ᠮᠠᠨ ᠤ᠋ ᠣᠷᠣᠨ ᠴᠠᠭᠠᠨ ᠰᠠᠷ᠎ᠠ ᠢ᠋ᠢᠨ ᠠᠮᠠᠷᠠᠯᠲᠠ ᠢ᠋ᠢᠨ ᠬᠤᠭᠤᠴᠠᠭᠠᠨ ᠳ᠋ᠤ 9440 ᠲᠦᠮᠡᠨ ᠲᠥᠭᠥᠷᠢᠭ ᠤ᠋ᠨ ᠵᠠᠮ ᠨᠡᠪᠲᠡᠷᠡᠯᠭᠡ ᠢ᠋ᠢᠨ ᠰᠦᠶ᠋ᠳᠭᠡᠯ ᠢ᠋ ᠬᠡᠯᠲᠦᠷᠢᠭᠦᠯᠪᠠ
2023-02-01 16:34:12
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

1 ᠰᠠᠷ᠎ᠠ ᠢ᠋ᠢᠨ 21 ᠤ᠋ ᠡᠳᠦᠷ ᠤ᠋ᠨ 0 ᠴᠠᠭ ᠡᠴᠡ 27 ᠤ᠋ ᠡᠳᠦᠷ ᠤ᠋ᠨ 24 ᠴᠠᠭ ᠪᠣᠯᠲᠠᠯ᠎ᠠ ᠂ ᠮᠠᠨ ᠤ᠋ ᠤᠷᠤᠨ ᠪᠥᠬᠥ᠌ ᠣᠷᠣᠨ ᠤ᠋ ᠬᠡᠪᠴᠢᠶᠠᠨ ᠳ᠋ᠡᠬᠢ ᠰᠦᠶ᠋ᠳᠭᠡᠯ ᠬᠤᠷᠢᠶᠠᠬᠤ ᠵᠠᠰᠠᠮᠠᠯ ᠵᠠᠮ ᠢ᠋ᠢᠡᠷ 366 ᠲᠦᠮᠡᠨ ᠪᠠᠭ᠎ᠠ ᠬᠡᠯᠪᠡᠷᠢ ᠢ᠋ᠢᠨ ᠮᠠᠱᠢᠨ ᠲᠡᠷᠭᠡ ᠢ᠋ᠢ ᠰᠦᠢᠳᠬᠡᠯ ᠬᠤᠷᠢᠶᠠᠬᠤ ᠦᠭᠡᠢ ᠪᠡᠷ ᠦᠡᠭᠭᠡᠷᠡᠭᠦᠯᠵᠤ ᠂᠎ᠨᠡᠢᠲᠡ 9440 ᠲᠦᠮᠡᠨ ᠲᠥᠭᠥᠷᠢᠭ ᠤ᠋ᠨ ᠵᠠᠮ ᠨᠡᠪᠲᠡᠷᠡᠯᠭᠡ ᠢ᠋ᠢᠨ ᠰᠦᠶ᠋ᠳᠭᠡᠯ ᠢ᠋ ᠬᠡᠯᠲᠦᠷᠢᠭᠦᠯᠪᠠ ᠃ ᠡᠭᠦᠨ ᠳ᠋ᠤ ᠂ ᠲᠦᠷᠭᠡᠨ ᠤ᠋ ᠵᠠᠰᠠᠮᠠᠯ ᠵᠠᠮ ᠢ᠋ᠢᠡᠷ 207 ᠲᠦᠮᠡᠨ ᠪᠠᠭ᠎ᠠ ᠬᠡᠯᠪᠡᠷᠢ ᠢ᠋ᠢᠨ ᠮᠠᠱᠢᠨ ᠲᠡᠷᠭᠡ ᠢ᠋ᠢ ᠰᠦᠢᠳᠬᠡᠯ ᠬᠤᠷᠢᠶᠠᠬᠤ ᠦᠭᠡᠢ ᠪᠡᠷ ᠦᠡᠭᠭᠡᠷᠡᠭᠦᠯᠵᠤ ᠂ 7047 ᠲᠦᠮᠡᠨ ᠲᠥᠭᠥᠷᠢᠭ ᠤ᠋ᠨ ᠵᠠᠮ ᠨᠡᠪᠲᠡᠷᠡᠯᠭᠡ ᠢ᠋ᠢᠨ ᠰᠦᠢᠳᠬᠡᠯ ᠢ᠋ ᠬᠡᠯᠲᠦᠷᠢᠭᠦᠯᠪᠠ; ᠡᠩ ᠤ᠋ᠨ ᠵᠠᠰᠠᠮᠠᠯ ᠵᠠᠮ ᠢ᠋ᠢᠡᠷ 159 ᠲᠦᠮᠡᠨ ᠪᠠᠭ᠎ᠠ ᠬᠡᠯᠪᠡᠷᠢ ᠢ᠋ᠢᠨ ᠮᠠᠱᠢᠨ᠎ᠲᠡᠷᠭᠡ ᠢ᠋ᠢ ᠰᠦᠢᠳᠬᠡᠯ ᠬᠤᠷᠢᠶᠠᠬᠤ ᠦᠭᠡᠢ ᠪᠡᠷ ᠦᠡᠭᠭᠡᠷᠡᠭᠦᠯᠵᠤ ᠂ 2393 ᠲᠦᠮᠡᠨ ᠲᠥᠭᠥᠷᠢᠭ ᠤ᠋ᠨ ᠵᠠᠮ ᠨᠡᠪᠲᠡᠷᠡᠯᠭᠡ ᠢ᠋ᠢᠨ ᠰᠦᠢᠳᠬᠡᠯ ᠢ᠋ ᠬᠡᠯᠲᠦᠷᠢᠭᠦᠯᠵᠡᠢ ᠃

ᠴᠠᠭᠠᠨ ᠰᠠᠷ᠎ᠠ ᠢ᠋ᠢᠨ ᠠᠮᠠᠷᠠᠯᠲᠠ ᠢ᠋ᠢᠨ ᠬᠤᠭᠤᠴᠠᠭᠠᠨ ᠳ᠋ᠤ ᠂ ᠥᠪᠡᠷᠲᠡᠭᠡᠨ ᠵᠠᠰᠠᠬᠤ ᠣᠷᠣᠨ ᠤ᠋ ᠬᠠᠮᠢᠶ᠎ᠠ ᠪᠦᠬᠦᠢ ᠰᠠᠯᠠᠭ᠎ᠠ ᠮᠦᠴᠢᠷ ᠤ᠋ᠨ ᠬᠢᠨ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠶᠡᠷᠦᠩᠬᠡᠢᠯᠡᠭ᠌ᠰᠡᠨ ᠵᠠᠰᠠᠭ ᠵᠠᠬᠢᠷᠭᠠᠨ ᠤ᠋ ᠬᠠᠤᠯᠢ ᠬᠡᠷᠡᠭ᠌ᠵᠢᠭᠦᠯᠬᠦ᠌ ᠠᠵᠢᠯ ᠢ᠋ ᠰᠠᠢᠲᠤᠷ ᠬᠢᠭ᠌ᠰᠡᠨ ᠰᠠᠭᠤᠷᠢᠨ ᠳᠡᠭᠡᠷ᠎ᠡ ᠵᠠᠮ ᠬᠠᠷᠢᠯᠴᠠᠭᠠᠨ ᠤ᠋ ᠴᠠᠭ᠍ᠳᠠᠭ᠎ᠠ ᠂ ᠰᠦᠶ᠋ᠳᠭᠡᠯ ᠬᠤᠷᠢᠶᠠᠬᠤ ᠥᠷᠲᠡᠭᠡ ᠵᠢᠴᠢ ᠠᠷᠠᠴᠢᠯᠠᠨ ᠬᠠᠮᠠᠭᠠᠯᠠᠬᠤ ᠵᠡᠷᠭᠡ ᠰᠠᠯᠠᠭ᠎ᠠ ᠮᠥᠴᠢᠷ ᠯᠤᠭᠡ ᠢ᠋ᠢᠨ ᠬᠠᠮᠲᠤᠷᠠᠯᠴᠠᠭ᠎ᠠ ᠪᠡᠨ ᠴᠢᠩᠭᠠᠳᠭᠠᠵᠤ ᠂ ᠵᠠᠮ ᠬᠠᠷᠢᠯᠴᠠᠭᠠᠨ ᠤ᠋ ᠠᠳᠠᠯ ᠤ᠋ᠨ ᠠᠪᠤᠷᠠᠨ ᠲᠤᠰᠠᠯᠠᠬᠤ ᠂ ᠵᠠᠮ ᠤ᠋ᠨ ᠲᠦᠭ᠌ᠵᠢᠷᠡᠯ ᠢ᠋ ᠰᠢᠯᠤᠭᠤᠳᠬᠠᠬᠤ ᠵᠡᠷᠭᠡ ᠠᠵᠢᠯ ᠢ᠋ ᠰᠠᠢᠲᠤᠷ ᠬᠢᠵᠦ᠍ ᠂ ᠠᠷᠠᠳ ᠣᠯᠠᠨ ᠤ᠋ ᠶᠠᠪᠤᠵᠤ ᠰᠠᠭᠤᠬᠤ ᠠᠮᠤᠷ ᠲᠦᠪᠱᠢᠨ ᠢ᠋ ᠦᠨᠡᠨ ᠬᠦ᠌ ᠪᠠᠲᠤᠯᠠᠪᠠ ᠃ ᠡᠭᠦᠨ ᠤ᠋ ᠬᠠᠮᠲᠤ ᠪᠠᠴᠢᠮ ᠪᠠᠢᠳᠠᠯ ᠢ᠋ ᠠᠷᠭᠠᠴᠠᠭᠠᠬᠤ ᠵᠢᠵᠢᠭᠦᠷᠯᠡᠨ ᠰᠠᠬᠢᠬᠤ ᠠᠵᠢᠯ ᠢ᠋ ᠴᠢᠩᠭᠠᠳᠭᠠᠵᠤ ᠂ ᠭᠡᠨᠡᠳᠲᠡ ᠢ᠋ᠢᠨ ᠬᠡᠷᠡᠭ ᠢ᠋ ᠴᠠᠭ ᠲᠤᠬᠠᠶ ᠳ᠋ᠤᠨᠢ ᠲᠣᠬᠢᠲᠠᠶ ᠱᠢᠶ᠋ᠳᠪᠦᠷᠢᠯᠡᠬᠦ᠌ ᠂ ᠮᠡᠳᠡᠭᠡ ᠵᠠᠩᠭᠢ ᠶ᠋ᠢ ᠴᠠᠭ ᠳᠠᠷᠤᠢ ᠳ᠋ᠤᠨᠢ ᠰᠠᠭᠠᠳ ᠦᠭᠡᠢ ᠳᠡᠭᠡᠭ᠌ᠰᠢ ᠳᠠᠮᠵᠢᠭᠤᠯᠵᠤ ᠳᠤᠷᠤᠭᠰᠢ ᠪᠠᠭᠤᠯᠭᠠᠬᠤ ᠢ᠋ᠢ ᠦᠨᠡᠨ ᠬᠦ᠌ ᠪᠠᠲᠤᠯᠠᠵᠠᠢ ᠃ ᠪᠠᠰᠠ《12122》ᠦᠶ᠋ᠯᠡᠴᠢᠯᠡᠭᠡᠨ ᠤ᠋ ᠬᠠᠯᠠᠮᠱᠢᠯ ᠤᠲᠠᠰᠤ ᠪᠤᠯᠤᠨ ᠵᠢᠷᠭᠢᠶ᠎ᠠ ᠢ᠋ᠢᠨ ᠠᠶᠠᠨᠴᠢᠳ ᠤ᠋ᠨ ᠦᠶ᠋ᠯᠡᠴᠢᠯᠡᠭᠡᠨ ᠤ᠋ ᠲᠠᠪᠴᠠᠩ ᠢ᠋ᠢᠡᠷ ᠣᠯᠠᠨ ᠲᠦᠮᠡᠨ ᠳ᠋ᠤ ᠵᠠᠮ ᠤ᠋ᠨ ᠪᠠᠢᠳᠠᠯ ᠤ᠋ᠨ ᠯᠠᠪᠯᠠᠭ᠎ᠠ ᠬᠠᠩᠭᠠᠬᠤ ᠵᠡᠷᠭᠡ ᠳᠥᠭᠥᠮ ᠳᠥᠲᠡ ᠦᠶ᠋ᠯᠡᠴᠢᠯᠡᠭᠡ ᠢ᠋ᠢ 24 ᠴᠠᠭ ᠢ᠋ᠢᠡᠷ ᠬᠠᠡᠭᠭᠠᠭᠰᠠᠨ ᠪᠠᠢᠨ᠎ᠠ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号