
ᠡᠷᠳᠡᠨ᠎ᠤ ᠮᠠᠶᠢᠭ᠎ᠤᠨ ᠪᠣᠷᠣᠭ᠍ᠵᠢᠭᠤᠨ ᠪᠦᠭᠡᠳ ᠡᠷᠬᠢᠮᠰᠦᠭ ᠪᠠᠷᠢᠯᠭ᠎ᠠ᠂ ᠤᠳᠤ ᠦᠶ᠎ᠡ ᠵᠢᠨ ᠦᠩᠭᠡᠳᠦ ᠳ᠋ᠸᠩ ᠵᠢᠡᠷ ᠴᠢᠮᠡᠭᠯᠡᠭᠳᠡᠭᠰᠡᠨ ᠵᠣᠬᠢᠶᠠᠮᠠᠯ ᠠᠭᠤᠯᠠ ᠪᠠ ᠭᠤᠯᠳᠤᠩ ᠬᠦᠬᠦᠷᠭᠡ ᠨᠢ ᠬᠦᠮᠦᠰ᠎ᠢ ᠡᠷᠭᠡ ᠦᠭᠡᠢ ᠲᠤᠮᠤᠬ᠎ᠲᠤ ᠶᠢᠷᠳᠢᠨᠴᠤ ᠪᠡᠷ ᠵᠤᠭᠠᠴᠠᠵᠤ ᠪᠠᠢᠭ᠎ᠠ ᠬᠡᠮᠡᠷ ᠰᠠᠨᠠᠬᠳᠠᠭᠤᠯᠤᠨ᠎ᠠ ᠁ ᠬᠦᠬᠡᠬᠤᠳᠠ ᠵᠢᠨ ᠱᠢᠨ᠎ᠡ ᠬᠤᠲᠠ ᠲᠣᠭᠣᠷᠢᠭ᠎ᠤᠨ ᠪᠤᠷᠤᠬᠤᠰᠢᠭᠤ ᠪᠠᠯᠭᠠᠰᠤᠨ᠎ᠤ ᠤᠪᠤᠭ᠎ᠠ ᠲᠣᠰᠭᠣᠨ᠎ᠳᠤ ᠬᠦᠷᠪᠡᠯ ᠠᠮᠢ ᠠᠬᠤᠢ ᠣᠷᠣᠱᠢᠨ ᠰᠠᠭᠤᠷᠢᠰᠢᠬᠤ᠎ᠳᠤ ᠲᠣᠬᠢᠷᠠᠮᠵᠢᠲᠠᠢ ᠰᠠᠢ᠌ᠨ ᠰᠠᠢᠬᠠᠨ ᠦᠵᠡᠮᠵᠢ ᠬᠠᠷᠠᠭᠠᠨ ᠳ᠋ᠤ ᠲᠤᠳᠤᠷᠠᠵᠤ ᠰᠡᠳᠬᠢᠯ᠎ᠢ ᠪᠠᠶᠠᠰᠬᠠᠨ᠎ᠠ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠬᠠᠷᠢᠯᠴᠠᠨ ᠬᠠᠪᠰᠤᠷᠤᠯᠴᠠᠨ ᠬᠠᠮᠲᠤ ᠪᠡᠷ ᠬᠦᠭᠵᠢᠵᠦ ᠂ ᠦᠨᠳᠦᠰᠦᠲᠡᠨ᠎ᠤ ᠪᠦᠯᠬᠦᠮᠳᠡᠯ᠎ᠤᠨ ᠢᠷᠠᠭᠤ ᠠᠶᠠᠰ᠎ᠢ ᠬᠦᠭᠵᠢᠮᠳᠡᠨ᠎ᠡ᠃
ᠬᠥᠭ᠌ᠵᠢᠯᠲᠡ ᠪᠣᠯ ᠦᠨᠳᠦᠰᠦᠲᠡᠨ᠎ᠦ ᠭᠠᠵᠠᠷ ᠣᠷᠣᠨ᠎ᠤ ᠡᠯ᠎ᠡ ᠵᠦᠢᠯ᠎ᠦᠨ ᠠᠰᠠᠭᠤᠳᠠᠯ ᠢ ᠱᠢᠶ᠋ᠳᠪᠦᠷᠢᠯᠡᠬᠦ᠌ ᠶᠡᠷᠦᠩᠬᠡᠶ ᠲᠦᠯᠬᠢᠭᠦᠷ ᠮᠥᠨ᠂ ᠠᠵᠤ ᠠᠬᠤᠶ᠎ᠶ᠋ᠢ ᠬᠥᠭ᠌ᠵᠢᠭᠦᠯᠵᠦ᠍ ᠠᠷᠠᠳ᠎ᠤᠨ ᠠᠮᠢᠳᠤᠷᠠᠯ ᠢ ᠰᠠᠢᠵᠢᠷᠠᠭᠤᠯᠬᠤ ᠪᠣᠯ ᠬᠥᠮᠦᠰ᠎ᠤᠨ ᠰᠡᠳᠭᠢᠯ ᠢ ᠨᠢᠭ᠍ᠲᠠᠷᠠᠭᠤᠯᠬᠤ ᠪᠣᠳᠠᠰ᠎ᠤᠨ ᠰᠠᠭᠤᠷᠢ ᠮᠥᠨ᠃ ᠤᠪᠤᠭ᠎ᠠ ᠲᠣᠰᠭᠣᠨ᠎ᠤ ᠬᠢᠨ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠢ ᠪᠦᠲᠦᠭᠡᠨ ᠪᠠᠢᠭᠤᠯᠬᠤᠪᠠ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯ᠎ᠢ ᠬᠠᠷᠢᠯᠴᠠᠨ ᠠᠭᠤᠰᠤᠯᠴᠠᠭᠤᠯᠵᠤ᠂ ᠪᠣᠳᠠᠰ᠎ᠤᠨ ᠪᠣᠯᠪᠠᠰᠤᠨ᠎ᠤ ᠪᠠᠢᠭᠤᠯᠤᠯᠲᠠ ᠪᠠ ᠤᠶᠤᠨ᠎ᠤ ᠪᠣᠯᠪᠠᠰᠤᠨ᠎ᠤ ᠪᠠᠢᠭᠤᠯᠤᠯᠲᠠ᠎ᠶ᠋ᠢ ᠨᠢᠭᠡ ᠴᠤᠭ᠍ᠴᠠᠵᠢᠭᠤᠯᠤᠨ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠦᠨᠳᠦᠰᠦᠲᠡᠨ᠎ᠨᠦᠭᠦᠳ᠎ᠦᠨ ᠨᠡᠢᠭᠡᠮ ᠵᠢᠷᠤᠮᠲᠦᠣᠳᠣᠬᠢᠴᠢᠯᠠᠯᠲᠠᠶ᠋ᠢ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌ ᠵᠢ ᠪᠦᠬᠦ᠌ ᠬᠦᠴᠦᠨ᠎ᠢᠶᠡᠷ᠎ᠢᠶᠡᠨ ᠠᠬᠢᠭᠤᠯᠤᠨ᠎ᠠ᠃
ᠤᠪᠤᠭ᠎ᠠ ᠲᠣᠰᠭᠣᠨ᠎ᠳᠤ ᠰᠠᠭᠤᠭ᠎ᠠ ᠨᠢᠭᠡᠳᠦᠭᠡᠷ ᠱᠦᠵᠢ ᠹᠦ᠋᠎ᠶ᠋ᠢᠨ ᠴᠧᠩ ᠄ 《ᠤᠢ᠍ᠢᠷ᠎ᠠ᠎ᠶ᠋ᠢᠨ ᠵᠢᠯ᠎ᠡᠴᠡ ᠪᠢᠳᠠ 〈 ᠦᠨᠳᠦᠰᠦᠲᠡᠨ᠎ᠨᠦᠭᠦᠳ ᠴᠥᠮ ᠨᠢᠭᠡ ᠭᠡᠷ᠎ᠪᠦᠯᠢ ᠵᠢᠨ ᠬᠢᠨ᠂ ᠨᠢᠭᠡ ᠭᠡᠷ ᠪᠦᠯᠢ ᠪᠡᠷ ᠵᠢᠡᠨ ᠪᠦᠷ ᠰᠠᠢ᠌ᠨ ᠰᠠᠢᠬᠠᠨ ᠠᠮᠢᠳᠤᠷᠠᠯ᠎ᠢ ᠡᠳ᠋ᠯᠡᠬᠦ〉 ᠢᠲᠡᠭᠡᠯ᠎ᠢ ᠡᠪᠦᠷᠯᠡᠨ ᠂ ᠦᠨᠳᠦᠰᠦᠲᠡᠨ᠎ᠨᠦᠭᠦᠳ᠎ᠦᠨ ᠠᠷᠠᠳ ᠤᠯᠠᠨ᠎ᠢ ᠳᠠᠭᠠᠭᠤᠯᠤᠨ ᠨᠡᠢᠭᠡᠮ ᠵᠢᠷᠤᠮᠲᠦ ᠣᠳᠣᠬᠢᠴᠢᠯᠠᠬᠰᠠᠨ ᠰᠢᠨ᠎ᠡ ᠤᠪᠤᠭ᠎ᠠ ᠲᠤᠰᠬᠤᠨ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠵᠦ ᠂ ᠤᠪᠤᠭ᠎ᠠ ᠲᠣᠰᠭᠣᠨ᠎ᠤ ᠦᠨᠳᠦᠰᠦᠳᠡᠨ ᠨᠤᠬᠦᠳ᠎ᠤᠨ ᠠᠭᠤᠰᠤᠯᠴᠠᠯ ᠬᠦᠭᠵᠢᠯ᠎ᠢ ᠠᠬᠢᠭᠤᠯᠪᠠ》 ᠬᠡᠵᠦ ᠬᠡᠯᠡᠵᠦ ᠪᠠᠢᠯ᠎ᠠ᠃ ᠲᠡᠬᠦᠨ᠎ᠤ ᠲᠠᠨᠢᠯᠴᠠᠭᠤᠯᠬᠤ ᠪᠡᠷ᠂ 2019 ᠣᠨ᠎ᠳᠤ ᠤᠪᠤᠭ᠎ᠠ ᠲᠣᠰᠭᠣᠨ ᠪᠦᠬᠦ᠌ ᠲᠣᠰᠭᠣᠨᠢᠶᠠᠷᠢᠶᠠᠨ ᠨᠡᠭᠦᠬᠦ᠌ ᠠᠵᠢᠯ᠎ᠢ ᠪᠡᠶᠡᠯᠡᠭᠦᠯᠵᠦ᠍ ᠂ ᠲᠣᠰᠭᠣᠨ᠎ᠤ ᠠᠷᠠᠳ᠎ᠤᠨ ᠣᠷᠣᠱᠢᠨ ᠰᠠᠭᠤᠬᠤ ᠨᠥᠬᠥᠴᠡᠯ᠎ᠢ ᠰᠠᠢᠵᠢᠷᠠᠭᠤᠯᠬᠤ᠎ᠶ᠋ᠢᠨ ᠬᠠᠮᠲᠤ᠂ ᠠᠵᠤ ᠦᠢᠯᠡᠰ᠎ᠢ ᠶᠡᠬᠡ ᠪᠡᠷ ᠬᠥᠭ᠌ᠵᠢᠬᠦᠯᠵᠦ ᠂ ᠤᠷᠢᠳ ᠬᠣᠵᠢᠳ ᠤᠪᠤᠭ᠎ᠠ ᠠᠳᠠᠯ ᠠᠬᠤᠢ᠎ᠶ᠋ᠢᠨ ᠬᠠᠮᠢᠶᠠᠷᠤᠯᠲᠠ᠎ᠶ᠋ᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠤᠪᠤᠭ᠎ᠠ ᠰᠣᠶᠣᠯ ᠵᠢᠭᠤᠯᠴᠢᠯᠠᠯ᠎ᠤᠨ ᠨᠡᠭᠡᠭᠡᠨ ᠬᠥᠭ᠌ᠵᠢᠭᠦᠯᠦᠯᠲᠡ᠎ᠶ᠋ᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ 8 ᠺᠣᠮᠫᠠᠨᠢ᠎ᠶ᠋ᠢ ᠪᠠᠢᠭᠤᠯᠵᠤ ᠂ ᠤᠪᠤᠭ᠎ᠠ ᠤᠰᠤᠨ ᠲᠡᠭᠡᠷᠡᠬᠢ ᠨᠠᠭᠠᠳᠤᠮ ᠂ ᠦᠨᠳᠦᠷ ᠲᠡᠭᠡᠷ᠎ᠡ ᠡᠴᠡ ᠦᠵᠡᠮᠵᠢ ᠰᠣᠨᠢᠷᠬᠠᠬᠤ ᠴᠤᠩᠬᠤ ᠂ ᠬᠤᠳᠠᠯᠳᠤᠭᠠᠨ᠎ᠤ ᠬᠤᠳᠠ ᠵᠡᠷᠭᠡ ᠲᠤᠮᠤ ᠬᠡᠯᠪᠡᠷᠢ᠎ᠶ᠋ᠢᠨ ᠰᠣᠶᠣᠯ ᠵᠢᠭᠤᠯᠴᠢᠯᠠᠯᠤᠨᠶᠡᠷᠦᠩᠬᠡᠢᠯᠡᠭ᠌ᠰᠡᠨ ᠴᠣᠭ᠍ᠴᠠ᠎ᠶ᠋ᠢ ᠪᠠᠢᠭᠤᠯᠪᠠ᠃ ᠬᠡᠳᠦᠨ ᠵᠢᠯ᠎ᠦᠨ ᠪᠦᠲᠦᠭᠡᠨ ᠪᠠᠢᠭᠤᠯᠤᠯᠲᠠ᠎ᠪᠠᠷ ᠳᠠᠮᠵᠢᠨ ᠤᠪᠤᠭ᠎ᠠ ᠲᠣᠰᠭᠣᠨ᠎ᠤ ᠰᠣᠶᠣᠯ ᠵᠢᠭᠤᠯᠴᠢᠯᠠᠯ᠎ᠤᠨ ᠠᠵᠤ ᠦᠢᠯᠡᠰ᠎ᠢᠶᠡᠷ ᠭᠣᠣᠯ ᠪᠣᠯᠭᠠᠭ᠍ᠰᠠᠨ ᠲᠠᠪᠴᠠᠩ᠎ᠤᠨ ᠵᠢᠯ᠎ᠦᠨ ᠦᠢᠯᠡᠳᠬᠦᠨ᠎ᠦ ᠦᠷᠲᠡᠭ 3 ᠳ᠋ᠦᠩᠱᠢᠭᠤᠷ ᠭᠠᠷᠤᠢ ᠲᠥᠭᠥᠷᠢᠭ᠎ᠢ ᠳᠠᠪᠠᠵᠤ᠂ ᠲᠤᠰ ᠲᠣᠰᠭᠣᠨ ᠵᠢᠴᠢ ᠡᠷᠬᠢᠨ ᠲᠣᠭᠣᠷᠢᠨ᠎ᠤ ᠲᠣᠰᠭᠣᠨ᠎ᠤ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠳᠦ 6000 ᠭᠠᠷᠤᠢ ᠠᠵᠢᠯ᠎ᠤᠨ ᠪᠠᠢᠷᠢ ᠬᠠᠩᠭᠠᠵᠤ᠂ ᠲᠣᠰᠭᠣᠨ᠎ᠤ ᠠᠷᠠᠳ᠎ᠤᠨ ᠬᠥᠮᠦᠨ ᠳᠤᠮᠳᠠᠴᠢ᠎ᠶ᠋ᠢᠨ ᠵᠢᠯ᠎ᠦᠨ ᠣᠷᠣᠯᠭ᠎ᠠ 5 ᠲᠦᠮᠡᠨ ᠲᠥᠭᠥᠷᠢᠭ᠎ᠲᠦ ᠬᠦᠷᠴᠡᠢ ᠃
ᠤᠪᠤᠭ᠎ᠠ ᠲᠤᠰᠬᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠬᠦᠴᠦᠨ᠎ᠢ ᠨᠢᠭ᠍ᠲᠠᠷᠠᠭᠤᠯᠵᠤ᠂ ᠦᠨᠳᠦᠰᠦᠲᠡᠨ᠎ᠦ ᠪᠦᠯᠬᠦᠮᠳᠡᠯ᠎ᠦᠨ ᠢᠵᠢᠯᠢ ᠲᠥᠪ᠎ᠲᠦ ᠲᠣᠭᠣᠷᠢᠭ᠎ᠢ ᠲᠠᠰᠤᠷᠠᠯᠳᠠ ᠦᠭᠡᠢ ᠦᠷᠭᠡᠳᠭᠡᠨ᠎ᠡ᠃ ᠤᠯᠠᠨ ᠵᠢᠯ᠎ᠦᠨ ᠲᠤᠷᠰᠢ ᠂ ᠤᠪᠤᠭ᠎ᠠ ᠲᠣᠰᠭᠣᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬᠴᠠᠯᠠᠬᠤ᠎ᠪᠠᠷ ᠭᠣᠣᠯ ᠰᠢᠵᠢᠮ ᠪᠣᠯᠭᠠᠬᠤ᠎ᠶ᠋ᠢ ᠪᠠᠷᠢᠮᠳᠠᠯᠠᠵᠦ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠠ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠡᠭᠦᠳᠦᠨ ᠪᠠᠢᠭᠤᠯᠬᠤ ᠠᠵᠢᠯ᠎ᠢ ᠣᠷᠭᠠᠨᠢᠭ᠎ᠢᠶᠠᠷ ᠤᠶᠠᠯᠳᠤᠭᠤᠯᠵᠦ᠂ 《ᠦᠷ᠎ᠡ ᠪᠦᠲᠦᠭᠡᠯ᠎ᠢᠶᠡᠨ ᠪᠠᠲᠤᠳᠭᠠᠵᠦ ᠬᠦᠭᠵᠢᠯᠲᠡ ᠵᠢ ᠠᠬᠢᠭᠤᠯᠤᠶ᠎ᠠ — ᠦᠨᠳᠦᠰᠦᠲᠡᠨ᠎ᠨᠦᠭᠦᠳ ᠨᠢᠭᠡ ᠭᠡᠷ ᠪᠦᠯᠢ ᠵᠢᠨ ᠮᠡᠲᠤ ᠲᠤᠳᠤᠨᠤ 》 ᠭᠤᠤᠯ ᠰᠡᠳᠦᠪ᠎ᠲᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠡᠭᠦᠳᠦᠨ ᠪᠠᠢᠭᠤᠯᠬᠤ ᠠᠵᠢᠯ᠎ᠢ ᠰᠢᠶᠠᠩ ᠪᠠᠯᠭᠠᠰᠤᠨ ᠳ᠋ᠤ ᠤᠷᠤᠭᠤᠯᠬᠤ ᠠᠵᠢᠯᠯᠠᠭ᠎ᠠ ᠵᠢ ᠦᠷᠨᠢᠬᠦᠯᠵᠦ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠤᠯᠭ᠎ᠠ ᠵᠢᠨ ᠭᠤᠤᠯᠯᠠᠬᠤ ᠦᠢᠯᠡᠳᠦᠯ᠎ᠢ ᠴᠢᠩᠭᠠᠳᠬᠠᠨ ᠂ ᠤᠶᠤᠨ ᠤᠬᠠᠭᠠᠨ ᠬᠦᠴᠦᠨ ᠴᠢᠳᠠᠯ᠎ᠢᠶᠠᠨ ᠲᠥᠪᠯᠡᠷᠡᠭᠦᠯᠦᠨ ᠂ ᠠᠮᠢᠵᠢᠷᠠᠯ᠎ᠤᠨ ᠬᠦᠴᠦᠨ᠎ᠢᠶᠡᠷ ᠪᠢᠯᠬᠠᠮ᠎ᠠ᠂ ᠡᠶ᠎ᠡ ᠵᠣᠬᠢᠴᠠᠩᠭᠤᠢ᠂ ᠡᠮᠬᠢ ᠳᠢᠭ᠌ᠯᠢᠮ᠎ᠲᠡᠶ᠂ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠢ ᠪᠦᠲᠦᠭᠡᠨ ᠪᠠᠢᠭᠤᠯᠵᠤ᠂ 《ᠠᠵᠤ ᠦᠢᠯᠡᠰ ᠬᠥᠭ᠌ᠵᠢᠭᠰᠡᠨ᠂ ᠠᠮᠢ ᠠᠬᠤᠢ ᠣᠷᠣᠱᠢᠨ ᠰᠠᠭᠤᠷᠢᠰᠢᠬᠤ᠎ᠳᠤ ᠲᠣᠬᠢᠷᠠᠮᠵᠢᠲᠠᠢ᠂ ᠰᠣᠶᠣᠯ ᠬᠥᠭ᠌ᠵᠢᠨ ᠴᠡᠴᠡᠭᠯᠡᠭᠰᠡᠨ᠂ ᠠᠷᠠᠳ᠎ᠤᠨ ᠠᠮᠢᠳᠤᠷᠠᠯ ᠵᠣᠯ ᠵᠢᠷᠭᠠᠯ᠎ᠲᠠᠶ》 ᠠᠵᠤ ᠦᠢᠯᠡᠰ᠎ᠢᠶᠡᠷ ᠲᠣᠰᠭᠣᠨᠵᠢᠡᠨ ᠬᠥᠭ᠌ᠵᠢᠭᠦᠯᠬᠦ᠌ ᠵᠠᠮ᠎ᠢᠶᠠᠷ ᠵᠠᠮᠨᠠᠵᠤ᠂ ᠪᠦᠬᠦ᠌ ᠤᠯᠤᠰ᠎ᠲᠤ ᠨᠡᠷ᠎ᠡ ᠠᠯᠳᠠᠷᠱᠢᠭ᠍ᠰᠠᠨ ᠬᠥᠳᠡᠭᠡ ᠲᠣᠰᠭᠣᠨ᠎ᠤ ᠵᠢᠭᠤᠯᠴᠢᠯᠠᠯ᠎ᠤᠨ ᠭᠠᠵᠠᠷᠪᠤᠯᠵᠤ ᠂ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠡᠵᠡᠮᠳᠡᠵᠦ᠍ ᠪᠣᠯᠬᠤ ᠣᠷᠣᠯᠭ᠎ᠠ ᠵᠢᠯ ᠳᠠᠷᠠᠭᠠᠯᠠᠨ ᠨᠡᠮᠡᠭ᠌ᠳᠡᠵᠦ᠍ ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠦᠷᠲᠡᠮᠵᠢ᠎ᠶ᠋ᠢᠨ ᠲᠦᠷᠦᠭ᠌ᠳᠡᠯ᠂ ᠵᠣᠯ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠦ ᠲᠦᠷᠦᠭ᠌ᠳᠡᠯ᠎ᠢ ᠨᠡᠩ ᠪᠦᠷᠢᠨ ᠲᠡᠭᠦᠯᠳᠡᠷ᠂ ᠨᠡᠩ ᠪᠠᠲᠤᠯᠠᠭ᠎ᠠ᠎ᠲᠠᠶ᠂ ᠨᠡᠩ ᠦᠷᠭᠦᠯᠵᠢᠯᠡᠬᠦ᠌ ᠴᠢᠨᠠᠷ ᠲᠠᠢ ᠪᠣᠯᠭᠠᠪᠠ᠃
ᠤᠪᠤᠭᠠᠲᠤᠰᠬᠤᠨᠤ ᠤᠨᠴᠠ ᠶᠡᠭᠡ ᠬᠤᠪᠢᠷᠠᠯᠲᠠ ᠪᠤᠯ ᠬᠦᠬᠡᠬᠤᠳᠠ᠎ᠶ᠋ᠢᠨ ᠦᠨᠳᠦᠰᠦᠲᠡᠨ᠎ᠦ ᠪᠦᠯᠬᠦᠮᠳᠡᠯ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠭ᠌ᠰᠡᠨᠦ ᠨᠢᠭᠡᠨ ᠬᠤᠷᠢᠶᠠᠩᠭᠤᠶ ᠳᠦᠷᠰᠦ ᠪᠤᠯᠬᠤ ᠶᠤᠮ᠃ ᠣᠢᠷ᠎ᠠ᠎ᠶ᠋ᠢᠨ ᠵᠢᠯ᠎ᠦᠳ᠎ᠲᠦ 《〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠭᠰᠠᠨ ᠲᠠᠢᠯᠠᠯᠳᠤᠭᠠᠨ᠎ᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌ ᠪᠠ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠲᠦᠮᠵᠢᠲᠡᠶ ᠵᠣᠯᠭᠠᠭᠤᠯᠬᠤ ᠲᠥᠯᠥᠪᠵᠢᠭᠦᠯᠭᠡ》 ᠵᠡᠷᠭᠡ 5 ᠪᠢᠴᠢᠭ ᠮᠠᠲ᠋ᠧᠷᠢᠶᠠᠯ᠎ᠢ ᠲᠤᠬᠳᠠᠭᠠᠵᠤ᠂ ᠪᠥᠬᠥ᠌ ᠬᠦᠴᠦᠨ᠎ᠢᠶᠡᠷ᠎ᠢᠶᠡᠨ ᠪᠡᠬᠢᠵᠢᠭᠦᠯᠦᠨ ᠥᠷᠭᠡᠳᠭᠡᠬᠦ᠌ ᠪᠠ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠲᠦᠮᠵᠢᠲᠡᠶ ᠵᠣᠯᠭᠠᠭᠤᠯᠬᠤ᠎ᠶ᠋ᠢ ᠲᠦᠷᠭᠡᠳᠭᠡᠨ ᠠᠬᠢᠭᠤᠯᠪᠠ᠃ ᠱᠢᠯᠢᠳᠡᠭ ᠰᠠᠯᠠᠭᠠᠨ ᠳᠡᠰ᠎ᠤᠨ ᠺᠠᠳ᠋ᠷ ᠪᠠ ᠲᠤᠰᠭᠠᠢ ᠮᠡᠷᠭᠡᠵᠢᠯ᠎ᠦᠨ ᠴᠢᠳᠠᠪᠤᠷᠢᠲᠠᠨ᠎ᠢ ᠰᠣᠩᠭᠣᠨ ᠲᠣᠮᠢᠯᠠᠵᠤ ᠲᠣᠰᠭᠣᠨ᠎ᠳᠤ ᠰᠠᠭᠤᠬᠤ ᠠᠵᠢᠯᠯᠠᠬᠤ ᠠᠩᠬᠢ᠎ᠶ᠋ᠢ ᠵᠣᠬᠢᠶᠠᠨ ᠪᠠᠢᠭᠤᠯᠵᠤ᠂ 《ᠬᠣᠷᠢᠭ᠎ᠠ ᠱᠤᠭᠤᠮ᠎ᠢ ᠰᠠᠬᠢᠵᠤ ᠵᠣᠯᠭᠠᠭᠤᠯᠬᠤ᠎ᠶ᠋ᠢ ᠠᠬᠢᠭᠤᠯᠬᠤ》 ᠶ᠋ᠢᠨ ᠬᠠᠮᠲᠤ᠂ ᠬᠥᠳᠡᠭᠡ ᠲᠣᠰᠭᠣᠨ᠎ᠤ ᠦᠨᠳᠦᠰᠦᠨ ᠱᠠᠲᠤᠨ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠰᠠᠢ᠌ᠨ ᠰᠠᠢᠬᠠᠨ ᠪᠠᠢᠳᠠᠯ᠎ᠢ ᠦᠨᠡᠨ ᠬᠦ᠌ ᠬᠠᠮᠠᠭᠠᠯᠠᠨ ᠪᠡᠬᠢᠵᠢᠭᠦᠯᠪᠡ᠃ 《ᠰᠡᠳᠭᠢᠯ ᠨᠢᠭᠡᠳᠦᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦ᠍ᠨ ᠨᠡᠮᠡᠷᠢᠯᠡᠶ᠎ᠡ · ᠳᠤᠮᠳᠠᠳᠤ᠎ᠶ᠋ᠢᠨ ᠦᠨᠳᠦᠰᠦᠲᠡᠨᠨᠢᠭᠡ ᠭᠡᠷ ᠪᠦᠯᠢ ᠵᠢᠨᠮᠡᠲᠤ ᠲᠤᠳᠤᠨᠤ》 ᠬᠡᠬᠦ ᠲᠦᠷᠦᠯ ᠵᠦᠢᠯ᠎ᠢ ᠬᠡᠷᠡᠭ᠌ᠵᠢᠭᠦᠯᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠂ ᠰᠣᠶᠣᠯ ᠪᠠ ᠠᠷᠠᠳ᠎ᠤᠨ ᠠᠮᠢᠳᠤᠷᠠᠯ᠎ᠤᠨ ᠬᠥᠭ᠌ᠵᠢᠯᠲᠡ᠎ᠳᠦ ᠠᠩᠬᠠᠷᠤᠯ᠎ᠢᠶᠠᠨ ᠲᠥᠪᠯᠡᠷᠡᠭᠦᠯᠬᠦ᠌ ᠵᠡᠷᠭᠡ 8 ᠬᠦᠷᠢᠶᠡᠨ᠎ᠳᠦ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠢ ᠬᠦᠳᠦᠯᠦᠨ ᠳᠠᠭᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬᠴᠠᠯᠠᠪᠠ᠃ 《ᠨᠠᠮ᠎ᠤᠨ ᠠᠴᠢ᠎ᠶ᠋ᠢ ᠮᠡᠳᠡᠷᠡᠵᠦ᠍᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭᠠᠬᠤ》 ᠤᠬᠠᠭᠤᠯᠭ᠎ᠠ ᠬᠥᠮᠦᠵᠢᠯ᠎ᠦᠨ ᠠᠵᠢᠯᠯᠠᠭ᠎ᠠ᠎ᠶ᠋ᠢᠨ ᠲᠥᠰᠦᠯ᠎ᠢ ᠲᠣᠭ᠍ᠲᠠᠭᠠᠵᠤ ᠳᠠᠷᠤᠮᠠᠯᠯᠠᠨ ᠲᠠᠷᠬᠠᠭᠠᠵᠦ᠂ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠦᠷᠳᠡᠬᠡ ᠭᠠᠵᠠᠷ᠎ᠵᠢᠡᠷ ᠲᠦᠰᠢᠭ ᠪᠤᠯᠭᠠᠵᠤ᠂ ᠬᠥᠳᠡᠭᠡ ᠲᠣᠰᠭᠣᠨ᠎ᠤ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠬᠦᠳᠤᠯᠤᠨ ᠵᠢᠯᠣᠭᠣᠳᠴᠤ᠌ ᠢᠲᠡᠭᠡᠯ ᠵᠣᠷᠢᠭ᠎ᠢᠶᠠᠨ ᠪᠠᠲᠤᠳᠭᠠᠨ᠂ ᠨᠠᠮ᠎ᠢᠶᠠᠨ ᠲᠠᠭᠠᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠬᠦ᠌᠎ᠳᠦ ᠪᠠᠲᠤ ᠪᠡᠬᠢ ᠦᠵᠡᠯ ᠰᠠᠨᠠᠭᠠᠨ᠎ᠤ ᠪᠠᠲᠤᠯᠠᠭ᠎ᠠ ᠬᠠᠩᠭᠠᠵᠤ᠂ ᠪᠦᠬᠦ᠌ ᠤᠯᠤᠰ᠎ᠲᠠᠶ ᠠᠯᠬᠤᠭ᠎ᠠ ᠨᠢᠭᠡᠲᠡᠢ ᠪᠡᠷ ᠨᠡᠢᠭᠡᠮ ᠵᠢᠷᠤᠮᠲᠦ ᠣᠳᠣᠬᠢᠴᠢᠯᠠᠯᠲᠠ᠎ᠶ᠋ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ ᠵᠢᠡᠨ ᠡᠬᠢᠯᠡᠭᠦᠯᠪᠡ᠃
ᠬᠠᠮᠤᠭ᠎ᠤᠨ ᠰᠠᠢᠨ ᠦᠨᠳᠦᠰᠦᠲᠡᠨ᠎ᠦ ᠪᠦᠯᠬᠦᠮᠳᠡᠯ ᠪᠣᠯ ᠳᠠᠷᠤᠶ ᠬᠠᠮᠲᠤ᠎ᠶ᠋ᠢᠨ ᠬᠥᠭ᠌ᠵᠢᠯᠲᠡ᠎ᠶ᠋ᠢ ᠪᠡᠶᠡᠯᠡᠭᠦᠯᠬᠦ᠌ ᠶᠠᠪᠤᠳᠠᠯ ᠪᠤᠯᠤᠨ᠎ᠠ᠃ ᠰᠠᠷ᠎ᠠ ᠰᠢᠨ᠎ᠡ ᠵᠢᠨ ᠦᠶ᠎ᠡ ᠵᠢᠨ ᠤᠪᠤᠭ᠎ᠠ ᠲᠤᠰᠬᠤᠨ ᠳ᠋ᠦ ᠶᠠᠩᠭᠠᠷ ᠪᠦᠵᠢᠭ᠂ ᠮᠤᠳᠤᠨ ᠬᠦᠯᠳᠦ᠂ ᠯᠤᠤ ᠠᠷᠰᠯᠠᠨ ᠲᠤᠬᠯᠠᠨ᠂ ᠬᠦᠮᠦᠰ᠎ᠤᠨ ᠬᠥᠭᠡᠷᠦᠯᠳᠦᠵᠦ᠍ ᠢᠨᠢᠶᠡᠯᠳᠦᠬᠦ ᠲᠠᠭᠤᠨ ᠭᠠᠵᠠᠷ ᠰᠠᠢ ᠦᠭᠡᠢ ᠰᠤᠨᠤᠰᠳᠠᠨ᠎ᠠ᠃ ᠠᠵᠤ ᠦᠢᠯᠡᠰ ᠬᠥᠭ᠌ᠵᠢᠵᠦ᠂ ᠪᠣᠯᠪᠠᠰᠤᠨ ᠲᠠᠪᠱᠢᠵᠤ᠂ ᠠᠮᠤᠷ ᠲᠠᠢᠪᠤᠩ ᠠᠵᠤ ᠲᠦᠷᠦᠵᠤ᠂ ᠠᠮᠢ ᠠᠬᠤᠢ ᠣᠷᠣᠱᠢᠨ ᠰᠠᠭᠤᠷᠢᠰᠢᠬᠤ᠎ᠳᠤ ᠲᠣᠬᠢᠷᠠᠮᠵᠢᠲᠠᠢ ᠦᠨᠳᠦᠰᠦᠲᠡᠨ᠎ᠦ ᠪᠦᠯᠬᠦᠮᠳᠡᠯ᠎ᠦᠨ ᠵᠢᠷᠤᠭ ᠳᠡᠯᠭᠡᠭ᠌ᠳᠡᠨ᠎ᠡ᠃