《ᠵᠢᠷᠭᠠᠯ ᠤ᠋ᠨ ᠵᠠᠮ》
2023-02-10 15:40:57
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

ᠦᠨᠳᠦᠰᠦᠨ ᠱᠠᠳᠤᠨ᠎ᠤ ᠦᠨᠳᠦᠰᠦᠳᠡᠨ ᠎ᠤ ᠪᠦᠯᠬᠦᠮᠳᠡᠯ ᠲᠠᠪᠰᠢᠯᠳᠠ ᠵᠢ ᠠᠬᠢᠭᠤᠯᠬᠤ ᠳᠤᠬᠠᠢ ᠰᠢᠷᠢᠰ ᠮᠡᠳᠡᠬᠡᠯᠡᠯ  ②

ᠡᠨᠡ ᠵᠢᠯ᠎ᠤᠨ ᠴᠠᠭᠠᠨ ᠰᠠᠷ᠎ᠠ ᠡᠴᠠ ᠡᠮᠤᠨᠡᠬᠡᠨ ᠤᠯᠤᠰ᠎ᠤᠨ ᠦᠨᠳᠦᠰᠦᠲᠡᠨ᠎ᠦ  ᠬᠡᠷᠡᠭ ᠡᠷᠭᠢᠯᠡᠬᠦ᠌ ᠵᠥᠪᠯᠡᠯ᠎ᠡᠴᠠ ᠨᠠᠢᠲᠡᠯᠡᠭᠰᠠᠨ ᠠᠷᠪᠠᠳᠤᠭᠠᠷ ᠪᠦᠯᠦᠭ᠎ᠦᠨ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠨᠢᠭᠡᠴᠢ ᠳ᠋ᠤ ᠤᠯᠠᠭᠠᠨᠬᠠᠲᠠ ᠬᠤᠲᠠ ᠵᠢᠨ ᠪᠠᠭᠠᠷᠢᠨ ᠪᠠᠷᠠᠭᠤᠨ ᠬᠣᠱᠢᠭᠤᠨ᠎ᠤ ᠵᠢᠷᠭᠠᠯ ᠵᠠᠮ ᠰᠤᠮᠤ ᠢᠷᠠᠭᠤ ᠠᠯᠳᠠᠷᠲᠠᠶ᠎ᠪᠠᠷ ᠦᠨᠡᠯᠡᠭᠲᠠᠯ᠎ᠠ᠃

ᠪᠠᠭᠠᠷᠢᠨ ᠪᠠᠷᠠᠭᠤᠨ ᠬᠤᠰᠢᠭᠤᠨ᠎ᠤ  ᠵᠢᠷᠭᠠᠯ  ᠵᠠᠮ ᠰᠤᠮᠤᠨ ᠤ᠋  ᠬᠡᠲᠤᠨ ᠦᠶ᠎ᠠ ᠵᠢᠨ ᠬᠦᠮᠤᠰ ᠢᠮᠠᠭᠲᠠ ᠨᠠᠮ᠎ᠤᠨ ᠪᠠᠲᠤ ᠴᠢᠡᠭᠭ᠎ᠠ ᠤᠲᠤᠷᠢᠲᠤᠯᠭ᠎ᠠ ᠲᠤᠤᠷ᠎ᠠ᠂ ᠦᠨᠲᠤᠰᠤᠲᠠᠨ᠎ᠤ ᠪᠦᠯᠬᠦᠮᠲᠠᠯ᠎ᠢ ᠬᠦᠭᠵᠢᠯᠲᠠ ᠲᠠᠪᠰᠢᠯᠲᠠ ᠵᠢᠨ ᠰᠠᠭᠤᠷᠢ ᠪᠤᠯᠭᠠᠵᠤ᠂ ᠲᠤᠮᠲᠠᠲᠤ ᠵᠢᠨ ᠦᠨᠲᠤᠰᠤᠲᠠᠨ᠎ᠤ ᠶᠠᠬᠡ ᠪᠦᠯᠬᠦᠮᠲᠠᠯ ᠤ᠋ᠨ ᠲᠤᠭ᠎ᠢ ᠦᠨᠲᠤᠷ ᠮᠠᠨᠲᠤᠭᠤᠯᠤᠨ ᠦᠨᠲᠤᠰᠤᠲᠠᠨ᠎ᠤ ᠪᠦᠯᠬᠦᠮᠲᠠᠯ ᠲᠠᠪᠰᠢᠯᠲᠠ ᠵᠢᠨ ᠰᠢᠨ᠎ᠠ ᠬᠠᠭᠤᠲᠠᠰᠤ᠎ᠶᠢ ᠪᠢᠴᠢᠭᠯᠡᠭᠰᠠᠬᠡᠷ ᠢᠷᠠᠪᠠ᠃


4573119_nargw_1675768481997.jpg


1958 ᠣᠨ᠎ᠳᠤ᠂ ᠵᠢᠷᠭᠠᠯ ᠵᠠᠮ ᠮᠠᠯᠵᠢᠯ᠎ᠤᠨ ᠦᠢᠯᠡᠳᠪᠦᠷᠢᠯᠡᠯ᠎ᠦᠨ ᠬᠤᠷᠱᠢᠶ᠎ᠠ ᠨᠢ ᠶᠡᠷᠦᠩᠬᠡᠢ ᠰᠠᠢᠳ ᠵᠧᠦ ᠧᠨ ᠯᠠᠢ᠎ᠶ᠋ᠢᠨ ᠭᠠᠷ᠎ᠤᠨ ᠦᠰᠦᠭ ᠵᠢᠷᠤᠭ᠍ᠰᠠᠨ 《ᠬᠥᠳᠡᠭᠡ ᠠᠵᠤ ᠠᠬᠤᠢ᠎ᠶ᠋ᠢᠨ ᠨᠡᠢᠭᠡᠮ ᠵᠢᠷᠤᠮ᠎ᠤᠨ ᠲᠡᠷᠢᠭᠦᠨ᠎ᠦ ᠨᠢᠭᠡᠴᠢ》 ᠭᠡᠬᠦ᠌ ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠱᠠᠩᠨᠠᠯ᠎ᠤᠨ ᠪᠢᠴᠢᠭ᠎ᠢ ᠬᠦᠷᠳᠡᠵᠠᠢ;

1960 ᠣᠨ᠎ᠠᠴᠠ 1962 ᠣᠨ ᠪᠣᠯᠲᠠᠯ᠎ᠠ᠂ ᠪᠠᠭᠠᠷᠢᠨ ᠪᠠᠷᠠᠭᠤᠨ ᠬᠣᠱᠢᠭᠤᠨ ᠳ᠋ᠤ ᠦᠷᠡᠴᠢᠯᠡᠨ ᠲᠡᠵᠢᠭᠡᠭᠰᠡᠨ 25 《ᠤᠯᠤᠰ᠎ᠤᠨ ᠬᠡᠦᠬᠡᠳ》 ᠎ᠤ᠋ᠨ 12 ᠎ᠢ᠋ ᠨᠢ 《ᠵᠢᠷᠭᠠᠯ ᠵᠠᠮ》 ᠰᠤᠮᠤᠨ᠎ᠳᠤ ᠦᠷᠡᠴᠢᠯᠡᠨ ᠲᠡᠵᠢᠭᠡᠭᠰᠡᠨ ᠰᠠᠢᠬᠠᠨ ᠦᠯᠢᠭᠡᠷ ᠨᠢ  ᠤᠳᠤᠬᠠᠨ ᠪᠤᠯᠳᠠᠯ᠎ᠠ ᠲᠤᠷᠠᠰᠤᠭᠲᠠᠨ ᠶᠠᠷᠢᠭᠲᠠᠬᠰᠠᠭᠠᠷ;

2012 ᠣᠨ᠎ᠳᠤ ᠵᠢᠷᠭᠠᠯ ᠵᠠᠮ ᠰᠤᠮᠤ ᠪᠦᠬᠦ᠌ ᠣᠷᠣᠨ᠎ᠤ ᠳᠥᠷᠪᠡᠳᠦᠭᠡᠷ ᠤᠳᠠᠭᠠᠨ ᠤ᠋ ᠮᠣᠩᠭᠣᠯ ᠬᠡᠯᠡ ᠰᠤᠷᠴᠤ᠌ ᠬᠡᠷᠡᠭ᠌ᠯᠡᠭ᠌ᠰᠡᠨ ᠲᠡᠷᠢᠭᠦᠨ᠎ᠦ ᠬᠠᠮᠲᠤ ᠨᠢᠭᠡᠴᠢ᠎ᠪᠡᠷ ᠦᠨᠡᠯᠡᠭ᠌ᠳᠡᠪᠡ;

2016 ᠣᠨ᠎ᠳᠤ《ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠡᠭᠦᠳᠦᠨ ᠪᠠᠢᠭᠤᠯᠬᠤ ᠠᠵᠢᠯᠯᠠᠭ᠎ᠠ᠎ᠶ᠋ᠢᠨ ᠵᠢᠱ᠌ᠢᠶ᠎ᠡ ᠦᠵᠡᠭᠦᠯᠬᠦ᠌ ᠰᠤᠮᠤ》 ᠎ᠪᠠᠷ ᠦᠨᠡᠯᠡᠭ᠌ᠳᠡᠵᠠᠢ;

2019 ᠣᠨ᠎ᠠᠴᠠ 2020 ᠣᠨ ᠪᠣᠯᠲᠠᠯᠠᠬᠢ ᠬᠣᠶᠠᠷ ᠵᠢᠯ᠎ᠦᠨ ᠳᠣᠲᠣᠷ᠎ᠠ᠂ ᠵᠢᠷᠭᠠᠯ  ᠵᠠᠮ ᠰᠤᠮᠤᠨ᠎ᠤ ᠴᠣᠩᠵᠢ ᠭᠠᠴᠠᠭ᠎ᠠ᠂ ᠭᠤᠤ ᠵᠢᠨ ᠡᠩᠭᠡᠷ ᠭᠠᠴᠠᠭ᠎ᠠ᠂ ᠴᠠᠭᠠᠨ ᠤᠰᠤ ᠭᠠᠴᠠᠭ᠎ᠠ 《ᠳᠤᠮᠳᠠᠳᠤ ᠤᠯᠤᠰ᠎ᠤᠨ ᠴᠥᠭᠡᠨ ᠲᠣᠭᠠᠲᠤ ᠦᠨᠳᠦᠰᠦᠲᠡᠨ᠎ᠦ ᠣᠨᠴᠠᠯᠢᠭ᠍ᠲᠤ ᠲᠣᠰᠭᠣᠨ》 ᠎ᠶ᠋ᠢᠡᠷ ᠨᠡᠷᠡᠢᠳᠦᠭᠳᠡᠪᠡ;

2021 ᠣᠨ᠎ᠳᠤ᠂ ᠭᠤᠤ᠎ᠶ᠋ᠢᠨ ᠡᠩᠭᠡᠷ ᠭᠠᠴᠠᠭ᠎ᠠ《ᠪᠥᠬᠥ᠌ ᠬᠣᠲᠠ᠎ᠶ᠋ᠢᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠨᠢᠭᠡᠴᠢ》 ᠪᠠᠷ ᠦᠨᠡᠯᠡᠭ᠌ᠳᠡᠪᠡ᠃

      ᠁

ᠵᠢᠷᠭᠠᠯ ᠵᠠᠮ ᠰᠤᠮᠤ ᠪᠤᠯ ᠮᠤᠡᠭᠭᠤᠯ ᠦᠨᠲᠤᠰᠤᠲᠠᠨ᠎ᠢᠶᠡᠷ ᠭᠤᠤᠯ ᠪᠤᠯᠭᠠᠭᠰᠠᠨ ᠴᠦᠬᠡᠨ ᠲᠤᠭᠠᠲᠤ ᠦᠨᠲᠤᠰᠤᠲᠠᠨ ᠲᠦᠪᠯᠡᠷᠠᠨ ᠰᠠᠭᠤᠭ᠎ᠠ ᠭᠠᠵᠠᠷ ᠪᠠᠢᠵᠤ᠂ ᠨᠠᠢᠲᠠ 18 ᠭᠠᠴᠠᠭ᠎ᠠ ᠲᠤᠰᠬᠤᠨ᠎ᠲᠠᠢ᠂ ᠡᠬᠦᠨ ᠳ᠋ᠤ 7 ᠲᠠᠷᠢᠶᠠᠯᠠᠬᠤ ᠤᠷᠤᠨ᠂ 11 ᠮᠠᠯᠵᠢᠬᠤ ᠤᠷᠤᠨ ᠲᠠᠢ ᠶᠤᠮ᠃ ᠲᠤᠰ ᠰᠤᠮᠤᠨ ᠳ᠋ᠤ ᠮᠤᠡᠭᠭᠤᠯ᠂ ᠬᠢᠲᠠᠳ᠂ ᠬᠤᠲᠤᠡᠭ᠂ ᠮᠠᠨᠵᠤ᠂  ᠲᠦᠵᠢᠶᠠ᠂ ᠶᠤᠤ ᠵᠡᠷᠬᠡ 6 ᠦᠨᠲᠤᠰᠤᠲᠠᠨ ᠤ᠋  1 ᠲᠦᠮᠠ ᠭᠠᠷᠤᠢ ᠬᠦᠮᠤᠨ ᠠᠮᠠ ᠲᠠᠢ ᠪᠠᠢᠵᠤ᠂ ᠮᠤᠡᠭᠭᠤᠯ ᠦᠨᠲᠤᠰᠤᠲᠠᠨ᠎ᠤ ᠬᠦᠮᠤᠨ ᠠᠮᠠ ᠵᠢᠨ ᠬᠠᠷᠢᠴᠠᠯ 73.14%᠎ᠶᠢ ᠡᠵᠡᠯᠡᠵᠤ ᠪᠤᠢ᠃

ᠬᠢᠲᠠᠳ ᠦᠨᠲᠤᠰᠤᠲᠠᠨ ᠤ᠋  ᠺᠠᠳ᠋ᠷ ᠸᠠᠡᠭ᠎ᠤᠨ ᠠᠢᠯ ᠭᠠᠴᠠᠭᠠᠨ᠎ᠤ ᠨᠠᠮ᠎ᠤᠨ ᠡᠬᠦᠷ ᠤ᠋ᠨ ᠱᠦᠵᠢ ᠲᠢᠶᠠᠨ ᠬᠦᠸᠸ ᠢᠤᠢ᠄ 《ᠪᠢ ᠮᠠᠯᠴᠢᠳ ᠲᠠᠢ ᠶᠠᠷᠤ ᠨᠢ ᠤᠷᠤᠰᠤᠮ᠎ᠠ ᠰᠠᠢᠬᠠᠨ ᠮᠤᠡᠭᠭᠤᠯ ᠬᠡᠯᠠ ᠪᠠᠷ  ᠶᠠᠷᠢᠯᠴᠠᠵᠤ᠂ ᠪᠤᠲᠤᠯ ᠰᠡᠳᠬᠢᠯᠬᠡ᠎ᠪᠠᠨ ᠰᠠᠭᠠᠳ ᠦᠭᠡᠢ ᠰᠤᠯᠢᠯᠴᠠᠵᠤ ᠴᠢᠳᠠᠳᠠᠭ᠂ ᠮᠠᠨ᠎ᠤ ᠮᠤᠡᠭᠭᠤᠯ ᠬᠢᠲᠠᠳ ᠦᠨᠲᠤᠰᠤᠲᠠᠨ᠎ᠤ ᠠᠬ᠎ᠠ ᠲᠠᠬᠦᠷ ᠨᠠᠷ ᠶᠠᠭ ᠨᠢᠬᠡ ᠬᠡᠷ᠎ᠤᠨ ᠬᠦᠮᠤᠨ ᠰᠢᠭ ᠲᠤᠲᠤᠨᠤ》 ᠬᠡᠵᠤ ᠶᠠᠷᠢᠨ᠎ᠠ᠃ ᠦᠨᠲᠤᠰᠤᠲᠠᠨ᠎ᠤ ᠪᠦᠯᠬᠦᠮᠲᠠᠯ ᠪᠤᠯ ᠦᠨᠲᠤᠰᠤᠲᠠᠨ ᠨᠤᠬᠦᠳ᠎ᠤᠨ ᠠᠷᠠᠳ ᠲᠦᠮᠠᠨ᠎ᠤ ᠠᠮᠢᠨ ᠰᠤᠲᠠᠰᠤ ᠮᠦᠨ᠃

ᠵᠢᠷᠭᠠᠯ ᠵᠠᠮ ᠰᠤᠮᠤ ᠶᠠᠷᠦᠡᠭᠬᠡᠢ ᠱᠦᠵᠢ ᠰᠢ ᠵᠢᠨ ᠫᠢᠡᠭ᠎ᠤᠨ ᠦᠨᠲᠤᠰᠤᠲᠠᠨ᠎ᠤ ᠠᠵᠢᠯ᠎ᠢ ᠴᠢᠡᠭᠭᠠᠳᠬᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶᠢ ᠬᠦᠨᠵᠡᠬᠡᠢ ᠲᠤᠭᠤᠰᠢᠯᠠᠭᠤᠯᠤᠨ ᠨᠠᠢᠲᠠᠪᠤᠷᠢᠵᠢᠭᠤᠯᠵᠤ᠂ ᠲᠤᠮᠲᠠᠲᠤ ᠵᠢᠨ ᠦᠨᠲᠤᠰᠤᠲᠠᠨ᠎ᠤ ᠬᠠᠮᠲᠤ ᠵᠢᠨ ᠴᠤᠭᠴᠠ ᠵᠢᠨ ᠤᠬᠠᠮᠰᠠᠷ᠎ᠢ ᠪᠠᠲᠤ ᠴᠤᠭᠴᠠᠯᠠᠬᠤ ᠪᠠᠷ ᠭᠤᠤᠯ ᠰᠢᠵᠢᠮ ᠪᠤᠯᠭᠠᠬᠤ᠎ᠶᠢ ᠪᠠᠷᠢᠮᠲᠠᠯᠠᠨ᠂ ᠰᠤᠮᠤᠨ᠎ᠤ ᠦᠨᠲᠤᠰᠤᠲᠠᠨ ᠤ᠋ ᠪᠦᠯᠬᠦᠮᠲᠠᠯ ᠲᠠᠪᠰᠢᠯᠲᠠ ᠵᠢᠨ ᠠᠵᠢᠯ᠎ᠤᠨ ᠪᠦᠬᠦ ᠲᠠᠯ᠎ᠠ ᠪᠠᠷ ᠴᠢᠨᠠᠷ ᠰᠠᠢᠲᠠᠢ ᠬᠦᠭᠵᠢᠬᠦ᠎ᠶᠢ ᠠᠬᠢᠭᠤᠯᠪᠠ᠃

ᠣᠯᠠᠨ ᠵᠢᠯ᠎ᠦᠨ ᠪᠣᠢᠵᠢᠭᠤᠯᠤᠯᠲᠠ ᠪᠠ ᠬᠥᠭ᠌ᠵᠢᠯᠲᠡ᠎ᠪᠡᠷ ᠳᠠᠮᠵᠢᠨ᠂ ᠵᠢᠷᠭᠠᠯ ᠵᠠᠮ ᠰᠤᠮᠤ ᠨᠢᠭᠡᠨᠲᠡ ᠣᠪᠣᠭᠠᠨ ᠰᠣᠶᠣᠯ᠂ ᠦᠨᠳᠦᠰᠦᠲᠡᠨ᠎ᠦ ᠭᠠᠷ ᠤᠷᠠᠯᠠᠯ᠎ᠤᠨ ᠪᠦᠲᠦᠭᠡᠭ᠌ᠳᠡᠬᠦᠨ ᠡᠳ᠋ᠱᠢᠭᠦᠯᠦᠨ ᠦᠶ᠋ᠯᠡᠳᠬᠦ᠌᠂ ᠦᠨᠳᠦᠰᠦᠲᠡᠨ᠎ᠦ ᠰᠣᠶᠣᠯ ᠵᠢᠭᠤᠯᠴᠢᠯᠠᠯ᠂ ᠲᠠᠯ᠎ᠠ ᠨᠤᠲᠤᠭ᠎ᠤᠨ ᠠᠮᠢ ᠠᠬᠤᠶ᠎ᠶ᠋ᠢᠨ ᠵᠢᠭᠤᠯᠴᠢᠯᠠᠯ ᠵᠡᠷᠭᠡ ᠣᠨᠴᠠᠯᠢᠭ᠍ᠲᠤ ᠨᠠᠷᠠᠲᠤ ᠲᠡᠮᠳᠡᠭᠳᠦ ᠵᠢ ᠡᠬᠦᠳᠴᠦ᠂  ᠰᠠᠢᠬᠠᠨ ᠬᠠᠨ ᠠᠭᠤᠯᠠ ᠣᠪᠣᠭ᠎ᠠ᠂  ᠵᠢᠷᠦᠬᠡ ᠲᠠᠯ᠎ᠠ ᠨᠤᠲᠤᠭ ᠵᠡᠷᠭᠡ ᠨᠢ ᠭᠠᠵᠠᠷ ᠣᠷᠣᠨ᠎ᠤ ᠭᠣᠢᠲᠠ ᠰᠠᠢᠬᠠᠨ ᠨᠡᠷ᠎ᠡ᠎ᠶ᠋ᠢᠨ ᠬᠠᠭᠤᠳᠠᠰᠤ ᠪᠣᠯᠤᠭ᠍ᠰᠠᠨ ᠪᠠᠢᠨ᠎ᠠ᠃ ᠲᠤᠰ ᠰᠤᠮᠤ ᠨᠢ ᠠᠮᠢ ᠠᠬᠤᠢ᠎ᠶ᠋ᠢᠨ ᠬᠠᠮᠠᠭᠠᠯᠠᠯᠲᠠ᠂ ᠦᠨᠳᠦᠰᠦᠲᠡᠨ᠎ᠦ ᠪᠦᠯᠬᠦᠮᠳᠡᠯ᠎ᠲᠠᠪᠰᠢᠯᠳᠠ᠂ ᠦᠨᠳᠦᠰᠦᠲᠡᠨ᠎ᠦ ᠤᠯᠠᠮᠵᠢᠯᠠᠯᠲᠤ ᠰᠣᠶᠣᠯ᠎ᠢ ᠬᠠᠮᠠᠭᠠᠯᠠᠬᠤ᠂ ᠠᠪᠤᠷᠠᠬᠤ᠂ ᠤᠯᠠᠮᠵᠢᠯᠠᠨ ᠵᠠᠯᠭᠠᠮᠵᠢᠯᠠᠬᠤ᠎ᠶ᠋ᠢ ᠬᠦᠨᠵᠡᠭᠡᠢ ᠠᠭᠤᠰᠤᠯᠴᠠᠭᠤᠯᠬᠤ ᠵᠢ ᠴᠢᠬᠤᠯᠠᠴᠢᠯᠠᠨ᠂ ᠰᠣᠶᠣᠯ᠎ᠤᠨ ᠵᠥᠭᠡᠯᠡᠨ ᠪᠣᠳᠠᠲᠤ ᠬᠦᠴᠦᠨ᠎ᠢ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠠᠬᠢᠭᠤᠯᠬᠤ ᠱᠢᠨ᠎ᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠪᠠ; ᠭᠡᠰᠡᠷ ᠰᠣᠶᠣᠯ ᠤ᠋ᠨ ᠠᠮᠢ ᠠᠬᠤᠢ᠎ᠵᠢᠨ ᠬᠠᠮᠠᠭᠠᠯᠠᠯᠳᠠ ᠵᠢᠨ ᠲᠤᠷᠱᠢᠯᠲᠠ᠎ᠶ᠋ᠢᠨ ᠣᠷᠣᠨ᠂ ᠲᠩᠷᠢ᠎ᠶ᠋ᠢᠨ ᠬᠠᠶᠠᠭ᠎ᠠ ᠲᠠᠯ᠎ᠠ ᠨᠤᠲᠤᠭ( 20 ᠲᠦᠮᠡᠨ ᠮᠸ᠋)   ᠵᠢᠭᠤᠯᠴᠢᠯᠠᠯ ᠤ᠋ᠨ ᠨᠡᠭᠡᠭᠡᠨ ᠬᠦᠭᠵᠢᠬᠦᠯᠬᠦ ᠲᠥᠷᠥᠯ ᠵᠦᠢᠯ ᠤ᠋ᠨ ᠪᠥᠳᠥᠭᠡᠨ ᠪᠠᠢᠭᠤᠯᠤᠯᠲᠠ᠎ᠶ᠋ᠢ ᠭᠣᠣᠯᠳᠠᠯᠭ᠎ᠠ᠎ᠲᠠᠶ ᠰᠠᠢᠲᠤᠷ ᠬᠢᠵᠦ᠍᠂ ᠲᠠᠷᠢᠶᠠᠨ ᠭᠠᠵᠠᠷ (ᠮᠠᠯᠵᠢᠯ ᠤ᠋ᠨ ᠲᠠᠯᠠᠪᠠᠢ) ᠎ᠢ᠋ ᠪᠦᠬᠦᠯᠢ ᠴᠤᠭᠴᠠ ᠪᠡᠷ ᠨᠢ ᠲᠥᠯᠥᠪᠵᠢᠭᠦᠯᠦᠨ ᠪᠥᠳᠥᠭᠡᠨ ᠪᠠᠢᠭᠤᠯᠵᠤ᠂ ᠲᠠᠯ᠎ᠠ ᠨᠤᠲᠤᠭ ᠤ᠋ᠨ ᠤᠰᠤᠨ ᠴᠥᠭᠥᠷᠥᠮ᠂ ᠵᠢᠷᠦᠬᠡ  ᠲᠠᠯ᠎ᠠ ᠨᠤᠲᠤᠭ ᠵᠡᠷᠭᠡ ᠵᠢᠭᠤᠯᠴᠢᠯᠠᠯ ᠤ᠋ᠨ ᠦᠵᠡᠮᠵᠢ᠎ᠶ᠋ᠢᠨ ᠣᠷᠣᠨ᠎ᠢ ᠬᠦᠴᠦᠯᠡᠨ ᠪᠠᠢᠭᠤᠯᠵᠤ᠂ ᠪᠥᠬᠥ᠌ ᠤᠯᠤᠰ ᠤ᠋ᠨ ᠲᠠᠯ᠎ᠠ ᠨᠤᠲᠤᠭ ᠤ᠋ᠨ ᠪᠠᠢᠭᠠᠯᠢ᠎ᠶ᠋ᠢᠨ ᠴᠡᠴᠡᠷᠯᠢᠭ᠂ ᠥᠪᠡᠷᠲᠡᠭᠡᠨ ᠵᠠᠰᠠᠬᠤ ᠣᠷᠣᠨ ᠤ᠋ ᠡᠪᠡᠰᠦᠨ ᠦᠷ᠎ᠡ᠎ᠶ᠋ᠢᠨ ᠲᠤᠷᠱᠢᠯᠲᠠ᠎ᠶ᠋ᠢᠨ  ᠰᠠᠭᠤᠷᠢᠨ ᠵᠡᠷᠭᠡ ᠲᠥᠷᠥᠯ ᠵᠦᠢᠯ᠎ᠢ ᠰᠠᠢᠲᠤᠷ ᠪᠦᠲᠤᠬᠡᠨ ᠪᠠᠢᠭᠤᠯᠪᠠ; ᠪᠥᠬᠥ᠌ ᠤᠯᠤᠰ᠎ᠤᠨ ᠴᠥᠭᠡᠨ ᠲᠣᠭᠠᠲᠤ ᠦᠨᠳᠦᠰᠦᠲᠡᠨ᠎ᠦ ᠤᠨᠴᠠᠯᠢᠭ᠍ᠳᠤ ᠠᠢᠯ ᠲᠣᠰᠭᠣᠨ᠎ᠤ ᠣᠢᠯᠠᠭᠠᠯᠲᠠ ᠪᠠ ᠠᠷᠠᠳ᠎ᠤᠨ ᠰᠠᠭᠤᠴᠠ᠎ᠶ᠋ᠢᠨ ᠵᠢᠭᠤᠯᠴᠢᠯᠠᠯ᠎ᠤᠨ ᠲᠥᠷᠥᠯ ᠵᠦᠶ᠋ᠯ᠎ᠢ ᠢᠳᠡᠪᠬᠢᠲᠡᠶ ᠨᠡᠭᠡᠭᠡᠨ ᠬᠥᠭ᠌ᠵᠢᠭᠦᠯᠵᠦ᠍᠂ ᠪᠥᠬᠥ᠌ ᠤᠯᠤᠰ᠎ᠤᠨ ᠰᠡᠯᠡᠭᠦᠴᠡᠯ᠎ᠦᠨ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠢ ᠨᠠᠷᠢᠨ ᠨᠢᠮᠪᠠᠶ ᠴᠣᠭ᠍ᠴᠠᠯᠠᠵᠠᠢ᠃

ᠵᠢᠷᠭᠠᠯ ᠵᠠᠮ ᠰᠤᠮᠤ ᠣᠯᠠᠨ ᠲᠦᠮᠡᠨ ᠵᠢᠴᠢ ᠠᠵᠤ ᠠᠬᠤᠢᠯᠠᠯ᠎ᠤᠨ ᠠᠵᠢᠯ ᠶᠠᠪᠤᠳᠠᠯ ᠭᠦᠶ᠋ᠴᠡᠳᠭᠡᠬᠦ᠌᠎ᠳᠦ ᠲᠥᠬᠥᠮ ᠦᠵᠡᠭᠦᠯᠬᠦ᠌᠎ᠶ᠋ᠢᠨ ᠲᠥᠯᠥᠭᠡ᠂《ᠲᠠᠯᠪᠢᠬᠤ ᠬᠠᠮᠢᠶᠠᠷᠬᠤ ᠦᠶ᠋ᠯᠡᠴᠢᠯᠡᠬᠦ᠌》ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠦᠨ᠂ ᠨᠠᠮ ᠪᠠ ᠣᠯᠠᠨ ᠲᠦᠮᠡᠨ᠎ᠦ ᠦᠶ᠋ᠯᠡᠴᠢᠯᠡᠭᠡᠨ᠎ᠦ ᠲᠥᠪ ᠨᠢ ᠱᠢᠭᠤᠳ ᠣᠯᠠᠨ ᠲᠦᠮᠡᠨ᠎ᠲᠡᠶ ᠬᠣᠯᠪᠣᠭ᠍ᠳᠠᠬᠤ᠂ ᠠᠵᠤ ᠠᠬᠤᠢᠯᠠᠯ᠎ᠢ ᠵᠣᠯᠭᠠᠭᠤᠯᠬᠤ ᠵᠡᠷᠭᠡ ᠭᠤᠤᠯᠳᠠᠯᠭ᠎ᠠ᠎ᠲᠠᠶ ᠠᠵᠢᠯ᠎ᠤᠨ ᠪᠠᠢᠷᠢ᠎ᠳᠤ ᠮᠣᠩᠭᠣᠯ ᠬᠢᠲᠠᠳ ᠬᠤᠤᠰ ᠬᠡᠯᠡᠨ᠎ᠤ ᠠᠵᠢᠯ᠎ᠤᠨ ᠪᠠᠢᠷᠢ ᠭᠠᠷᠭᠠᠵᠤ᠂ ᠴᠥᠭᠡᠨ ᠲᠣᠭᠠᠲᠤ ᠦᠨᠳᠦᠰᠦᠲᠡᠨ᠎ᠦ ᠣᠯᠠᠨ ᠲᠦᠮᠡᠨ᠎ᠦ ᠠᠵᠢᠯ ᠶᠠᠪᠤᠳᠠᠯ ᠭᠦᠶ᠋ᠴᠡᠳᠭᠡᠬᠦ᠌᠎ᠳᠦ ᠲᠥᠬᠥᠮ ᠦᠵᠡᠭᠦᠯᠪᠡ᠃ ᠡᠭᠦᠨ᠎ᠦ ᠬᠠᠮᠲᠤ᠂ 《ᠬᠣᠶᠠᠷ᠎ᠢ ᠪᠠᠭᠠᠰᠭᠠᠵᠤ ᠨᠢᠭᠡ᠎ᠶ᠋ᠢ ᠱᠢᠯᠢᠳᠡᠭ᠌ᠵᠢᠭᠦᠯᠬᠦ᠌》 ᠠᠵᠢᠯ᠎ᠤᠨ ᠱᠠᠭᠠᠷᠳᠠᠯᠭ᠎ᠠ ᠶᠣᠰᠣᠭᠠᠷ᠂ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠵᠦᠶ᠋ᠯᠡᠰ᠎ᠢ ᠳᠠᠬᠢᠨ ᠡᠮᠬᠢᠯᠡᠵᠦ᠍᠂ ᠠᠵᠢᠯ᠎ᠤᠨ ᠪᠣᠳᠠᠲᠠᠶ᠎ᠲᠠᠶ᠎ᠪᠠᠨ ᠤᠶᠠᠯᠳᠤᠭᠤᠯᠤᠨ᠂ ᠠᠵᠢᠯ ᠶᠠᠪᠤᠳᠠᠯ ᠭᠦᠶ᠋ᠴᠡᠳᠭᠡᠬᠦ᠌ ᠮᠠᠲ᠋ᠧᠷᠢᠶᠠᠯ᠎ᠢ 40%᠂ ᠠᠵᠢᠯ ᠶᠠᠪᠤᠳᠠᠯ ᠭᠦᠶ᠋ᠴᠡᠳᠭᠡᠬᠦ᠌ ᠭᠣᠭ᠍ᠴᠣᠭ᠎ᠠ᠎ᠶ᠋ᠢ 50%᠂ ᠠᠵᠢᠯ ᠶᠠᠪᠤᠳᠠᠯ ᠭᠦᠶ᠋ᠴᠡᠳᠭᠡᠬᠦ᠌ ᠴᠠᠭ᠎ᠤᠨ ᠬᠢᠵᠠᠭᠠᠷ᠎ᠢ 30% ᠪᠠᠷ ᠪᠠᠭᠠᠰᠬᠠᠵᠠᠢ; ᠤᠢᠷ᠎ᠠ ᠳ᠋ᠤ᠂ ᠵᠢᠷᠭᠠᠯ ᠵᠠᠮ  ᠲᠣᠰᠭᠣᠨ᠎ᠳᠤ ᠨᠡᠢᠲᠡ 40 ᠲᠦᠮᠡᠨ ᠲᠥᠭᠥᠷᠢᠭ᠎ᠦᠨ ᠪᠠᠯᠠ ᠣᠷᠣᠭᠤᠯᠵᠤ᠂ 4000 ᠲᠡᠭ᠌ᠰᠢ ᠳᠥᠷᠪᠡᠯᠵᠢᠨ ᠮᠧᠲ᠋ᠷ᠎ᠤᠨ ᠲᠠᠯᠠᠪᠠᠢ ᠪᠦᠬᠦᠢ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠠᠭᠤᠳᠠᠮ ᠲᠠᠯᠠᠪᠠᠶ᠎ᠶ᠋ᠢ ᠪᠠᠢᠭᠤᠯᠪᠠ; ᠤᠯᠤᠰ᠎ᠤᠨ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠲᠥᠷᠥᠯ ᠵᠦᠶ᠋ᠯ᠎ᠦᠨ ᠪᠠᠯᠠ ᠮᠥᠩᠭᠥ᠎ᠶ᠋ᠢ 150 ᠲᠦᠮᠡ ᠭᠤᠶᠤᠴᠢᠯᠠᠵᠤ 7600 ᠲᠡᠭ᠌ᠰᠢ ᠳᠥᠷᠪᠡᠯᠵᠢᠨ ᠮᠧᠲ᠋ᠷ᠎ᠦᠨ ᠲᠦᠬᠦᠬᠡᠷᠤᠮᠵᠢᠲᠤ ᠣᠶ ᠱᠢᠭᠤᠶ ᠵᠢᠮᠢᠰ᠎ᠦᠨ ᠬᠠᠮᠲᠤ᠎ᠶ᠋ᠢᠨ ᠠᠵᠤ ᠠᠬᠤᠶ᠎ᠶ᠋ᠢᠨ ᠰᠠᠭᠤᠷᠢᠨ᠎ᠢ   ᠪᠠᠢᠭᠤᠯᠪᠠ᠃

ᠵᠢᠷᠭᠠᠯ ᠵᠠᠮ ᠰᠤᠮᠤ ᠱᠢᠨ᠎ᠡ ᠪᠠᠢᠳᠠᠯ ᠳᠣᠣᠷᠠᠬᠢ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠠᠵᠢᠯ᠎ᠢ ᠰᠠᠢᠲᠤᠷ ᠬᠢᠬᠦ᠌ ᠴᠢᠳᠠᠪᠤᠷᠢ ᠪᠠ ᠲᠦᠪᠱᠢᠨ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠣᠶᠤᠨ ᠤᠬᠠᠭᠠᠨ ᠬᠦᠴᠦᠨ ᠴᠢᠳᠠᠯ᠎ᠢ ᠨᠢᠭ᠍ᠲᠠᠷᠠᠭᠤᠯᠤᠨ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠠᠮᠢᠳᠤᠷᠠᠯ᠎ᠤᠨ ᠪᠠᠲᠤᠯᠠᠭ᠎ᠠ᠎ᠶ᠋ᠢᠨ ᠣᠷᠴᠢᠨ ᠲᠣᠭᠣᠷᠢᠨ᠎ᠢ ᠬᠦᠴᠦᠯᠡᠨ ᠰᠠᠢᠵᠢᠷᠠᠭᠤᠯᠵᠤ᠂ ᠦᠨᠲᠤᠰᠤᠲᠠᠨ ᠤ᠋ ᠪᠦᠯᠬᠦᠮᠲᠠᠯ ᠤ᠋ᠨ ᠢᠷᠠᠭᠤ ᠠᠯᠲᠠᠷᠲᠤ ᠦᠡᠭᠬᠡ ᠬᠡᠷᠠᠯᠲᠤ ᠲᠠᠤᠬᠡ ᠪᠠᠨ ᠨᠠᠡᠭ ᠰᠠᠢᠲᠤᠷ ᠤᠯᠠᠮᠵᠢᠯᠠᠨ ᠪᠠᠲᠠᠷᠠᠭᠤᠯᠵᠤ᠂ ᠦᠨᠲᠤᠰᠤᠲᠠᠨ᠎ᠤ ᠪᠦᠯᠬᠦᠮᠲᠠᠯ ᠲᠠᠪᠰᠢᠯᠲᠠ ᠵᠢᠨ《ᠵᠢᠷᠭᠠᠯ᠎ᠤᠨ  ᠵᠠᠮ》 ᠎ᠢ᠋  ᠪᠠᠲᠤ ᠴᠤᠭᠴᠠᠯᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号