ᠭᠡᠷ᠎ᠲᠡᠬᠡᠨ ᠬᠣᠴᠣᠷᠤᠭ᠍ᠰᠠᠨ ᠡᠮᠡᠭ᠌ᠲᠡᠢᠴᠦᠳ ᠵᠢᠯᠣᠭᠣᠴᠢ ᠦᠭᠡᠢ ᠨᠢᠰᠭᠡᠯ ᠎ᠢᠶᠡᠷ ᠤᠷᠤᠯᠭ᠎ᠠ ᠪᠡᠨ ᠨᠡᠮᠡᠭᠳᠡᠭᠦᠯᠪᠡ
2023-03-14 10:39:31
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆


2015 ᠣᠨ᠎ᠳᠤ᠂ ᠬᠤᠪᠸᠢ ᠵᠢᠨ ᠲᠢᠶᠠᠨ ᠮᠸᠨ ᠳ᠋ᠤ ᠤᠷᠭᠤᠮᠠᠯ᠎ᠢ ᠬᠠᠮᠠᠭᠠᠯᠠᠬᠤ ᠠᠵᠢᠯ ᠬᠢᠵᠦ᠍ ᠪᠠᠢᠭ᠍ᠰᠠᠨ ᠵᠢᠶᠠᠩ ᠮᠢᠩ ᠯᠠᠨ ᠨᠢᠭᠡᠨ ᠭᠡᠨᠡᠳᠲᠡ ᠎ᠶ᠋ᠢᠨ ᠲᠣᠬᠢᠶᠠᠯᠳᠤᠯ᠎ᠢᠶᠠᠷ ᠤᠷᠭᠤᠮᠠᠯ ᠎ᠢ ᠬᠠᠮᠠᠭᠠᠯᠠᠬᠤ ᠵᠢᠯᠣᠭᠣᠴᠢ ᠦᠭᠡᠢ ᠨᠢᠰᠭᠡᠯ᠎ᠲᠡᠶ ᠣᠢᠷᠠᠳᠴᠤ᠌᠂ ᠲᠡᠭᠦᠨ ᠎ᠢ ᠣᠷᠣᠭᠤᠯᠤᠨ ᠠᠪᠴᠢᠷᠠᠵᠤ ᠳᠡᠯᠭᠡᠷᠡᠭᠦᠯᠪᠡ᠃ ᠳᠠᠷᠠᠭ᠎ᠠ ᠨᠢ᠂ ᠲᠡᠷᠡ ᠤᠷᠭᠤᠮᠠᠯ ᠎ᠢ ᠬᠠᠮᠠᠭᠠᠯᠠᠬᠤ ᠠᠷᠪᠠᠨ ᠵᠢᠯᠣᠭᠣᠴᠢ ᠥᠬᠡᠶ ᠨᠢᠰᠭᠡᠯ ᠪᠣᠯᠤᠨ ᠠᠷᠪᠠᠨ ᠨᠢᠰᠭᠡᠭ᠌ᠴᠢ᠎ᠪᠡᠷ ᠪᠦᠷᠢᠯᠳᠦᠭᠰᠡᠨ ᠤᠷᠭᠤᠮᠠᠯ᠎ᠢ ᠬᠠᠮᠠᠭᠠᠯᠠᠬᠤ ᠪᠦᠯᠬᠦᠮ ᠎ᠢ ᠵᠣᠬᠢᠶᠠᠨ ᠪᠠᠢᠭᠤᠯᠪᠠ᠃ 2019 ᠣᠨ᠎ᠳᠤ᠂ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠳᠡᠮᠵᠢᠯᠭᠡ ᠳᠣᠣᠷ᠎ᠠ᠂ ᠲᠡᠭᠦᠨ᠎ᠦ ᠪᠦᠯᠬᠦᠮ᠎ᠦᠨ ᠬᠢᠨ ᠲᠤᠬᠠᠢ᠎ᠶ᠋ᠢᠨ ᠭᠠᠵᠠᠷ᠎ᠤᠨ ᠭᠡᠷ᠎ᠲᠡᠬᠡᠨ ᠬᠣᠴᠣᠷᠤᠭ᠍ᠰᠠᠨ ᠡᠮᠡᠭ᠌ᠲᠡᠢᠴᠦᠳ᠎ᠢ ᠵᠣᠬᠢᠶᠠᠨ ᠪᠠᠢᠭᠤᠯᠵᠤ ᠵᠢᠯᠣᠭᠣᠴᠢ ᠦᠭᠡᠢ ᠨᠢᠰᠭᠡᠯ ᠎ᠢᠶᠡᠷ ᠡᠵᠡᠮᠳᠡᠬᠦ᠌ ᠪᠣᠯᠪᠠᠰᠤᠷᠠᠯ ᠬᠢᠯᠭᠡᠵᠦ᠍᠂ ᠡᠮᠡᠭ᠌ᠲᠡᠢᠴᠦᠳ᠎ᠦᠨ ᠤᠷᠭᠤᠮᠠᠯ᠎ᠢ ᠬᠠᠮᠠᠭᠠᠯᠠᠬᠤ ᠠᠭᠠᠷ ᠎ᠤᠨ ᠰᠡᠷᠭᠡᠢᠯᠡᠯᠲᠡ ᠶ᠋ᠢᠨ ᠠᠩᠬᠢ᠎ᠶ᠋ᠢ ᠪᠠᠢᠭᠤᠯᠵᠤ᠂ ᠲᠠᠷᠢᠶᠠᠴᠢᠨ ᠡᠷᠦᠬᠡ ᠎ᠳᠦ ᠦᠢᠯᠡᠴᠢᠯᠡᠭᠡ ᠬᠠᠩᠭᠠᠵᠤ᠂ ᠲᠡᠳᠡᠨ ᠎ᠢ ᠳᠠᠭᠠᠭᠤᠯᠤᠨ ᠣᠷᠣᠯᠭ᠎ᠠ᠎ᠶ᠋ᠢ ᠨᠢ ᠨᠡᠮᠡᠭ᠌ᠳᠡᠭᠦᠯᠵᠦ᠍ ᠪᠠᠶᠠᠵᠢᠭᠤᠯᠪᠠ᠃ 


QQ截图20230314103920.png


 ᠵᠢᠷᠤᠭ ᠪᠤᠯ  ᠵᠢᠶᠠᠩ ᠮᠢᠩ ᠯᠠᠨ (ᠳᠤᠮᠳᠠᠬᠢ) ᠪᠣᠯᠤᠨ ᠡᠮᠡᠭ᠌ᠲᠡᠶ ᠨᠢᠰᠦᠭ᠌ᠴᠢ  ᠨᠠᠷ ᠬᠠᠮᠲᠤ᠎ᠶ᠋ᠢᠨ ᠰᠡᠭᠦᠳᠡᠷ ᠲᠠᠲᠠᠭᠤᠯᠵᠤ ᠪᠠᠢᠭ᠎ᠠ ᠨᠢ᠃ 

ᠱᠢᠨᠬᠤᠸᠠ ᠬᠣᠷᠢᠶ᠎ᠠ᠎ᠶᠢᠨ ᠰᠤᠷᠪᠤᠯᠵᠢᠯᠠᠭ᠍ᠴᠢ ᠱᠢᠶᠤᠤ ᠢ ᠵᠢᠦ ᠰᠡᠭᠦᠳᠡᠷᠯᠡᠪᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号