ᠥᠪᠡᠷᠲᠡᠭᠡᠨ ᠵᠠᠰᠠᠬᠤ ᠣᠷᠣᠨ ᠤ ᠡᠮᠡᠭ᠌ᠲᠡᠢᠴᠦᠳ᠎ᠦᠨ ᠬᠣᠯᠪᠣᠭ᠎ᠠ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠦᠢᠯᠡᠰ ᠪᠤᠰᠭᠠᠵᠦ ᠠᠵᠢᠯ ᠣᠯᠬᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠂ ᠡᠷᠬᠡ ᠠᠱᠢᠭ᠎ᠢ ᠬᠠᠮᠠᠭᠠᠯᠠᠬᠤ᠂ ᠠᠮᠢ ᠨᠠᠰᠤ ᠡᠷᠡᠭᠦᠯ ᠮᠡᠨᠳᠦ᠍ᠵᠡᠷᠭᠡ ᠲᠠᠪᠤᠨ ᠲᠠᠯ᠎ᠠ ᠵᠢᠨ ᠠᠵᠢᠯ᠎ᠢ ᠬᠦᠨᠵᠡᠭᠡᠢ ᠦᠷᠨᠢᠬᠦᠯᠵᠦ᠂ ᠮᠠᠨ᠎ᠤ ᠤᠷᠤᠨ᠎ᠤ ᠡᠮᠡᠭᠳᠡᠢᠴᠦᠳ ᠤᠨ ᠡᠷᠭᠡ ᠠᠰᠢᠭ ᠢ ᠬᠠᠮᠠᠭᠠᠯᠠᠵᠤ᠂ ᠡᠮᠡᠭᠳᠡᠢᠴᠦᠳ᠎ᠤᠨ ᠬᠦᠭᠵᠢᠯᠳᠡ ᠵᠢ ᠠᠬᠢᠭᠤᠯᠪᠠ᠃
ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠢᠩᠬᠢᠮ ᠵᠡᠷᠭᠡ 8 ᠰᠠᠯᠠᠭ᠎ᠠ ᠮᠥᠴᠢᠷ᠎ᠲᠡᠶ ᠬᠠᠮᠲᠤᠷᠠᠨ《ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠡᠮᠡᠭ᠌ᠲᠡᠢᠴᠦᠳ᠎ᠦᠨ ᠠᠵᠢᠯᠯᠠᠭ᠎ᠠ》 ᠶ᠋ᠢᠨ ᠬᠡᠷᠡᠭ᠌ᠵᠢᠭᠦᠯᠬᠦ᠌ ᠰᠠᠨᠠᠯ᠎ᠢ ᠲᠣᠭ᠍ᠲᠠᠭᠠᠨ ᠨᠡᠢᠲᠡᠯᠡᠵᠦ᠂ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ᠎ᠶ᠋ᠢᠨ ᠱᠢᠨᠵᠢᠯᠡᠬᠦ᠌ ᠤᠬᠠᠭᠠᠨ᠎ᠤ ᠬᠦᠷᠢᠶᠡᠯᠡᠩ ᠵᠡᠷᠭᠡ ᠨᠢᠭᠡᠴᠢ᠎ᠲᠡᠶ ᠬᠠᠮᠲᠤᠷᠠᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠤᠰᠭᠠᠶ ᠮᠡᠷᠭᠡᠵᠢᠯᠲᠡᠨ᠎ᠢ 224 ᠬᠥᠮᠦᠨ ᠤᠳᠠᠭ᠎ᠠ ᠲᠣᠮᠢᠯᠠᠵᠤ ᠠᠢᠮᠠᠭ ᠬᠣᠲᠠ᠎ᠳᠤ ᠭᠦᠨᠵᠡᠭᠡᠢᠷᠡᠭᠦᠯᠦᠨ᠂ ᠲᠥᠷᠥ ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠂ ᠮᠡᠷᠭᠡᠵᠢᠯ᠎ᠦᠨ ᠵᠢᠯᠣᠭᠣᠳᠣᠯᠭ᠎ᠠ᠂ ᠤᠷ᠎ᠠ ᠴᠢᠳᠠᠪᠤᠷᠢ᠎ᠶ᠋ᠢᠨ ᠪᠣᠯᠪᠠᠰᠤᠷᠠᠯ ᠵᠡᠷᠭᠡ ᠦᠶ᠋ᠯᠡᠴᠢᠯᠡᠭᠡ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠣᠨᠴᠠ ᠬᠤᠪᠢ ᠨᠡᠮᠡᠷᠢ ᠦᠵᠡᠭᠦᠯᠦᠭᠰᠡᠨ ᠱᠠᠩᠨᠠᠯ᠂ ᠵᠠᠯᠠᠭᠤ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠦᠭ᠌ᠰᠡᠨ ᠲᠤᠰᠭᠠᠶ ᠮᠡᠷᠭᠡᠵᠢᠯᠲᠡᠨ ᠵᠢᠴᠢ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠱᠠᠩᠨᠠᠯᠭᠥᠷᠳᠡᠭ᠌ᠰᠡᠨ ᠬᠡᠷ ᠪᠦᠯᠢ᠎ᠶ᠋ᠢᠨ ᠬᠢᠨᠢ ᠬᠠᠯᠠᠮᠵᠢᠯᠠᠨ᠂ ᠳᠡᠭᠡᠳᠦ ᠲᠠᠰ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠴᠢᠳᠠᠪᠤᠷᠢᠲᠠᠨ ᠵᠢᠴᠢ ᠬᠡᠷ ᠪᠦᠯᠢ᠎ᠶ᠋ᠢᠨ ᠬᠦᠴᠢᠷᠳᠡᠯ᠎ᠢ ᠰᠢᠢᠳᠪᠦᠷᠢᠯᠡᠵᠦ ᠥᠭ᠌ᠪᠡ;《ᠤᠮᠠᠷᠠᠲᠤ ᠬᠢᠯᠢ᠎ᠶ᠋ᠢᠨ ᠪᠥᠰᠡᠭᠦᠢ》ᠦᠶ᠋ᠯᠡᠰ ᠪᠤᠰᠬᠠᠵᠤ ᠠᠵᠢᠯ ᠣᠯᠭᠣᠬᠤ ᠠᠵᠢᠯᠯᠠᠭ᠎ᠠ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠤᠮᠠᠷᠠᠲᠤ ᠬᠢᠯᠢ᠎ᠶ᠋ᠢᠨ ᠡᠮᠡᠭ᠌ᠲᠡᠢᠴᠦᠳ᠎ᠦᠨ ᠦᠶ᠋ᠯᠡᠰ ᠪᠤᠰᠬᠠᠵᠤ ᠠᠵᠢᠯ ᠣᠯᠬᠤ ᠠᠵᠤ ᠦᠶ᠋ᠯᠡᠰ᠎ᠦᠨ ᠬᠣᠯᠪᠣᠭ᠎ᠠ ᠪᠠᠢᠭᠤᠯᠵᠤ᠂ ᠥᠪᠥᠷ ᠮᠣᠩᠭᠣᠯ᠎ᠤᠨ ᠡᠮᠡᠭ᠌ᠲᠡᠶ ᠦᠶ᠋ᠯᠡᠰ ᠪᠤᠰᠬᠠᠬᠴᠢᠳ᠎ᠤᠨ ᠬᠡᠪ ᠴᠢᠨᠠᠷ᠎ᠢ ᠳᠡᠭᠡᠭ᠌ᠰᠢᠯᠡᠭᠦᠯᠬᠦ᠌ ᠪᠤᠯᠪᠠᠰᠤᠷᠠᠯ᠎ᠤᠨ ᠠᠩᠬᠢ ᠡᠷᠭᠢᠯᠡᠵᠦ᠂ ᠬᠠᠪᠤᠷ ᠤᠨ ᠤᠯᠠᠷᠢᠯ ᠡᠪᠦᠯ᠎ᠦᠨ ᠤᠯᠠᠷᠢᠯ᠎ᠤᠨ ᠪᠥᠬᠥ᠌ ᠣᠷᠣᠨ᠎ᠤ ᠡᠮᠡᠭ᠌ᠲᠡᠶ ᠤᠶᠤᠲᠠᠳ᠎ᠤᠨ ᠲᠤᠰᠭᠠᠶ ᠠᠵᠢᠯᠲᠠᠨ ᠡᠯᠰᠡᠬᠦ᠌ ᠰᠠᠷ᠎ᠠ᠎ᠶ᠋ᠢᠨ ᠠᠵᠢᠯᠯᠠᠭ᠎ᠠ᠎ᠶ᠋ᠢ 268 ᠤᠳᠠᠭ᠎ᠠ ᠥᠷᠨᠢᠭᠦᠯᠵᠦ᠍᠂ 11.2 ᠲᠦᠮᠡᠨ ᠠᠵᠢᠯ᠎ᠤᠨ ᠪᠠᠢᠷᠢ ᠬᠠᠩᠭᠠᠵᠦ᠂ ᠡᠮᠡᠭ᠌ᠲᠡᠢᠴᠦᠳ᠎ᠦᠨ ᠦᠢᠯᠡᠰ ᠪᠤᠰᠭᠠᠵᠦ ᠠᠵᠢᠯ ᠣᠯᠬᠤ᠎ᠶ᠋ᠢ ᠬᠦᠳᠦᠯᠦᠨ ᠳᠠᠭᠠᠭᠤᠯᠪᠠ;ᠬᠣᠶᠠᠳᠤᠭᠠᠷ ᠬᠤᠭᠤᠴᠠᠭᠠᠨ᠎ᠤ《ᠥᠪᠥᠷ ᠮᠣᠩᠭᠣᠯ᠎ᠤᠨ ᠵᠢᠵᠢᠭ ᠪᠠᠯᠭᠠᠰᠤᠨ᠎ᠤ ᠬᠡᠤᠬᠡᠨᠴᠤᠳ᠎ᠤᠨ ᠤᠷᠤᠯᠳᠤᠭᠠᠨ》᠂ ᠡᠮᠡᠭ᠌ᠲᠡᠢᠴᠦᠳ᠎ᠦᠨ《ᠡᠯᠪᠡᠭ ᠬᠤᠷᠢᠶᠠᠯᠲᠠ ᠵᠢ ᠪᠡᠯᠭᠡᠯᠡᠬᠦ》 ᠱᠢᠷᠢᠰ ᠠᠵᠢᠯᠯᠠᠭ᠎ᠠ᠎ᠶ᠋ᠢ ᠥᠷᠨᠢᠭᠦᠯᠵᠦ᠍᠂ ᠤᠮᠠᠷᠠᠲᠤ ᠬᠢᠯᠢ᠎ᠶ᠋ᠢᠨ ᠡᠮᠡᠭ᠌ᠲᠡᠢᠴᠦᠳ᠎ᠦᠨ ᠡᠯᠧᠺᠲ᠋ᠷᠣᠨ ᠬᠤᠳᠠᠯᠳᠤᠭᠠᠨ᠎ᠤ ᠱᠢᠭᠤᠳ ᠨᠡᠪᠲᠡᠷᠡᠭᠦᠯᠭᠡ᠎ᠶ᠋ᠢᠨ ᠰᠠᠭᠤᠷᠢᠨ᠂ ᠥᠨᠳᠥᠷ ᠬᠡᠪ ᠪᠣᠯᠪᠠᠰᠤᠷᠠᠯ᠎ᠲᠠᠶ ᠮᠠᠯᠴᠢᠨ ᠲᠠᠷᠢᠶᠠᠴᠢᠨᠡᠮᠡᠭᠳᠡᠢᠴᠦᠳᠤᠨ ᠪᠣᠯᠪᠠᠰᠤᠷᠠᠯ᠎ᠤᠨ ᠠᠩᠭᠢ ᠪᠠᠢᠭᠤᠯᠵᠤ᠂ ᠴᠢᠩᠬᠤᠸᠠ ᠶᠡᠬᠡ ᠰᠤᠷᠭᠠᠭᠤᠯᠢ᠎ᠶ᠋ᠢᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠰᠦᠯᠵᠢᠶᠡᠨ ᠬᠢᠴᠢᠶᠡᠯ᠎ᠢ ᠨᠡᠭᠡᠭᠡᠪᠡ; 12338 ᠡᠮᠡᠭ᠌ᠲᠡᠢᠴᠦᠳ᠎ᠦᠨ ᠡᠷᠬᠡ ᠠᠰᠢᠬ᠎ᠢ ᠬᠠᠮᠠᠭᠠᠯᠠᠬᠤ ᠦᠢᠯᠡᠴᠢᠯᠡᠭᠡᠨ᠎ᠤ ᠤᠲᠠᠰᠤ᠎ᠶ᠋ᠢ 24 ᠴᠠᠭ᠎ᠵᠢᠡᠷ ᠨᠡᠪᠲᠡᠷᠡᠭᠦᠯᠵᠦ᠍ ᠂ ᠡᠯ᠎ᠡ ᠲᠥᠷᠥᠯ᠎ᠦᠨ ᠣᠷᠣᠭ ᠬᠡᠷ ᠪᠦᠯᠢ᠎ᠶ᠋ᠢᠨ ᠵᠥᠷᠢᠴᠡᠯ ᠵᠢᠭᠤᠷᠠᠯᠳᠤᠭᠠᠨ ᠢ ᠱᠢᠶ᠋ᠳᠪᠦᠷᠢᠯᠡᠨ᠂《ᠢᠷᠭᠡᠨ᠎ᠦ ᠬᠠᠤᠯᠢ᠎ᠶ᠋ᠢᠨ ᠪᠢᠴᠢᠭ》᠂《ᠨᠠᠰᠤᠨ᠎ᠳᠤ ᠥᠯᠥ᠍ ᠬᠦᠷᠦᠭ᠌ᠰᠡᠳ ᠢ ᠬᠠᠮᠠᠭᠠᠯᠠᠬᠤ ᠬᠠᠤᠯᠢ》᠂ 《ᠭᠡᠷ᠎ᠤᠨ ᠬᠥᠮᠦᠵᠢᠯ᠎ᠢ ᠠᠬᠢᠭᠤᠯᠬᠤ ᠬᠠᠤᠯᠢ》ᠵᠡᠷᠭᠡ ᠵᠢ ᠤᠬᠠᠭᠤᠯᠤᠨ ᠲᠠᠢᠯᠪᠤᠷᠢᠯᠠᠬᠤ ᠨᠡᠢᠲᠡ ᠵᠢᠨ ᠠᠰᠠᠷᠠᠮᠵᠢ ᠵᠢᠨ ᠬᠢᠴᠢᠶᠡᠯ ᠨᠡᠭᠡᠭᠡᠵᠦ᠂《ᠪᠠᠭ᠍ᠪᠠᠭᠠᠶ ᠴᠡᠴᠡᠭ》ᠡᠮᠡᠭ᠌ᠲᠡᠢᠴᠦᠳ ᠬᠡᠸ᠋ᠬᠡᠳ᠎ᠦᠨ ᠡᠷᠬᠡ ᠠᠱᠢᠭ᠎ᠤᠨ ᠦᠶ᠋ᠯᠡᠴᠢᠯᠡᠭᠡᠨ᠎ᠦ ᠲᠦᠷᠦᠯ ᠵᠦᠢᠯ ᠪᠠ《ᠴᠣᠮᠣᠷᠯᠢᠭ ᠲᠥᠯᠥᠪᠯᠡᠭᠡ》 ᠬᠡᠸ᠋ᠬᠡᠳ᠎ᠦᠨ ᠨᠡᠢᠲᠡ᠎ᠶ᠋ᠢᠨ ᠠᠰᠠᠷᠠᠮᠵᠢ᠎ᠶ᠋ᠢᠨ ᠲᠦᠷᠦᠯ ᠵᠦᠢᠯ᠎ᠢ ᠬᠡᠷᠡᠭᠵᠢᠭᠦᠯᠵᠦ ᠂ ᠡᠮᠡᠭ᠌ᠲᠡᠢᠴᠦᠳ᠎ᠦᠨ ᠬᠦᠷᠢᠶᠡᠨ᠎ᠳᠦ ᠬᠣᠯᠪᠣᠭ᠍ᠳᠠᠭ᠍ᠰᠠᠨ ᠤᠯᠤᠰ ᠲᠥᠷᠥ᠎ᠶ᠋ᠢᠨ ᠠᠮᠤᠷ ᠲᠦᠪᠱᠢᠨ᠎ᠦ ᠲᠤᠰᠭᠠᠶ ᠰᠡᠳᠦᠪᠲᠦ ᠲᠠᠢᠯᠤᠮᠵᠢ ᠤᠬᠠᠭᠤᠯᠭ᠎ᠠ᠎ᠶ᠋ᠢᠨ ᠠᠵᠢᠯᠯᠠᠭ᠎ᠠ ᠥᠷᠨᠢᠭᠦᠯᠪᠠ᠃ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠲᠠᠶ ᠬᠠᠮᠵᠢᠯᠴᠠᠨ᠂ ᠮᠡᠬᠡᠯᠡᠨ ᠬᠤᠳᠠᠯᠳᠤᠬᠤ ᠠᠵᠢᠯᠯᠠᠭ᠎ᠠ᠎ᠳᠤ ᠴᠣᠬᠢᠯᠲᠠ ᠥᠭ᠌ᠬᠦ ᠲᠤᠰᠭᠠᠶ ᠠᠵᠢᠯᠯᠠᠭ᠎ᠠ᠎ᠶ᠋ᠢ ᠨᠠᠢᠳᠠᠪᠤᠷᠢᠵᠢᠭᠤᠯᠵᠤ᠂ ᠪᠠᠢᠴᠠᠭᠠᠬᠤ ᠬᠣᠷᠢᠶ᠎ᠠ᠎ᠲᠠᠶ ᠬᠠᠮᠲᠤᠷᠠᠨ ᠬᠠᠸ᠋ᠯᠢ ᠴᠠᠭᠠᠵᠠ᠎ᠶ᠋ᠢᠨ ᠠᠪᠤᠷᠠᠨ ᠲᠤᠰᠠᠯᠠᠯᠲᠠ᠎ᠶ᠋ᠢᠨ ᠲᠤᠰᠭᠠᠶ ᠠᠵᠢᠯᠯᠠᠭ᠎ᠠ ᠥᠷᠨᠢᠭᠦᠯᠵᠦ᠍᠂ ᠬᠡᠷ ᠪᠦᠯᠢ ᠪᠡᠷ ᠬᠦᠨᠵᠡᠭᠡᠢᠷᠡᠨ ᠨᠠᠷᠢᠯᠢᠭ ᠣᠨᠣᠴᠠᠲᠠᠶ᠎ᠪᠠᠷ ᠬᠠᠪᠰᠤᠷᠤᠨ ᠲᠡᠳᠬᠦᠪᠠ; ᠣᠷᠣᠨ᠎ᠤ ᠲᠥᠪ᠎ᠤᠨ ᠡᠮᠡᠭ᠌ᠲᠡᠢᠴᠦᠳ᠎ᠦᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠬᠣᠯᠪᠣᠭ᠎ᠠ ᠵᠢ ᠪᠠᠢᠭᠤᠯᠵᠤ᠂ ᠠᠩᠬᠠᠳᠤᠭᠠᠷ ᠬᠤᠭᠤᠴᠠᠭᠠᠨ᠎ᠤ ᠤᠮᠠᠷᠠᠲᠤ ᠬᠢᠯᠢ᠎ᠶ᠋ᠢᠨ ᠡᠮᠡᠭ᠌ᠲᠡᠢᠴᠦᠳ ᠦᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠷᠪᠠᠨ ᠶᠡᠬᠡ ᠰᠡᠳᠭᠢᠯ ᠬᠥᠳᠡᠯᠭᠡᠮ᠎ᠡ᠂ ᠰᠡᠳᠭᠢᠯ᠎ᠢ ᠳᠤᠯᠠᠭᠠᠴᠠᠭᠤᠯᠤᠭ᠍ᠰᠠᠨ ᠥᠯᠢᠭᠡᠷ᠎ᠢ ᠰᠢᠯᠭᠠᠷᠠᠭᠤᠯᠤᠨ ᠨᠡᠢᠲᠡᠯᠡᠵᠦ᠂ ᠡᠮᠡᠭ᠌ᠲᠡᠢᠴᠦᠳ᠎ᠦᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠢᠳᠡᠪᠬᠢᠲᠡᠶ ᠦᠶ᠋ᠯᠡᠳᠦᠯ᠎ᠢ ᠪᠠᠳᠠᠷᠠᠭᠤᠯᠪᠠ᠃ ᠡᠮᠡᠭ᠌ᠲᠡᠢᠴᠦᠳ᠎ᠦᠨ《ᠬᠣᠶᠠᠷ ᠥᠮᠡᠨ》 ᠤ᠋ ᠱᠢᠭ᠌ᠰᠢᠨ ᠪᠠᠢᠴᠠᠭᠠᠯᠲᠠ ᠶ᠋ᠢᠨ ᠬᠠᠮᠤᠷᠬᠤ ᠬᠡᠪᠴᠢᠶ᠎ᠡ᠎ᠶ᠋ᠢ ᠥᠷᠭᠡᠳᠭᠡᠵᠦ᠍᠂ ᠡᠮᠡᠭ᠌ᠲᠡᠢᠴᠦᠳ᠎ᠦᠨ《ᠬᠣᠶᠠᠷ ᠥᠮᠡᠨ》 ᠤ᠋ ᠱᠢᠭ᠌ᠰᠢᠨ ᠪᠠᠢᠴᠠᠭᠠᠯᠲᠠ᠎ᠶ᠋ᠢᠨ ᠲᠥᠷᠥᠯ ᠵᠦᠶ᠋ᠯ᠎ᠦᠨ ᠵᠠᠷᠤᠳᠠᠯ ᠵᠢᠴᠢ ᠣᠷᠣᠯᠭ᠎ᠠ ᠪᠠᠭ᠎ᠠ ᠡᠮᠡᠭ᠌ᠲᠡᠢᠴᠦᠳ᠎ᠦᠨ《ᠬᠣᠶᠠᠷ ᠥᠮᠡᠨ》 ᠤ᠋ ᠠᠪᠤᠷᠠᠨ ᠲᠤᠰᠠᠯᠠᠬᠤ ᠪᠠᠯᠠ ᠮᠥᠩᠭᠥ᠎ᠶ᠋ᠢ 1778 ᠲᠦᠮᠡᠨ ᠲᠥᠭᠥᠷᠢᠭ ᠭᠤᠶᠤᠴᠢᠯᠠᠵᠤ ᠤᠯᠪᠠ᠃ ᠰᠢᠨ᠎ᠡ ᠲᠢᠳᠢᠮᠯᠢᠭ ᠸᠢᠷᠦ᠋ᠰ᠎ᠤᠨ ᠬᠠᠯᠳᠠᠪᠤᠷᠢᠯᠡᠯ ᠢ ᠰᠡᠷᠭᠡᠢᠯᠡᠨ ᠡᠵᠡᠮᠳᠡᠬᠦ ᠬᠤᠭᠤᠴᠠᠭᠠᠨ ᠳ᠋ᠤ᠂ 8 ᠲᠦᠮᠡ ᠱᠢᠬᠠᠮ ᠪᠣᠭᠣᠳᠠᠯ ᠡᠮᠡᠭ᠌ᠲᠡᠢᠴᠦᠳ ᠦᠨ ᠡᠷᠡᠭᠦᠯ ᠬᠠᠮᠠᠭᠠᠯᠠᠯ᠎ᠤᠨ ᠬᠡᠷᠡᠭ᠌ᠰᠡᠯ᠎ᠢ ᠥᠪᠥᠷ ᠮᠣᠩᠭᠣᠯ᠎ᠤᠨ ᠡᠯ᠎ᠡ ᠶᠡᠬᠡ ᠳᠡᠭᠡᠳᠦ ᠰᠤᠷᠭᠠᠭᠤᠯᠢ᠎ᠶ᠋ᠢᠨ ᠡᠮᠡᠭ᠌ᠲᠡᠶ ᠣᠶᠤᠲᠠᠨ᠂ ᠡᠮᠡᠭ᠌ᠲᠡᠶ ᠪᠠᠭ᠍ᠰᠢ ᠠᠵᠢᠯᠲᠠᠨ ᠪᠠ ᠡᠮᠦᠨ᠎ᠡ ᠹᠷᠣᠨᠲ᠎ᠤᠨ ᠨᠡᠢᠭᠡᠮ ᠲᠣᠭᠣᠷᠢᠭ᠎ᠤᠨ ᠺᠠᠳ᠋ᠷ᠂ ᠡᠮᠨᠡᠯᠭᠡ᠎ᠶ᠋ᠢᠨ ᠠᠵᠢᠯᠲᠠᠨ᠂ ᠡᠮᠡᠭ᠌ᠲᠡᠶ ᠺᠠᠳ᠋ᠷ ᠴᠠᠭ᠍ᠳᠠᠭᠠᠳ᠋ᠦ ᠬᠦᠷᠭᠡᠵᠦ᠂1470.17 ᠲᠦᠮᠡᠨ ᠲᠥᠭᠥᠷᠢᠭ ᠦᠨ ᠦᠷᠳᠡᠭ ᠪᠦᠬᠦᠢ ᠡᠳ᠋ ᠪᠣᠳᠠᠰᠴᠤᠭ᠍ᠯᠠᠭᠤᠯᠵᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠮᠦᠨ᠎ᠡ ᠹᠷᠣᠨᠲ ᠵᠢᠴᠢ ᠬᠦᠴᠢᠷᠳᠡᠯ᠎ᠳᠦ ᠲᠤᠯᠭᠠᠷᠠᠭ᠍ᠰᠠᠨ᠂ ᠬᠡᠷ᠎ᠲᠡᠬᠡᠨ ᠬᠣᠴᠣᠷᠤᠭ᠍ᠰᠠᠨ ᠡᠮᠡᠭ᠌ᠲᠡᠢᠴᠦᠳ ᠬᠡᠸ᠋ᠬᠡᠳ ᠲᠤ ᠬᠠᠨᠳᠢᠪᠯᠠᠪᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号