ᠴᠠᠭᠠᠨ ᠰᠠᠷ᠎ᠠ᠎ᠳᠤ ᠬᠠᠪᠤᠷ᠎ᠤᠨ ᠴᠢᠬᠢ ᠰᠢᠯᠵᠢᠭᠦᠯᠦᠭᠡᠳ ᠶᠠᠭᠠᠷᠠᠤ
2023-02-01 16:40:29
ᠵᠣᠬᠢᠶᠠᠭ᠍ᠴᠢ᠄
ᠲᠡᠭᠦᠰᠪᠢᠯᠢᠭ
ᠣᠩᠱᠢᠭ᠍ᠰᠠᠨ ᠣᠳᠠᠭ᠎ᠠ᠄
★★★☆☆

ᠴᠠᠭᠠᠨ ᠰᠠᠷ᠎ᠠ᠎ᠶᠢᠨ ᠪᠠᠶᠠᠷ᠎ᠤᠨ ᠲᠠᠰᠢᠷᠠᠮ ᠵᠢᠡᠷ ᠰᠤᠷᠪᠤᠯᠵᠢᠯᠠᠭᠴᠢ ᠦᠶᠤᠸᠠᠨ ᠰᠢᠶᠠᠨ᠎ᠤ ᠱᠧᠩ ᠹᠸᠩ ᠪᠠᠯᠭᠠᠰᠤᠨ᠎ᠤ ᠰᠢᠨ ᠹᠸᠩ ᠲᠣᠰᠬᠣᠨ᠎ᠳᠤ ᠬᠦᠷᠬᠦ᠎ᠳᠦ᠂ ᠪᠤᠯᠤᠳ ᠵᠢᠶᠠᠰᠠ᠎ᠲᠠᠶ ᠲᠤᠯᠠᠭᠠᠨ ᠬᠦᠯᠡᠮᠵᠢ᠎ᠨᠦᠬᠦᠳ ᠲᠡᠷᠢ ᠲᠡᠭᠰᠢ ᠵᠢᠭᠰᠠᠵᠤ᠂ ᠬᠦᠯᠡᠮᠵᠢ ᠳᠣᠲᠣᠷ᠎ᠠ ᠰᠢᠨ᠎ᠡ᠎ᠰᠢᠯᠵᠢᠭᠦᠯᠦᠭᠰᠡᠨ《ᠳ᠋ᠧᠩᠯᠦ ᠤᠯᠠᠭᠠᠨ》 ᠠᠮᠲᠠᠲᠤ ᠬᠡᠮᠬᠡ᠎ᠶᠢᠨ ᠴᠢᠬᠢ ᠤᠷᠭᠤᠴᠠ ᠰᠠᠢᠲᠠᠢ ᠪᠠᠢᠯ᠎ᠠ᠃ 《ᠡᠨᠡ ᠪᠣᠯ ᠡᠨᠡ ᠵᠢᠯ᠎ᠦᠨ ᠨᠢᠭᠡᠳᠦᠭᠡᠷ ᠡᠭᠡᠯᠵᠢ ᠵᠢᠨ 〈ᠳ᠋ᠧᠩᠯᠦ ᠤᠯᠠᠭᠠᠨ〉 ᠠᠮᠲᠠᠲᠤ ᠬᠡᠮᠬᠡ ᠪᠣᠯᠤᠨ᠎ᠠ᠂ ᠮᠥᠨ᠎ᠴᠦ ᠮᠠᠨ᠎ᠤ ᠬᠡᠷ᠎ᠦᠨ ᠰᠢᠨ᠎ᠡ ᠨᠢᠭᠡ ᠵᠢᠯ᠎ᠦᠨ ᠠᠵᠢᠯ ᠬᠥᠳᠡᠯᠮᠦᠷᠢ ᠡᠬᠢᠯᠡᠭᠰᠡᠨ᠎ᠢ ᠬᠠᠷᠠᠭᠤᠯᠵᠤ ᠪᠠᠢᠨ᠎ᠠ》 ᠬᠡᠮᠡᠨ ᠰᠢᠨ ᠹᠸᠩ ᠲᠣᠰᠬᠣᠨ᠎ᠤ 《ᠳ᠋ᠧᠩᠯᠦ ᠤᠯᠠᠭᠠᠨ》 ᠠᠮᠲᠠᠲᠤ ᠬᠡᠮᠬᠡ᠎ᠶᠢᠨ ᠲᠠᠷᠢᠮᠠᠯ᠎ᠤᠨ ᠲᠤᠮᠤ ᠡᠷᠦᠭᠡ ᠵᠠᠩ ᠮᠧᠢ ᠵᠧᠨ ᠬᠡᠮᠬᠡ᠎ᠶᠢᠨ ᠴᠢᠬᠢ ᠰᠠᠭᠤᠯᠭᠠᠬᠤ᠎ᠶᠢᠨ ᠳᠠᠭᠠᠤ ᠶᠠᠷᠢᠵᠤ ᠪᠠᠢᠯ᠎ᠠ᠃ 


QQ截图20230201164553.png


ᠵᠠᠩ ᠮᠧᠶ ᠵᠧᠨ ᠨᠢᠭᠡᠨᠲᠡ ᠠᠷᠪᠠᠭᠠᠳ ᠵᠢᠯ 《ᠳ᠋ᠧᠩᠯᠦ ᠤᠯᠠᠭᠠᠨ》 ᠠᠮᠲᠠᠲᠤ ᠬᠡᠮᠬᠡ ᠲᠠᠷᠢᠵᠤ᠂ ᠰᠢᠨ ᠹᠧᠩ ᠲᠣᠰᠬᠣᠨ᠎ᠤ ᠨᠡᠷᠡᠲᠡᠢ ᠲᠠᠷᠢᠮᠠᠯ᠎ᠤᠨ ᠴᠢᠳᠠᠪᠤᠷᠢᠲᠠᠨ ᠪᠤᠯᠤᠨ᠎ᠠ᠃ ᠪᠤᠯᠪᠠᠰᠤᠷᠠᠬᠤ ᠴᠠᠭ ᠪᠣᠯᠤᠨ ᠤᠨᠠᠯᠲᠠ᠎ᠶᠢ ᠪᠠᠲᠤᠯᠠᠬᠤ᠎ᠶᠢᠨ ᠲᠥᠯᠥᠭᠡ᠂ ᠵᠠᠩ ᠮᠧᠢ ᠵᠧᠨ ᠲᠤᠯᠠᠭᠠᠨ ᠬᠦᠯᠡᠮᠵᠢ ᠪᠤᠯᠤᠨ ᠲᠠᠷᠢᠶᠠᠨ ᠭᠠᠵᠠᠷ ᠲᠦ᠍ ᠪᠦᠯᠦᠭ ᠬᠤᠪᠢᠶᠠᠨ ᠲᠠᠷᠢᠳᠠᠭ᠃ 《ᠨᠢᠳᠤᠨᠤᠨ ᠮᠠᠨ᠎ᠤ 〈ᠳ᠋ᠧᠩᠯᠦ ᠤᠯᠠᠭᠠᠨ〉ᠠᠮᠲᠠᠲᠤ ᠬᠡᠮᠬᠡ 7 ᠡᠭᠡᠯᠵᠢ ᠬᠤᠪᠢᠶᠠᠨ ᠵᠠᠬ᠎ᠠ ᠳᠡᠯᠭᠡᠭᠦᠷ᠎ᠲᠦ ᠭᠠᠷᠴᠤ᠂ 4 ᠰᠠᠷ᠎ᠠ᠎ᠠᠴᠠ 9 ᠰᠠᠷ᠎ᠠ ᠪᠣᠯᠲᠠᠯ᠎ᠠ ᠬᠤᠳᠠᠯᠳᠤᠵᠠᠢ᠃ ᠣᠳᠣ᠎ᠶᠢᠨ ᠡᠨᠡ ᠬᠦᠯᠡᠮᠵᠢ ᠵᠢᠯ᠎ᠳᠦ ᠳᠣᠯᠣᠭ᠎ᠠ ᠨᠠᠢ᠍ᠮᠠᠨ ᠲᠦᠮᠡᠨ ᠲᠥᠭᠥᠷᠢᠭ᠎ᠦᠨ ᠣᠷᠣᠯᠭ᠎ᠠ᠎ᠲᠠᠶ ᠰᠢᠤ》 ᠭᠡᠵᠦ ᠵᠠᠩ ᠮᠧᠶ ᠵᠧᠨ ᠶᠠᠷᠢᠵᠤ ᠪᠠᠢᠯ᠎ᠠ᠃ ᠪᠠᠶᠠᠨᠨᠠᠭᠤᠷ ᠬᠣᠲᠠ᠎ᠶᠢᠨ ᠦᠶᠤᠸᠠᠨ ᠰᠢᠶᠠᠨ᠎ᠤ ᠱᠧᠩ ᠹᠸᠩ ᠪᠠᠯᠭᠠᠰᠤᠨ᠎ᠤ 《ᠳ᠋ᠧᠩᠯᠦ ᠤᠯᠠᠭᠠᠨ》 ᠠᠮᠲᠠᠲᠤ ᠬᠡᠮᠬᠡ ᠳᠠᠷᠢᠭᠰᠠᠨ ᠲᠡᠦᠬᠡ ᠨᠢ ᠥᠨᠢ ᠤᠳᠠᠭᠠᠨ ᠪᠠᠢᠵᠤ᠂ ᠠᠩᠬᠢᠯᠤᠮ᠎ᠠ ᠰᠠᠢᠬᠠᠨ᠎ᠢᠶᠠᠷ᠎ᠢᠶᠠᠨ ᠥᠷᠭᠡᠨ ᠣᠯᠠᠨ ᠬᠡᠷᠡᠭᠯᠡᠭᠴᠢᠳ᠎ᠦᠨ ᠬᠦᠷᠢᠶᠡᠯᠡᠯ᠎ᠢ ᠣᠯᠤᠭᠰᠠᠨ ᠪᠠᠢᠨ᠎ᠠ᠃ 2014 ᠣᠨ᠎ᠳᠤ ᠱᠧᠩ ᠹᠸᠩ ᠪᠠᠯᠭᠠᠰᠤ ᠤᠯᠤᠰ᠎ᠤᠨ ᠬᠥᠳᠡᠭᠡ ᠠᠵᠤ ᠠᠬᠤᠢ ᠬᠦᠳᠡᠭᠡ ᠲᠤᠰᠬᠤᠨ᠎ᠤ ᠶᠠᠮᠤᠨ᠎ᠳᠤ 《ᠨᠢᠭᠡ ᠲᠣᠰᠬᠣᠨ ᠨᠢᠭᠡ ᠲᠦᠷᠦᠯ ᠲᠡᠮᠳᠡᠭ》᠎ᠤ᠋ᠨ ᠵᠢᠱ᠌ᠢᠢ᠎ᠡ ᠦᠵᠡᠭᠦᠯᠬᠦ ᠲᠣᠰᠬᠣᠨ ᠪᠠᠯᠭᠠᠰᠤ᠎ᠪᠠᠷ ᠦᠨᠡᠯᠡᠭᠳᠡᠵᠦ᠂ ᠤᠯᠤᠰ᠎ᠤᠨ ᠲᠠᠷᠢᠶᠠᠯᠠᠩ᠎ᠤᠨ ᠪᠦᠲᠦᠭᠡᠭᠳᠡᠬᠦᠨ᠎ᠦ ᠭᠠᠵᠠᠷ ᠵᠦᠢ᠎ᠶᠢᠨ ᠢᠯᠡᠷᠬᠡᠢᠯᠡᠯᠳᠦ ᠭᠡᠷᠡᠴᠢᠯᠡᠯ᠎ᠢ ᠬᠦᠷᠳᠡᠪᠡ᠃ 2019 ᠣᠨ᠎ᠳᠤ 《ᠦᠶᠦᠸᠠᠨ᠎ᠤ ᠳ᠋ᠧᠩᠯᠦ ᠤᠯᠠᠭᠠᠨ ᠠᠮᠲᠠᠲᠤ ᠬᠡᠮᠬᠡ》 ᠨᠢ ᠪᠥᠬᠥ ᠤᠯᠤᠰ᠎ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠨᠡᠮᠯᠡᠯ᠎ᠢ ᠤᠯᠪᠠ᠃ 

ᠰᠢᠨ ᠹᠸᠩ ᠲᠣᠰᠬᠣᠨ᠎ᠤ ᠵᠠᠮ᠎ᠤᠨ ᠬᠣᠶᠠᠷ ᠬᠠᠵᠠᠭᠤ ᠪᠠᠷ ᠲᠤᠯᠠᠭᠠᠨ ᠬᠦᠯᠡᠮᠵᠢ ᠲᠥᠪᠯᠡᠷᠡᠨ ᠵᠠᠯᠭᠠᠯᠳᠤᠵᠤ᠂ ᠲᠡᠷᠢ ᠲᠡᠭᠰᠢ ᠵᠢᠭᠳᠡᠷᠡᠨ ᠬᠠᠷᠠᠭᠳᠠᠨ᠎ᠠ᠃ 《 ᠡᠨᠡ ᠬᠡᠰᠡᠭ ᠬᠦᠯᠡᠮᠵᠢ ᠪᠣᠯᠤᠨ ᠲᠠᠷᠢᠶᠠᠨ  ᠭᠠᠵᠠᠷ᠎ᠢ ᠴᠥᠮ〈ᠳ᠋ᠧᠩᠯᠦ ᠤᠯᠠᠭᠠᠨ〉 ᠳᠠᠷᠢᠬᠤ᠎ᠳᠤ ᠬᠡᠷᠡᠭᠯᠡᠳᠡᠭ᠂ ᠡᠨᠡ ᠵᠢᠯ᠎ᠦᠨ ᠵᠢᠱ᠌ᠢᠯᠲᠡ᠎ᠪᠡᠷ ᠶᠡᠷᠦᠩᠬᠡᠶ ᠳᠠᠷᠢᠮᠠᠯ᠎ᠤᠨ ᠲᠠᠯᠠᠪᠠᠶ᠎ᠨᠢ 2000 ᠭᠠᠷᠤᠶ ᠮᠥ᠍ ᠪᠠᠢᠵᠤ᠂ ᠡᠨᠡ ᠬᠡᠰᠡᠭ ᠬᠤᠭᠤᠴᠠᠭᠠᠨ᠎ᠳᠤ ᠪᠠᠰᠠ ᠨᠢᠭᠡ ᠪᠦᠯᠦᠭ ᠪᠣᠯᠣᠳ ᠵᠢᠶᠠᠰᠠ᠎ᠲᠠᠢ ᠲᠤᠯᠠᠭᠠᠨ ᠬᠦᠯᠡᠮᠵᠢ᠎ᠶᠢ ᠱᠠᠯᠠᠪᠳᠠᠨ ᠪᠠᠷᠢᠵᠤ ᠪᠠᠢᠨ᠎ᠠ᠂ ᠬᠡᠰᠡᠭ ᠬᠤᠭᠤᠴᠠᠭ᠎ᠠ ᠥᠩᠭᠡᠷᠡᠪᠡᠯ ᠠᠰᠢᠭᠯᠠᠯᠲᠠ᠎ᠳᠤ ᠣᠷᠣᠭᠤᠯᠵᠤ ᠪᠣᠯᠤᠨ᠎ᠠ》 ᠬᠡᠮᠡᠨ ᠰᠢᠨ ᠹᠸᠩ ᠲᠣᠰᠬᠣᠨ᠎ᠤ ᠨᠠᠮ᠎ᠤᠨ ᠡᠭᠦᠷ᠎ᠦᠨ ᠱᠦᠵᠢ ᠵᠤᠤ ᠬᠠᠢ ᠯᠦᠩ ᠲᠠᠨᠢᠯᠴᠠᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号