《ᠡᠵᠢ᠎ᠡᠷᠡᠭᠦᠯ ᠮᠡᠨᠳᠦ᠍᠎ᠶ᠋ᠢᠨ ᠲᠦᠷᠭᠡᠨ ᠲᠡᠷᠭᠡ》 ᠨᠡᠢᠲᠡ᠎ᠶ᠋ᠢᠨ ᠠᠰᠠᠷᠠᠮᠵᠢ᠎ᠶ᠋ᠢᠨ ᠲᠥᠷᠥᠯ ᠵᠦᠢᠯ ᠡᠯ᠎ᠡ ᠭᠠᠵᠠᠷ᠎ᠤᠨ ᠡᠮᠡᠭ᠌ᠲᠡᠢᠴᠦᠳ᠎ᠲᠦ ᠦᠷᠭᠦᠯᠵᠢᠯᠡᠨ ᠦᠶ᠋ᠯᠡᠴᠢᠯᠡᠵᠦ᠍ ᠪᠣᠢ
2023-03-15 09:30:30
ᠵᠣᠬᠢᠶᠠᠭ᠍ᠴᠢ᠄
ᠳ᠋ᠦᠩ ᠪᠥᠸᠧ ᠲᠢᠩ ᠬᠤᠸᠠᠩ ᠶᠤᠸᠠᠢ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠪᠥᠬᠥ᠌ ᠤᠯᠤᠰ ᠎ᠤᠨ ᠡᠮᠡᠭ᠌ᠲᠡᠢᠴᠦᠳ ᠎ᠦᠨ ᠬᠣᠯᠪᠣᠭ᠎ᠠ᠎ᠡᠴᠡ ᠣᠢᠯᠠᠭᠠᠭ᠍ᠰᠠᠨ᠎ᠢᠶᠠᠷ᠂ 13 ᠎ᠤ᠋ ᠡᠳᠦᠷ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠪᠠᠩᠬᠢ᠎ᠡᠴᠡ ᠳᠤᠮᠳᠠᠳᠤ ᠤᠯᠤᠰ ᠎ᠤᠨ ᠡᠮᠡᠭ᠌ᠲᠡᠢᠴᠦᠳ᠎ᠦᠨ ᠬᠥᠭ᠌ᠵᠢᠯᠲᠡ ᠎ᠶ᠋ᠢᠨ ᠰᠠᠭᠤᠷᠢ ᠮᠥᠩᠭᠥ ᠵᠢᠨ ᠨᠡᠢᠭᠡᠮᠯᠢᠭ᠎ᠲᠦ ᠬᠠᠨᠳᠢᠪᠯᠠᠭ᠍ᠰᠠᠨ ᠱᠢᠨ᠎ᠡ ᠨᠢᠭᠡ ᠪᠦᠯᠦᠭ᠎ᠤᠨ 28 《ᠡᠵᠢ ᠡᠷᠡᠭᠦᠯ ᠮᠡᠨᠳᠦ᠍᠎ᠶ᠋ᠢᠨ ᠲᠦᠷᠭᠡᠨ ᠲᠡᠷᠭᠡ》ᠥᠪᠥᠷ ᠮᠣᠩᠭᠣᠯ᠂ ᠾᠸᠪᠸᠢ᠂ ᠴᠦᠩᠴᠢᠩ᠂ ᠭᠦᠶ᠋ᠵᠧᠸ᠋᠂ ᠵᠢᠶᠠᠩᠰᠢ᠂ ᠰᠸᠴᠤᠸᠠᠨ᠂ ᠭᠠᠨᠰᠦ ᠵᠡᠷᠭᠡ 7 ᠮᠤᠵᠢ ᠣᠷᠣᠨ᠎ᠳᠤ ᠬᠦᠷᠴᠦ᠍᠂ ᠲᠤᠬᠠᠶ᠎ᠶ᠋ᠢᠨ ᠭᠠᠵᠠᠷ᠎ᠤᠨ ᠡᠮᠡᠭ᠌ᠲᠡᠢᠴᠦᠳ᠎ᠲᠦ ᠠᠯᠪᠠᠨ ᠵᠢᠷᠤᠮ᠎ᠤᠨ ᠡᠮᠴᠢᠯᠡᠭᠡᠨ᠎ᠦ ᠵᠥᠪᠯᠡᠯᠭᠡ᠂ ᠡᠷᠡᠭᠦᠯ ᠮᠡᠨᠳᠦ᠍᠎ᠶ᠋ᠢᠨ ᠤᠬᠠᠭᠤᠯᠭ᠎ᠠ ᠬᠥᠮᠦᠵᠢᠯ᠂ ᠵᠢᠷᠮᠦᠰᠦᠨ ᠡᠮᠡᠭ᠌ᠲᠡᠶ ᠵᠢᠴᠢ ᠬᠦᠨᠳᠦ ᠲᠦᠭ᠌ᠰᠢᠭᠦᠷᠢᠲᠡᠶ ᠡᠪᠡᠳᠴᠢᠲᠡᠨ᠎ᠢ ᠲᠤᠰᠴᠤ᠌ ᠬᠦᠷᠭᠡᠬᠦ᠌ ᠵᠡᠷᠭᠡ ᠣᠯᠠᠨ ᠵᠦᠶ᠋ᠯ᠎ᠦᠨ ᠬᠡᠯᠪᠡᠷᠢ᠎ᠶ᠋ᠢᠨ ᠡᠷᠡᠭᠦᠯ ᠮᠡᠨᠳᠦ᠍᠎ᠶ᠋ᠢᠨ ᠦᠶ᠋ᠯᠡᠴᠢᠯᠡᠭᠡ ᠬᠠᠩᠭᠠᠪᠠ᠃

ᠪᠥᠬᠥ᠌ ᠤᠯᠤᠰ᠎ᠤᠨ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠳᠡᠳ᠋ ᠲᠡᠷᠢᠭᠦᠯᠡᠭ᠌ᠴᠢ᠂ ᠱᠦᠵᠢ᠎ᠨᠡᠷ᠎ᠦᠨ ᠭᠠᠵᠠᠷ᠎ᠤᠨ ᠨᠢᠭᠡᠳᠦᠭᠡᠷ ᠱᠦᠵᠢ ᠬᠤᠸᠠᠩ ᠱᠢᠶᠤᠤ ᠸᠧᠶ ᠢᠯᠡᠷᠬᠡᠢᠯᠡᠬᠦ᠌᠎ᠳᠡᠭᠡᠨ᠂ ᠲᠣᠰ ᠤᠳᠠᠭ᠎ᠠ᠎ᠶ᠋ᠢᠨ ᠬᠠᠨᠳᠢᠪᠯᠠᠭ᠍ᠰᠠᠨ ᠶᠠᠪᠤᠳᠠᠯ ᠪᠣᠯ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠥᠬᠥ᠌ ᠲᠠᠯ᠎ᠠ᠎ᠪᠠᠷ ᠠᠬᠢᠭᠤᠯᠬᠤ᠎ᠳᠤ ᠬᠦᠴᠦᠨ ᠨᠡᠮᠡᠷᠢᠯᠡᠬᠦ᠌᠂ ᠬᠥᠭ᠌ᠵᠢᠭᠡᠳᠦᠶ ᠭᠠᠵᠠᠷ ᠣᠷᠣᠨ᠎ᠤ ᠡᠮᠡᠭ᠌ᠲᠡᠢᠴᠦᠳ ᠣᠯᠠᠨ ᠲᠦᠮᠡᠨ᠎ᠳᠦ ᠪᠣᠳᠠᠲᠤ ᠶᠠᠪᠤᠳᠠᠯ ᠬᠢᠵᠦ᠍ ᠥᠭ᠌ᠬᠦ᠂ ᠬᠦᠴᠢᠷ ᠠᠰᠠᠭᠤᠳᠠᠯ᠎ᠢ ᠱᠢᠶ᠋ᠳᠪᠦᠷᠢᠯᠡᠵᠦ ᠥᠭᠬᠦ᠂ ᠰᠠᠢᠨ ᠶᠠᠪᠤᠳᠠᠯ ᠬᠢᠵᠤ ᠦᠭᠬᠦ ᠪᠣᠳᠠᠲᠠᠶ᠎ᠶ᠋ᠢ ᠡᠷᠬᠢᠮᠯᠡᠭ᠌ᠰᠡᠨ ᠠᠷᠭ᠎ᠠ ᠬᠡᠮᠵᠢᠶ᠎ᠡ ᠮᠥᠨ᠂ ᠡᠮᠡᠭ᠌ᠲᠡᠢᠴᠦᠳ ᠬᠡᠦᠬᠡᠳ᠎ᠲᠦ ᠦᠨᠡᠨ ᠪᠣᠳᠠᠲᠠᠶ ᠠᠱᠢᠭ ᠬᠦᠷᠲᠡᠭᠡᠬᠦ᠌ ᠬᠠᠢᠷ᠎ᠠ ᠬᠠᠯᠠᠮᠵᠢ᠎ᠶ᠋ᠢᠨ ᠰᠠᠢᠨ ᠠᠵᠢᠯᠯᠠᠭ᠎ᠠ ᠮᠥᠨ᠂ ᠬᠥᠭ᠌ᠵᠢᠭᠡᠳᠦᠶ ᠭᠠᠵᠠᠷ ᠣᠷᠣᠨ᠎ᠤ ᠡᠮᠡᠭ᠌ᠲᠡᠢᠴᠦᠳ ᠬᠡᠦᠬᠡᠳ᠎ᠦᠨ ᠥᠭᠡᠷᠡᠴᠢᠯᠡᠯᠲᠡ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠬᠦ᠌᠎ᠶ᠋ᠢ ᠠᠬᠢᠭᠤᠯᠬᠤ᠂ ᠡᠷᠡᠭᠦᠯ ᠡᠩᠬᠡ ᠳᠤᠮᠳᠠᠳᠤ ᠤᠯᠤᠰ᠎ᠤᠨ ᠪᠠᠢᠭᠤᠯᠤᠯᠲᠠ᠎ᠶ᠋ᠢ ᠠᠬᠢᠭᠤᠯᠬᠤ᠎ᠳᠤ ᠠᠯᠤᠰ ᠬᠡᠲᠦ᠍᠎ᠶ᠋ᠢᠨ ᠠᠴᠢ ᠬᠣᠯᠪᠣᠭ᠍ᠳᠠᠯ᠎ᠲᠠᠶ ᠶᠤᠮ ᠭᠡᠵᠡᠶ᠃

ᠣᠢᠯᠠᠭᠠᠭ᠍ᠰᠠᠨ᠎ᠢᠶᠠᠷ᠂ 《ᠡᠵᠢ᠎ᠡᠷᠡᠭᠦᠯ ᠮᠡᠨᠳᠦ᠍᠎ᠶ᠋ᠢᠨ ᠲᠦᠷᠭᠡᠨ ᠲᠡᠷᠭᠡ》  ᠨᠡᠢᠲᠡ᠎ᠶ᠋ᠢᠨ ᠠᠰᠠᠷᠠᠮᠵᠢ᠎ᠶ᠋ᠢᠨ ᠲᠥᠷᠥᠯ ᠵᠦᠶ᠋ᠯ᠎ᠨᠢ ᠲᠡᠷᠭᠡ ᠬᠥᠰᠭᠡ ᠬᠠᠨᠳᠢᠪᠯᠠᠬᠤ᠂ ᠬᠠᠢᠷ᠎ᠠ ᠬᠠᠯᠠᠮᠵᠢ᠎ᠶᠢᠨ ᠲᠣᠭᠣᠷᠢᠨ ᠡᠮᠴᠢᠯᠡᠭᠡ᠂ ᠡᠮᠴᠢ᠎ᠶ᠋ᠢᠨ ᠪᠣᠯᠪᠠᠰᠤᠷᠠᠭᠤᠯᠤᠯ᠂ ᠬᠣᠶᠠᠷ ᠥᠮᠡᠨ ᠎ᠢ ᠰᠡᠷᠭᠡᠢᠯᠡᠨ ᠵᠠᠰᠠᠬᠤ ᠵᠡᠷᠭᠡ ᠨᠢᠭᠡ ᠴᠣᠭ᠍ᠴᠠᠵᠢᠭ᠍ᠰᠠᠨ ᠡᠷᠡᠭᠦᠯ ᠮᠡᠨᠳᠦ᠍᠎ᠶ᠋ᠢᠨ ᠨᠡᠢᠲᠡ᠎ᠶ᠋ᠢᠨ ᠠᠰᠠᠷᠠᠮᠵᠢ᠎ᠶ᠋ᠢᠨ ᠦᠶ᠋ᠯᠡᠴᠢᠯᠡᠭᠡ ᠥᠷᠨᠢᠭᠦᠯᠬᠦ᠌᠎ᠪᠡᠷ ᠳᠠᠮᠵᠢᠭᠤᠯᠤᠨ᠂ ᠡᠮᠡᠭ᠌ᠲᠡᠢᠴᠦᠳ ᠪᠠ ᠬᠡᠷ ᠪᠦᠯᠢ᠎ᠶ᠋ᠢᠨ ᠡᠷᠡᠭᠦᠯ ᠮᠡᠨᠳᠦ᠍᠎ᠶ᠋ᠢᠨ ᠤᠬᠠᠮᠰᠠᠷ᠎ᠢ ᠳᠡᠭᠡᠭ᠌ᠰᠢᠯᠡᠭᠦᠯᠬᠦ᠌᠂ ᠦᠨᠳᠦᠰᠦᠨ ᠱᠠᠲᠤᠨ᠎ᠤ ᠡᠬᠡ ᠨᠢᠯᠬᠠᠰ᠎ᠤᠨ ᠡᠷᠡᠭᠦᠯ ᠮᠡᠨᠳᠦ᠍᠎ᠶ᠋ᠢᠨ ᠦᠶ᠋ᠯᠡᠴᠢᠯᠡᠭᠡᠨ᠎ᠦ ᠴᠢᠳᠠᠪᠤᠷᠢ ᠎ᠶ᠋ᠢ ᠳᠡᠭᠡᠭ᠌ᠰᠢᠯᠡᠭᠦᠯᠬᠦ᠌᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠶ᠋ᠢ ᠠᠬᠢᠭᠤᠯᠬᠤ ᠲᠠᠯ᠎ᠠ ᠪᠠᠷ ᠢᠳᠡᠪᠬᠢᠲᠡᠶ ᠦᠢᠯᠡᠳᠦᠯ ᠦᠵᠡᠭᠦᠯᠪᠡ᠃

2003 ᠣᠨ᠎ᠡᠴᠡ ᠡᠬᠢᠯᠡᠨ ᠬᠡᠷᠡᠭ᠌ᠵᠢᠭᠦᠯᠦᠭ᠌ᠰᠡᠨ ᠡᠴᠡ ᠨᠠᠭᠠᠰᠢ᠂ ᠳᠤᠮᠳᠠᠳᠤ ᠤᠯᠤᠰ᠎ᠤᠨ ᠡᠮᠡᠭ᠌ᠲᠡᠢᠴᠦᠳ᠎ᠦᠨ ᠬᠥᠭ᠌ᠵᠢᠯᠲᠡ᠎ᠶ᠋ᠢᠨ ᠰᠠᠭᠤᠷᠢ ᠮᠥᠩᠭᠥ ᠵᠢᠨ ᠨᠡᠢᠭᠡᠮᠯᠢᠭ᠎ᠡᠴᠡ ᠪᠥᠬᠥ᠌ ᠤᠯᠤᠰ᠎ᠤᠨ 30 ᠮᠤᠵᠢ ᠣᠷᠣᠨ᠎ᠤ ᠦᠨᠳᠦᠰᠦᠨ ᠱᠠᠲᠤᠨ᠎ᠤ ᠡᠮᠴᠢᠯᠡᠭᠡᠨ᠎ᠦ ᠨᠢᠭᠡᠴᠢ᠎ᠳᠦ 3094 《ᠡᠵᠢ᠎ᠡᠷᠡᠭᠦᠯ ᠮᠡᠨᠳᠦ᠍᠎ᠶ᠋ᠢᠨ ᠲᠦᠷᠭᠡᠨ ᠲᠡᠷᠭᠡ》 ᠬᠠᠨᠳᠢᠪᠯᠠᠵᠤ᠂ 8170 ᠲᠦᠮᠡᠨ ᠬᠥᠮᠦᠨ (ᠤᠳᠠᠭ᠎ᠠ) ᠳ᠋ᠤ ᠦᠶ᠋ᠯᠡᠴᠢᠯᠡᠪᠡ᠃

     (ᠱᠢᠨᠬᠤᠸᠠ ᠬᠣᠷᠢᠶ᠎ᠠ᠎ᠶᠢᠨ ᠪᠡᠭᠡᠵᠢᠩ ᠎ᠦᠨ 3 ᠰᠠᠷ᠎ᠠ᠎ᠶ᠋ᠢᠨ 13 ᠎ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号