᠨ ᠤ᠋ ᠱᠢᠰᠲ᠋ᠧᠮᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ᠌ ᠵᠢᠨ ᠬᠡᠷᠡᠭ᠌ᠵᠢᠭᠦᠯᠬᠦ᠌ ᠲᠥᠰᠦᠯ》 ᠢ᠋ ᠲᠦᠷᠦᠬᠦᠭᠡᠨ ᠲᠣᠭ᠍ᠲᠠᠭᠠᠵᠦ᠂ ᠮᠠᠨᠤ ᠤᠷᠤᠨ ᠤ᠋ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠵᠢᠨ ᠦᠶ᠋ᠯᠡᠴᠢᠯᠡᠭᠡᠨ ᠤ᠋ ᠱᠢᠰᠲ᠋ᠧᠮ ᠤ᠋ᠨ ᠪᠠᠢᠭᠤᠯᠤᠯᠲᠠ ᠵᠢ ᠴᠢᠩᠭᠠᠳᠭᠠᠬᠤ ᠲᠤᠬᠠᠢ ᠴᠢᠬᠤᠯᠠᠴᠢᠯᠠᠵᠠᠢ᠃
ᠤᠢᠯᠠᠭᠠᠭᠰᠠᠨᠵᠢᠡᠷ᠂ ᠮᠠᠨᠤ ᠤᠷᠤᠨ ᠴᠢᠨᠠᠷ ᠰᠠᠢᠲᠠᠶ ᠪᠥᠭᠡᠳ ᠥᠨᠳᠥᠷ ᠪᠦᠲᠦᠮᠵᠢᠲᠡᠶ ᠡᠮᠴᠢᠯᠡᠭᠡ ᠡᠷᠡᠭᠦᠯ ᠬᠠᠮᠠᠭᠠᠯᠠᠯ ᠤ᠋ᠨ ᠦᠶ᠋ᠯᠡᠴᠢᠯᠡᠭᠡᠨ ᠤ᠋ ᠱᠢᠰᠲ᠋ᠧᠮ ᠢ᠋ ᠪᠠᠢᠭᠤᠯᠤᠨ ᠪᠦᠷᠢᠨᠱᠢᠭᠦᠯᠵᠦ᠍᠂ ᠡᠷᠡᠭᠦᠯ ᠡᠩᠬᠡ ᠥᠪᠥᠷ ᠮᠣᠩᠭᠣᠯ ᠤ᠋ᠨ ᠪᠥᠲᠥᠭᠡᠨ ᠪᠠᠢᠭᠤᠯᠤᠯᠲᠠᠳᠤ ᠬᠦᠴᠦᠨ ᠨᠡᠮᠡᠷᠢᠯᠡᠨ᠂ ᠠᠷᠠᠳ ᠣᠯᠠᠨᠳᠤ ᠪᠥᠬᠥ᠌ ᠲᠠᠯ᠎ᠠ ᠵᠢᠨ ᠪᠥᠭᠡᠳ ᠪᠥᠬᠥ᠌ ᠶᠠᠪᠤᠴᠠᠵᠢᠨ ᠡᠷᠡᠭᠦᠯ ᠮᠡᠨᠳᠦ᠍ ᠵᠢᠨ ᠦᠶ᠋ᠯᠡᠴᠢᠯᠡᠭᠡ ᠬᠠᠩᠭᠠᠬᠤ ᠵᠢᠨ ᠲᠦᠯᠦᠭᠡ᠂ ᠥᠪᠡᠷᠲᠡᠭᠡᠨ ᠵᠠᠰᠠᠬᠤ ᠣᠷᠣᠨᠤ ᠪᠣᠳᠠᠲᠠᠶᠪᠠᠢᠳᠠᠯ ᠲᠠᠶ ᠤᠶᠠᠯᠳᠤᠭᠤᠯᠤᠨ ᠲᠤᠰ 《ᠲᠦᠰᠦᠯ》ᠢ᠋ ᠲᠤᠭᠳᠠᠭᠠᠪᠠ᠃ ᠪᠤᠳᠠᠳᠠᠢ ᠪᠡᠷ ᠬᠡᠯᠡᠪᠡᠯ᠂ ᠥᠪᠡᠷᠲᠡᠭᠡᠨ ᠵᠠᠰᠠᠬᠤ ᠣᠷᠣᠨᠤ ᠱᠠᠲᠤᠨᠤ ᠬᠢᠲᠠᠳ ᠡᠮᠨᠡᠯᠭᠡ (ᠮᠣᠩᠭᠣᠯ ᠡᠮᠨᠡᠯᠭᠡ) ᠵᠢᠨ ᠣᠷᠣᠨ ᠪᠦᠰᠡ ᠵᠢᠨ ᠡᠮᠴᠢᠯᠡᠭᠡᠨ ᠤ᠋ ᠲᠥᠪ ᠤ᠋ᠨ ᠪᠠᠢᠭᠤᠯᠤᠯᠲᠠ ᠵᠢ ᠪᠠᠢᠷᠢᠯᠠᠭᠤᠯᠤᠨ ᠥᠷᠨᠢᠭᠦᠯᠦᠨ᠎ᠡ; ᠬᠣᠱᠢᠭᠤ ᠱᠢᠶᠠᠨᠤ ᠱᠠᠲᠤᠨᠤ ᠡᠮᠨᠡᠯᠭᠡ ᠵᠢᠨ ᠬᠣᠷᠢᠶ᠎ᠠ (ᠬᠢᠲᠠᠳ ᠡᠮᠨᠡᠯᠭᠡ ᠮᠣᠩᠭᠣᠯ ᠡᠮᠨᠡᠯᠭᠡ ᠵᠢᠨ ᠬᠣᠷᠢᠶ᠎ᠠ ᠵᠢ ᠪᠠᠭ᠍ᠲᠠᠭᠠᠨᠠ) ᠵᠢ ᠲᠠᠰ ᠳᠡᠪᠱᠢᠭᠦᠯᠬᠦ᠌ ᠵᠢ ᠠᠬᠢᠭᠤᠯᠵᠤ᠂ ᠬᠣᠱᠢᠭᠤ ᠱᠢᠶᠠᠨᠤ ᠱᠠᠲᠤᠨᠤ ᠶᠡᠷᠦᠩᠬᠡᠢᠯᠡᠭ᠌ᠰᠡᠨ ᠡᠮᠨᠡᠯᠭᠡ ᠵᠢᠨ ᠬᠣᠷᠢᠶ᠎ᠠ᠂ ᠬᠣᠱᠢᠭᠤ ᠱᠢᠶᠠᠨᠤ ᠱᠠᠲᠤᠨᠤ ᠬᠢᠲᠠᠳ ᠡᠮᠨᠡᠯᠭᠡ (ᠮᠣᠩᠭᠣᠯ ᠡᠮᠨᠡᠯᠭᠡ) ᠵᠢᠨ ᠬᠣᠷᠢᠶ᠎ᠠ᠂ ᠬᠣᠱᠢᠭᠤ ᠱᠢᠶᠠᠨᠤ ᠱᠠᠲᠤᠨᠤ ᠡᠬᠡ ᠨᠢᠯᠬᠠᠰ ᠤ᠋ᠨ ᠡᠷᠡᠭᠦᠯᠵᠢᠯ ᠤ᠋ᠨ ᠡᠮᠨᠡᠯᠭᠡ ᠵᠢᠨ ᠬᠣᠷᠢᠶ᠎ᠠ ᠵᠢᠨ ᠴᠢᠳᠠᠪᠤᠷᠢ ᠵᠢ ᠳᠡᠭᠡᠭ᠌ᠰᠢᠯᠡᠭᠦᠯᠬᠦ᠌ ᠠᠵᠢᠯᠯᠠᠭ᠎ᠠ ᠵᠢ ᠬᠡᠷᠡᠭ᠌ᠵᠢᠭᠦᠯᠦᠨ᠂ ᠨᠢᠭᠡ ᠪᠦᠯᠦᠭ ᠬᠢᠯᠢ ᠵᠢᠨ ᠪᠣᠭᠣᠮᠲᠠ ᠵᠢᠨ ᠬᠣᠱᠢᠭᠤ ᠱᠢᠶᠠᠨᠤ ᠱᠠᠲᠤᠨᠤ ᠡᠮᠨᠡᠯᠭᠡ ᠵᠢᠨ ᠬᠣᠷᠢᠶ᠎ᠠ ᠵᠢ ᠲᠠᠰ ᠳᠡᠪᠱᠢᠭᠦᠯᠦᠨ ᠪᠠᠢᠭᠤᠯᠤᠨ᠎ᠠ; ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠵᠢᠨ ᠦᠶ᠋ᠯᠡᠴᠢᠯᠡᠭᠡᠨ ᠤ᠋ ᠱᠢᠰᠲ᠋ᠧᠮ ᠤ᠋ᠨ ᠪᠠᠢᠭᠤᠯᠤᠯᠲᠠ ᠵᠢ ᠴᠢᠩᠭᠠᠳᠭᠠᠨ᠎ᠠ; ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠵᠢᠨ ᠬᠥᠭ᠌ᠵᠢᠯᠲᠡ ᠵᠢᠨ ᠣᠷᠣᠭᠤᠯᠤᠯᠲᠠ ᠵᠢᠨ ᠦᠷᠭᠦᠯᠵᠢᠯᠡᠨ ᠲᠤᠭᠳᠠᠪᠤᠷᠢᠳᠠᠢ ᠲᠣᠭ᠍ᠲᠠᠴᠠ ᠵᠢ ᠪᠠᠢᠭᠤᠯᠵᠤ᠂ ᠣᠷᠣᠭᠤᠯᠤᠯᠲᠠ ᠵᠢᠨ ᠡᠷᠴᠢᠮᠵᠢᠡᠨ ᠴᠢᠩᠭᠠᠷᠠᠭᠤᠯᠤᠨ᠎ᠠ; ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠵᠢᠨ ᠣᠨᠴᠠᠯᠢᠭᠲᠤ ᠨᠡᠢᠴᠡᠭ᠌ᠰᠡᠨ ᠡᠮᠴᠢᠯᠡᠭᠡᠨ ᠤ᠋ ᠳᠠᠭᠠᠳᠭᠠᠯ ᠤ᠋ᠨ ᠲᠣᠭᠠᠴᠠᠭ᠎ᠠ ᠬᠢᠬᠦ᠌ ᠠᠷᠭ᠎ᠠ ᠬᠡᠯᠪᠡᠷᠢᠵᠢ ᠪᠦᠷᠢᠨᠱᠢᠭᠦᠯᠦᠨᠡ; ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠪᠠ ᠬᠢᠲᠠᠳ (ᠮᠣᠩᠭᠣᠯ) ᠧᠦ᠋ᠷᠣᠫᠠ ᠡᠮᠨᠡᠯᠭᠡ ᠵᠢ ᠤᠶᠠᠯᠳᠤᠭᠤᠯᠤᠭ᠍ᠰᠠᠨ ᠣᠨᠴᠠᠯᠢᠭ᠍ᠲᠤ ᠴᠢᠳᠠᠪᠤᠷᠢᠲᠠᠨ ᠬᠥᠮᠦᠵᠢᠭᠦᠯᠬᠦ᠌ ᠢᠨᠵᠧᠨᠧᠷᠢᠩ ᠢ᠋ ᠬᠡᠷᠡᠭ᠌ᠵᠢᠭᠦᠯᠵᠦ᠍᠂ ᠤᠯᠤᠰᠤᠨ ᠤᠳᠠᠴᠢ᠂ ᠨᠡᠷᠡᠲᠦ ᠠᠬᠠᠮᠠᠳ ᠬᠢᠲᠠᠳ ᠡᠮᠴᠢ (ᠮᠣᠩᠭᠣᠯ ᠡᠮᠴᠢ) ᠵᠡᠷᠭᠡ ᠤᠯᠠᠮᠵᠢᠯᠠᠨ ᠵᠠᠯᠭᠠᠮᠵᠢᠯᠠᠬᠤ ᠠᠵᠢᠯ ᠤ᠋ᠨ ᠲᠠᠰᠤᠭ ᠤ᠋ᠨ ᠪᠠᠢᠭᠤᠯᠤᠯᠲᠠ ᠵᠢ ᠴᠢᠩᠭᠠᠳᠭᠠᠨ᠎ᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号