ᠯᠢᠦ ᠫᠢᠩ ᠵᠢᠶᠧ ᠄ ᠨᠤᠮᠢᠨ ᠨᠤᠭᠤᠭᠠᠨ ᠠᠭᠤᠯᠠ ᠲᠠᠯ᠎ᠠ ᠪᠠᠨ ᠡᠬᠦᠷᠢᠳᠠ ᠰᠠᠬᠢᠨ ᠬᠠᠮᠠᠭᠠᠯᠠᠨ᠎ᠠ
2023-12-15 10:08:44
ᠵᠣᠬᠢᠶᠠᠭ᠍ᠴᠢ᠄
ᠵᠧᠩ ᠱᠢᠤᠸᠠᠢ ᠯᠢᠶᠠᠩ ᠴᠢᠮᠡᠭᠡᠯᠡᠭ᠌ᠴᠢ ᠸᠠᠩ ᠱᠢᠶᠤᠤ ᠫᠢᠩ
ᠣᠩᠱᠢᠭ᠍ᠰᠠᠨ ᠣᠳᠠᠭ᠎ᠠ᠄
★★★☆☆

ᠨᠠᠮᠤᠷ ᠤ᠋ᠨ ᠡᠬᠢ᠎ᠪᠡᠷ ᠬᠥᠬᠡᠬᠣᠲᠠ ᠵᠢᠨ ᠬᠣᠷᠢᠨᠭᠡᠷ ᠱᠢᠶᠠᠨ ᠳ᠋ᠦ ᠬᠦᠷᠬᠦᠯᠠᠷ᠂ ᠪᠠᠢ ᠡᠯ ᠶᠸ ᠡᠯᠡᠰᠦᠨ ᠳᠠᠪᠠᠭᠠᠨ ᠎ᠦ ᠤᠢ ᠮᠤᠳᠤ ᠢᠭᠴᠤᠷᠠᠨ ᠤᠷᠭᠤᠵᠤ᠂ ᠵᠡᠭᠦᠨ ᠮᠥᠸᠸ ᠲᠢᠶᠠᠨ ᠯᠢᠡᠭ ᠳᠠᠪᠠᠭᠠᠨ ᠎ᠤ᠋ ᠬᠠᠷᠭᠠᠢ ᠨᠠᠷᠠᠰᠤ ᠬᠦᠬᠡᠷᠡᠨ ᠨᠤᠭᠤᠭᠠᠷᠠᠨ᠎ᠠ ᠃

ᠥᠩᠭᠡᠷᠡᠭ᠌ᠰᠡᠨ᠎ᠳᠦ᠂ ᠬᠣᠷᠢᠨᠭᠡᠷ ᠱᠢᠶᠠᠨ ᠤ᠋ ᠤᠢᠵᠢᠭᠤᠯᠤᠭᠴᠢ ᠤᠷᠢ ᠵᠠᠯᠠᠭᠤ ᠨᠠᠰᠤᠨ᠎ᠤ ᠪᠠᠨ ᠤᠶᠤᠨ ᠤᠬᠠᠭᠠᠨ ᠬᠦᠴᠤᠨ ᠴᠢᠳᠠᠯ᠎ᠵᠢᠡᠨ ᠰᠢᠪᠬᠠᠵᠤ ᠨᠡᠯᠦᠭᠡᠷ ᠶᠡᠬᠡ  ᠡᠯᠡᠰᠦᠨ  ᠴᠦᠯ᠎ᠳᠦ ᠬᠠᠴᠢᠨ ᠭᠠᠢᠬᠠᠮᠱᠢᠭ ᠎ᠢ  ᠪᠢᠴᠢᠭ᠌ᠯᠡᠵᠡᠢ᠃ ᠤᠳᠤ ᠬᠣᠷᠢᠨᠭᠡᠷ ᠰᠢᠶᠠᠨ ᠎ᠤ ᠬᠢᠨ 《 ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠲᠠᠠ ᠮᠥᠩᠭᠥᠨ ᠠᠭᠤᠯᠠ ᠮᠥᠨ》 ᠭᠡᠬᠦ᠌ ᠣᠢᠯᠠᠭᠠᠭ᠍ᠳᠠᠬᠤᠨ᠎ᠢ ᠠᠮᠢᠳᠤᠯᠢᠭ᠎ᠢᠶᠠᠷ ᠦᠶ᠋ᠯᠡᠳᠦᠯᠭᠡᠵᠢᠭᠦᠯᠵᠦ᠍᠂ ᠠᠮᠢ ᠠᠬᠤᠶ ᠵᠢ ᠤᠷᠢᠳ᠎ᠢᠶᠠᠷ ᠪᠣᠳᠣᠯᠬᠢᠯᠠᠨ  ᠪᠣᠬᠢᠷᠲᠤᠯ ᠥᠬᠡᠶ ᠬᠦᠭᠵᠢᠭᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ ᠵᠢᠨ ᠵᠠᠮ᠎ᠢᠶᠠᠷ  ᠴᠤᠴᠠᠯᠳᠠ ᠦᠭᠡᠢ ᠵᠠᠮᠨᠠᠵᠤ ᠪᠠᠢᠨ᠎ᠠ᠃

ᠡᠮᠦᠨᠡᠬᠡᠨ ᠪᠦᠬᠦ᠌ ᠤᠯᠤᠰ ᠤ᠋ᠨ ᠡᠯᠡᠰᠦᠷᠬᠡᠭᠵᠢᠯ ᠢ᠋ ᠰᠡᠷᠭᠡᠢᠯᠡᠵᠦ᠍ ᠡᠯᠡᠰᠦ ᠵᠢ ᠵᠠᠰᠠᠭ᠍ᠰᠠᠨ ᠲᠡᠷᠢᠭᠦᠨ᠎ᠦ ᠬᠤᠪᠢ ᠬᠥᠮᠦᠨ ᠭᠡᠬᠦ ᠢᠷᠠᠭᠤ ᠠᠯᠳᠠᠷ᠎ᠢ ᠬᠦᠷᠲᠡᠭᠰᠡᠨ ᠯᠢᠦ ᠫᠢᠩ ᠵᠢᠶ᠍ᠸ ᠪᠣᠯ ᠬᠥᠬᠡᠬᠣᠲᠠ ᠵᠢᠨ ᠬᠣᠷᠢᠨᠭᠡᠷ ᠱᠢᠶᠠᠨ ᠤ᠋ ᠤᠢ ᠱᠢᠭᠤᠢ ᠪᠠ ᠨᠤᠲᠤᠭ ᠪᠡᠯᠴᠢᠭᠡᠷ ᠤ᠋ᠨ ᠲᠣᠪᠴᠢᠶᠠᠨ ᠤ᠋ ᠤᠢ ᠱᠢᠭᠤᠢ ᠪᠠ ᠨᠤᠲᠤᠭ ᠪᠡᠯᠴᠢᠭᠡᠷ ᠤ᠋ᠨ ᠪᠦᠳᠦᠭᠡᠨ ᠪᠠᠢᠭᠤᠯᠤᠯᠲᠠ ᠵᠢᠨ ᠦᠢᠯᠡᠴᠢᠯᠡᠭᠡᠨ᠎ᠦ ᠲᠥᠪ ᠤ᠋ᠨ ᠮᠡᠷᠭᠡᠵᠢᠯᠲᠡᠨ  ᠪᠤᠯᠬᠤ ᠶᠤᠮ᠃ 35 ᠵᠢᠯ ᠤ᠋ᠨ ᠲᠤᠷᠰᠢ᠂ ᠲᠠᠷᠠ ᠨᠤᠮᠢᠨ ᠨᠤᠭᠤᠭᠠᠨ ᠠᠭᠤᠯᠠ ᠲᠠᠯ᠎ᠠ ᠪᠠᠨ ᠰᠠᠬᠢᠨ ᠬᠠᠮᠠᠭᠠᠯᠠᠬᠤ ᠪᠠᠷ ᠴᠦᠬᠦᠷᠡᠰᠢ ᠦᠭᠡᠢ ᠲᠠᠮᠠᠴᠡᠭᠰᠡᠭᠡᠷ ᠢᠷᠡᠵᠠᠢ᠃ ᠬᠣᠷᠢᠨᠭᠡᠷ ᠱᠢᠶᠠᠨ ᠤ᠋ ᠤᠢ ᠱᠢᠭᠤᠢ ᠵᠢᠨ ᠪᠦᠷᠬᠦᠴᠡ ᠳᠡᠭᠡᠷ᠎ᠡ ᠵᠠᠭᠤᠨ ᠤ᠋ ᠨᠠᠶᠠᠭᠠᠳ ᠣᠨ ᠤ᠋ ᠡᠬᠢ᠎ᠪᠡᠷ 14.2% ᠪᠠᠢᠭ᠍ᠰᠠᠨ᠎ᠠᠴᠠ᠎ᠪᠠᠨ ᠤᠳᠤᠬᠠᠨ ᠤ᠋ 29.2% ᠪᠤᠯᠵᠤ ᠳᠡᠭᠡᠭᠰᠢᠯᠡᠭᠰᠡᠨ ᠦᠷ᠎ᠡ ᠪᠦᠲᠦᠮᠵᠢ ᠳ᠋ᠦ ᠲᠡᠭᠦᠨ ᠤ᠋ ᠬᠤᠪᠢ  ᠨᠡᠮᠡᠷᠢ  ᠠᠬᠤᠭᠤᠯᠵᠤ  ᠪᠠᠢᠭ᠎ᠠ  ᠠᠵᠢ᠃

ᠯᠢᠦ ᠫᠢᠩ ᠵᠢᠶᠧ 1988 ᠣᠨ ᠳ᠋ᠦ ᠥᠪᠥᠷ ᠮᠣᠩᠭᠣᠯ ᠤ᠋ᠨ ᠵᠠᠯᠠᠨ ᠠᠢᠯ ᠳ᠋ᠡᠬᠢ ᠣᠶ ᠱᠢᠭᠤᠶ ᠵᠢᠨ  ᠰᠤᠷᠭᠠᠭᠤᠯᠢ᠎ᠠᠴᠠ ᠲᠡᠭᠦᠰᠦᠭ᠌ᠰᠡᠨ᠎ᠦ ᠳᠠᠷᠠᠭ᠎ᠠ᠂ ᠰᠠᠢᠨ ᠲᠤᠷ᠎ᠠ ᠡᠴᠡ ᠪᠠᠨ ᠬᠠᠮᠤᠭ ᠤ᠋ᠨ ᠬᠠᠲᠠᠭᠤᠵᠢᠯᠲᠠᠶ ᠨᠠᠨ ᠲᠢᠶᠠᠨ ᠮᠸᠨ ᠣᠶ ᠱᠢᠭᠤᠶ ᠵᠢᠨ ᠲᠠᠯᠠᠪᠠᠶ᠎ᠳᠦ ᠬᠦᠷᠴᠤ ᠠᠵᠢᠯᠯᠠᠵᠠᠶ᠃ ᠣᠶ ᠱᠢᠭᠤᠶ ᠵᠢᠨ ᠲᠠᠯᠠᠪᠠᠶ ᠵᠢᠨ ᠴᠣᠷ ᠤ᠋ᠨ ᠭᠠᠭ᠍ᠴᠠ ᠳᠤᠮᠳᠠ ᠵᠡᠷᠭᠡ ᠵᠢᠨ ᠲᠤᠰᠭᠠᠶ ᠮᠡᠷᠭᠡᠵᠢᠯ ᠤ᠋ᠨ ᠰᠤᠷᠭᠠᠭᠤᠯᠢ ᠲᠡᠭᠦᠰᠦᠭᠰᠡᠨ ᠰᠣᠷᠣᠭ᠍ᠴᠢ ᠪᠣᠯᠤᠭ᠍ᠰᠠᠨ ᠤ᠋ ᠬᠤᠪᠢ ᠳ᠋ᠦ᠂ ᠲᠡᠷᠡ ᠣᠴᠢᠮᠠᠭ᠍ᠴᠠ᠎ᠪᠠᠨ ᠴᠢᠬᠤᠯᠠ ᠲᠤᠱᠢᠶᠠᠯ ᠡᠭᠦᠷᠭᠡᠯᠡᠵᠦ᠍᠂ ᠣᠶ ᠱᠢᠭᠤᠶ ᠵᠢᠨ ᠲᠠᠯᠠᠪᠠᠶ ᠵᠢᠨ ᠲᠤᠬᠠᠢᠯᠠᠭ᠍ᠰᠠᠨ ᠠᠵᠢᠯ᠎ᠢ ᠡᠷᠭᠢᠯᠡᠨ ᠬᠠᠮᠢᠶᠠᠷᠬᠤ ᠮᠡᠷᠭᠡᠵᠢᠯᠲᠡᠨ ᠪᠣᠯᠵᠠᠶ᠃

ᠨᠠᠨ ᠲᠢᠶᠠᠨ ᠮᠸᠨ ᠣᠶ ᠱᠢᠭᠤᠶ ᠵᠢᠨ ᠪᠦᠬᠦ ᠲᠠᠯᠠᠪᠠᠶ 30 ᠭᠠᠷᠤᠶ ᠲᠦᠮᠡᠨ ᠮᠥ᠍᠎ᠳᠦ ᠬᠦᠷᠴᠦ᠍᠂ ᠠᠬᠯᠠᠭ ᠠᠭᠤᠯᠠ ᠭᠦᠨ ᠵᠢᠯᠠᠭ᠎ᠠ ᠳ᠋ᠦ ᠤᠢ ᠮᠤᠳᠤ ᠢᠭᠴᠤ ᠰᠠᠬᠤᠯᠢᠭ ᠤᠷᠭᠤᠵᠤ᠂ ᠬᠦᠮᠦᠨ ᠠᠮᠠ ᠴᠦᠬᠡᠨᠲᠡᠢ ᠮᠦᠷᠲᠡᠭᠡᠨ ᠠᠷᠢᠶᠠᠲᠠᠨ ᠠᠮᠢᠲᠠᠨ ᠤᠯᠠᠨᠲᠠᠢ᠃ ᠠᠵᠢᠯ ᠠᠮᠢᠳᠤᠷᠠᠯ ᠤ᠋ᠨ ᠨᠥᠬᠥᠴᠡᠯ ᠨᠢ ᠴᠦ᠍ ᠮᠠᠰᠢ ᠬᠠᠲᠠᠭᠤ ᠪᠡᠷᠬᠡᠱᠢᠶᠡᠯ ᠲᠠᠢ ᠪᠠᠢᠵᠤ᠂ ᠲᠦᠭᠡᠭᠡᠯ ᠤᠰᠤ ᠪᠠᠢᠬᠤ ᠦᠭᠡᠢ᠂ ᠠᠵᠢᠯᠳᠠᠨ ᠠᠵᠢᠯᠴᠢᠨ ᠤ᠋  ᠬᠤᠨᠤᠭ ᠤ᠋ᠨ ᠭᠠᠵᠠᠷ ᠨᠢ ᠴᠦ᠍ ᠥᠪᠡᠷ ᠶ᠋ᠢᠡᠨ ᠪᠤᠰᠬᠠᠭᠰᠠᠨ ᠫᠸᠡᠭ ᠰᠠᠷᠠᠪᠴᠢ ᠰᠢᠤᠬᠠᠨ ᠪᠠᠢᠰᠢᠡᠭ ᠪᠠᠢᠵᠠᠢ; ᠵᠠᠮ ᠬᠠᠷᠢᠯᠴᠠᠭᠠᠨ ᠤ᠋ ᠪᠠᠭᠠᠵᠢ ᠬᠡᠷᠡᠭᠰᠡᠯ ᠭᠡᠵᠦ ᠪᠠᠢᠬᠤ ᠦᠭᠡᠢ᠂ ᠠᠵᠢᠯᠴᠢᠳ ᠠᠵᠢᠯ ᠳ᠋ᠠᠭᠠᠨ ᠭᠠᠷᠬᠤ ᠳ᠋ᠦ ᠡᠳᠦᠷ ᠪᠦᠷᠢ ᠬᠡᠳᠦᠨ ᠠᠷᠪᠠᠨ ᠭᠠᠵᠠᠷ ᠤ᠋ᠨ  ᠡᠡᠭᠬᠦᠯ ᠲᠤᠡᠭᠬᠤᠯ ᠠᠭᠤᠯᠠᠨ ᠵᠠᠮ᠎ᠢᠶᠡᠷ ᠵᠠᠮᠨᠠᠳᠠᠭ; ᠠᠮᠤ ᠪᠤᠳᠠᠭ᠎ᠠ ᠢᠳᠡᠱᠢᠨ ᠨᠣᠭᠣᠭ᠎ᠠ ᠳᠤᠲᠠᠭ᠍ᠳᠠᠬᠤ ᠪᠡᠷ᠂ ᠠᠵᠢᠯᠲᠠᠨ ᠠᠵᠢᠯᠴᠢᠨ ᠥᠪᠡᠷ ᠶ᠋ᠢᠡᠨ ᠭᠠᠷ ᠬᠥᠳᠡᠯᠵᠦ᠍ ᠢᠳᠡᠬᠦ ᠲᠠᠷᠢᠶ᠎ᠠ ᠲᠦᠮᠦᠰᠦ ᠪᠠᠨ ᠲᠠᠷᠢᠨ᠎ᠠ᠃ ᠮᠠᠰᠢ ᠤᠯᠠᠨ ᠬᠥᠮᠦᠨ ᠡᠢᠮᠦᠷᠬᠦᠦ ᠠᠮᠢᠳᠤᠷᠠᠯ ᠤ᠋ᠨ ᠣᠷᠴᠢᠨ ᠲᠣᠭᠣᠷᠢᠨ ᠳ᠋ᠦ ᠳᠡᠰᠴᠦ ᠶᠠᠳᠠᠨ ᠨᠤᠲᠤᠭ ᠪᠤᠴᠠᠭᠰᠠᠨ ᠪᠠᠢᠬᠤ ᠳ᠋ᠦ᠂ ᠯᠢᠦ ᠫᠢᠩ ᠵᠢᠶ᠍ᠸ ᠬᠠᠷᠢᠨ ᠡᠨᠳᠡ ᠨᠤᠳᠤᠭᠰᠢᠬᠤ  ᠰᠣᠩᠭᠣᠯᠲᠠ ᠬᠢᠵᠡᠢ ᠃

ᠲᠡᠷᠡ ᠦᠷᠭᠦᠯᠵᠢ ᠨᠢᠭᠡ ᠲᠠᠯ᠎ᠠ ᠪᠡᠷ  ᠲᠣᠭ᠎ᠠ  ᠪᠠᠷᠢᠮᠲᠠ ᠪᠠᠨ ᠲᠡᠮᠳᠡᠭ᠌ᠯᠡᠵᠦ᠍᠂ ᠨᠢᠭᠡ ᠲᠠᠯ᠎ᠠ ᠪᠡᠷ ᠢᠯᠠᠭ᠎ᠠ ᠪᠠᠲᠠᠭᠠᠨ᠎ᠠ ᠠᠯᠠᠭᠠᠳᠠᠵᠤ ᠰᠠᠭᠤᠨ᠎ᠠ᠃ 《ᠡᠨᠡ ᠎ᠬᠦ ᠭᠡᠰᠡᠭ ᠭᠠᠵᠠᠷ᠎ᠲᠠᠭᠠᠨ ᠨᠠᠡᠭ ᠤᠯᠠᠨ ᠮᠤᠳᠤ ᠲᠠᠷᠢᠨ ᠤᠢᠵᠢᠭᠤᠯᠵᠤ᠂ ᠦᠷ᠎ᠡ ᠬᠣᠢᠴᠢᠰ᠎ᠲᠠᠭᠠᠨ ᠪᠤᠶᠠᠨ ᠦᠢᠯᠡᠳᠦᠨ᠎ᠡ》  ᠭᠡᠵᠦ᠍ ᠯᠢᠦ ᠫᠢᠩ ᠵᠢᠶ᠍ᠸ ᠭᠡᠯᠡᠨ᠎ᠠ᠃

ᠲᠡᠷᠡᠪᠡᠷ᠂ ᠨᠠᠨ ᠲᠢᠶᠠᠨ ᠮᠸᠨ ᠤᠢ ᠰᠢᠭᠤᠢ ᠶ᠋ᠢᠨ ᠲᠠᠯᠠᠪᠠᠢ ᠳ᠋ᠦ  ᠪᠠᠢᠭᠠᠯᠢᠯᠢᠭ ᠡᠭᠦᠰᠦᠮᠡᠯ ᠤᠢ ᠨᠡᠯᠢᠶᠡᠳ ᠤᠯᠠᠨ ᠪᠠᠢᠭ᠎ᠠ ᠪᠠᠢᠳᠠᠯ ᠳ᠋ᠦ ᠴᠢᠭ᠌ᠯᠡᠭᠦᠯᠦᠨ᠂ ᠣᠢᠵᠢᠭᠤᠯᠬᠤ ᠵᠢᠷᠤᠭ ᠲᠥᠯᠥᠪᠯᠡᠭᠡ᠎ᠳᠡᠭᠡᠨ ᠮᠣᠳᠣᠨ᠎ᠴᠢᠬᠢ ᠶ᠋ᠢᠨ ᠪᠦᠲᠦᠴᠡ ᠵᠢ ᠢᠳᠡᠪᠬᠢᠲᠡᠢ ᠲᠤᠬᠢᠷᠠᠭᠤᠯᠵᠤ᠂ ᠤᠷᠭᠤᠮᠠᠯ ᠤ᠋ᠨ ᠲᠦᠷᠦᠯ ᠵᠦᠢᠯ᠎ᠢ ᠪᠠᠶᠠᠯᠢᠭ᠍ᠵᠢᠭᠤᠯᠤᠨ᠂ ᠤᠢ ᠱᠢᠭᠤᠢ  ᠵᠢᠨ ᠲᠠᠯᠠᠪᠠᠢ ᠵᠢᠨ ᠤᠷᠭᠤᠬᠤ ᠳ᠋ᠦ ᠲᠣᠬᠢᠷᠠᠮᠵᠢᠲᠠᠢ  ᠤᠮᠠᠷᠠᠲᠤ ᠤᠷᠤᠨ ᠤ᠋ ᠬᠠᠷᠭᠠᠢ᠂ ᠨᠠᠷᠠᠰᠤ ᠵᠡᠷᠭᠡ ᠮᠥᠩᠬᠡ ᠨᠣᠭᠣᠭᠠᠨ ᠮᠣᠳᠣᠨ ᠤ᠋ ᠲᠦᠷᠦᠯ᠎ᠢ ᠨᠡᠮᠡᠵᠦ᠍ ᠲᠠᠷᠢᠪᠠ᠃ ᠲᠡᠷᠡ ᠪᠠᠰᠠ ᠠᠵᠢᠯᠴᠢᠳ ᠶ᠋ᠢᠡᠨ ᠳᠠᠭᠠᠭᠤᠯᠤᠨ ᠤᠢ ᠱᠢᠭᠤᠢ ᠵᠢ ᠠᠷᠠᠴᠢᠯᠠᠨ ᠤᠢᠵᠢᠭᠤᠯᠬᠤ  ᠠᠵᠢᠯ ᠎ᠢ ᠭᠦᠨᠵᠡᠭᠡᠢ ᠥᠷᠨᠢᠭᠦᠯᠵᠦ᠍᠂ ᠤᠢ ᠱᠢᠭᠤᠢ ᠵᠢᠨ ᠬᠡᠰᠡᠭ᠌ᠯᠡᠯ ᠤ᠋ᠨ ᠪᠦᠲᠦᠴᠡ ᠵᠢ ᠱᠢᠯᠢᠳᠡᠭ᠌ᠵᠢᠭᠦᠯᠵᠦ᠍ ᠂ ᠤᠢ ᠱᠢᠭᠤᠢ ᠵᠢᠨ ᠶᠠᠰᠤ ᠴᠢᠨᠠᠷ᠎ᠢ   ᠤᠨᠤᠴᠠᠲᠠᠢ  ᠳᠡᠭᠡᠭ᠌ᠰᠢᠯᠡᠭᠦᠯᠪᠡ᠃

ᠨᠠᠨ ᠲᠢᠶᠠᠨ ᠮᠸᠨ ᠣᠶ ᠱᠢᠭᠤᠶ ᠵᠢᠨ ᠲᠠᠯᠠᠪᠠᠶ ᠳ᠋ᠦ 13 ᠵᠢᠯ ᠠᠵᠢᠯᠯᠠᠭ᠍ᠰᠠᠨ ᠬᠤᠭᠤᠴᠠᠭᠠᠨ ᠳ᠋ᠦ᠂ ᠲᠡᠭᠦᠨ᠎ᠦ ᠤᠯᠠ ᠮᠥᠷ 30 ᠭᠠᠷᠤᠶ ᠲᠦᠮᠡᠨ ᠮᠥ᠍ ᠲᠠᠯᠠᠪᠠᠢ ᠪᠦᠬᠦᠢ ᠣᠶ ᠱᠢᠭᠤᠶ ᠵᠢᠨ ᠭᠤᠤ ᠵᠢᠯᠠᠭ᠎ᠠ ᠵᠢ ᠪᠦᠷᠬᠦᠵᠦ᠍᠂ ᠣᠶ ᠱᠢᠭᠤᠶ ᠵᠢᠨ ᠡᠬᠢ ᠪᠠᠶᠠᠯᠢᠭ ᠤ᠋ᠨ ᠣᠳᠣᠬᠢ ᠪᠠᠢᠳᠠᠯ᠎ᠢ ᠠᠯᠠᠭᠠᠨ ᠵᠢᠷᠤᠭᠠᠰᠤ ᠪᠠᠨ ᠮᠡᠲᠦ ᠰᠠᠢᠨ ᠣᠢᠯᠠᠭᠠᠳᠠᠭ᠃

ᠣᠶ ᠱᠢᠭᠤᠶ ᠵᠢᠨ ᠬᠥᠮᠦᠰ ᠤ᠋ᠨ ᠴᠦᠬᠦᠷᠡᠰᠢ ᠦᠭᠡᠢ ᠲᠡᠮᠡᠴᠡᠯ ᠶ᠋ᠢᠡᠷ ᠳᠠᠮᠵᠢᠨ ᠵᠡᠭᠦᠨ ᠮᠥᠸᠸ ᠲᠢᠶᠠᠨ ᠯᠢᠩ ᠳᠠᠪᠠᠭ᠎ᠠ ᠵᠢᠨ ᠳᠦᠷᠰᠦ ᠪᠠᠢᠳᠠᠯ ᠳ᠋ᠦ ᠦᠨᠳᠦᠰᠦᠨ ᠴᠢᠨᠠᠷᠲᠠᠶ ᠬᠤᠪᠢᠷᠠᠯᠲᠠ ᠭᠠᠷᠴᠠᠶ ᠃

ᠡᠨᠳᠡ ᠣᠲᠣ ᠪᠠᠢᠭ᠎ᠠ ᠡᠯ᠎ᠡ ᠲᠥᠷᠥᠯ ᠤ᠋ᠨ ᠣᠶ ᠮᠣᠳᠣᠨ ᠤ᠋ ᠲᠠᠯᠠᠪᠠᠶ 24.3 ᠲᠦᠮᠡᠨ ᠮᠥ᠍ ᠪᠠᠢᠵᠤ᠂ ᠣᠶ ᠱᠢᠭᠤᠶ ᠵᠢᠨ ᠪᠦᠷᠬᠦᠴᠡ 79.4% ᠳ᠋ᠤ ᠬᠦᠷᠴᠦ᠍᠂ ᠣᠶ ᠮᠣᠳᠣᠨ ᠤ᠋ ᠬᠠᠳᠠᠭᠠᠯᠠᠭ᠍ᠳᠠᠴᠠ 20 ᠭᠠᠷᠤᠶ ᠲᠦᠮᠡᠨ ᠪᠣᠰᠣᠭ᠎ᠠ ᠳᠥᠷᠪᠡᠯᠵᠢᠨ ᠮᠧᠲ᠋ᠷ᠎ᠲᠦ ᠬᠦᠷᠴᠡᠶ᠃

ᠨᠠᠨ ᠲᠢᠶᠠᠨ ᠮᠸᠨ ᠣᠶ ᠱᠢᠭᠤᠶ ᠵᠢᠨ ᠲᠠᠯᠠᠪᠠᠶ ᠵᠢᠨ ᠣᠶ ᠱᠢᠭᠤᠶ ᠵᠢᠨ ᠡᠬᠢ ᠪᠠᠶᠠᠯᠢᠭ ᠨᠢ ᠬᠣᠷᠢᠨᠭᠡᠷ ᠱᠢᠶᠠᠨ ᠤ᠋ ᠣᠶ ᠮᠣᠳᠣᠨ ᠤ᠋ ᠡᠬᠢ ᠪᠠᠶᠠᠯᠢᠭ᠎ᠲᠤ ᠮᠠᠰᠢ ᠴᠢᠬᠤᠯᠠ ᠪᠠᠢᠷᠢ ᠰᠠᠭᠤᠷᠢ ᠵᠢ ᠡᠵᠡᠯᠡᠵᠦ᠍ ᠪᠠᠢᠳᠠᠭ᠂ ᠢᠯᠠᠩᠭᠤᠶ᠎ᠠ ᠤᠮᠠᠷᠠᠲᠤ ᠣᠷᠣᠨ ᠤ᠋ ᠬᠠᠷᠭᠠᠶ ᠨᠠᠷᠠᠰᠤ ᠵᠡᠷᠭᠡ ᠱᠢᠯᠮᠦᠸ᠋ᠰᠦᠲᠦ ᠮᠣᠳᠣᠨ ᠤ᠋ ᠲᠠᠷᠢᠮᠠᠯ ᠣᠶ ᠵᠢᠨ ᠤᠷᠭᠤᠴᠠ ᠰᠠᠢᠲᠠᠢ ᠪᠠᠢᠵᠤ᠂ ᠬᠣᠷᠢᠨᠭᠡᠷ ᠱᠢᠶᠠᠨ ᠤ᠋ ᠱᠢᠯᠮᠦᠸ᠋ᠰᠦᠲᠦ ᠣᠶ ᠵᠢ ᠤᠢᠵᠢᠭᠤᠯᠤᠭᠰᠠᠨ ᠬᠠᠮᠤᠭ ᠤ᠋ᠨ ᠰᠠᠢᠨ ᠥᠯᠢᠭᠡᠷ ᠲᠠᠭᠤᠷᠢᠶᠠᠯ ᠪᠤᠯᠤᠭᠰᠠᠨ ᠪᠠᠢᠨ᠎ᠠ᠃

2001 ᠣᠨ ᠳ᠋ᠦ ᠣᠶ ᠰᠢᠭᠤᠢ ᠶ᠋ᠢᠨ ᠡᠪᠡᠳᠴᠢᠨ ᠬᠣᠷᠣᠬᠠᠶ ᠵᠢᠨ ᠬᠥᠨᠥᠭᠡᠯ᠎ᠢ ᠰᠡᠷᠭᠡᠢᠯᠡᠨ ᠵᠠᠰᠠᠬᠤ ᠬᠢᠵᠢᠭ ᠪᠠᠢᠴᠠᠭᠠᠬᠤ ᠥᠷᠲᠡᠭᠡ᠎ᠳᠦ ᠱᠢᠯᠵᠢᠨ ᠣᠴᠢᠭ᠍ᠰᠠᠨ ᠯᠢᠦ ᠫᠢᠩ ᠵᠢᠶᠧ ᠣᠶ ᠱᠢᠭᠤᠶ ᠵᠢᠨ ᠡᠪᠡᠳᠴᠢᠨ ᠬᠣᠷᠣᠬᠠᠶ ᠵᠢᠨ ᠬᠥᠨᠥᠭᠡᠯ᠎ᠢ ᠰᠡᠷᠭᠡᠢᠯᠡᠨ ᠵᠠᠰᠠᠬᠤ ᠬᠢᠵᠢᠭ ᠪᠠᠢᠴᠠᠭᠠᠬᠤ ᠵᠡᠷᠭᠡ ᠠᠵᠢᠯ᠎ᠢ ᠡᠭᠦᠷᠭᠡᠯᠡᠵᠦ᠍᠂ ᠨᠡᠷ᠎ᠡ ᠨᠢᠳᠡᠷ᠎ᠲᠡᠬᠡᠨ ᠨᠡᠢᠴᠡᠭ᠌ᠰᠡᠨ 《 ᠣᠶ ᠱᠢᠭᠤᠶ ᠵᠢᠨ ᠡᠮᠴᠢ》  ᠪᠣᠯᠤᠭ᠍ᠰᠠᠨ ᠪᠠᠢᠨ᠎ᠠ᠃

ᠣᠶ ᠱᠢᠭᠤᠶ ᠵᠢᠨ ᠡᠪᠡᠳᠴᠢᠨ ᠬᠣᠷᠣᠬᠠᠶ ᠵᠢᠨ ᠬᠥᠨᠥᠭᠡᠯ᠎ᠢ ᠰᠡᠷᠭᠡᠢᠯᠡᠨ ᠵᠠᠰᠠᠬᠤ ᠬᠢᠵᠢᠭ ᠪᠠᠢᠴᠠᠭᠠᠬᠤ ᠥᠷᠲᠡᠭᠡ᠎ᠳᠦ ᠠᠵᠢᠯᠯᠠᠭ᠍ᠰᠠᠨ 10 ᠵᠢᠯ᠎ᠳᠦ᠂ ᠲᠡᠷᠡ 30 ᠭᠠᠷᠤᠶ ᠡᠪᠡᠳᠴᠢᠨ ᠬᠣᠷᠣᠬᠠᠶ ᠬᠤᠯᠤᠭᠠᠨ᠎ᠠ ᠵᠢᠨ ᠬᠥᠨᠥᠭᠡᠯ᠎ᠢ ᠬᠢᠨᠠᠨ ᠬᠡᠮᠵᠢᠬᠦ᠌ ᠴᠡᠭ ᠪᠠᠢᠭᠤᠯᠪᠠ᠃

《ᠤᠳᠠᠭ᠎ᠠ ᠪᠦᠷᠢ ᠠᠭᠤᠯᠠ ᠳᠠᠪᠠᠵᠤ ᠤᠰᠤ ᠭᠠᠲᠤᠯᠤᠨ ᠤᠢ ᠰᠢᠭᠤᠢ ᠶ᠋ᠢᠨ ᠲᠠᠯᠠᠪᠠᠢ ᠪᠡᠷ ᠥᠩᠭᠡᠷᠡᠬᠦ᠌᠎ᠳᠦ᠂ ᠢᠭᠴᠤ ᠰᠠᠬᠤᠯᠢᠭ ᠤᠷᠭᠤᠭᠰᠠᠨ ᠮᠦᠡᠭᠭᠡ ᠨᠤᠭᠤᠭᠠᠨ ᠤᠢ ᠮᠤᠳᠤ ᠵᠢ ᠬᠠᠷᠠᠬᠤ ᠪᠡᠷ᠂ ᠡᠳᠡᠭᠡᠷ ᠵᠢᠯ ᠤ᠋ᠨ ᠵᠠᠷᠤᠴᠠᠭᠤᠯᠤᠭᠰᠠᠨ ᠬᠦᠴᠦ ᠬᠦᠯᠦᠰᠦ ᠪᠦᠷ ᠦᠨ᠎ᠡ ᠦᠷᠳᠡᠭ ᠲᠠᠢ ᠰᠠᠨᠠᠭᠳᠠᠨ᠎ᠠ》 ᠭᠡᠵᠦ᠍ ᠯᠢᠦ ᠫᠢᠩ ᠵᠢᠶ᠍ᠸ ᠰᠡᠳᠭᠢᠯ ᠳᠣᠭ᠍ᠳᠣᠯᠤᠨ ᠶᠠᠷᠢᠨ᠎ᠠ ᠃

ᠵᠢᠯ ᠪᠦᠷᠢ ᠵᠢᠨ ᠬᠠᠪᠤᠷ ᠨᠠᠮᠤᠷ ᠬᠣᠶᠠᠷ ᠤᠯᠠᠷᠢᠯ ᠤ᠋ᠨ ᠣᠢᠵᠢᠭᠤᠯᠤᠯᠲᠠ ᠵᠢᠨ ᠬᠤᠭᠤᠴᠠᠭ᠎ᠠ ᠪᠣᠯ ᠯᠢᠦ ᠫᠢᠩ ᠵᠢᠶᠧ ᠵᠢᠨ ᠬᠠᠮᠤᠭ ᠤ᠋ᠨ ᠶᠠᠭᠠᠷᠠᠤ ᠴᠠᠭ ᠪᠣᠯᠤᠨ᠎ᠠ᠃ ᠣᠢᠷ᠎ᠠ ᠵᠢᠨ 20 ᠵᠢᠯ ᠤ᠋ᠨ ᠲᠤᠷᠰᠢ᠂ ᠲᠡᠷᠡ ᠪᠠᠢᠭᠠᠯᠢᠯᠢᠭ ᠤᠢ ᠵᠢ ᠬᠠᠮᠠᠭᠠᠯᠠᠬᠤ ᠢᠨᠵᠧᠨᠧᠷᠢᠩ ᠤ᠋ᠨ 45 ᠲᠦᠮᠡᠨ ᠮᠦ᠍ ᠨᠢᠰᠭᠡᠯ ᠶ᠋ᠢᠡᠷ ᠳᠠᠷᠢᠵᠤ ᠤᠢᠵᠢᠭᠤᠯᠬᠤ᠂ 73 ᠲᠦᠮᠡᠨ ᠮᠦ᠍ ᠠᠭᠤᠯᠠ ᠵᠢ ᠪᠢᠲᠡᠭᠦᠮᠵᠢᠯᠡᠨ ᠤᠢᠵᠢᠭᠤᠯᠬᠤ᠂ 5 ᠲᠦᠮᠡᠨ ᠮᠥ᠍ ᠬᠥᠮᠦᠨ᠎ᠦ ᠬᠦᠴᠦ᠍᠎ᠪᠡᠷ ᠤᠢᠵᠢᠭᠤᠯᠬᠤ ᠵᠢ ᠵᠣᠬᠢᠶᠠᠨ ᠪᠠᠢᠭᠤᠯᠤᠨ ᠱᠢᠪᠠᠳᠠᠨ ᠪᠡᠶᠡᠯᠡᠭᠦᠯᠵᠡᠶ; ᠲᠠᠷᠢᠶᠠᠯᠠᠬᠤ  ᠵᠢ  ᠵᠣᠭ᠍ᠰᠣᠭᠠᠵᠤ ᠣᠶ ᠱᠢᠭᠤᠶ ( ᠡᠪᠡᠰᠦ ᠪᠡᠯᠴᠢᠭᠡᠷ) ᠵᠢ ᠰᠡᠷᠭᠦᠭᠡᠬᠦ᠌ ᠢᠨᠵᠧᠨᠧᠷᠢᠩ ᠤ᠋ᠨ ᠲᠠᠷᠢᠶᠠᠯᠠᠬᠤ ᠵᠢ ᠵᠣᠭ᠍ᠰᠣᠭᠠᠵᠤ 13.5 ᠲᠦᠮᠡᠨ ᠮᠥ᠍ ᠠᠮᠢ ᠠᠬᠤᠶ ᠵᠢᠨ ᠣᠶ ᠵᠢ ᠰᠡᠷᠭᠦᠭᠡᠵᠦ᠂ 35.5 ᠲᠦᠮᠡᠨ ᠮᠥ᠍ ᠬᠤᠪᠠᠬᠠᠢ ᠠᠭᠤᠯᠠ ᠵᠢ ᠣᠢᠵᠢᠭᠤᠯᠬᠤ ᠵᠢ ᠪᠡᠶᠡᠯᠡᠭᠦᠯᠪᠡ; ᠤᠮᠠᠷᠠᠲᠤ ᠶ᠋ᠢᠨ ᠭᠤᠷᠪᠠᠨ ᠤᠷᠤᠨ ᠤ᠋ ᠬᠠᠯᠬᠠᠪᠴᠢ ᠤᠢ ᠶ᠋ᠢᠨ ᠰᠢᠰᠲᠸᠮ ᠤ᠋ᠨ ᠢᠨᠵᠸᠨ᠋ᠸᠷᠢᠡᠭ ᠤ᠋ᠨ ᠳᠦᠷᠪᠡᠳᠦᠭᠡᠷ ᠬᠤᠭᠤᠴᠠᠭᠠᠨ ᠤ᠋ ᠣᠶ ᠱᠢᠭᠤᠶ ᠵᠢᠨ ᠢᠨᠵᠧᠨᠧᠷᠢᠩ ᠤ᠋ᠨ 6.65ᠲᠦᠮᠡᠨ ᠮᠦ᠍ ᠵᠢ ᠪᠡᠶᠡᠯᠡᠭᠦᠯᠪᠡ; ᠪᠡᠭᠡᠵᠢᠩ ᠲᠢᠶᠠᠨᠵᠢᠨ ᠤ᠋ ᠰᠠᠯᠬᠢ ᠡᠯᠡᠰᠦᠨ᠎ᠦ ᠡᠬᠢ ᠵᠢ ᠵᠠᠰᠠᠬᠤ ᠢᠨᠵᠧᠨᠧᠷᠢᠩ ᠤ᠋ᠨ 4.5 ᠲᠦᠮᠡᠨ ᠮᠦ᠍ ᠵᠢ ᠪᠡᠶᠡᠯᠡᠭᠦᠯᠪᠡ᠃

《ᠥᠩᠭᠡᠷᠡᠭ᠌ᠰᠡᠨ᠎ᠦ 〈ᠡᠯᠡᠰᠦ ᠤᠷᠤᠭ᠍ᠰᠢᠯᠠᠨ ᠬᠥᠮᠦᠨ ᠤᠬᠤᠷᠢᠵᠤ 〉 ᠪᠠᠢᠭ᠍ᠰᠠᠨ᠎ᠠᠴᠠ ᠤᠳᠤ ᠶ᠋ᠢᠨ 〈ᠬᠥᠮᠦᠨ ᠤᠷᠤᠭ᠍ᠰᠢᠯᠠᠵᠤ ᠡᠯᠡᠰᠦ ᠤᠬᠤᠷᠢᠬᠤ〉 ᠬᠦᠷᠲᠡᠯ᠎ᠡ᠂ ᠪᠢᠳᠡ ᠡᠴᠦᠰ ᠤ᠋ᠨ ᠢᠯᠠᠯᠲᠠ ᠵᠢ ᠤᠯᠪᠠ᠃ ᠬᠣᠢᠱᠢᠳᠠ ᠪᠢ ᠯᠠᠪᠲᠠᠢ ᠡᠨᠡ ᠬᠦ᠌ ᠲᠡᠰᠪᠦᠷᠢ ᠬᠠᠲᠠᠭᠤᠵᠢᠯᠲᠠᠢ ᠲᠡᠮᠡᠴᠡᠯ ᠤ᠋ᠨ ᠵᠤᠷᠢᠭ ᠶ᠋ᠢᠡᠨ ᠦᠷᠬᠦᠯᠵᠢᠯᠡᠨ ᠪᠠᠷᠢᠮᠲᠠᠯᠠᠵᠤ᠂ ᠥᠩᠭᠡᠷᠡᠭ᠌ᠰᠡᠨ᠎ᠲᠡᠶ᠎ᠪᠡᠨ ᠠᠳᠠᠯᠢ ᠪᠡᠷ ᠰᠢᠷᠭᠠᠭᠤ ᠠᠵᠢᠯᠯᠠᠨ᠎ᠠ 》  ᠭᠡᠵᠦ᠍ ᠯᠢᠦ ᠫᠢᠩ ᠵᠢᠶ᠍ᠸ ᠵᠤᠷᠢᠭ᠎ᠵᠢᠡᠨ ᠬᠦᠪᠴᠢᠯᠡᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号