ᠤᠯᠠᠭᠠᠨᠴᠠᠪ ᠬᠤᠲᠠ ᠴᠠᠯ ᠨᠣᠭᠣᠭᠠᠨ 《 ᠬᠠᠭᠤᠳᠠᠰᠤ 》 ᠶ᠋ᠢ ᠪᠢᠴᠢᠭ᠌ᠯᠡᠨ᠎ᠠ ︱ ᠪᠥᠬᠥ᠌ ᠤᠯᠤᠰ᠎ᠤᠨ ᠡᠯᠡᠰᠦ᠎ᠶ᠋ᠢ ᠰᠡᠷᠭᠡᠢᠯᠡᠨ ᠡᠯᠡᠰᠦ᠎ᠶ᠋ᠢ ᠵᠠᠰᠠᠭ᠍ᠰᠠᠨ ᠲᠡᠷᠢᠭᠦᠨ᠎ᠦ ᠨᠢᠭᠡᠴᠢ ᠤᠯᠠᠭᠠᠨᠴᠠᠪ ᠬᠣᠲᠠ᠎ᠶ᠋ᠢᠨ ᠣᠶ ᠱᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶ᠋ᠢᠨ ᠲᠡᠷᠢᠭᠦᠨ᠎ᠦ ᠦᠶ᠋ᠯᠡ ᠠᠵᠢᠯᠯᠠᠭ᠎ᠠ᠎ᠶ᠋ᠢ ᠲᠡᠮᠳᠡᠭ᠌ᠯᠡᠪᠡ
2023-12-06 11:37:22
ᠵᠣᠬᠢᠶᠠᠭ᠍ᠴᠢ᠄
ᠬᠠᠶ ᠵᠢᠶᠦ᠋ᠨ
ᠣᠩᠱᠢᠭ᠍ᠰᠠᠨ ᠣᠳᠠᠭ᠎ᠠ᠄
★★★☆☆

ᠤᠯᠠᠭᠠᠨᠴᠠᠪ᠎ᠤᠨ ᠡᠬᠡ ᠭᠠᠵᠠᠷ᠎ᠢ ᠥᠨᠳᠥᠷ ᠣᠭ᠍ᠲᠠᠷᠭᠤᠶ᠎ᠡᠴᠠ ᠬᠠᠷᠠᠬᠤ᠎ᠳᠤ ᠴᠠᠬᠠᠷ ᠪᠠᠷᠠᠭᠤᠨ ᠭᠠᠷᠤᠨ ᠳᠤᠮᠳᠠᠳᠤ ᠬᠣᠱᠢᠭᠤ᠎ᠡᠴᠠ ᠬᠤᠸᠠᠳᠧ ᠱᠢᠶᠠᠨ ᠬᠦᠷᠲᠡᠯᠡᠬᠢ 300 ᠺᠢᠯᠣᠮᠧᠲ᠋ᠷ ᠣᠷᠳᠣ᠂ 50 ᠺᠢᠯᠣᠮᠧᠲ᠋ᠷ ᠥᠷᠭᠡᠨ ᠡᠯᠡᠰᠦ᠎ᠶ᠋ᠢ ᠰᠡᠷᠭᠡᠢᠯᠡᠬᠦ ᠨᠣᠭᠣᠭᠠᠷᠠᠭᠤᠯᠤᠯᠲᠠ ᠵᠢᠨ ᠪᠦᠰᠡ ᠣᠨᠴᠠᠭᠠᠶ ᠰᠦᠷᠯᠢᠭ ᠰᠠᠢᠬᠠᠨ ᠬᠠᠷᠠᠭᠳᠠᠨ᠎ᠠ᠃ ᠤᠯᠠᠭᠠᠨᠴᠠᠪ ᠬᠤᠳᠠ᠎ᠶ᠋ᠢᠨ ᠭᠣᠣᠯ ᠬᠤᠳᠠ᠎ᠶ᠋ᠢᠨ ᠲᠣᠭᠣᠷᠢᠭ᠎ᠤᠨ ᠪᠠᠢ ᠴᠢᠤᠸᠠᠨ ᠱᠠᠨ ᠠᠭᠤᠯᠠ᠂ ᠯᠣᠣ ᠬᠤ᠌ ᠱᠠᠨ ᠠᠭᠤᠯᠠ᠂ ᠸᠸ ᠯᠦᠩ ᠱᠠᠨ ᠠᠭᠤᠯᠠᠠ ᠳ᠋ᠤ ᠤᠯᠠᠨ ᠶᠠᠡᠭᠵᠤ ᠵᠢᠨ ᠡᠪᠡᠰᠤ  ᠮᠤᠳᠤ ᠬᠦᠬᠡᠷᠡᠨ᠂ ᠰᠤᠮᠤᠨ ᠠᠭᠤᠯᠠ ᠵᠢᠨ ᠤᠢ ᠱᠢᠭᠤᠢ᠎ᠶ᠋ᠢᠨ ᠲᠠᠯᠠᠪᠠᠢ ᠳ᠋ᠤ ᠨᠠᠷᠠᠰᠤ ᠮᠠᠢᠯᠠᠰᠤ ᠨᠤᠮᠢᠨ ᠨᠤᠭᠤᠭᠠᠨ ᠵᠢᠡᠷ ᠲᠠᠪᠠᠯᠭᠠᠯᠠᠨ᠂ ᠴᠡᠴᠡᠭ᠎ᠦᠨ ᠦᠨᠦᠷ ᠠᠩᠬᠢᠯᠤᠨ᠂ ᠱᠢᠪᠠᠭᠤᠳ ᠵᠢᠷᠭᠢᠨ᠎ᠡ᠃ ᠡᠨᠡ ᠬᠦ᠌ ᠨᠣᠮᠢᠨ ᠨᠣᠭᠣᠭᠠᠨ ᠭᠤᠢᠳᠠ ᠵᠢᠷᠤᠭ ᠨᠢ ᠤᠯᠠᠭᠠᠨᠴᠠᠪ ᠬᠤᠳᠠ᠎ᠶ᠋ᠢᠨ ᠤᠢ ᠱᠢᠭᠤᠢ ᠪᠠ ᠨᠤᠲᠤᠭ ᠪᠡᠯᠴᠢᠭᠡᠷ᠎ᠦᠨ ᠲᠤᠪᠴᠢᠶ᠎ᠠ᠎ᠶ᠋ᠢᠨ ᠤᠯᠠᠨ ᠵᠢᠯ ᠳᠠᠷᠠᠭᠠᠯᠠᠨ ᠴᠢᠷᠮᠠᠢᠨ ᠲᠡᠮᠡᠴᠡᠭ᠌ᠰᠡᠨ ᠤ᠋ ᠦᠷ᠎ᠠ ᠳ᠋ᠦᠡᠭ ᠪᠤᠯᠤᠨ᠎ᠠ᠃

ᠪᠡᠭᠡᠵᠢᠩ ᠲᠢᠶᠠᠨᠵᠢᠨ᠎ᠤ ᠰᠠᠯᠬᠢ ᠡᠯᠡᠰᠦᠨ᠎ᠦ ᠡᠬᠢ᠎ᠶ᠋ᠢ ᠵᠠᠰᠠᠬᠤ ᠵᠡᠷᠭᠡ ᠤᠯᠤᠰ᠎ᠤᠨ ᠭᠣᠣᠯᠳᠠᠯᠭ᠎ᠠ᠎ᠲᠠᠶ ᠤᠢ ᠱᠢᠭᠤᠢ᠎ᠶ᠋ᠢᠨ ᠢᠨᠵᠧᠨᠧᠷᠢᠩ ᠢᠯᠡᠳᠲᠡ ᠦᠷ᠎ᠡ ᠪᠦᠲᠦᠮᠵᠢ ᠤᠯᠪᠠ

ᠴᠠᠬᠠᠷ ᠪᠠᠷᠠᠭᠤᠨ ᠭᠠᠷᠤᠨ ᠳᠤᠮᠳᠠᠳᠤ ᠬᠣᠱᠢᠭᠤ᠂ ᠳᠥᠷᠪᠡᠳ ᠬᠣᠱᠢᠭᠤ᠂ ᠬᠤᠸᠠᠳᠧ ᠱᠢᠶᠠᠨ ᠵᠡᠷᠭᠡ ᠤᠯᠠᠭᠠᠨᠴᠠᠪ ᠬᠣᠲᠠ᠎ᠶ᠋ᠢᠨ ᠬᠣᠢᠲᠤ ᠬᠡᠰᠡᠭ᠎ᠦᠨ ᠬᠡᠳᠦᠨ ᠬᠣᠱᠢᠭᠤ ᠱᠢᠶᠠᠨ᠎ᠢᠶᠠᠷ ᠠᠶᠠᠯᠠᠬᠤ᠎ᠳᠤ ᠵᠠᠮ᠎ᠤᠨ ᠬᠣᠶᠠᠷ ᠲᠠᠯ᠎ᠠ ᠪᠡᠷ ᠮᠦᠷ ᠮᠦᠷ ᠵᠢᠡᠷ ᠵᠢᠭᠳᠡᠷᠡᠨ ᠤᠷᠭᠤᠭᠰᠠᠨ ᠬᠠᠷᠭᠠᠨ᠎ᠠ ᠵᠢᠨ ᠤᠢ ᠬᠠᠷᠠᠭ᠍ᠳᠠᠨ᠎ᠠ᠃ ᠡᠲᠡᠭᠡᠷ᠎ᠨᠢ ᠴᠥᠮ ᠤᠯᠠᠭᠠᠨᠴᠠᠪ ᠬᠣᠲᠠ᠎ᠶ᠋ᠢᠨ ᠪᠡᠭᠡᠵᠢᠩ ᠲᠢᠶᠠᠨᠵᠢᠨ᠎ᠤ ᠰᠠᠯᠬᠢ ᠡᠯᠡᠰᠦᠨ᠎ᠦ ᠡᠬᠢ᠎ᠶ᠋ᠢ ᠵᠠᠰᠠᠬᠤ ᠲᠥᠷᠥᠯ ᠵᠦᠶ᠋ᠯ᠎ᠢ ᠬᠡᠷᠡᠭ᠌ᠵᠢᠭᠦᠯᠦᠭ᠌ᠰᠡᠨ ᠦᠷ᠎ᠡ ᠪᠦᠲᠦᠭᠡᠯ ᠪᠣᠯᠤᠨ᠎ᠠ᠃

ᠤᠯᠠᠭᠠᠨᠴᠠᠪ ᠬᠣᠲᠠ᠎ᠶ᠋ᠢᠨ ᠣᠶ ᠱᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶ᠋ᠢᠨ ᠣᠢᠵᠢᠭᠤᠯᠤᠯᠲᠠ ᠡᠯᠡᠰᠦ᠎ᠶ᠋ᠢ ᠵᠠᠰᠠᠬᠤ ᠰᠠᠯᠠᠭᠠᠨ ᠳᠠᠷᠤᠭ᠎ᠠ ᠵᠣᠣ ᠶᠤᠸᠠᠢ ᠫᠢᠩ᠄ 《ᠪᠡᠭᠡᠵᠢᠩ ᠲᠢᠶᠠᠨᠵᠢᠨ᠎ᠤ ᠰᠠᠯᠬᠢ ᠡᠯᠡᠰᠦᠨ᠎ᠦ ᠡᠬᠢ᠎ᠶ᠋ᠢ ᠵᠠᠰᠠᠬᠤ ᠢᠨᠵᠧᠨᠧᠷᠢᠩ 2000 ᠣᠨ᠎ᠳᠤ ᠡᠬᠢᠯᠡᠵᠦ᠍᠂ ᠤᠯᠠᠭᠠᠨᠴᠠᠪ ᠬᠣᠲᠠ᠎ᠶ᠋ᠢᠨ 11 ᠬᠣᠱᠢᠭᠤ ᠱᠢᠶᠠᠨ ᠬᠣᠲᠠ ᠲᠣᠭᠣᠷᠢᠭ᠎ᠲᠤ ᠬᠣᠯᠪᠣᠭ᠍ᠳᠠᠵᠤ᠂ ᠲᠤᠬᠠᠶ᠎ᠶ᠋ᠢᠨ ᠦᠶ᠎ᠡ᠎ᠳᠦ ᠴᠠᠬᠠᠷ ᠪᠠᠷᠠᠭᠤᠨ ᠭᠠᠷᠤᠨ ᠳᠤᠮᠳᠠᠳᠤ ᠬᠣᠱᠢᠭᠤ᠂ ᠬᠤᠸᠠᠳᠧ ᠱᠢᠶᠠᠨ ᠵᠡᠷᠭᠡ ᠬᠤᠷ᠎ᠠ ᠲᠣᠨᠣᠳᠠᠰᠤ ᠪᠠᠭ᠎ᠠ᠂ ᠨᠡᠯᠢᠶᠡᠳ ᠭᠠᠩ ᠬᠠᠭᠤᠷᠠᠶ ᠬᠣᠱᠢᠭᠤ ᠱᠢᠶᠠᠨ᠎ᠳᠤ ᠭᠤᠤᠯᠳᠠᠭᠤ ᠬᠠᠷᠭᠠᠨ᠎ᠠ ᠳᠠᠷᠢᠵᠤ ᠂ ᠣᠳᠤ ᠨᠢᠭᠡᠨᠲᠡ 300 ᠺᠢᠯᠣᠮᠧᠲ᠋ᠷ ᠣᠷᠳᠣ᠂ 50 ᠺᠢᠯᠣᠮᠧᠲ᠋ᠷ ᠥᠷᠭᠡᠨ ᠡᠯᠡᠰᠦ᠎ᠶ᠋ᠢ ᠰᠡᠷᠭᠡᠢᠯᠡᠬᠦ᠌ ᠣᠶ᠎ᠶ᠋ᠢᠨ ᠪᠦᠰᠡ ᠪᠤᠯᠪᠠ᠃ ᠢᠢᠨ ᠬᠦ᠌ ᠤᠤᠯ᠎ᠤᠨ ᠰᠠᠯᠬᠢ ᠰᠠᠯᠬᠢᠯᠠᠮᠠᠭ᠍ᠴᠠ ᠬᠡᠳᠦᠨ ᠰᠠᠷ᠎ᠠ ᠦᠷᠭᠦᠯᠵᠢᠯᠡᠬᠦ ᠦᠵᠡᠭ᠌ᠳᠡᠯ ᠬᠠᠷᠠᠭ᠍ᠳᠠᠬᠤ ᠦᠭᠡᠢ ᠪᠤᠯᠵᠤ᠂ ᠠᠮᠢ ᠠᠬᠤᠢ᠎ᠶ᠋ᠢᠨ ᠣᠷᠴᠢᠨ ᠨᠥᠬᠥᠴᠡᠯ ᠢᠯᠡᠳᠲᠡ ᠰᠠᠢᠵᠢᠷᠠᠪᠠ》ᠬᠡᠵᠤ ᠲᠠᠨᠢᠯᠴᠠᠭᠤᠯᠤᠨ᠎ᠠ᠃

ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠡᠴᠠ ᠨᠠᠭᠠᠰᠢ ᠤᠯᠠᠭᠠᠨᠴᠠᠪ ᠬᠣᠲᠠ ᠪᠡᠭᠡᠵᠢᠩ ᠲᠢᠶᠠᠨᠵᠢᠨ᠎ᠤ ᠡᠷᠬᠢᠨ ᠲᠣᠭᠣᠷᠢᠨ᠎ᠤ ᠰᠠᠯᠬᠢ ᠡᠯᠡᠰᠦᠨ᠎ᠦ ᠡᠬᠢ᠎ᠶ᠋ᠢ ᠵᠠᠰᠠᠬᠤ᠂ ᠪᠠᠢᠭᠠᠯᠢᠯᠢᠭ ᠣᠶ᠎ᠶ᠋ᠢ ᠬᠠᠮᠠᠭᠠᠯᠠᠬᠤ᠂ ᠲᠠᠷᠢᠶᠠᠯᠠᠬᠤ᠎ᠶ᠋ᠢ ᠵᠣᠭ᠍ᠰᠣᠭᠠᠵᠤ ᠣᠶ ᠱᠢᠭᠤᠶ᠎ᠶ᠋ᠢ ᠰᠡᠷᠭᠦᠭᠡᠬᠦ᠌᠂ ᠣᠶ ᠱᠢᠭᠤᠶ᠎ᠶ᠋ᠢ ᠠᠷᠠᠴᠢᠯᠠᠨ ᠪᠣᠢᠵᠢᠭᠤᠯᠬᠤ᠂ ᠣᠢᠵᠢᠭᠤᠯᠬᠤ ᠨᠥᠬᠥᠪᠥᠷᠢ ᠪᠠ ᠣᠷᠣᠨ ᠨᠤᠲᠤᠭ᠎ᠤᠨ ᠭᠤᠤᠯᠳᠠᠯᠭ᠎ᠠ᠎ᠲᠠᠶ ᠣᠷᠣᠨ ᠪᠦᠰᠡ᠎ᠶ᠋ᠢᠨ ᠨᠣᠭᠣᠭᠠᠷᠠᠭᠤᠯᠤᠯᠲᠠ ᠵᠡᠷᠭᠡ ᠤᠯᠤᠰ ᠪᠠ ᠣᠷᠣᠨ ᠨᠤᠲᠤᠭ᠎ᠤᠨ ᠣᠶ ᠱᠢᠭᠤᠶ ᠡᠪᠡᠰᠦ ᠪᠡᠯᠴᠢᠭᠡᠷ᠎ᠦᠨ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠢᠨᠵᠧᠨᠧᠷᠢᠩ᠎ᠢ ᠬᠡᠷᠡᠭ᠌ᠵᠢᠭᠦᠯᠵᠦ᠍᠂ ᠡᠯ᠎ᠡ ᠲᠥᠷᠥᠯ᠎ᠦᠨ ᠪᠠᠯᠠ ᠮᠥᠩᠭᠥ᠎ᠶ᠋ᠢ ᠨᠡᠢᠲᠡ 252.3 ᠳ᠋ᠦᠩᠱᠢᠭᠤᠷ ᠲᠥᠭᠥᠷᠢᠭ ᠭᠤᠶᠤᠴᠢᠯᠡᠨ ᠣᠯᠵᠤ᠂ ᠣᠶ ᠱᠢᠭᠤᠶ ᠡᠪᠡᠰᠦ ᠪᠡᠯᠴᠢᠭᠡᠷ᠎ᠦᠨ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ ᠪᠠ ᠬᠠᠮᠠᠭᠠᠯᠠᠯᠲᠠ᠎ᠶ᠋ᠢᠨ ᠡᠭᠦᠷᠭᠡ᠎ᠶ᠋ᠢ 1259.01ᠲᠦᠮᠡᠨ ᠮᠥ᠍ ᠪᠡᠶᠡᠯᠡᠭᠦᠯᠪᠡ᠃

ᠣᠢ ᠰᠢᠭᠤᠢ ᠎ᠶ᠋ᠢᠨ ᠳᠠᠷᠤᠭ᠎ᠠ᠎ᠶ᠋ᠢᠨ ᠳᠦᠷᠢᠮ᠎ᠢ ᠭᠡᠷᠡᠭᠵᠢᠬᠥᠯᠵᠤ ᠣᠢ ᠰᠢᠭᠤᠢ ᠵᠢᠨ ᠤᠷᠲᠤ ᠬᠤᠭᠤᠴᠠᠭᠠᠨ ᠤ᠋ ᠵᠠᠰᠠᠯᠲᠠ ᠶ᠋ᠢ ᠪᠡᠶᠡᠯᠡᠭᠦᠯᠵᠠᠢ

ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠦᠯᠦᠭᠡᠢ ᠠᠭᠤᠯᠠ ᠱᠢᠶᠠᠩ 2022 ᠣᠨ᠎ᠳᠤ 《ᠥᠪᠡᠷᠲᠡᠭᠡᠨ ᠵᠠᠰᠠᠬᠤ ᠣᠷᠣᠨ᠎ᠤ ᠣᠶ ᠱᠢᠭᠤᠶ ᠵᠢᠨ ᠱᠢᠶᠠᠩ ᠪᠠᠯᠭᠠᠰᠤ》ᠶ᠋ᠢᠨ ᠢᠷᠠᠭᠤ ᠠᠯᠳᠠᠷ᠎ᠤᠨ ᠴᠣᠯᠠ᠎ᠶ᠋ᠢ ᠭᠥᠷᠳᠡᠪᠡ᠃ ᠡᠨᠡ ᠢᠷᠠᠭᠤ ᠠᠯᠳᠠᠷ᠎ᠢ ᠣᠯᠤᠭᠰᠠᠨ ᠨᠢ ᠡᠨᠳᠡᠬᠢ ᠣᠢ᠎ᠶ᠋ᠢᠨ ᠳᠠᠷᠤᠭ᠎ᠠ᠎ᠶ᠋ᠢᠨ ᠳᠦᠷᠢᠮ ᠢ᠋ ᠰᠠᠢᠳᠤᠷ ᠬᠡᠷᠡᠭ᠌ᠵᠢᠭᠦᠯᠦᠭᠰᠡᠨ ᠤ᠋ ᠠᠴᠢ ᠪᠢᠯᠡ᠃

ᠦᠯᠦᠭᠡᠢ ᠠᠭᠤᠯᠠ ᠱᠢᠶᠠᠩ᠎ᠤᠨ ᠣᠶ᠎ᠶ᠋ᠢᠨ ᠳᠠᠷᠤᠭ᠎ᠠ᠎ᠶ᠋ᠢᠨ ᠲᠦᠷᠢᠮ᠎ᠦᠨ ᠠᠯᠪᠠᠨ ᠬᠡᠷ᠎ᠦᠨ ᠳᠡᠳ᠋ ᠡᠷᠬᠢᠯᠡᠭ᠌ᠴᠢ ᠾᠧ ᠷᠦᠢ ᠵᠢᠶᠦ᠋ᠨ᠄《ᠳᠡᠭᠡᠷ᠎ᠡ ᠵᠠᠭᠤᠨ᠎ᠤ ᠶᠡᠷᠡᠭᠡᠳ ᠣᠨ᠎ᠳᠤ ᠮᠠᠨ ᠤ᠋ ᠡᠨᠳᠡᠬᠢ ᠬᠦᠮᠦᠰ ᠴᠦᠮ ᠠᠷᠤ ᠴᠣᠩᠬᠣ᠎ᠪᠠᠨ ᠨᠡᠭᠡᠭᠡᠳᠡᠭ ᠦᠭᠡᠢ ᠭᠡᠷ ᠪᠡᠢᠰᠢᠡᠭ ᠪᠠᠷᠢᠳᠠᠬ᠂ ᠲᠡᠷᠡ ᠦᠶ᠎ᠠ ᠳ᠋ᠤ ᠰᠠᠯᠬᠢ ᠡᠯᠡᠰᠦ ᠶᠡᠬᠡ ᠲᠤᠯᠠ ᠬᠡᠳᠦᠨ ᠡᠳᠦᠷ ᠪᠤᠯᠤᠮᠠᠭᠴᠠ ᠭᠡᠷ ᠤ᠋ᠨ ᠠᠷᠤ ᠵᠢᠨ ᠡᠯᠡᠰᠦ ᠭᠡᠷ᠎ᠦᠨ ᠣᠷᠣᠢ ᠲᠤᠯᠳᠠᠯ᠎ᠠ ᠣᠪᠣᠭᠠᠷᠠᠳᠠᠭ᠃〈 ᠤᠮᠠᠷᠠᠲᠤ ᠵᠢᠨ ᠭᠤᠷᠪᠠᠨ ᠤᠷᠤᠨ〉 ᠤ᠋ ᠬᠠᠯᠬᠠᠪᠴᠢ ᠣᠶ᠎ᠶ᠋ᠢᠨ ᠪᠥᠲᠥᠭᠡᠨ ᠪᠠᠢᠭᠤᠯᠤᠯᠲᠠ᠂ ᠡᠯᠡᠰᠦᠨ᠎ᠦ ᠡᠬᠢ᠎ᠶ᠋ᠢ ᠵᠠᠰᠠᠬᠤ᠂ ᠲᠠᠷᠢᠶᠠᠯᠠᠬᠤ᠎ᠶ᠋ᠢ ᠵᠣᠭ᠍ᠰᠣᠭᠠᠵᠤ ᠣᠶ ᠱᠢᠭᠤᠶ᠎ᠶ᠋ᠢ ᠰᠡᠷᠭᠦᠭᠡᠬᠦ᠌ ᠵᠡᠷᠭᠡ ᠢᠨᠵᠧᠨᠧᠷᠢᠩ᠎ᠢ ᠬᠡᠷᠡᠭ᠌ᠵᠢᠭᠦᠯᠬᠦ᠌᠎ᠪᠡᠷ ᠳᠠᠮᠵᠢᠭᠠᠳ ᠰᠠᠶᠢ ᠥᠨᠥᠳᠦᠷ᠎ᠦᠨ ᠬᠡᠮᠵᠢᠶᠡᠨ᠎ᠳᠦ ᠬᠦᠷᠴᠦ᠍ ᠴᠢᠳᠠᠵᠠᠢ᠃ ᠨᠢᠳᠤᠨᠤᠨ ᠮᠠᠨ᠎ᠤ ᠱᠢᠶᠠᠩ ᠥᠪᠡᠷᠲᠡᠭᠡᠨ ᠵᠠᠰᠠᠬᠤ ᠣᠷᠣᠨ᠎ᠤ ᠣᠢ ᠱᠢᠭᠤᠢ ᠵᠢᠨ ᠱᠢᠶᠠᠩ ᠪᠠᠯᠭᠠᠰᠤ᠎ᠪᠠᠷ ᠦᠨᠡᠯᠡᠭ᠌ᠳᠡᠬᠦ ᠳ᠋ᠤ〈ᠣᠢ᠎ᠶ᠋ᠢᠨ ᠳᠠᠷᠤᠭ᠎ᠠ᠎ᠶ᠋ᠢᠨ ᠳᠦᠷᠢᠮ〉ᠨᠢ ᠶᠡᠬᠡ ᠭᠠᠪᠢᠶ᠎ᠠ ᠪᠠᠢᠭᠤᠯᠵᠠᠢ》 ᠬᠡᠵᠤ ᠶᠠᠷᠢᠨ᠎ᠠ᠃

ᠣᠳᠣᠬᠠᠨ᠎ᠳᠤ ᠲᠤᠰ ᠱᠢᠶᠠᠩ᠎ᠳᠤ 4800 ᠾᠧᠺᠲ᠋ᠠᠷ ᠲᠠᠷᠢᠶᠠᠨ ᠭᠠᠵᠠᠷ᠂ 7356.85 ᠾᠧᠺᠲ᠋ᠠᠷ ᠣᠢᠲᠤ ᠭᠠᠵᠠᠷ᠂ 7672.011 ᠾᠧᠺᠲ᠋ᠠᠷ ᠪᠡᠯᠴᠢᠭᠡᠷ᠎ᠲᠡᠶ᠂ ᠪᠦᠬᠦ᠌ ᠱᠢᠶᠠᠩ᠎ᠤᠨ ᠤᠢ ᠱᠢᠭᠤᠢ᠎ᠶ᠋ᠢᠨ ᠪᠦᠷᠬᠦᠴᠡ 30 % ᠎ᠳ᠋ᠤ᠌ ᠬᠦᠷᠴᠦ᠍᠂ ᠪᠦᠬᠦ᠌ ᠬᠣᠱᠢᠭᠤᠨ᠎ᠳᠤ  ᠪᠠᠨ ᠲᠡᠷᠢᠭᠦᠨ ᠳ᠋ᠤ ᠤᠷᠤᠵᠠᠢ᠃

ᠣᠶ ᠱᠢᠭᠤᠶ᠎ᠶ᠋ᠢᠨ ᠳᠠᠷᠤᠭ᠎ᠠ᠎ᠶ᠋ᠢᠨ ᠲᠦᠷᠢᠮ᠎ᠦᠨ ᠠᠵᠢᠯ᠎ᠢ ᠡᠬᠢᠯᠡᠭᠦᠯᠦᠭ᠌ᠰᠡᠨ᠎ᠡᠴᠡ ᠨᠠᠭᠠᠰᠢ᠂ 《 ᠬᠣᠲᠠ ᠡᠴᠡ ᠵᠣᠬᠢᠶᠠᠨ ᠪᠠᠢᠭᠤᠯᠤᠨ᠂ ᠱᠢᠶᠠᠨ ᠬᠠᠷᠢᠭᠤᠴᠠᠯᠭ᠎ᠠ ᠡᠭᠦᠷᠭᠡᠯᠡᠡ ᠂ ᠱᠢᠶᠠᠩ ᠠᠵᠢᠯᠯᠠᠭᠤᠯᠵᠤ᠂ ᠲᠣᠰᠭᠣᠨ ᠬᠠᠮᠢᠶᠠᠷᠬᠤ》 ᠱᠠᠭᠠᠷᠳᠠᠯᠭ᠎ᠠ ᠶᠣᠰᠣᠭᠠᠷ ᠂ ᠤᠯᠠᠭᠠᠨᠴᠠᠪ ᠬᠣᠲᠠ᠎ᠶ᠋ᠢᠨ ᠣᠢ ᠰᠢᠭᠤᠢ᠎ᠶ᠋ᠢᠨ ᠳᠠᠷᠤᠭ᠎ᠠ᠎ᠶ᠋ᠢᠨ ᠲᠦᠷᠢᠮ᠎ᠢ ᠪᠠᠢᠭᠤᠯᠤᠨ ᠲᠡᠭᠦᠯᠳᠡᠷᠵᠢᠭᠦᠯᠵᠦ᠍᠂ ᠬᠣᠲᠠ᠂ ᠱᠢᠶᠠᠨ᠂ ᠱᠢᠶᠠᠩ᠂ ᠲᠣᠰᠭᠣᠨ ᠳᠥᠷᠪᠡᠨ ᠱᠠᠲᠤᠨ᠎ᠤ ᠬᠠᠮᠢᠶᠠᠷᠤᠯᠲᠠ᠎ᠶ᠋ᠢᠨ ᠪᠠᠢᠭᠤᠯᠤᠮᠵᠢ᠎ᠵᠢ ᠪᠠᠢᠭᠤᠯᠵᠤ᠂ ᠬᠣᠲᠠ᠎ᠶ᠋ᠢᠨ ᠱᠢᠭᠤᠳ ᠬᠠᠷᠢᠶ᠎ᠠ 19 ᠰᠠᠯᠠᠭ᠎ᠠ ᠮᠥᠴᠢᠷ᠎ᠢ ᠬᠥᠨᠳᠡᠯᠡᠨ᠎ᠢᠶᠡᠷ ᠨᠡᠪᠲᠡᠷᠡᠭᠦᠯᠵᠤ᠂ 11 ᠬᠣᠱᠢᠭᠤ ᠱᠢᠶᠠᠨ ᠬᠣᠲᠠ ᠲᠣᠭᠣᠷᠢᠭ᠂ 140 ᠰᠤᠮᠤ ᠱᠢᠶᠠᠩ ᠪᠠᠯᠭᠠᠰᠤ᠂ 1429 ᠭᠠᠴᠠᠭ᠎ᠠ ᠲᠣᠰᠭᠣᠨ᠎ᠤ ᠠᠵᠢᠯ᠎ᠤᠨ ᠬᠠᠮᠲᠤᠷᠠᠯ ᠬᠦᠴᠦᠨ᠎ᠢ ᠭᠤᠯᠳᠤ᠎ᠪᠠᠷ ᠨᠢᠭ᠍ᠲᠠᠷᠠᠭᠤᠯᠵᠤ᠂ ᠡᠯ᠎ᠡ ᠱᠠᠲᠤᠨ᠎ᠤ ᠣᠢ ᠰᠢᠭᠤᠢ᠎ᠶ᠋ᠢᠨ ᠳᠠᠷᠤᠭ᠎ᠠ ᠪᠣᠯᠤᠨ ᠡᠯ᠎ᠡ ᠣᠢ ᠰᠢᠭᠤᠢ᠎ᠶ᠋ᠢᠨ ᠳᠠᠷᠤᠭ᠎ᠠ᠎ᠶ᠋ᠢᠨ ᠲᠦᠷᠢᠮ᠎ᠦᠨ ᠬᠠᠮᠵᠢᠯᠴᠠᠬᠤ ᠨᠢᠭᠡᠴᠢ᠎ᠶ᠋ᠢᠨ ᠠᠵᠢᠯ᠎ᠤᠨ ᠡᠭᠦᠷᠭᠡ ᠬᠠᠷᠢᠭᠤᠴᠠᠯᠭ᠎ᠠ᠎ᠶ᠋ᠢ ᠤᠯᠠᠮ ᠨᠢᠭᠡ ᠠᠯᠬᠤᠮ ᠲᠣᠳᠣᠷᠬᠠᠶ ᠪᠣᠯᠭᠠᠵᠠᠶ; ᠪᠦᠬᠦ᠌ ᠬᠣᠲᠠ᠎ᠳᠤ ᠡᠯ᠎ᠡ ᠱᠠᠲᠤᠨ᠎ᠤ ᠣᠢ ᠰᠢᠭᠤᠢ ᠎ᠶ᠋ᠢᠨ ᠳᠠᠷᠤᠭ᠎ᠠ᠂ ᠳᠡᠳ᠋ ᠳᠠᠷᠤᠭ᠎ᠠ 4794 ᠬᠥᠮᠤᠨ ᠲᠣᠬᠢᠷᠠᠭᠤᠯᠵᠤ᠂ 12514 ᠬᠥᠮᠤᠨ ᠣᠢ ᠱᠢᠭᠤᠢ︵ᠡᠪᠡᠰᠦ︶ᠬᠠᠮᠠᠭᠠᠯᠠᠭ᠍ᠴᠢ ᠲᠣᠬᠢᠷᠠᠭᠤᠯᠵᠠᠢ᠃

ᠲᠠᠯ᠎ᠠ ᠨᠤᠲᠤᠭ᠎ᠤᠨ ᠠᠮᠢ ᠠᠬᠤᠶ᠎ᠶ᠋ᠢᠨ ᠨᠥᠬᠥᠪᠥᠷᠢ ᠱᠠᠩᠨᠠᠯ ᠎ᠤᠨ ᠲᠥᠷᠥ᠎ᠶ᠋ᠢᠨ ᠪᠣᠳᠣᠯᠭ᠎ᠠ ᠨᠢ ᠲᠠᠯ᠎ᠠ ᠨᠤᠲᠤᠭ᠎ᠢ ᠠᠮᠠᠷᠠᠭᠠᠨ ᠰᠡᠷᠭᠦᠭᠡᠬᠦ᠌᠎ᠶ᠋ᠢ ᠠᠬᠢᠭᠤᠯᠪᠠ

《ᠭᠤᠷᠪᠠᠳᠤᠭᠠᠷ ᠡᠭᠡᠯᠵᠢ᠎ᠶ᠋ᠢᠨ ᠨᠤᠲᠤᠭ ᠪᠡᠯᠴᠢᠭᠡᠷ᠎ᠦᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠨᠥᠬᠥᠪᠥᠷᠢ ᠱᠠᠩᠨᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠦᠭ᠌ᠰᠡᠨ ᠤ᠋ ᠲᠠᠷᠠᠭ᠎ᠠ ᠨᠤᠲᠤᠭ ᠪᠡᠯᠴᠢᠭᠡᠷ᠎ᠦᠨ ᠮᠠᠯ ᠤ᠋ᠨ ᠲᠤᠭ᠎ᠠ ᠲᠤᠯᠤᠭᠠᠢ ᠵᠢ  ᠨᠡᠯᠢᠶᠡᠳ ᠪᠠᠭᠠᠰᠭᠠᠵᠤ ᠂ ᠮᠠᠯᠴᠢᠨ ᠲᠠᠷᠢᠶᠠᠴᠢᠨ᠎ᠤ ᠬᠠᠱᠢᠶᠠᠯᠠᠨ ᠮᠠᠯᠵᠢᠬᠤ ᠎ᠶ᠋ᠢ ᠵᠣᠷᠢᠭ᠍ᠵᠢᠭᠤᠯᠬᠤ᠂ ᠨᠤᠲᠤᠭ ᠪᠡᠯᠴᠢᠭᠡᠷ᠎ᠢ ᠠᠮᠠᠷᠠᠭᠠᠨ ᠰᠡᠷᠭᠦᠭᠡᠬᠦ᠌᠎ᠶ᠋ᠢ ᠠᠬᠢᠭᠤᠯᠬᠤ᠂ ᠨᠤᠲᠤᠭ ᠪᠡᠯᠴᠢᠭᠡᠷ᠎ᠦᠨ ᠠᠮᠢ ᠠᠬᠤᠶ᠎ᠶ᠋ᠢᠨ ᠲᠡᠩᠴᠡᠭᠦᠷᠢ᠎ᠶ᠋ᠢ ᠬᠠᠮᠠᠭᠠᠯᠠᠬᠤ᠂ ᠨᠤᠲᠤᠭ ᠪᠡᠯᠴᠢᠭᠡᠷ ᠢ᠋ ᠰᠠᠢᠵᠢᠷᠠᠭᠤᠯᠬᠤ ᠲᠠᠯ᠎ᠠ ᠪᠡᠷ ᠢᠳᠡᠪᠬᠢᠲᠡᠶ ᠦᠢᠯᠡᠳᠦᠯ ᠦᠵᠡᠭᠦᠯᠪᠡ︾ᠬᠡᠵᠤ ᠤᠯᠠᠭᠠᠨᠴᠠᠪ ᠬᠣᠲᠠ᠎ᠶ᠋ᠢᠨ ᠨᠤᠲᠤᠭ ᠪᠡᠯᠴᠢᠭᠡᠷ᠎ᠦᠨ ᠠᠵᠢᠯ᠎ᠤᠨ ᠥᠷᠲᠡᠭᠡ᠎ᠶ᠋ᠢᠨ ᠳᠠᠷᠤᠭ᠎ᠠ ᠵᠠᠩ ᠳ᠋ᠦᠩ ᠬᠣᠩ ᠶᠠᠷᠢᠨ᠎ᠠ᠃

ᠨᠤᠲᠤᠭ ᠪᠡᠯᠴᠢᠭᠡᠷ᠎ᠦᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠨᠥᠬᠥᠪᠥᠷᠢ ᠱᠠᠩᠨᠠᠯ᠎ᠤᠨ ᠲᠥᠷᠥ᠎ᠶ᠋ᠢᠨ ᠪᠣᠳᠣᠯᠭ᠎ᠠ᠎ᠶ᠋ᠢᠨ ᠲᠠᠯ᠎ᠠ᠎ᠪᠠᠷ ᠤᠯᠠᠭᠠᠨᠴᠠᠪ ᠬᠣᠲᠠ᠎ᠶ᠋ᠢᠨ ᠣᠶ ᠱᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ᠂ ᠡᠳ᠋᠎ᠦᠨ ᠵᠠᠰᠠᠭ᠎ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ᠎ᠶ᠋ᠢᠨ ᠲᠣᠪᠴᠢᠶ᠎ᠠ ᠬᠠᠮᠲᠤᠷᠠᠨ《ᠤᠯᠠᠭᠠᠨᠴᠠᠪ ᠬᠣᠲᠠ᠎ᠶ᠋ᠢᠨ ᠭᠤᠷᠪᠠᠳᠤᠭᠠᠷ ᠡᠭᠡᠯᠵᠢ᠎ᠶ᠋ᠢᠨ ᠨᠤᠲᠤᠭ ᠪᠡᠯᠴᠢᠭᠡᠷ᠎ᠦᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠨᠥᠬᠥᠪᠥᠷᠢ ᠱᠠᠩᠨᠠᠯ᠎ᠤᠨ ᠲᠥᠷᠥ᠎ᠶ᠋ᠢᠨ ᠪᠣᠳᠣᠯᠭ᠎ᠠ᠎ᠶ᠋ᠢᠨ ᠬᠡᠷᠡᠭ᠌ᠵᠢᠭᠦᠯᠬᠦ᠌ ᠲᠥᠰᠦᠯ ︵2021︱2025 ᠣᠨ︶》 ᠢ᠋ ᠲᠣᠭ᠍ᠲᠠᠭᠠᠪᠠ᠃ ᠤᠯᠠᠭᠠᠨᠴᠠᠪ ᠬᠣᠲᠠ᠎ᠶ᠋ᠢᠨ ᠲᠣᠭ᠍ᠲᠠᠭᠠᠭ᠍ᠰᠠᠨ ᠪᠡᠯᠴᠢᠭᠡᠷᠯᠡᠭᠦᠯᠬᠦ᠌᠎ᠶ᠋ᠢ ᠴᠠᠭᠠᠵᠠᠯᠠᠬᠤ ᠨᠥᠬᠥᠪᠥᠷᠢ ᠭᠥᠷᠳᠡᠬᠦ᠌ ᠲᠠᠯᠠᠪᠠᠶ 1451.52 ᠲᠦᠮᠡᠨ ᠮᠥ᠍᠂  ᠪᠡᠯᠴᠢᠭᠡᠷ ᠮᠠᠯ᠎ᠦᠨ ᠲᠡᠩᠴᠡᠭᠦᠷᠢ᠎ᠶ᠋ᠢ ᠪᠠᠲᠤᠯᠠᠬᠤ ᠱᠠᠩᠨᠠᠯ ᠭᠥᠷᠳᠡᠬᠦ᠌ ᠲᠠᠯᠠᠪᠠᠶ 1953.54 ᠲᠦᠮᠡᠨ ᠮᠥ᠍ ᠂ ᠨᠡᠢᠲᠡ 3405.06 ᠲᠦᠮᠡᠨ ᠮᠥ᠍ ᠪᠠᠢᠵᠤ᠂ ᠡᠨᠡ ᠨᠢ ᠪᠥᠬᠥ᠌ ᠬᠣᠲᠠ᠎ᠶ᠋ᠢᠨ 11 ᠬᠣᠱᠢᠭᠤ ᠱᠢᠶᠠᠨ ᠬᠣᠲᠠ ᠲᠣᠭᠣᠷᠢᠭ᠎ᠲᠤ ᠬᠣᠯᠪᠣᠭ᠍ᠳᠠᠵᠠᠶ᠃

ᠡᠭᠦᠨ᠎ᠡᠴᠡ ᠭᠠᠳᠠᠨ᠎ᠠ᠂ ᠤᠯᠠᠭᠠᠨᠴᠠᠪ ᠬᠣᠲᠠ᠎ᠶ᠋ᠢᠨ ᠣᠶ ᠱᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠨᠢ ᠣᠲᠣ᠎ᠶ᠋ᠢᠨ ᠪᠠᠢᠭ᠎ᠠ ᠣᠶ ᠱᠢᠭᠤᠶ ᠨᠤᠳᠤᠭ  ᠪᠡᠯᠴᠢᠭᠡᠷ᠎ᠢ ᠬᠠᠮᠠᠭᠠᠯᠠᠬᠤ ᠪᠠ ᠪᠠᠲᠤᠯᠠᠬᠤ ᠲᠠᠯ᠎ᠠ᠎ᠪᠠᠷ ᠦᠷᠭᠦᠯᠵᠢᠯᠡᠨ ᠬᠦᠴᠦᠯᠡᠵᠦ᠍᠂ ᠪᠥᠬᠥ᠌ ᠬᠣᠲᠠ᠎ᠶ᠋ᠢᠨ ᠣᠶ ᠱᠢᠭᠤᠶ ᠨᠤᠳᠤᠭ  ᠪᠡᠯᠴᠢᠭᠡᠷ ᠎ᠤᠨ  ᠲᠦᠶ᠋ᠮᠡᠷ᠎ᠦᠨ ᠭᠠᠮᠱᠢᠭ ᠭᠠᠷᠤᠭ᠍ᠰᠠᠨ ᠤᠳᠠᠭ᠎ᠠ᠂ ᠬᠥᠨᠥᠭᠡᠯ᠎ᠳᠦ ᠤᠴᠠᠷᠠᠭ᠍ᠰᠠᠨ ᠣᠶ ᠱᠢᠭᠤᠶ ᠨᠤᠳᠤᠭ  ᠪᠡᠯᠴᠢᠭᠡᠷ᠎ᠤᠨ  ᠲᠠᠯᠠᠪᠠᠶ ᠴᠥᠮ ᠪᠠᠭᠤᠷᠠᠬᠤ ᠬᠠᠨᠳᠤᠰᠢ᠎ᠲᠠᠶ ᠪᠣᠯᠪᠠ᠋; ᠣᠶ ᠱᠢᠭᠤᠶ ᠨᠤᠳᠤᠭ  ᠪᠡᠯᠴᠢᠭᠡᠷ ᠎ᠤᠨ ᠬᠤᠤᠷᠲᠤ ᠠᠮᠢᠳᠤ ᠪᠣᠳᠠᠰ᠎ᠢ ᠨᠡᠢᠲᠡ 2639.1 ᠲᠦᠮᠡᠨ ᠮᠥ᠍ ᠰᠡᠷᠭᠡᠢᠯᠡᠨ ᠵᠠᠰᠠᠵᠤ᠂ ᠠᠮᠧᠷᠢᠺᠠ᠎ᠶ᠋ᠢᠨ ᠴᠠᠭᠠᠨ ᠡᠷᠪᠡᠬᠡᠶ ᠵᠡᠷᠭᠡ ᠬᠦᠨᠳᠦ ᠶᠡᠬᠡ ᠣᠶ ᠱᠢᠭᠤᠶ᠎ᠶ᠋ᠢᠨ ᠬᠤᠤᠷᠲᠤ ᠠᠮᠢᠳᠤ ᠪᠣᠳᠠᠰ ᠤ᠋ᠨ ᠭᠠᠮᠰᠢᠭ ᠡᠭᠦᠰᠭᠦ ᠥᠬᠡᠶ ᠪᠠᠢᠬᠤ᠎ᠶ᠋ᠢ ᠪᠠᠲᠤᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号