《ᠨᠡᠮᠡᠵᠦ᠍ ᠬᠠᠰᠤᠬᠤ ᠦᠷᠡᠵᠢᠭᠦᠯᠵᠦ᠍ ᠬᠤᠪᠢᠶᠠᠬᠤ》 ᠠᠷᠭ᠎ᠠ ᠪᠡᠷ ᠦᠨᠳᠦᠰᠦᠨ ᠱᠠᠲᠤᠨ ᠎ᠤ ᠵᠠᠰᠠᠯᠲᠠ ᠎ᠶ᠋ᠢᠨ ᠬᠠᠭᠤᠳᠠᠰᠤ ᠎ᠶ᠋ᠢ ᠰᠠᠢᠲᠤᠷ ᠬᠠᠷᠢᠭᠤᠯᠤᠨ᠎ᠠ
2023-03-13 15:25:55
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠶ᠋ᠢᠨ ᠵᠢᠯ᠎ᠦᠨ ᠲᠤᠷᠰᠢ᠂ ᠬᠥᠬᠡᠬᠣᠲᠠ᠎ᠶ᠋ᠢᠨ ᠰᠠᠢᠬᠠᠨ ᠲᠣᠭᠣᠷᠢᠭ᠎ᠨᠠᠮ᠎ᠤᠨ ᠪᠠᠢᠭᠤᠯᠤᠯᠲᠠ ᠪᠡᠷ ᠬᠦᠲᠦᠯᠦᠨ ᠲᠠᠭᠠᠭᠤᠯᠬᠤ᠎ᠶ᠋ᠢ ᠴᠢᠩᠭᠠᠳᠭᠠᠵᠤ᠂ ᠠᠵᠢᠯ᠎ᠤᠨ ᠠᠷᠭ᠎ᠠ ᠬᠡᠮᠵᠢᠢ᠎ᠡ᠎ᠶ᠋ᠢᠨ ᠱᠢᠨ᠎ᠡ᠎ᠶ᠋ᠢ ᠡᠭᠦᠳᠴᠤ᠂《ᠨᠡᠮᠡᠵᠦ ᠬᠠᠰᠤᠬᠤ ᠦᠷᠡᠵᠢᠭᠦᠯᠵᠦ ᠬᠤᠪᠢᠶᠠᠬᠤ》 ᠠᠷᠭ᠎ᠠ᠎ᠪᠠᠷ ᠦᠨᠳᠦᠰᠦᠨ ᠱᠠᠲᠤᠨ᠎ᠤ ᠵᠠᠰᠠᠯᠲᠠ᠎ᠶ᠋ᠢᠨ ᠬᠠᠭᠤᠳᠠᠰᠤ᠎ᠶ᠋ᠢ ᠰᠠᠢᠲᠤᠷ ᠬᠠᠷᠢᠭᠤᠯᠵᠤ᠂ ᠤᠯᠠᠨ ᠲᠦᠮᠡᠨ᠎ᠦ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠦ ᠲᠦᠷᠦᠭ᠌ᠳᠡᠯ᠎ᠢ ᠳᠠᠰᠤᠷᠠᠯᠳᠠ ᠦᠭᠡᠢ ᠳᠡᠭᠡᠭ᠌ᠰᠢᠯᠡᠭᠦᠯᠪᠡ᠃

ᠨᠡᠮᠡᠬᠦ᠌ ᠠᠷᠭ᠎ᠠ᠎ᠪᠡᠷ ᠬᠦᠴᠦᠨ ᠵᠢᠡᠨ ᠨᠢᠭ᠍ᠲᠠᠷᠠᠭᠤᠯᠤᠨ᠂ ᠤᠯᠠᠨ ᠡᠱᠢᠵᠢᠭᠦᠯᠦᠨ ᠬᠠᠮᠲᠤ ᠪᠠᠷ ᠵᠠᠰᠠᠬᠤ ᠬᠦᠴᠦᠨ᠎ᠢ ᠪᠦᠷᠢᠯᠳᠦᠭᠦᠯᠪᠡ᠃ ᠰᠠᠢᠬᠠᠨ ᠲᠣᠭᠣᠷᠢᠭ᠎ᠤᠨ ᠬᠢᠨ ᠵᠡᠭᠡᠯᠢ ᠭᠤᠳᠤᠮᠵᠢ᠎ᠶ᠋ᠢᠨ 《 ᠶᠡᠬᠡ ᠠᠵᠢᠯ᠎ᠤᠨ ᠬᠤᠷᠢᠶ᠎ᠠ》᠂ ᠨᠡᠢᠭᠡᠮ ᠲᠣᠭᠣᠷᠢᠭ᠎ᠤᠨ 《ᠶᠡᠬᠡ ᠨᠠᠮ᠎ᠤᠨ ᠬᠣᠷᠢᠢ᠎ᠠ》᠂᠎ᠲᠤᠤᠷᠵᠢᠯ᠎ᠤᠨ 《ᠶᠡᠬᠡ ᠨᠠᠮ᠎ᠤᠨ ᠡᠭᠦᠷ》 ᠎ᠤ᠋ᠨ ᠲᠣᠭ᠍ᠲᠠᠴᠠ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠍᠂ 《ᠨᠠᠮ᠎ᠤᠨ ᠪᠠᠢᠭᠤᠯᠤᠯᠲᠠ᠎ᠶ᠋ᠢᠨ ᠰᠦᠯᠵᠢᠶ᠎ᠡ》 ᠪᠣᠯᠤᠨ 《ᠵᠠᠰᠠᠯᠲᠠ᠎ᠶ᠋ᠢᠨ ᠰᠦᠯᠵᠢᠶ᠎ᠡ》 ᠵᠢᠨ ᠠᠭᠤᠰᠤᠯᠴᠠᠯ᠎ᠢ ᠠᠬᠢᠭᠤᠯᠵᠤ᠂ ᠵᠡᠭᠡᠯᠢ ᠭᠤᠳᠤᠮᠵᠢ᠂ ᠨᠡᠢᠭᠡᠮ ᠲᠣᠭᠣᠷᠢᠭ᠎ᠢᠶᠠᠷ ᠭᠣᠣᠯ ᠪᠣᠯᠭᠠᠭ᠍ᠰᠠᠨ 《ᠨᠢᠭᠡ ᠴᠥᠮ᠎ᠡ ᠤᠯᠠᠨ ᠡᠱᠢᠲᠦ》 ᠤᠳᠤᠷᠢᠳᠭᠤ ᠲᠤᠬᠳᠠᠴᠠ᠎ᠶ᠋ᠢ ᠪᠦᠷᠢᠯᠳᠦᠭᠦᠯᠪᠠ᠃ 《ᠡᠬᠢ ᠪᠠᠶᠠᠯᠢᠭ᠂ ᠬᠡᠷᠡᠭ᠌ᠴᠡᠭᠡ ᠱᠠᠭᠠᠷᠳᠠᠯᠭ᠎ᠠ᠂ ᠲᠥᠷᠥᠯ ᠵᠦᠶ᠋ᠯ》᠎ᠤ᠋ᠨ ᠭᠤᠷᠪᠠᠨ ᠵᠦᠶ᠋ᠯ᠎ᠦᠨ ᠲᠣᠳᠣᠷᠬᠠᠶ ᠬᠠᠭᠤᠳᠠᠰᠤ᠎ᠶ᠋ᠢᠨ ᠬᠠᠮᠢᠶᠠᠷᠤᠯᠲᠠ᠎ᠶ᠋ᠢ ᠬᠡᠷᠡᠭ᠌ᠵᠢᠭᠦᠯᠵᠦ᠍᠂ ᠪᠦᠷᠢᠯᠳᠦᠬᠦᠨ ᠨᠢᠭᠡᠴᠢ᠎ᠶ᠋ᠢᠨ ᠦᠶ᠋ᠯᠡᠳᠦᠯ ᠵᠢᠡᠨ ᠪᠠᠳᠠᠷᠠᠭᠤᠯᠬᠤ ᠵᠢ ᠠᠬᠢᠭᠤᠯᠪᠠ᠃ ᠲᠤᠤᠷᠵᠢᠯ᠎ᠢ᠋ᠢᠡᠷ ᠰᠠᠭᠤᠷᠢ ᠪᠣᠯᠭᠠᠵᠤ᠂ ᠨᠡᠢᠭᠡᠮ ᠲᠣᠭᠣᠷᠢᠭ᠎ᠲᠤ ᠪᠠᠭᠤᠯᠭᠠᠭ᠍ᠰᠠᠨ ᠡᠭᠦᠷᠭᠡ ᠴᠢᠳᠠᠪᠬᠢᠲᠤ ᠰᠠᠯᠠᠭ᠎ᠠ ᠮᠥᠴᠢᠷ᠎ᠦᠨ ᠨᠠᠮ᠎ᠤᠨ ᠭᠡᠱᠢᠭᠦᠨ᠂ ᠠᠳᠠᠯ ᠠᠬᠤᠶ᠎ᠶ᠋ᠢᠨ ᠺᠣᠮᠫᠠᠨᠢ᠎ᠶ᠋ᠢᠨ ᠨᠠᠮ᠎ᠤᠨ ᠭᠡᠱᠢᠭᠦᠨ᠂ ᠰᠠᠭᠤᠭᠠᠯᠢ ᠠᠷᠠᠳ᠎ᠤᠨ ᠵᠥᠪᠯᠡᠯ᠎ᠦᠨ ᠨᠠᠮ᠎ᠤᠨ ᠭᠡᠱᠢᠭᠦᠨ ᠵᠡᠷᠭᠡ᠎ᠶ᠋ᠢ ᠲᠤᠤᠷᠵᠢᠯ᠎ᠤᠨ ᠲᠤᠮᠤ ᠨᠠᠮ᠎ᠤᠨ ᠡᠭᠦᠷ ᠲᠸ᠋ ᠣᠷᠣᠭᠤᠯᠵᠤ᠂ ᠨᠠᠮ᠎ᠤᠨ ᠭᠡᠱᠢᠭᠦᠨ᠎ᠦ ᠨᠡᠢᠭᠡᠮ ᠲᠣᠭᠣᠷᠢᠭ᠎ᠤᠨ ᠵᠠᠰᠠᠯᠲᠠ ᠢ᠋ᠢᠨ ᠪᠠᠢᠭᠤᠯᠤᠯᠲᠠ᠎ᠳᠤ ᠣᠷᠣᠯᠴᠠᠬᠤ᠎ᠶ᠋ᠢ ᠵᠣᠷᠢᠭ᠍ᠵᠢᠭᠤᠯᠵᠤ᠂ ᠲᠤᠤᠷᠵᠢᠯ᠎ᠤᠨ ᠦᠶ᠋ᠯᠡᠳᠦᠯ᠎ᠢ ᠭᠦᠶ᠋ᠴᠡᠳ ᠪᠠᠳᠠᠷᠠᠭᠤᠯᠪᠠ᠃ ᠨᠠᠮ᠎ᠤᠨ ᠭᠡᠱᠢᠭᠦᠨ᠎ᠦ ᠬᠣᠯᠪᠣᠭᠠᠯᠠᠨ ᠬᠠᠮᠢᠶᠠᠷᠬᠤ᠂ ᠡᠬᠢ ᠪᠠᠶᠠᠯᠢᠭ᠎ᠢ ᠬᠠᠮᠲᠤ ᠪᠠᠷ ᠡᠳ᠋ᠯᠡᠬᠦ᠌᠂ ᠠᠵᠢᠯᠯᠠᠭ᠎ᠠ᠎ᠶ᠋ᠢ ᠬᠠᠮᠲᠤ ᠪᠠᠷ ᠦᠷᠨᠢᠭᠦᠯᠬᠦ᠂ ᠬᠦᠴᠢᠷ ᠠᠰᠠᠭᠤᠳᠠᠯ᠎ᠢ ᠬᠠᠮᠲᠤ ᠪᠠᠷ ᠱᠢᠢᠳᠪᠦᠷᠢᠯᠡᠬᠦ᠂ ᠰᠣᠶᠣᠯ᠎ᠢ ᠬᠠᠮᠲᠤ ᠪᠠᠷ ᠠᠭᠤᠰᠤᠯᠴᠠᠭᠤᠯᠬᠤ 5 ᠵᠦᠢᠯ᠎ᠦᠨ ᠲᠣᠭ᠍ᠲᠠᠴᠠ᠎ᠶ᠋ᠢ ᠪᠦᠷᠢᠯᠳᠦᠭᠦᠯᠵᠦ᠍᠂ ᠨᠡᠢᠭᠡᠮ ᠲᠣᠭᠣᠷᠢᠭ᠎ᠤᠨ ᠦᠢᠯᠡᠴᠢᠯᠡᠭᠡ᠎ᠶ᠋ᠢ ᠬᠠᠮᠲᠤ ᠪᠠᠷ ᠪᠠᠢᠭᠤᠯᠬᠤ ᠪᠣᠯᠭᠠᠨ ᠬᠤᠪᠢᠷᠠᠭᠤᠯᠵᠤ᠂ ᠳᠥᠭᠥᠮᠬᠡᠨ ᠬᠠᠪᠰᠤᠷᠤᠨ ᠲᠡᠮᠵᠢᠯᠭᠡ ᠡᠴᠡ ᠭᠦᠨᠵᠡᠭᠡᠢ ᠦᠢᠯᠡᠴᠢᠯᠡᠭᠡ ᠪᠣᠯᠭᠠᠨ ᠬᠤᠪᠢᠷᠠᠭᠤᠯᠪᠠ᠃

ᠬᠠᠰᠤᠬᠤ ᠠᠷᠭ᠎ᠠ᠎ᠪᠡᠷ ᠬᠠᠮᠢᠶᠠᠷᠤᠯᠲᠠ᠎ᠶ᠋ᠢ ᠱᠢᠯᠢᠳᠡᠭ᠌ᠵᠢᠭᠦᠯᠦᠨ᠂ ᠵᠠᠰᠠᠭ᠎ᠢ ᠴᠣᠮᠬᠠᠳᠭᠠᠨ ᠡᠷᠬᠡ᠎ᠶ᠋ᠢ ᠳᠣᠷᠣᠭ᠍ᠰᠢ ᠪᠠᠭᠤᠯᠭᠠᠵᠤ ᠵᠠᠰᠠᠯᠲᠠ ᠵᠢᠨ ᠳᠠᠷᠤᠭᠠᠰᠤ᠎ᠶ᠋ᠢ ᠬᠦᠩᠭᠡᠷᠡᠭᠦᠯᠪᠡ᠃ ᠵᠡᠭᠡᠯᠢ ᠭᠤᠳᠤᠮᠵᠢ᠎ᠶ᠋ᠢᠨ ᠬᠠᠮᠢᠶᠠᠷᠤᠯᠲᠠ᠎ᠶ᠋ᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠂ ᠡᠷᠬᠡ ᠬᠠᠷᠢᠭᠤᠴᠠᠯᠭ᠎ᠠ᠎ᠶ᠋ᠢᠨ ᠨᠠᠷᠢᠨ ᠲᠠᠩᠰᠠ᠎ᠶ᠋ᠢ ᠪᠦᠬᠦ᠌ ᠲᠠᠯ᠎ᠠ᠎ᠪᠠᠷ ᠡᠮᠬᠢᠯᠡᠵᠦ᠍᠂ ᠵᠡᠭᠡᠯᠢ ᠭᠤᠳᠤᠮᠵᠢ᠂ ᠨᠡᠢᠭᠡᠮ ᠲᠣᠭᠣᠷᠢᠭ᠎ᠤᠨ ᠬᠢᠨ᠎ᠤ ᠨᠠᠮ᠎ᠤᠨ ᠪᠠᠢᠭᠤᠯᠤᠯᠲᠠ᠂ ᠤᠯᠠᠨ ᠨᠡᠢᠲᠡ᠎ᠶ᠋ᠢᠨ ᠬᠠᠮᠢᠶᠠᠷᠤᠯᠲᠠ᠂ ᠤᠯᠠᠨ ᠨᠡᠢᠲᠡ᠎ᠶ᠋ᠢᠨ ᠦᠢᠯᠡᠴᠢᠯᠡᠭᠡ ᠵᠡᠷᠭᠡ ᠡᠷᠬᠡ ᠬᠠᠷᠢᠭᠤᠴᠠᠯᠭ᠎ᠠ᠎ᠶ᠋ᠢ ᠲᠣᠳᠣᠷᠬᠠᠢᠯᠠᠵᠤ᠂ ᠵᠡᠭᠡᠯᠢ ᠭᠤᠳᠤᠮᠵᠢ ᠨᠡᠢᠭᠡᠮ ᠲᠣᠭᠣᠷᠢᠭ᠎ᠤᠨ ᠬᠢᠨ ᠤᠶᠤᠨ ᠴᠢᠳᠠᠯ᠎ᠢᠶᠠᠨ ᠲᠥᠪᠯᠡᠷᠡᠭᠦᠯᠦᠨ ᠨᠠᠮ᠎ᠤᠨ ᠪᠠᠢᠭᠤᠯᠤᠯᠲᠠ᠎ᠶ᠋ᠢ ᠠᠳᠭᠤᠵᠤ᠂ ᠵᠠᠰᠠᠯᠲᠠ᠎ᠶ᠋ᠢ ᠠᠳᠭᠤᠵᠤ᠂ ᠦᠢᠯᠡᠴᠢᠯᠡᠭᠡ᠎ᠶ᠋ᠢ ᠠᠳᠭᠤᠬᠤ᠎ᠶ᠋ᠢ ᠠᠬᠢᠭᠤᠯᠵᠤ᠂ ᠺᠠᠳ᠋ᠷ᠎ᠤᠨ ᠳᠠᠷᠤᠭᠠᠰᠤ᠎ᠶ᠋ᠢ ᠬᠥᠩᠭᠡᠷᠡᠭᠦᠯᠪᠡ᠃᠎ᠲᠠᠷᠤᠭᠠᠰᠤ ᠵᠢ ᠬᠦᠩᠭᠡᠷᠡᠭᠦᠯᠪᠡᠴᠤ ᠬᠠᠷᠢᠭᠤᠴᠠᠯᠭ᠎ᠠ᠎ᠶ᠋ᠢ ᠬᠥᠩᠭᠡᠷᠡᠭᠦᠯᠬᠦ᠌ ᠦᠭᠡᠢ ᠪᠠᠢᠬᠤ ᠵᠠᠷᠴᠢᠮ᠎ᠢ ᠪᠠᠷᠢᠮᠲᠠᠯᠠᠵᠤ᠂ ᠨᠡᠢᠭᠡᠮ ᠲᠣᠭᠣᠷᠢᠭ᠎ᠲᠤ ᠨᠡᠩ ᠶᠡᠬᠡ ᠥᠪᠡᠷᠲᠡᠭᠡᠨ ᠵᠠᠰᠠᠬᠤ ᠣᠷᠣᠨ ᠵᠠᠢ ᠣᠯᠭᠣᠵᠤ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠳᠠᠭᠠᠭᠤᠯᠭ᠎ᠠ ᠳᠣᠤᠷ᠎ᠠ ᠰᠠᠭᠤᠭᠠᠯᠢ ᠠᠷᠠᠳ᠎ᠤᠨ ᠥᠪᠡᠷᠲᠡᠭᠡᠨ ᠬᠠᠮᠢᠶᠠᠷᠴᠤ᠌ ᠥᠪᠡᠷᠲᠡᠭᠡᠨ ᠵᠥᠪᠯᠡᠬᠦ᠌ ᠥᠪᠡᠷᠲᠡᠭᠡᠨ ᠵᠠᠰᠠᠬᠤ ᠱᠢᠰᠲᠸᠮ᠎ᠢ ᠪᠠᠢᠭᠤᠯᠬᠤ᠎ᠶ᠋ᠢ ᠠᠬᠢᠭᠤᠯᠵᠤ᠂ ᠰᠠᠭᠤᠭᠠᠯᠢ ᠠᠷᠠᠳ᠎ᠤᠨ ᠬᠡᠷᠡᠭ ᠵᠥᠪᠯᠡᠬᠦ᠌ ᠲᠠᠪᠴᠠᠩ᠎ᠢ ᠪᠠᠢᠭᠤᠯᠵᠤ᠂ ᠳᠠᠷᠤᠭᠠᠰᠤ᠎ᠶ᠋ᠢ ᠬᠥᠩᠭᠡᠯᠡᠵᠦ᠍ ᠦᠷ᠎ᠡ ᠠᠱᠢᠭ᠎ᠢ ᠨᠡᠮᠡᠭ᠌ᠳᠡᠭᠦᠯᠵᠦ᠍᠂ ᠡᠷᠬᠡ᠎ᠶ᠋ᠢ ᠥᠷᠭᠡᠳᠭᠡᠵᠦ᠍ ᠴᠢᠳᠠᠪᠤᠷᠢ᠎ᠶ᠋ᠢ ᠨᠡᠮᠡᠭ᠌ᠳᠡᠭᠦᠯᠬᠦ᠌ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠤᠯᠪᠠ᠃ ᠵᠡᠭᠡᠯᠢ ᠭᠤᠳᠤᠮᠵᠢ ᠨᠡᠢᠭᠡᠮ ᠲᠣᠭᠣᠷᠢᠭ᠎ᠤᠨ ᠬᠢᠨ ᠶᠡᠷᠦᠩᠬᠡᠢᠯᠡᠭ᠌ᠰᠡᠨ ᠬᠠᠸ᠋ᠯᠢ ᠬᠡᠷᠡᠭ᠌ᠵᠢᠭᠦᠯᠬᠦ᠌᠂ ᠰᠠᠭᠤᠷᠢ ᠲᠥᠬᠥᠭᠡᠷᠦᠮᠵᠢ᠎ᠶ᠋ᠢ ᠰᠡᠯᠪᠢᠨ ᠵᠠᠰᠠᠬᠤ᠂ ᠪᠠᠴᠢᠮ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌ ᠵᠡᠷᠭᠡ ᠬᠦᠴᠢᠷ ᠠᠰᠠᠭᠤᠳᠠᠯ᠎ᠢ ᠢᠯᠡᠷᠡᠭᠦᠯᠪᠡᠯ ᠴᠠᠬ ᠲᠤᠬᠠᠢ ᠳ᠋ᠤᠨᠢ ᠡᠭᠦᠷᠭᠡ ᠴᠢᠳᠠᠪᠬᠢᠲᠤ ᠰᠠᠯᠠᠭ᠎ᠠ ᠮᠥᠴᠢᠷ᠎ᠲᠦ ᠮᠡᠳᠡᠭᠳᠡᠨ᠂ ᠨᠡᠢᠲᠡ 665 ᠠᠰᠠᠭᠤᠳᠠᠯ᠎ᠢ ᠴᠠᠭ ᠲᠤᠬᠠᠶ᠎ᠳᠤᠨᠢ ᠰᠢᠢᠳᠪᠦᠷᠢᠯᠡᠪᠡ᠃ ᠱᠢᠯᠭᠠᠨ ᠬᠢᠨᠠᠬᠤ ᠠᠭᠤᠯᠭ᠎ᠠ᠎ᠶ᠋ᠢ ᠲᠠᠰᠤᠷᠠᠯᠲᠠ ᠥᠬᠡᠶ ᠪᠠᠭᠠᠰᠭᠠᠨ᠂ ᠨᠡᠢᠭᠡᠮ ᠲᠣᠭᠣᠷᠢᠭ᠎ᠤᠨ ᠺᠠᠳ᠋ᠷᠴᠤᠳ᠎ᠤᠨ ᠳᠠᠷᠤᠭᠠᠰᠤ᠎ᠶ᠋ᠢ ᠦᠨᠡᠨ ᠬᠦ᠌ ᠬᠥᠩᠭᠡᠷᠡᠭᠦᠯᠪᠠ᠃

ᠦᠷᠡᠵᠢᠭᠦᠯᠬᠦ᠌ ᠠᠷᠭ᠎ᠠ᠎ᠪᠡᠷ ᠦᠷ᠎ᠡ ᠪᠦᠲᠦᠮᠵᠢ᠎ᠪᠡᠨ ᠳᠡᠭᠡᠭ᠌ᠰᠢᠯᠡᠭᠦᠯᠦᠨ᠂ ᠤᠶᠤᠨ ᠤᠬᠠᠭᠠᠨ᠎ᠢᠶᠠᠷ ᠴᠢᠳᠠᠪᠤᠷᠢ ᠣᠯᠭᠣᠵᠤ ᠵᠠᠰᠠᠯᠲᠠ᠎ᠶ᠋ᠢ ᠤᠨᠢᠨ ᠳᠡᠭᠡᠷ᠎ᠡ ᠨᠢ ᠪᠡᠶᠡᠯᠡᠭᠦᠯᠪᠠ᠃ ᠰᠠᠢᠬᠠᠨ ᠲᠣᠭᠣᠷᠢᠭ 《ᠤᠶᠤᠨᠲᠤ ᠰᠠᠢᠬᠠᠨ》 ᠮᠡᠳᠡᠭᠡ ᠵᠠᠩᠭᠢ᠎ᠶ᠋ᠢᠨ ᠶᠡᠷᠦᠩᠬᠡᠢᠯᠡᠭ᠌ᠰᠡᠨ ᠲᠠᠪᠴᠠᠩ᠎ᠳᠤ ᠲᠦᠱᠢᠭ᠌ᠯᠡᠨ᠂ ᠪᠦᠬᠦ᠌ ᠲᠤᠭᠤᠷᠢᠬ᠎ᠤᠨ ᠬᠥᠮᠦᠨ᠂ ᠭᠠᠵᠠᠷ᠂ ᠪᠣᠳᠠᠰ᠂ ᠬᠡᠷᠡᠭ ᠶᠠᠪᠤᠳᠠᠯ᠂ ᠵᠣᠬᠢᠶᠠᠨ ᠪᠠᠢᠭᠤᠯᠤᠯᠲᠠ᠎ᠶ᠋ᠢᠨ ᠮᠡᠳᠡᠭᠡ ᠵᠠᠩᠭᠢ᠎ᠶ᠋ᠢ ᠨᠢᠭᠡᠳᠦᠯᠲᠡᠢ ᠲᠥᠯᠥᠪᠵᠢᠭᠦᠯᠦᠨ᠂《ᠨᠠᠮ᠎ᠤᠨ ᠪᠠᠢᠭᠤᠯᠤᠯᠲᠠ᠎ᠶᠡᠷᠦᠩᠬᠡᠢᠯᠡᠨ ᠵᠢᠯᠣᠭᠣᠳᠭᠤ᠂ ᠲᠤᠤᠷᠵᠢᠭᠤᠯᠤᠬ᠍ᠰᠠᠨ ᠬᠠᠮᠢᠶᠠᠷᠤᠯᠳᠠ᠂ ᠤᠯᠠᠨ ᠡᠱᠢᠴᠢᠯᠡᠭᠰᠡᠨ ᠤᠷᠤᠯᠴᠠᠯᠭ᠎ᠠ᠂ ᠨᠠᠷᠢᠯᠢᠬ᠍ᠵᠢᠭᠤᠯᠤᠬ᠍ᠰᠠᠠ ᠤᠢ᠍ᠢᠯᠡᠴᠢᠯᠡᠬᠡ᠂ ᠤᠶᠤᠨᠴᠢᠯᠠᠬ᠍ᠰᠠᠨ ᠬᠡᠷᠡᠭ᠌ᠯᠡᠭᠡ》 ᠵᠢᠨ ᠶᠡᠷᠦᠩᠬᠡᠢᠯᠡᠭ᠌ᠰᠡᠨ ᠮᠡᠳᠡᠭᠡ ᠵᠠᠩᠭᠢ᠎ᠶ᠋ᠢᠨ ᠲᠠᠪᠴᠠᠩ᠎ᠢ ᠪᠠᠢᠭᠤᠯᠵᠤ᠂ ᠦᠨᠳᠦᠰᠦᠨ ᠱᠠᠲᠤᠨ᠎ᠤ ᠵᠠᠰᠠᠯᠲᠠ᠎ᠶ᠋ᠢ ᠨᠡᠩ ᠤᠨᠢᠨ ᠳᠡᠭᠡᠷ᠎ᠡ ᠨᠢ ᠨᠠᠷᠢᠯᠢᠭᠵᠢᠭᠤᠯᠵᠤ᠂ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠪᠠ᠃ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠲᠥᠪ᠂ ᠨᠠᠮ᠎ᠤᠨ ᠬᠡᠰᠢᠭᠦᠨ ᠪᠠ ᠤᠯᠠᠨ ᠲᠦᠮᠡᠨ᠎ᠦ ᠦᠢᠯᠡᠴᠢᠯᠡᠭᠡᠨ᠎ᠦ ᠲᠥᠪ ᠪᠠ ᠵᠠᠭᠠᠯᠳᠤᠯᠭ᠎ᠠ᠎ᠶ᠋ᠢ ᠬᠦᠯᠢᠶᠡᠨ ᠠᠪᠴᠤ ᠵᠢᠯᠣᠭᠣᠳᠭᠤ ᠲᠥᠪ᠎ᠢ ᠪᠠᠢᠭᠤᠯᠵᠤ᠂ ᠰᠦᠯᠵᠢᠶᠡᠨ ᠳᠡᠭᠡᠷ᠎ᠡ ᠨᠠᠮ᠎ᠤᠨ ᠭᠡᠱᠢᠭᠦᠨ ᠤᠯᠠᠨ ᠲᠦᠮᠡᠨ᠎ᠦ ᠬᠡᠷᠡᠭ᠌ᠴᠡᠭᠡ᠎ᠶ᠋ᠢ ᠬᠦᠯᠢᠶᠡᠨ ᠠᠪᠴᠤ᠌ ᠱᠢᠢᠳᠪᠦᠷᠢᠯᠡᠨ᠂ 2022 ᠣᠨ᠎ᠳᠤ ᠰᠦᠯᠵᠢᠶᠡᠨ ᠳᠡᠭᠡᠷ᠎ᠡ ᠭᠣᠮᠣᠳᠠᠯ ᠱᠠᠭᠠᠷᠳᠠᠯᠭ᠎ᠠ᠎ᠶ᠋ᠢ ᠨᠡᠢᠲᠡ 117325 ᠬᠤᠪᠢ ᠭᠥᠯᠢᠶᠡᠨ ᠠᠪᠴᠤ᠌᠂ ᠱᠢᠶ᠋ᠳᠪᠦᠷᠢᠯᠡᠭ᠌ᠰᠡᠨ ᠨᠣᠷᠮ᠎ᠠ 83.1% ᠎ᠳ᠋ᠤ ᠬᠦᠷᠴᠦ᠍᠂ ᠬᠠᠨᠤᠮᠵᠢ ᠵᠢᠨ ᠨᠣᠷᠮ᠎ᠠ 84.7% ᠎ᠳ᠋ᠤ ᠬᠦᠷᠴᠦ᠍᠂ ᠤᠨᠢᠨ ᠲᠡᠭᠡᠷ᠎ᠡ ᠨᠢ ᠬᠣᠯᠪᠣᠭᠠᠯᠠᠨ ᠬᠥᠳᠡᠯᠦᠯᠴᠡᠵᠦ᠍᠂ ᠥᠨᠳᠥᠷ ᠪᠦᠲᠦᠮᠵᠢᠲᠡᠶ ᠲᠤᠰᠭᠠᠯ ᠭᠠᠷᠭᠠᠭ᠍ᠰᠠᠨ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠪᠡᠶᠡᠯᠡᠭᠦᠯᠪᠡ᠃

ᠬᠤᠪᠢᠶᠠᠬᠤ ᠠᠷᠭ᠎ᠠ᠎ᠪᠠᠷ ᠬᠦᠴᠢᠷ ᠠᠰᠠᠭᠤᠳᠠᠯ᠎ᠢ ᠱᠢᠢᠳᠪᠦᠷᠢᠯᠡᠨ᠂ ᠦᠢᠯᠡᠴᠢᠯᠡᠭᠡ᠎ᠶ᠋ᠢ ᠱᠢᠯᠢᠳᠡᠭ᠌ᠵᠢᠭᠦᠯᠵᠦ᠍᠂ ᠡᠪᠡᠷᠱᠢᠶᠡᠯ᠎ᠢ ᠦᠨᠳᠦᠰᠦᠨ᠎ᠡᠴᠡ ᠨᠢ ᠵᠠᠰᠠᠪᠠ᠃ ᠨᠠᠮ᠎ᠤᠨ ᠬᠡᠰᠢᠭᠦᠨ ᠪᠠ ᠣᠯᠠᠨ ᠲᠦᠮᠡᠨ᠎ᠦ ᠦᠶ᠋ᠯᠡᠴᠢᠯᠡᠭᠡᠨ᠎ᠦ ᠲᠥᠪ᠂ 《ᠬᠣᠶᠠᠷ ᠲᠥᠯᠥᠭᠡᠯᠡᠭ᠌ᠴᠢ ᠨᠢᠭᠡ ᠭᠡᠱᠢᠭᠦᠨ᠎ᠦ ᠠᠵᠢᠯᠯᠠᠬᠤ ᠲᠠᠰᠤᠭ》 ᠂ 《ᠠᠨᠠᠷ᠎ᠤᠨ ᠤᠯᠠᠭ᠎ᠠ ᠥᠷᠲᠡᠭᠡ》 ᠵᠡᠷᠭᠡ ᠠᠷᠠᠳᠴᠢᠯᠠᠯ᠎ᠢᠶᠠᠷ ᠬᠡᠷᠡᠭ ᠵᠥᠪᠯᠡᠵᠦ᠍ ᠬᠠᠷᠢᠯᠴᠠᠨ ᠬᠠᠪᠰᠤᠷᠤᠯᠴᠠᠬᠤ ᠲᠠᠪᠴᠠᠩ᠎ᠢ ᠪᠠᠢᠭᠤᠯᠵᠤ᠂ ᠰᠠᠭᠤᠭᠠᠯᠢ ᠠᠷᠠᠳ᠎ᠤᠨ ᠵᠥᠪᠯᠡᠯ᠂ ᠠᠳᠠᠯ ᠠᠬᠤᠶ᠎ᠶ᠋ᠢᠨ ᠺᠣᠮᠫᠠᠨᠢ ᠵᠢᠴᠢ 《ᠬᠣᠶᠠᠷ ᠲᠥᠯᠥᠭᠡᠯᠡᠭ᠌ᠴᠢ ᠨᠢᠭᠡ ᠭᠡᠱᠢᠭᠦᠨ》 ᠵᠡᠷᠭᠡ ᠡᠯ᠎ᠡ ᠲᠥᠷᠥᠯ᠎ᠦᠨ ᠨᠡᠢᠭᠡᠮ᠎ᠦᠨ ᠬᠦᠴᠦᠨ᠎ᠦ ᠨᠡᠢᠭᠡᠮ ᠲᠣᠭᠣᠷᠢᠭ᠎ᠤᠨ ᠵᠠᠰᠠᠯᠲᠠ᠎ᠳᠤ ᠣᠷᠣᠯᠴᠠᠬᠤ ᠵᠢ ᠠᠬᠢᠭᠤᠯᠵᠤ᠂ ᠣᠯᠠᠨ ᠲᠦᠮᠡᠨ᠎ᠦ 200 ᠭᠠᠷᠤᠶ ᠰᠠᠨᠠᠭᠠᠱᠢᠷᠠᠨ ᠵᠣᠪᠠᠨᠢᠵᠤ ᠪᠠᠢᠭ᠎ᠠ ᠬᠡᠷᠡᠭ ᠤᠴᠢᠷ᠎ᠢ ᠱᠢᠶ᠋ᠳᠪᠦᠷᠢᠯᠡᠪᠠ᠃ ᠲᠤᠤᠷᠵᠢᠯ᠎ᠤᠨ ᠠᠬᠠᠮᠠᠳ ᠨᠠᠮ᠎ᠤᠨ ᠭᠡᠱᠢᠭᠦᠨ᠂ ᠠᠬᠠᠮᠠᠳ ᠺᠠᠳ᠋ᠷ᠂ ᠠᠬᠠᠮᠠᠳ ᠪᠠᠭ᠍ᠰᠢ ᠪᠠ ᠲᠤᠤᠷᠵᠢᠯ᠎ᠤᠨ ᠴᠠᠭ᠍ᠳᠠᠭ᠎ᠠ᠎ᠶ᠋ᠢ ᠵᠣᠬᠢᠶᠠᠨ ᠪᠠᠢᠭᠤᠯᠵᠤ᠂ ᠵᠥᠷᠢᠴᠡᠯ ᠵᠠᠭᠤᠷᠠᠯᠳᠤᠭᠠᠨ᠎ᠢ ᠡᠶᠡᠳᠡᠭᠦᠯᠬᠦ᠌᠎ᠳᠦ ᠣᠷᠣᠯᠴᠠᠭᠤᠯᠤᠭᠠᠳ ᠤᠷᠢᠳ ᠬᠣᠵᠢᠳ 150 ᠭᠠᠷᠤᠢ ᠤᠳᠠᠭ᠎ᠠ ᠤᠯᠠᠨ ᠲᠦᠮᠡᠨ᠎ᠦ ᠵᠠᠭᠤᠷᠠᠯᠳᠤᠭᠠᠨ᠎ᠢ ᠡᠶᠡᠳᠡᠭᠦᠯᠵᠦ᠍᠂ ᠵᠥᠷᠢᠴᠡᠯ ᠵᠠᠭᠤᠷᠠᠯᠳᠤᠭᠠᠨ᠎ᠢ ᠬᠣᠯᠪᠣᠭᠠᠯᠠᠨ ᠲᠤᠬᠢᠷᠠᠭᠤᠯᠬᠤ᠂ ᠨᠡᠢᠭᠡᠮ᠎ᠦᠨ ᠠᠮᠤᠷ ᠲᠦᠪᠱᠢᠨ᠎ᠢ ᠬᠣᠯᠪᠣᠭᠠᠯᠠᠨ ᠰᠡᠷᠭᠡᠢᠯᠡᠬᠦ᠌᠂ ᠠᠮᠤᠷ ᠲᠦᠪᠱᠢᠨ᠎ᠦ ᠪᠠᠢᠭᠤᠯᠤᠯᠲᠠ᠎ᠶ᠋ᠢ ᠬᠣᠯᠪᠣᠭᠠᠯᠠᠨ ᠡᠭᠦᠳᠬᠦ᠌ ᠠᠵᠢᠯ᠎ᠤᠨ ᠬᠠᠷᠠᠯᠲᠠ᠎ᠶ᠋ᠢ ᠪᠡᠶᠡᠯᠡᠭᠦᠯᠪᠠ᠃ 1292 ᠨᠡᠢᠭᠡᠮ ᠲᠣᠭᠣᠷᠢᠭ᠎ᠤᠨ ᠰᠡᠳᠭᠢᠯ᠎ᠢ ᠳᠤᠯᠠᠭᠠᠴᠠᠭᠤᠯᠬᠤ ᠦᠶ᠋ᠯᠡᠴᠢᠯᠡᠭᠡᠨ᠎ᠦ ᠰᠠᠯᠪᠤᠷᠢ ᠪᠠᠭ᠎ᠠ ᠠᠩᠭᠢ᠎ᠶ᠋ᠢ ᠪᠠᠢᠭᠤᠯᠵᠤ᠂ 231 ᠤᠳᠠᠭ᠎ᠠ ᠬᠦᠨᠳᠦ ᠡᠪᠡᠳᠴᠢᠲᠡᠨ᠎ᠢ ᠬᠠᠪᠰᠤᠷᠤᠨ ᠡᠮᠴᠢᠯᠡᠭᠦᠯᠵᠦ᠂ 1131 ᠤᠳᠠᠭ᠎ᠠ ᠰᠠᠭᠤᠭᠠᠯᠢ ᠠᠷᠠᠳ᠎ᠢ ᠬᠠᠪᠰᠤᠷᠤᠨ ᠠᠮᠢᠳᠤᠷᠠᠯ᠎ᠤᠨ ᠡᠳ᠋ ᠪᠣᠳᠠᠰ ᠣᠷᠣᠯᠠᠨ ᠬᠤᠳᠠᠯᠳᠤᠨ ᠠᠪᠬᠤ ᠦᠶ᠋ᠯᠡᠴᠢᠯᠡᠭᠡ᠎ᠬᠠᠩᠭᠠᠵᠤ᠂ 304 ᠤᠳᠠᠭ᠎ᠠ ᠤᠰᠤ ᠴᠠᠬᠢᠯᠭᠠᠨ ᠬᠡᠢ ᠳᠤᠯᠠᠭᠠᠯᠠᠭ᠎ᠠ ᠵᠡᠷᠭᠡ ᠪᠡᠯᠡᠳᠭᠡᠮᠵᠢ ᠲᠥᠬᠥᠭᠡᠷᠦᠮᠵᠢ᠎ᠶ᠋ᠢᠨ ᠠᠮᠤᠷ ᠲᠦᠪᠱᠢᠨ᠎ᠦ ᠬᠡᠮ ᠰᠣᠭᠣᠭ᠎ᠢ ᠪᠠᠢᠴᠠᠭᠠᠵᠤ᠂ 1600 ᠭᠠᠷᠤᠶ ᠤᠳᠠᠭ᠎ᠠ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌᠂ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠠᠢᠯᠪᠤᠷᠢᠯᠠᠬᠤ᠂ ᠣᠷᠴᠢᠨ ᠲᠣᠭᠣᠷᠢᠨ᠎ᠢ ᠴᠡᠭ᠌ᠴᠡᠯᠡᠨ ᠵᠠᠰᠠᠬᠤ ᠵᠡᠷᠭᠡ ᠰᠠᠢᠨ ᠳᠤᠷ᠎ᠠ᠎ᠶ᠋ᠢᠨ ᠦᠶ᠋ᠯᠡᠴᠢᠯᠡᠭᠡ ᠥᠷᠨᠢᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠮᠦᠩᠭᠦᠨᠬᠤᠸᠠᠷ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号