1990 ᠤᠨ ᠳ᠋ᠸ᠋ ᠂ 21 ᠨᠠᠰᠤᠳᠠᠢ ᠵᠸᠩ ᠳ᠋ᠦᠩ ᠬᠤᠩ ᠦᠪᠦᠷ ᠮᠤᠩᠭᠤᠯ ᠤ᠋ᠨ ᠤᠢ ᠰᠢᠭᠤᠢ ᠵᠢᠨ ᠲᠡᠭᠡᠳᠦ ᠰᠤᠷᠭᠠᠭᠤᠯᠢ ᠡᠴᠨ ᠲᠡᠬᠦᠰᠴᠦ ᠂ ᠰᠢᠯᠤᠭᠤᠨ ᠬᠦᠬᠡ ᠬᠤᠰᠢᠭᠤᠨ ᠤ᠋ ᠰᠠᠩ ᠤ᠋ᠨ ᠲᠠᠯᠠᠢ ᠵᠢᠨ ᠤᠢ ᠬᠠᠮᠠᠭᠠᠯᠠᠬᠤ ᠦᠷᠳᠡᠭᠡ ᠳ᠋ᠤ ᠢᠷᠡᠵᠦ᠂ ᠬᠤᠯᠠᠨ ᠰᠢᠷᠭ᠎ᠠ ᠲᠠᠭ᠎ᠠ ᠵᠢᠨ ᠡᠯᠡᠰᠦᠷᠭᠡᠭ ᠭᠠᠵᠠᠷ᠎ᠤᠨ ᠨᠢᠬᠡᠨ ᠤᠢ ᠬᠠᠮᠠᠭᠠᠯᠠᠬᠴᠢ ᠪᠤᠯᠪᠠ᠃ ᠰᠠᠶᠢᠬᠠᠨ ᠶᠡᠬᠡ ᠰᠤᠷᠭᠠᠭᠤᠯᠢ ᠵᠢᠨ ᠬᠦᠷᠢᠶᠡᠨ ᠡᠴᠨ ᠭᠠᠷᠴᠤ ᠢᠷᠡᠭᠰᠡᠨ ᠲᠡᠷᠡ ᠡᠯᠡᠰᠦ ᠵᠢ ᠵᠠᠰᠠᠵᠤ ᠤᠢ ᠰᠢᠭᠤᠢ ᠵᠢ ᠬᠠᠮᠠᠭᠠᠯᠠᠬᠤ ᠤᠨᠤᠯ ᠤ᠋ᠨ ᠮᠡᠳᠡᠯᠬᠡ ᠪᠡᠷ ᠵᠢᠡᠨ ᠲᠤᠬᠠᠢᠯᠠᠬᠰᠠᠨ ᠠᠵᠢᠯ ᠵᠢᠡᠨ ᠰᠠᠢᠳᠤᠷ ᠬᠢᠬᠦ ᠪᠡᠷ ᠵᠤᠷᠢᠬ ᠰᠢᠭᠤᠳᠴᠠᠢ᠃ ᠦᠢᠯᠡᠳᠦᠯᠬᠡ ᠪᠤᠯᠤᠨ ᠤᠨᠤᠯ᠎ᠤᠨ ᠵᠦᠷᠢᠶ᠎ᠡ᠂ ᠬᠠᠳᠠᠭᠤᠵᠢᠯᠳᠠᠢ ᠠᠵᠢᠯ ᠤ᠋ᠨ ᠤᠷᠴᠢᠨ ᠲᠤᠭᠤᠷᠢᠨ ᠪᠤᠯᠤᠨ ᠰᠠᠢᠨ ᠰᠠᠢᠬᠠᠨ ᠬᠦᠰᠡᠯ ᠮᠦᠷᠦᠭᠡᠳᠦᠯ ᠤ᠋ᠨ ᠬᠤᠭᠤᠷᠤᠨᠳᠤᠬᠢ ᠵᠦᠷᠢᠶ᠎ᠡ ᠨᠢ ᠲᠡᠬᠦᠨ ᠰᠢᠭ ᠬᠡᠴᠢᠨᠡᠨ ᠤᠯᠠᠨ ᠵᠠᠯᠠᠭᠤᠰ᠎ᠢ ᠴᠦᠬᠦᠷᠡᠬᠦᠯᠦᠨᠡ ᠬᠡᠳᠡᠭ᠎ᠢ ᠲᠡᠷᠡ ᠨᠡᠭᠡᠷᠡᠨ ᠪᠤᠳᠤᠵᠤ ᠤᠯᠤᠬᠰᠠᠨ ᠦᠬᠡᠢ᠃ ᠭᠡᠪᠡᠴᠦ ᠲᠡᠷᠡ ᠨᠢᠳᠦᠨ ᠡᠮᠦᠨᠡᠬᠢ ᠬᠦᠴᠢᠷᠳᠡᠯ ᠳ᠋ᠤ ᠪᠠᠭᠤᠵᠤ ᠦᠭᠬᠦᠭᠰᠡᠨ ᠦᠭᠡᠢ᠂ ᠬᠠᠷᠢᠨ ᠶᠠᠮᠠᠷᠪᠠ ᠬᠦᠴᠢᠷ ᠪᠡᠷᠭᠡᠰᠢᠶᠡᠯ᠎ᠢ ᠴᠸ᠋ ᠢᠯᠠᠨ ᠲᠠᠪᠠᠬᠤ ᠪᠡᠷ ᠵᠤᠷᠢᠭ ᠵᠢᠡᠨ ᠡᠷᠴᠢᠯᠡᠪᠡ᠃
ᠦᠪᠡᠷ ᠤ᠋ᠨ ᠵᠢᠳᠬᠦᠯ ᠴᠢᠷᠮᠠᠢᠯᠭ᠎ᠠ ᠪᠡᠷ ᠵᠢᠡᠨ ᠪᠦᠬᠦᠢᠯᠡ ᠤᠷᠴᠢᠨ ᠲᠤᠭᠤᠷᠢᠨ ᠢ᠋ ᠰᠠᠢᠵᠢᠷᠠᠭᠤᠯᠤᠨ᠎ᠠ ᠬᠡᠵᠦ ᠪᠤᠳᠤᠬᠰᠠᠭᠠᠷ ᠯᠡ ᠲᠡᠷᠡ ᠴᠢᠬᠢ ᠮᠤᠳᠤ ᠪᠦᠬᠦᠨ ᠳ᠋ᠤ ᠬᠦᠰᠡᠯ ᠮᠦᠷᠦᠬᠡᠳᠦᠯ᠎ᠤᠨ ᠦᠷ᠎ᠡ ᠵᠢ ᠲᠠᠷᠢᠬᠰᠠᠨ ᠰᠢᠭ᠋ ᠪᠤᠯᠵᠤ ᠤᠷᠮᠠᠰᠢᠨ ᠵᠤᠷᠢᠬᠵᠢᠳᠠᠭ᠃ ᠠᠵᠢᠯ ᠦᠢᠯᠡᠰ ᠲᠡᠭᠡᠨ ᠰᠢᠭᠤᠷᠬᠠᠢᠯᠠᠭᠰᠠᠨ 33 ᠵᠢᠯ ᠤ᠋ᠨ ᠲᠤᠷᠰᠢ᠂ ᠲᠠᠷᠢᠬᠰᠠᠨ ᠵᠤᠯᠵᠠᠭᠠᠨ ᠮᠤᠳᠤᠳ ᠨᠢ ᠨᠠᠬᠢᠶᠠᠯᠠᠨ᠂ ᠰᠠᠯᠠᠭ᠎ᠠ ᠨᠠᠮᠠᠭ᠎ᠠ ᠨᠢ ᠰᠠᠬᠤᠯᠢᠬ᠎ᠵᠢᠨ᠂ ᠦᠪᠴᠢ ᠨᠤᠭᠤᠭᠠᠨ ᠪᠤᠯᠬᠤ ᠵᠢ ᠦᠵᠡᠬᠦ ᠪᠤᠯᠭᠠᠨ ᠲᠡᠬᠦᠨ ᠤ᠋ ᠴᠢᠷᠠᠢ ᠳ᠋ᠸ᠋ ᠪᠠᠶᠠᠷ ᠤ᠋ᠨ ᠮᠦᠰᠢᠶᠡᠳᠦ ᠡᠷᠭᠡ ᠦᠭᠡᠢ ᠲᠤᠳᠤᠷᠠᠨ᠎ᠠ᠃
ᠦᠨᠳᠦᠰᠦᠨ ᠱᠠᠳᠤᠨ ᠤ᠋ ᠤᠢ ᠬᠠᠮᠠᠭᠠᠯᠠᠬᠤ᠂ ᠤᠢ ᠰᠢᠭᠤᠢ ᠵᠢᠨ ᠬᠦᠨᠦᠭᠡᠯᠳᠦ ᠠᠮᠢᠳᠤ ᠪᠤᠳᠠᠰ ᠢ᠋ ᠰᠡᠷᠬᠡᠢᠯᠡᠨ ᠵᠠᠰᠠᠬᠤ᠂ ᠵᠤᠯᠵᠠᠭ᠎ᠠ ᠮᠤᠳᠤᠨ ᠤ᠋ ᠦᠢᠯᠡᠳᠪᠦᠷᠢᠯᠡᠯ ᠬᠠᠮᠢᠶᠠᠷᠤᠯᠳᠠ᠂ ᠤᠢᠵᠢᠭᠤᠯᠬᠤ ᠮᠡᠷᠬᠡᠵᠢᠯ ᠤ᠋ᠨ ᠵᠢᠯᠤᠭᠤᠳᠤᠯᠭ᠎ᠠ᠂ ᠴᠦᠯᠯᠡᠷᠭᠡᠭᠵᠢᠯ᠎ᠢ ᠰᠡᠷᠬᠡᠢᠯᠡᠨ ᠴᠦᠯᠯᠡᠷᠭᠡᠭᠵᠢᠯ᠎ᠢ ᠵᠠᠰᠠᠬᠤ ᠵᠡᠷᠬᠡ ᠬᠠᠮᠢᠶ᠎ᠠ ᠪᠦᠬᠦᠢ ᠠᠵᠢᠯ ᠳ᠋ᠸ᠋ ᠭᠠᠪᠰᠢᠭᠠᠢᠯᠠᠬᠰᠠᠨ ᠬᠡᠳᠦᠨ ᠠᠷᠪᠠᠨ ᠵᠢᠯ ᠤ᠋ᠨ ᠲᠤᠷᠰᠢ᠂ ᠵᠸᠩ ᠳ᠋ᠦᠩ ᠬᠤᠩ ᠪᠠᠴᠢᠮ ᠶᠠᠭᠠᠷᠠᠤ ᠠᠵᠢᠯ ᠤ᠋ᠨ ᠵᠢᠡᠨ ᠵᠠᠪᠰᠠᠷ ᠦᠪᠡᠷ ᠢ᠋ ᠪᠡᠨ ᠴᠢᠩᠭ᠎ᠠ ᠱᠠᠭᠠᠷᠳᠠᠨ ᠲᠤᠰᠬᠠᠢ ᠮᠡᠷᠬᠡᠵᠢᠯ ᠤ᠋ᠨ ᠮᠡᠳᠡᠯᠬᠡ ᠪᠤᠯᠤᠨ ᠲᠤᠬᠠᠢᠯᠠᠬᠰᠠᠨ ᠠᠵᠢᠯ ᠤ᠋ᠨ ᠲᠦᠪᠰᠢᠨ ᠵᠢᠡᠨ ᠲᠡᠭᠡᠭᠰᠢᠯᠡᠬᠦᠯᠪᠡ᠃ ᠤᠢ ᠬᠠᠮᠠᠭᠠᠯᠠᠬᠤ ᠦᠷᠳᠡᠭᠡ ᠵᠢᠨ ᠬᠠᠮᠳᠤ ᠠᠵᠢᠯᠯᠠᠬᠰᠠᠳ ᠲᠠᠢ ᠪᠡᠨ ᠤᠢ ᠰᠢᠭᠤᠢ ᠵᠢᠨ ᠦᠢᠯᠡᠳᠪᠦᠷᠢᠯᠡᠯ ᠳ᠋ᠸ᠋ ᠬᠡᠷᠡᠭᠯᠡᠬᠦ ᠮᠡᠷᠬᠡᠵᠢᠯ ᠢ᠋ ᠰᠡᠳᠬᠢᠯ ᠲᠠᠯᠪᠢᠨ ᠰᠦᠪᠡᠭᠴᠢᠯᠡᠵᠦ ᠰᠤᠳᠤᠯᠤᠨ ᠲᠡᠯᠬᠡᠷᠡᠬᠦᠯᠵᠦ ᠂ 1997 ᠤᠨ ᠡᠴᠨ ᠨᠠᠭᠠᠰᠢ ᠤᠷᠢᠳ ᠬᠤᠵᠢᠳ ᠤᠯᠠᠨ ᠵᠦᠢᠯ ᠤ᠋ᠨ ᠤᠢ ᠰᠢᠭᠤᠢ ᠵᠢᠨ ᠦᠢᠯᠡᠳᠪᠦᠷᠢᠯᠡᠯ ᠤ᠋ᠨ ᠠᠵᠢᠯ ᠢ᠋ ᠵᠤᠬᠢᠶᠠᠨ ᠪᠠᠢᠭᠤᠯᠤᠬᠰᠠᠨ ᠪᠠ ᠤᠷᠤᠯᠴᠠᠵᠤ᠂ ᠰᠢᠯᠤᠭᠤᠨ ᠬᠦᠬᠡ ᠬᠤᠰᠢᠭᠤᠨ ᠤ᠋ ᠪᠡᠬᠡᠵᠢᠩ ᠲᠢᠶᠠᠨᠵᠢᠨ ᠤ᠋ ᠰᠠᠯᠬᠢ ᠡᠯᠡᠰᠦᠨ᠎ᠤ ᠡᠬᠢ ᠵᠢ ᠬᠠᠭᠠᠯᠪᠤᠷᠢᠯᠠᠬᠤ ᠵᠢ ᠵᠤᠬᠰᠤᠭᠠᠵᠤ ᠤᠢᠵᠢᠭᠤᠯᠬᠤ ᠴᠢᠬᠢ ᠮᠤᠳᠤᠨ ᠤ᠋ ᠰᠢᠯᠭᠠᠨ ᠪᠠᠢᠴᠠᠭᠠᠯᠳᠠ ᠬᠢᠵᠢᠭ ᠤ᠋ᠨ ᠪᠠᠢᠴᠠᠭᠠᠯᠳᠠ᠂ 《 ᠰᠢᠯᠤᠭᠤᠨ ᠬᠦᠬᠡ ᠬᠤᠰᠢᠭᠤᠨ ᠤ᠋ ᠬᠤᠯᠠᠨ ᠰᠢᠷᠭ᠎ᠠ ᠲᠠᠭ᠎ᠠ ᠵᠢᠨ ᠡᠯᠡᠰᠦ ᠵᠢ ᠶᠡᠷᠦᠩᠬᠡᠢᠯᠡᠨ ᠵᠠᠰᠠᠬᠤ ᠲᠦᠷᠦᠯ ᠵᠦᠢᠯ 》᠂ 《ᠰᠢᠯᠤᠭᠤᠨ ᠬᠦᠬᠡ ᠬᠤᠰᠢᠭᠤᠨ ᠤ᠋ ᠨᠤᠮᠢᠨ ᠨᠤᠭᠤᠭᠠᠨ ᠬᠤᠩᠬᠢᠯ ᠤ᠋ᠨ ᠨᠤᠭᠤᠭᠠᠷᠠᠭᠤᠯᠤᠯᠳᠠ ᠵᠢᠨ ᠲᠦᠷᠦᠯ ᠵᠦᠢᠯ 》 ᠵᠢᠴᠢ ᠤᠢ ᠰᠢᠭᠤᠢ ᠵᠢᠨ ᠬᠦᠨᠦᠬᠡᠯᠳᠦ ᠠᠮᠢᠳᠤ ᠪᠤᠳᠠᠰ ᠢ᠋ ᠰᠡᠷᠬᠡᠢᠯᠡᠨ ᠵᠠᠰᠠᠬᠤ᠂ ᠨᠢᠰᠬᠡᠯ ᠵᠢᠡᠷ ᠲᠠᠷᠢᠬᠤ᠂ ᠠᠭᠤᠯᠠ ᠵᠢ ᠪᠢᠳᠡᠬᠦᠮᠵᠢᠯᠡᠵᠦ ᠤᠢᠵᠢᠭᠤᠯᠬᠤ᠂ ᠬᠦᠮᠦᠨ ᠤ᠋ ᠬᠦᠴᠦ ᠪᠡᠷ ᠤᠢ ᠮᠤᠳᠤ ᠲᠠᠷᠢᠬᠤ ᠵᠡᠷᠬᠡ ᠲᠦᠷᠦᠯ ᠵᠦᠢᠯ ᠤ᠋ᠨ ᠲᠦᠰᠦᠪ ᠤ᠋ᠨ ᠲᠦᠰᠦᠯ ᠢ᠋ ᠵᠤᠬᠢᠶᠠᠨ ᠦᠢᠯᠡᠳᠴᠦ᠂ ᠦᠨᠡᠯᠡᠨ ᠬᠢᠨᠠᠬᠤ᠂ ᠬᠡᠷᠡᠭᠵᠢᠬᠦᠯᠬᠦ ᠵᠡᠷᠬᠡ ᠤᠯᠠᠨ ᠵᠦᠢᠯ ᠤ᠋ᠨ ᠠᠵᠢᠯ ᠢ᠋ ᠡᠷᠬᠢᠯᠡᠵᠦ᠂ ᠮᠡᠷᠬᠡᠵᠢᠯ ᠤ᠋ᠨ ᠠᠵᠢᠯᠳᠠᠳ ᠢ᠋ ᠮᠡᠷᠬᠡᠵᠢᠯ ᠤ᠋ᠨ ᠪᠠᠷᠢᠮᠵᠢᠶ᠎ᠠ ᠶᠤᠰᠤᠭᠠᠷ ᠡᠯ᠎ᠡ ᠵᠦᠢᠯ ᠤ᠋ᠨ ᠠᠵᠢᠯ ᠵᠢᠡᠨ ᠰᠠᠢᠳᠤᠷ ᠬᠢᠬᠦ ᠵᠢ ᠬᠦᠮᠦᠵᠢᠬᠦᠯᠦᠨ ᠬᠦᠳᠦᠯᠦᠨ ᠲᠠᠭᠠᠭᠤᠯᠵᠤ ᠵᠢᠭᠠᠨ ᠵᠢᠯᠤᠭᠤᠳᠴᠤ᠂ ᠡᠯᠡᠰᠦ ᠵᠢ ᠵᠠᠰᠠᠬᠤ᠂ ᠤᠯᠤᠰ ᠤ᠋ᠨ ᠭᠠᠵᠠᠷ ᠰᠢᠷᠤᠢ ᠵᠢ ᠨᠤᠭᠤᠭᠠᠷᠠᠭᠤᠯᠬᠤ ᠵᠢᠴᠢ ᠤᠢ ᠰᠢᠭᠤᠢ ᠵᠢᠨ ᠬᠦᠨᠦᠭᠡᠯᠳᠦ ᠠᠮᠢᠳᠤ ᠪᠤᠳᠠᠰ ᠢ᠋ ᠰᠡᠷᠬᠡᠢᠯᠡᠨ ᠵᠠᠰᠠᠬᠤ ᠲᠠᠯ᠎ᠠ ᠪᠡᠷ ᠪᠤᠳᠠᠳᠤ ᠠᠮᠵᠢᠯᠳᠠ ᠪᠦᠳᠦᠮᠵᠢ ᠤᠯᠵᠠᠢ᠃
ᠣᠶ ᠱᠢᠭᠤᠶ ᠶ᠋ᠢᠨ 《 ᠬᠣᠶᠠᠳᠤᠭᠠᠷ ᠲᠥᠷᠥᠯ 》 ᠤ᠋ᠨ ᠪᠠᠢᠴᠠᠭᠠᠯᠲᠠ᠂ ᠣᠶ ᠱᠢᠭᠤᠶ ᠶ᠋ᠢᠨ ᠬᠥᠨᠥᠭᠡᠯᠲᠦ ᠠᠮᠢᠳᠤ ᠪᠣᠳᠠᠰ᠎ᠤᠨ ᠨᠡᠢᠳᠡᠮ ᠤᠨ ᠪᠠᠢᠴᠠᠭᠠᠯᠲᠠ᠂ ᠮᠠᠭᠤᠳᠠᠭᠰᠠᠨ ᠣᠶ ᠰᠢᠭᠤᠢ ᠵᠢᠨ ᠪᠠᠢᠴᠠᠭᠠᠯᠲᠠ᠂ ᠲᠠᠷᠢᠶᠠᠯᠠᠬᠤ ᠶ᠋ᠢ ᠵᠣᠭ᠍ᠰᠣᠭᠠᠵᠤ ᠣᠢᠵᠢᠭᠤᠯᠬᠤ ᠵᠢ ᠰᠡᠷᠭᠦᠭᠡᠬᠦ᠌ ᠠᠵᠢᠯ ᠤᠨ ᠦᠨᠡᠯᠡᠨ ᠵᠢᠱ᠌ᠢᠯᠲᠡ᠂ ᠣᠢᠵᠢᠭᠤᠯᠵᠤ ᠨᠣᠭᠣᠭᠠᠷᠠᠭᠤᠯᠬᠤ ᠣᠷᠣᠨ ᠵᠠᠶ ᠵᠢᠨ ᠦᠨᠡᠯᠡᠨ ᠵᠢᠱ᠌ᠢᠯᠲᠡ ᠵᠡᠷᠭᠡ ᠣᠶ ᠱᠢᠭᠤᠶ᠎ᠶ᠋ᠢᠨ ᠦᠶ᠋ᠯᠡᠰ ᠦᠨ ᠴᠢᠬᠤᠯᠠ ᠶᠡᠬᠡ ᠪᠠᠢᠴᠠᠭᠠᠯᠲᠠ᠂ ᠦᠨᠡᠯᠡᠨ ᠵᠢᠱ᠌ᠢᠯᠳᠡ ᠳᠤᠮᠳᠠ ᠲᠡᠷᠡ ᠪᠠᠢᠭᠤᠯᠭ᠎ᠠ ᠨᠢᠭᠡᠴᠢ᠎ᠶ᠋ᠢᠨ ᠵᠢᠡᠨ ᠲᠤᠯᠭᠠᠭᠤᠷᠢ ᠬᠦᠴᠦᠨ ᠪᠣᠯᠤᠭ᠍ᠰᠠᠨ᠎ᠤ ᠬᠤᠪᠢ ᠪᠡᠷ ᠪᠦᠯᠬᠦᠮ ᠨᠡᠢᠲᠡ᠎ᠪᠡᠨ ᠳᠠᠭᠠᠭᠤᠯᠤᠨ ᠬᠡᠭᠡᠷ᠎ᠡ ᠭᠠᠳᠠᠭ᠎ᠠ ᠬᠤᠨᠤᠭᠯᠠᠵᠤ ᠂ ᠠᠯᠢᠪᠠ ᠬᠦᠴᠢᠷ ᠪᠡᠷᠬᠡᠱᠢᠶᠡᠯ᠎ᠢ ᠢᠯᠡᠨ ᠳᠠᠪᠠᠵᠤ᠂ ᠠᠵᠢᠯ᠎ᠤᠨ ᠡᠭᠦᠷᠭᠡ ᠪᠡᠨ ᠠᠮᠵᠢᠯᠲᠠ ᠲᠠᠶ ᠪᠡᠶᠡᠯᠡᠭᠦᠯᠵᠦ ᠢᠷᠡᠪᠡ᠃
《ᠵᠧᠩ ᠥᠷᠲᠡᠭᠡᠨ ᠳᠠᠷᠤᠭ᠎ᠠ᠎ᠡᠴᠡ ᠪᠢ ᠮᠠᠰᠢ ᠤᠯᠠᠨ ᠶᠠᠭᠤᠮ᠎ᠠ ᠣᠯᠵᠤ ᠰᠤᠷᠴᠠᠢ᠂ ᠲᠡᠭᠦᠨ᠎ᠦ ᠯᠠᠪᠳᠠᠭᠤᠨ ᠪᠠᠳᠤᠳᠠᠢ ᠠᠵᠢᠯ᠎ᠤᠨ ᠤᠪᠤᠷ᠂ ᠱᠢᠷᠭᠠᠭᠤ ᠬᠠᠲᠠᠭᠤᠵᠢᠯᠲᠠᠢ ᠴᠢᠷᠮᠠᠢᠯᠭ᠎ᠠ᠂ ᠣᠨᠴᠠᠭᠠᠢᠯᠠᠨ ᠴᠥᠬᠥᠷᠡᠰᠢ ᠦᠭᠡᠢ ᠴᠢᠷᠮᠠᠢᠬᠤ ᠵᠣᠷᠢᠭ ᠰᠠᠨᠠᠭ᠎ᠠ ᠨᠢ ᠮᠠᠨ᠎ᠤ ᠵᠠᠯᠠᠭᠤ ᠨᠢᠭᠡ ᠦᠶ᠎ᠡ᠎ᠶ᠋ᠢᠨ ᠬᠢᠨ᠎ᠤ ᠳᠠᠭᠤᠷᠢᠶᠠᠯ ᠪᠤᠯᠵᠤ᠂ ᠲᠡᠷᠡᠴᠢᠯᠡᠨ ᠮᠠᠨ ᠤ ᠥᠷᠲᠡᠭᠡᠨ᠎ᠦ ᠪᠦᠬᠦᠯᠢ ᠴᠣᠭ᠍ᠴᠠ᠎ᠶ᠋ᠢᠨ ᠠᠵᠢᠯ ᠤᠨ ᠵᠠᠷᠴᠢᠮ ᠪᠤᠯᠵᠤ᠂ ᠬᠥᠮᠦᠨ ᠪᠦᠬᠦᠨ᠎ᠦ ᠰᠡᠳᠭᠢᠯ᠎ᠳᠦ ᠬᠠᠳᠠᠩᠱᠢᠵᠠᠢ》 ᠭᠡᠵᠦ᠍ ᠱᠢᠯᠤᠭᠤᠨ ᠬᠦᠬᠡ ᠬᠣᠱᠢᠭᠤᠨ ᠤ ᠤᠢ ᠱᠢᠭᠤᠢ ᠶ᠋ᠢᠨ ᠠᠵᠢᠯ᠎ᠤᠨ ᠥᠷᠲᠡᠭᠡᠨ ᠦ ᠠᠵᠢᠯᠳᠠᠨ ᠸᠠᠩ ᠶᠠᠨ ᠴᠤᠤ ᠬᠡᠯᠡᠪᠡ᠃
ᠪᠠᠶᠠᠷ ᠳᠤᠷᠠᠰᠭᠠᠯ᠎ᠤᠨ ᠠᠮᠠᠷᠠᠯᠲᠠ᠎ᠶ᠋ᠢᠨ ᠦᠶ᠎ᠡ ᠪᠣᠯ ᠤᠢ ᠱᠢᠭᠤᠢ ᠶ᠋ᠢᠨ ᠦᠢᠯᠡᠳᠪᠦᠷᠢᠯᠡᠯ᠎ᠦᠨ ᠶᠠᠭᠠᠷᠠᠯᠲᠠᠢ ᠦᠶ᠎ᠡ ᠪᠣᠯᠤᠨ᠎ᠠ᠂ ᠵᠸᠩ ᠳ᠋ᠦᠩ ᠬᠤᠩ ᠪᠡᠶ᠎ᠡ ᠪᠡᠷ ᠵᠢᠡᠨ ᠲᠦᠷᠦᠭᠦᠯᠡᠨ ᠠᠮᠠᠷᠠᠯᠲᠠ ᠪᠠᠨ ᠲᠠᠶᠠᠭᠳᠠᠵᠤ᠂ ᠬᠡᠭᠡᠷ᠎ᠡ ᠭᠠᠳᠠᠨ᠎ᠠ ᠮᠡᠷᠭᠡᠵᠢᠯ᠎ᠦᠨ ᠵᠢᠯᠤᠭᠤᠳᠤᠯᠭ᠎ᠠ ᠬᠢᠵᠦ᠍᠂ ᠵᠠᠭᠠᠭ ᠲᠣᠭ᠍ᠲᠠᠭᠠᠬᠤ ᠵᠢᠷᠤᠭ ᠲᠦᠯᠦᠪᠯᠡᠭᠡ᠂ ᠪᠠᠢᠴᠠᠭᠠᠵᠤ ᠱᠢᠯᠭᠠᠨ ᠠᠪᠬᠤ ᠵᠡᠷᠭᠡ ᠠᠵᠢᠯ᠎ᠢ᠋ ᠦᠷᠨᠢᠬᠦᠯᠳᠡᠭ ᠪᠠᠢᠯ᠎ᠠ᠃ ᠬᠦᠷᠦᠭᠰᠡᠨ ᠭᠠᠵᠠᠷ ᠪᠤᠯᠭᠠᠨ ᠳ᠋ᠤ ᠲᠡᠷᠡ ᠮᠠᠯᠴᠢᠳ᠎ᠲᠤ ᠠᠵᠤ ᠠᠬᠤᠶ᠎ᠶ᠋ᠢᠨ ᠣᠶ ᠳᠠᠷᠢᠬᠤ ᠪᠠ ᠡᠯᠡᠰᠦ᠎ᠶ᠋ᠢ ᠵᠠᠰᠠᠵᠤ ᠣᠢᠵᠢᠭᠤᠯᠬᠤ ᠮᠡᠷᠭᠡᠵᠢᠯ᠎ᠢ ᠲᠠᠢᠯᠪᠤᠷᠢᠯᠠᠨ ᠥᠭ᠌ᠬᠦ ᠵᠢᠨ ᠬᠠᠮᠳᠤ ᠬᠠᠮᠢᠶᠠᠷᠤᠨ ᠬᠠᠮᠠᠭᠠᠯᠠᠭ᠍ᠴᠢ᠎ᠶ᠋ᠢ ᠵᠢᠯᠣᠭᠣᠳᠤᠨ᠂ ᠰᠤᠮᠤ ᠱᠢᠶᠠᠩ ᠪᠠᠯᠭᠠᠰᠤᠨ᠎ᠤ ᠬᠠᠤᠯᠢ ᠬᠡᠷᠡᠭ᠌ᠵᠢᠭᠦᠯᠬᠦ᠌ ᠰᠠᠯᠠᠭ᠎ᠠ ᠮᠥᠴᠢᠷ ᠯᠤᠭᠡ ᠵᠣᠬᠢᠴᠠᠭᠤᠯᠵᠤ ᠲᠥᠷᠥᠯ ᠵᠦᠶ᠋ᠯ᠎ᠦᠨ ᠬᠠᠮᠢᠶᠠᠷᠤᠯᠲᠠ ᠬᠠᠮᠠᠭᠠᠯᠠᠯᠲᠠ᠎ᠶ᠋ᠢ ᠴᠢᠩᠭᠠᠳᠭᠠᠳᠠᠭ᠃ ᠢᠯᠠᠩᠭᠤᠶ᠎ᠠ ᠬᠤᠯᠠᠨ ᠱᠢᠷᠭ᠎ᠠ ᠲᠠᠭ᠎ᠠ ᠶ᠋ᠢᠨ ᠡᠯᠡᠰᠦᠷᠬᠡᠭ ᠭᠠᠵᠠᠷ᠎ᠤᠨ ᠠᠮᠢ ᠠᠬᠤᠶ ᠬᠡᠪᠡᠷᠡᠭ ᠣᠷᠣᠨ᠎ᠳᠤ ᠤᠢ ᠰᠢᠭᠤᠢ ᠵᠢᠨ ᠡᠯᠡᠰᠦ ᠮᠠᠩᠬ᠎ᠠ᠎ᠶ᠋ᠢ ᠰᠡᠷᠭᠡᠢᠯᠡᠨ ᠵᠠᠰᠠᠬᠤ ᠳ᠋ᠤ ᠦᠵᠡᠬᠦᠯᠬᠦ ᠴᠢᠬᠤᠯᠠ ᠦᠢᠯᠡᠳᠦᠯ ᠪᠠ ᠠᠮᠢ ᠠᠬᠤᠶ ᠶ᠋ᠢ ᠲᠣᠭ᠍ᠲᠠᠪᠤᠷᠢᠵᠢᠭᠤᠯᠬᠤ ᠦᠨᠳᠦᠰᠦᠨ ᠦᠶ᠋ᠯᠡᠳᠦᠯ᠎ᠢ ᠤᠬᠠᠭᠤᠯᠵᠤ᠂ ᠮᠠᠯᠴᠢᠳ ᠤᠨ ᠬᠦᠷᠢᠶᠡᠯᠡᠯ ᠢ ᠣᠯᠵᠤ ᠂ ᠣᠯᠠᠨ ᠲᠦᠮᠡᠨ ᠦ ᠣᠶ ᠱᠢᠭᠤᠶ ᠶ᠋ᠢ ᠬᠠᠢᠷᠠᠯᠠᠬᠤ᠂ ᠣᠶ ᠱᠢᠭᠤᠶ ᠶ᠋ᠢ ᠬᠠᠮᠠᠭᠠᠯᠠᠬᠤ ᠬᠠᠯᠠᠭᠤᠨ ᠰᠡᠳᠬᠢᠯ᠎ᠢ ᠬᠦᠭᠵᠢᠭᠡᠵᠦ ᠂ 《 ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ 》 ᠭᠡᠬᠦ᠌ ᠣᠢᠯᠠᠭᠠᠭ᠍ᠳᠠᠬᠤᠨ᠎ᠢ ᠥᠷᠭᠡᠨ᠎ᠢᠶᠡᠷ ᠪᠣᠶ ᠪᠤᠯᠭᠠᠵᠠᠶ ᠃
ᠡᠮᠦᠨ᠎ᠡ ᠹᠷᠣᠨᠲ᠎ᠤᠨ ᠤᠢ ᠱᠢᠭᠤᠢ ᠬᠠᠮᠠᠭᠠᠯᠠᠭ᠍ᠴᠢ ᠪᠣᠯᠤᠭ᠍ᠰᠠᠨ ᠤ ᠬᠤᠪᠢ ᠳᠤ ᠵᠧᠩ ᠳ᠋ᠦᠩ ᠬᠣᠩ ᠡᠯᠡᠰᠦ᠎ᠶ᠋ᠢ ᠵᠠᠰᠠᠬᠤ ᠠᠵᠢᠯ ᠤᠨ ᠲᠤᠮᠳᠠᠬᠢ ᠤᠯᠠᠨ ᠲᠦᠮᠡᠨ ᠦ ᠬᠦᠴᠢᠷᠳᠡᠯ ᠢ ᠣᠢᠯᠠᠭᠠᠵᠤ ᠂ ᠬᠠᠮᠲᠤ ᠠᠵᠢᠯᠯᠠᠭ᠍ᠰᠠᠳ᠎ᠲᠠᠶ ᠪᠠᠨ ᠦᠷᠭᠦᠯᠵᠢ ᠠᠢᠯ ᠡᠷᠦᠬᠡ᠎ᠪᠡᠷ ᠶᠠᠪᠤᠵᠤ᠂ ᠤᠯᠠᠨ ᠲᠦᠮᠡᠨ ᠳ᠋ᠤ ᠤᠢ ᠱᠢᠭᠤᠢ ᠶ᠋ᠢᠨ ᠲᠦᠢᠮᠡᠷ ᠢ ᠰᠡᠷᠭᠡᠢᠯᠡᠬᠦ᠌᠂ ᠡᠪᠡᠳᠴᠢᠨ ᠬᠣᠷᠣᠬᠠᠢ᠎ᠶ᠋ᠢᠨ ᠬᠥᠨᠥᠭᠡᠯ ᠢ ᠰᠡᠷᠭᠡᠢᠯᠡᠨ ᠵᠠᠰᠠᠬᠤ ᠮᠡᠳᠡᠯᠭᠡ ᠶ᠋ᠢ ᠤᠬᠠᠭᠤᠯᠵᠤ᠂ ᠤᠢ ᠱᠢᠭᠤᠢ ᠶ᠋ᠢᠨ ᠮᠡᠷᠭᠡᠵᠢᠯ ᠦᠨ ᠭᠣᠣᠯᠯᠠᠭ᠍ᠴᠢ ᠳᠤ ᠲᠤᠬᠠᠢ᠎ᠶ᠋ᠢᠨ ᠲᠠᠯᠠᠪᠠᠢ ᠶ᠋ᠢᠨ ᠪᠣᠯᠪᠠᠰᠤᠷᠠᠯ ᠬᠦᠷᠲᠡᠭᠡᠬᠦ᠂ ᠮᠠᠯᠴᠢᠳ ᠤᠨ ᠤᠢ ᠱᠢᠭᠤᠢ ᠶ᠋ᠢᠨ ᠦᠢᠯᠡᠳᠪᠦᠷᠢᠯᠡᠯ ᠦᠢᠯᠡᠳᠦᠯᠭᠡ᠎ᠶ᠋ᠢ ᠵᠢᠭᠠᠨ ᠵᠢᠯᠣᠭᠣᠳᠴᠤ᠌᠂ ᠮᠡᠷᠭᠡᠵᠢᠯ᠎ᠦᠨ ᠠᠷᠭ᠎ᠠ ᠬᠡᠮᠵᠢᠶ᠎ᠡ ᠪᠣᠯᠤᠨ ᠮᠡᠷᠭᠡᠵᠢᠯ ᠦᠨ ᠠᠰᠠᠭᠤᠨ ᠯᠠᠪᠯᠠᠭ᠎ᠠ ᠶ᠋ᠢ ᠬᠠᠩᠭᠠᠬᠤ ᠵᠡᠷᠭᠡ ᠠᠵᠢᠯ᠎ᠢ ᠰᠡᠳᠬᠢᠯ ᠲᠠᠯᠪᠢᠨ ᠬᠢᠭᠰᠡᠭᠡᠷ ᠢᠷᠡᠪᠡ᠃
ᠵᠠᠷᠢᠮ ᠬᠥᠮᠦᠨ ᠵᠧᠩ ᠳ᠋ᠦᠩ ᠬᠣᠩ᠎ᠠᠴᠠ᠄ 《ᠡᠯᠡᠰᠦᠨ ᠴᠦᠯ᠎ᠳᠦ ᠨᠠᠰᠤ᠎ᠪᠠᠷ᠎ᠢᠶᠠᠨ ᠠᠵᠢᠯᠯᠠᠭᠠᠳ ᠦᠭᠡᠷ᠎ᠡ ᠠᠵᠢᠯ ᠰᠣᠯᠢᠬᠤ ᠰᠠᠨᠠᠭ᠎ᠠ ᠦᠭᠡᠢ ᠦᠦ?》 ᠭᠡᠵᠦ ᠠᠰᠠᠭᠤᠬᠤᠳ᠋ᠤ ᠲᠡᠷᠡ᠄《ᠶᠠᠭᠠᠬᠢᠭᠰᠠᠨ ᠴᠦ᠍ ᠠᠵᠢᠯ᠎ᠢᠶᠡᠨ ᠰᠣᠯᠢᠬᠤ ᠥᠬᠡᠶ᠂ ᠬᠥᠷᠥᠰᠥ᠍ ᠱᠢᠷᠣᠶ᠎ᠶ᠋ᠢ ᠬᠠᠮᠠᠭᠠᠯᠠᠬᠤ ᠪᠠ ᠴᠦᠯᠯᠡᠷᠭᠡᠭ᠌ᠵᠢᠯ᠎ᠢ ᠵᠠᠰᠠᠬᠤ ᠲᠤᠰᠭᠠᠶ ᠮᠡᠷᠭᠡᠵᠢᠯ᠎ᠢ ᠰᠣᠷᠣᠭ᠍ᠰᠠᠨᠤ ᠬᠤᠪᠢ᠎ᠳᠤ᠂ ᠡᠨᠡᠬᠦ ᠠᠵᠢᠯ ᠨᠢ ᠨᠠᠮ᠎ᠠ᠎ᠶᠢ ᠰᠣᠩᠭᠣᠵᠠᠢ᠂ ᠨᠠᠳᠠ᠎ᠳᠤ ᠰᠣᠷᠣᠭ᠍ᠰᠠᠨ᠎ᠢᠶᠠᠨ ᠬᠡᠷᠡᠭ᠌ᠯᠡᠵᠦ᠍᠂ ᠠᠪᠢᠶᠠᠰ ᠴᠢᠳᠠᠪᠤᠷᠢ᠎ᠪᠠᠨ ᠪᠠᠳᠠᠷᠠᠭᠤᠯᠬᠤ ᠲᠣᠬᠢᠶᠠᠯ ᠣᠯᠭᠣᠬᠰᠠᠨ᠃ ᠡᠭᠦᠪᠡᠷ ᠲᠠᠮᠵᠢᠨ ᠪᠢ ᠪᠠᠰᠠ ᠠᠷᠠᠳ ᠲᠦᠮᠡᠨ᠎ᠳᠦ ᠦᠶ᠋ᠯᠡᠴᠢᠯᠡᠵᠦ ᠴᠢᠳᠠᠨ᠎ᠠ 》ᠬᠡᠪᠡ᠃ ᠵᠧᠩ ᠳ᠋ᠦᠩ ᠬᠣᠩ᠎ᠤᠨ ᠬᠠᠷᠢᠭᠤᠯᠲᠠ ᠨᠢ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ᠎ᠤᠨ ᠣᠶ ᠬᠠᠮᠠᠭᠠᠯᠠᠭ᠍ᠴᠢ᠎ᠶ᠋ᠢᠨ ᠢᠲᠡᠭᠡᠯ ᠪᠢᠱᠢᠷᠡᠯ ᠪᠣᠯᠤᠨ ᠪᠠᠲᠤ ᠪᠠᠷᠢᠮᠳᠠᠯᠠᠯ᠎ᠢ ᠬᠦᠢᠴᠡᠳ ᠢᠯᠡᠷᠡᠬᠦᠯᠪᠡ᠃
4 ᠵᠢᠯ᠎ᠦᠨ ᠳᠠᠷᠠᠭ᠎ᠠ ᠠᠵᠢᠯ᠎ᠤᠨ ᠠᠮᠠᠷᠠᠯᠳᠠ ᠪᠠᠨ ᠠᠪᠬᠤ ᠲᠤᠬᠠᠢ ᠶᠠᠷᠢᠬᠤ᠎ᠳᠠᠭᠠᠨ᠂ ᠵᠧᠩ ᠳ᠋ᠦᠩ ᠬᠣᠩ ᠥᠴᠦᠬᠡᠨ ᠴᠦ᠍ ᠲᠠᠲᠠᠭᠠᠯᠵᠠᠯ ᠦᠭᠡᠢ᠎ᠪᠡᠷ ᠄《ᠪᠢ ᠯᠠᠪᠲᠠᠢ ᠠᠵᠢᠯ᠎ᠠᠴᠠ᠎ᠪᠠᠨ ᠠᠮᠠᠷᠠᠬᠤ ᠪᠤᠯᠲᠠᠯ᠎ᠠ ᠠᠵᠢᠯ ᠵᠢᠡᠨ ᠰᠠᠢᠳᠤᠷ ᠬᠢᠨ᠎ᠠ᠂ ᠵᠣᠬᠢᠶᠠᠨ ᠪᠠᠢᠭᠤᠯᠤᠯᠲᠠ ᠪᠣᠯᠤᠨ ᠤᠯᠠᠨ ᠲᠦᠮᠡᠨ᠎ᠦ ᠢᠲᠡᠭᠡᠯ ᠨᠠᠢᠳᠠᠯᠭ᠎ᠠ ᠲᠤᠤᠷ᠎ᠠ ᠥᠨᠥᠳᠦᠷ᠎ᠦᠨ ᠡᠯᠡᠰᠦᠷᠬᠡᠭ᠌ᠵᠢᠯ᠎ᠢ ᠰᠡᠷᠭᠡᠢᠯᠡᠨ ᠵᠠᠰᠠᠭ᠍ᠰᠠᠨ ᠠᠮᠵᠢᠯᠲᠠ ᠪᠦᠲᠦᠮᠵᠢ᠎ᠶᠢ ᠤᠯᠤᠭᠰᠠᠨ᠃ ᠠᠵᠢᠯ᠎ᠠᠴᠠ᠎ᠪᠠᠨ ᠠᠮᠠᠷᠠᠬᠤ᠎ᠠᠴᠠ ᠡᠮᠦᠨᠡᠬᠢ ᠬᠡᠳᠦᠨ ᠵᠢᠯ᠎ᠳᠦ᠂ ᠪᠢ ᠪᠠᠰᠠ ᠤᠯᠠᠨ ᠲᠡᠶ ᠪᠠᠨ ᠮᠥᠷᠥ᠍ ᠵᠡᠷᠭᠡᠴᠡᠨ ᠲᠡᠮᠡᠴᠡᠵᠦ᠍᠂ ᠡᠯᠡᠰᠦᠨ ᠴᠦᠯ᠎ᠢ ᠨᠣᠭᠣᠭᠠᠨ ᠪᠦᠷᠢᠳᠦ ᠪᠣᠯᠭᠠᠬᠤ᠎ᠪᠠᠷ ᠴᠢᠷᠮᠠᠢᠨ᠎ᠠ》 ᠭᠡᠯᠡ᠃
1996 ᠣᠨ᠎ᠳᠤ ᠲᠡᠷᠡ ᠬᠣᠱᠢᠭᠤᠨ᠎ᠤ ᠨᠠᠮ᠎ᠤᠨ ᠬᠣᠷᠢᠶ᠎ᠠ᠎ᠳᠤ 《 ᠪᠦᠬᠦ᠌ ᠬᠣᠱᠢᠭᠤᠨ᠎ᠤ ᠱᠢᠯᠢᠳᠡᠭ ᠳᠣᠷᠣᠭ᠍ᠰᠢ ᠲᠣᠮᠢᠯᠠᠭ᠍ᠰᠠᠨ ᠺᠠᠳ᠋ᠷ》 ᠵᠢᠡᠷ ᠦᠨᠡᠯᠡᠭ᠌ᠳᠡᠵᠦ᠍᠂ 1998 ᠣᠨ᠎ᠳᠤ ᠪᠦᠬᠦ᠌ ᠣᠷᠣᠨ᠎ᠤ ᠤᠢ ᠱᠢᠭᠤᠢ᠎ᠶ᠋ᠢᠨ ᠰᠡᠷᠭᠡᠢᠯᠡᠨ ᠵᠠᠰᠠᠬᠤ ᠱᠢᠰᠲ᠋ᠧᠮ᠎ᠦᠨ ᠲᠡᠷᠢᠭᠦᠨ᠎ᠦ ᠠᠵᠢᠯᠳᠠᠨ᠂ 2005 ᠣᠨ᠎ᠳᠤ ᠪᠦᠬᠦ᠌ ᠣᠷᠣᠨ᠎ᠤ ᠤᠢ ᠱᠢᠭᠤᠢ᠎ᠶ᠋ᠢᠨ ᠬᠥᠨᠥᠭᠡᠯᠲᠦ ᠠᠮᠢᠳᠤ ᠪᠣᠳᠠᠰ᠎ᠢ ᠰᠡᠷᠭᠡᠢᠯᠡᠨ ᠵᠠᠰᠠᠬᠤ ᠠᠵᠢᠯ᠎ᠤᠨ ᠲᠡᠷᠢᠭᠦᠨ᠎ᠦ ᠬᠤᠪᠢ ᠬᠥᠮᠦᠨ᠂ 2017 ᠣᠨ᠎ᠳᠤ ᠱᠢᠯᠤᠭᠤᠨ ᠬᠦᠬᠡ ᠬᠣᠱᠢᠭᠤᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠳᠤ ᠲᠡᠷᠢᠭᠦᠨ᠎ᠦ ᠭᠠᠴᠠᠭ᠎ᠠ ᠲᠣᠰᠭᠣᠨ᠎ᠤ《ᠨᠢᠭᠡᠳᠦᠭᠡᠷ ᠱᠦᠵᠢ》 ᠪᠡᠷ ᠦᠨᠡᠯᠡᠭ᠌ᠳᠡᠵᠦ᠍᠂ 2011 ᠣᠨ᠎ᠠᠴᠠ 2021 ᠣᠨ ᠪᠣᠯᠲᠠᠯ᠎ᠠ᠂ ᠠᠵᠢᠯ᠎ᠤᠨ ᠬᠢᠷᠢ ᠪᠦᠲᠦᠮᠵᠢ᠎ᠶᠢᠨ ᠰᠢᠯᠭᠠᠨ ᠦᠨᠡᠯᠡᠯᠲᠡ᠎ᠳᠤ ᠳᠠᠷᠠᠭᠠᠯᠠᠨ ᠱᠢᠯᠢᠳᠡᠭ ᠬᠢᠷᠢ ᠪᠦᠲᠦᠮᠵᠢ ᠣᠯᠵᠠᠢ᠃
《 ᠪᠢ ᠦᠷᠭᠦᠯᠵᠢᠯᠡᠨ ᠤᠢ ᠱᠢᠭᠤᠢ᠎ᠶ᠋ᠢᠨ ᠦᠢᠯᠡᠳᠪᠦᠷᠢᠯᠡᠯ᠎ᠦᠨ ᠡᠮᠦᠨ᠎ᠡ ᠹᠷᠣᠨᠲ᠎ᠲᠤ ᠰᠡᠳᠬᠢᠯ ᠰᠢᠭᠤᠳᠤᠨ ᠠᠵᠢᠯᠯᠠᠵᠤ᠂ ᠵᠠᠮ ᠨᠡᠭᠡᠭᠡᠨ ᠤᠷᠤᠭ᠍ᠰᠢᠯᠠᠵᠤ᠂ ᠤᠢ ᠱᠢᠭᠤᠢ᠎ᠶ᠋ᠢᠨ ᠠᠮᠢ ᠠᠬᠤᠢ ᠣᠷᠴᠢᠨ ᠲᠣᠭᠣᠷᠢᠨ᠎ᠤ ᠪᠦᠳᠦᠭᠡᠨ ᠪᠠᠢᠭᠤᠯᠤᠯᠳᠠ ᠵᠢ ᠠᠬᠢᠭᠤᠯᠬᠤ ᠪᠣᠯᠤᠨ ᠡᠯᠡᠰᠦᠷᠭᠡᠭᠵᠢᠯᠢᠰᠡᠷᠭᠡᠢᠯᠡᠨ ᠵᠠᠰᠠᠬᠤ ᠦᠢᠯᠡᠰ᠎ᠦᠨ ᠬᠥᠭ᠌ᠵᠢᠯᠲᠡ᠎ᠶ᠋ᠢ ᠲᠦᠷᠭᠡᠳᠭᠡᠬᠦ᠌᠎ᠳᠦ ᠬᠦᠴᠦᠨ ᠴᠢᠳᠠᠯ᠎ᠢᠶᠠᠨ ᠡᠷᠭᠦᠨ᠎ᠡ 》 ᠭᠡᠵᠦ ᠵᠧᠩ ᠳ᠋ᠦᠩ ᠬᠣᠩ ᠡᠷᠡᠰ ᠱᠢᠭᠤᠷᠬᠠᠶᠬᠡᠯᠡᠨᠡ