ᠮᠥᠩᠭᠥᠨ ᠭᠦᠢᠯᠭᠡᠭᠡᠨ᠎ᠦ ᠠᠵᠤ ᠠᠬᠤᠢᠯᠠᠯ᠎ᠤᠨ ᠥᠭᠡᠷᠡᠴᠢᠯᠡᠯᠲᠡ᠎ᠶ᠋ᠢ ᠲᠠᠰᠤᠷᠠᠯᠲᠠ ᠦᠭᠡᠢ ᠭᠦᠨᠵᠡᠭᠡᠢᠷᠡᠭᠦᠯᠬᠦ᠌ ᠠᠬᠢᠴᠠ ᠳᠤᠮᠳᠠ᠂ ᠬᠡᠷᠬᠢᠨ ᠠᠵᠤ ᠠᠬᠤᠢᠯᠠᠯ᠎ᠤᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠢ ᠠᠵᠤ ᠠᠬᠤᠢᠯᠠᠯ᠎ᠤᠨ ᠡᠵᠡᠩᠨᠡᠯᠲᠡ ᠬᠥᠭ᠌ᠵᠢᠯᠲᠡ᠎ᠯᠦᠭᠡ ᠭᠦᠨᠵᠡᠭᠡᠢ ᠠᠭᠤᠰᠤᠯᠴᠠᠭᠤᠯᠵᠤ᠂ ᠨᠠᠮ᠎ᠤᠨ ᠤᠳᠤᠷᠢᠳᠤᠯᠭ᠎ᠠ᠎ᠶ᠋ᠢ ᠴᠢᠩᠭᠠᠳᠭᠠᠬᠤ᠎ᠶ᠋ᠢ ᠮᠦᠩᠬᠦᠨ ᠬᠦᠢᠯᠭᠡᠭᠡᠨ᠎ᠤ ᠵᠠᠰᠠᠯᠲᠠ᠎ᠶ᠋ᠢ ᠲᠡᠭᠦᠯᠳᠡᠷᠵᠢᠭᠦᠯᠬᠦ᠌᠎ᠲᠡᠶ ᠨᠢᠭᠡᠳᠭᠡᠵᠦ᠍᠂ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠦᠷ᠎ᠡ ᠪᠦᠲᠦᠮᠵᠢ᠎ᠶ᠋ᠢ ᠮᠥᠩᠭᠥᠨ ᠭᠦᠢᠯᠭᠡᠭᠡᠨ᠎ᠦ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠥᠪᠡᠷᠮᠢᠴᠡ ᠳᠠᠪᠠᠭᠤᠯᠢᠭ ᠪᠣᠯᠭᠠᠨ ᠬᠤᠪᠢᠷᠠᠭᠤᠯᠬᠤ᠎ᠨᠢ ᠠᠩᠬᠠᠷᠤᠭᠤᠱᠢᠲᠠᠢ ᠪᠥᠭᠡᠳ ᠰᠡᠳᠭᠢᠭᠦᠱᠢᠲᠡᠢ ᠶᠠᠪᠤᠳᠠᠯ ᠪᠤᠯᠤᠨ᠎ᠠ᠃
ᠱᠢᠨ᠎ᠡ ᠴᠠᠭ ᠦᠶ᠎ᠡ᠎ᠶ᠋ᠢᠨ ᠮᠥᠩᠭᠥᠨ ᠭᠦᠢᠯᠭᠡᠭᠡᠨ᠎ᠦ ᠠᠵᠤ ᠠᠬᠤᠢᠯᠠᠯ᠎ᠤᠨ ᠨᠠᠮ᠎ᠤᠨ ᠪᠠᠢᠭᠤᠯᠤᠯᠲᠠ᠎ᠶ᠋ᠢᠨ ᠠᠵᠢᠯ ᠨᠢ ᠤᠯᠤᠰ ᠲᠦᠷᠦ᠍᠎ᠶ᠋ᠢᠨ ᠱᠢᠨᠵᠢ ᠴᠢᠨᠠᠷ ᠪᠣᠯᠤᠨ ᠠᠵᠤ ᠠᠬᠤᠢ᠎ᠶ᠋ᠢᠨ ᠱᠢᠨᠵᠢ ᠴᠢᠨᠠᠷ᠎ᠤᠨ ᠣᠷᠭᠠᠨᠢᠭ ᠤᠶᠠᠯᠳᠤᠯ᠎ᠢ ᠬᠥᠭᠡᠭᠡᠴᠡᠯᠳᠦᠵᠦ᠍᠂ ᠮᠥᠩᠭᠥᠨ ᠭᠦᠢᠯᠭᠡᠭᠡᠨ᠎ᠦ ᠠᠵᠤ ᠠᠬᠤᠢᠯᠠᠯ᠎ᠤᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠱᠢᠨ᠎ᠡ ᠰᠡᠳᠭᠢᠴᠡ᠎ᠶ᠋ᠢ ᠰᠦᠪᠡᠭ᠌ᠴᠢᠯᠡᠵᠦ᠍᠂ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠱᠢᠨᠵᠢᠯᠡᠬᠦ᠌ ᠤᠬᠠᠭᠠᠨᠴᠢᠵᠢᠯᠲᠠ᠂ ᠵᠢᠷᠤᠮᠵᠢᠯᠲᠠ᠎ᠶ᠋ᠢᠨ ᠲᠦᠪᠱᠢᠨ᠎ᠢ ᠤᠯᠠᠮ ᠴᠢᠨᠠᠭ᠍ᠰᠢᠳᠠ ᠳᠡᠭᠡᠭ᠌ᠰᠢᠯᠡᠭᠦᠯᠵᠦ᠍᠂ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠦᠷ᠎ᠡ ᠪᠦᠲᠦᠮᠵᠢ᠎ᠶ᠋ᠢ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠳᠠᠪᠠᠭᠤᠯᠢᠭ᠎ᠤᠨ ᠠᠮᠵᠢᠯᠲᠠ᠎ᠲᠠᠶ ᠠᠷᠭ᠎ᠠ ᠵᠠᠮ ᠪᠣᠯᠭᠠᠨ ᠬᠤᠪᠢᠷᠠᠭᠤᠯᠵᠤ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠪᠠᠯ ᠵᠤᠬᠢᠨ᠎ᠠ᠃
ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠬᠤ ᠪᠣᠯ ᠮᠥᠩᠭᠥᠨ ᠭᠦᠢᠯᠭᠡᠭᠡᠨ᠎ᠦ ᠠᠵᠤ ᠠᠬᠤᠢᠯᠠᠯ᠎ᠤᠨ 《ᠦᠨᠳᠦᠰᠦ ᠰᠠᠭᠤᠷᠢ》 ᠪᠠ 《ᠰᠦᠭ ᠰᠦᠨᠡᠰᠦ》 ᠮᠥᠨ᠃ ᠮᠥᠩᠭᠥᠨ ᠭᠦᠢᠯᠭᠡᠭᠡ ᠪᠣᠯ ᠤᠳᠤ ᠦᠶ᠎ᠡ᠎ᠶ᠋ᠢᠨ ᠠᠵᠤ ᠠᠬᠤᠢ᠎ᠶ᠋ᠢᠨ ᠭᠣᠣᠯᠳᠠᠯᠭ᠎ᠠ ᠮᠥᠨ᠂ ᠤᠯᠤᠰ ᠣᠷᠣᠨ᠎ᠤ ᠪᠦᠳᠦᠭᠡᠨ ᠪᠠᠢᠭᠤᠯᠤᠯᠲᠠ ᠵᠢᠴᠢ ᠥᠭᠡᠷᠡᠴᠢᠯᠡᠯᠲᠡ᠎ᠶ᠋ᠢᠨ ᠦᠢᠯᠡᠰ᠎ᠦᠨ ᠬᠠᠮᠤᠭ᠎ᠤᠨ ᠳᠤᠲᠠᠭ᠍ᠳᠠᠵᠤ ᠪᠣᠯᠤᠰᠢ ᠦᠭᠡᠢ ᠴᠢᠬᠤᠯᠠ ᠪᠦᠷᠢᠯᠳᠦᠬᠦᠨ ᠬᠡᠰᠡᠭ ᠮᠥᠨ᠂ ᠮᠥᠩᠭᠥᠨ ᠭᠦᠢᠯᠭᠡᠭᠡᠨ᠎ᠦ ᠠᠵᠤ ᠠᠬᠤᠢᠯᠠᠯ ᠪᠣᠯ ᠤᠯᠤᠰ ᠠᠷᠠᠳ᠎ᠤᠨ ᠠᠵᠤ ᠠᠬᠤᠢ᠎ᠶ᠋ᠢᠨ ᠰᠠᠭᠤᠷᠢ ᠴᠢᠯᠠᠭᠤ ᠮᠥᠨ᠂ ᠮᠠᠨ᠎ᠤ ᠤᠯᠤᠰ᠎ᠤᠨ ᠮᠥᠩᠭᠥᠨ ᠭᠦᠢᠯᠭᠡᠭᠡᠨ᠎ᠦ ᠬᠥᠭ᠌ᠵᠢᠯᠲᠡ᠎ᠶ᠋ᠢ ᠲᠦᠯᠬᠢᠨ ᠠᠬᠢᠭᠤᠯᠬᠤ ᠲᠤᠯᠭᠠᠭᠤᠷᠢ ᠬᠦᠴᠦᠨ ᠮᠥᠨ᠂ ᠨᠡᠩ ᠴᠤ᠌ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠳᠦ ᠦᠢᠯᠡᠴᠢᠯᠡᠬᠦ᠌ ᠴᠢᠬᠤᠯᠠ ᠠᠴᠢᠶᠠᠯᠠᠭ᠍ᠴᠢ ᠮᠥᠨ᠂ ᠲᠡᠷᠡ ᠨᠢ ᠠᠵᠤ ᠠᠬᠤᠢ᠎ᠶ᠋ᠢᠨ ᠬᠥᠭ᠌ᠵᠢᠯᠲᠡ᠎ᠳᠦ ᠣᠮᠲᠣᠭᠠᠢᠯᠠᠵᠤ ᠪᠣᠯᠤᠰᠢ ᠦᠭᠡᠢ ᠦᠢᠯᠡᠳᠦᠯ ᠦᠵᠡᠭᠦᠯᠵᠦ᠍ ᠪᠠᠢᠳᠠᠭ᠃
ᠨᠠᠮ᠎ᠤᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠬᠤ ᠪᠣᠯ ᠮᠥᠩᠭᠥᠨ ᠭᠦᠢᠯᠭᠡᠭᠡᠨ᠎ᠦ ᠠᠵᠤ ᠠᠬᠤᠢᠯᠠᠯ᠎ᠤᠨ ᠡᠷᠬᠡᠪᠰᠢ ᠪᠠᠲᠤ ᠰᠠᠬᠢᠬᠤ ᠦᠨᠳᠦᠰᠦᠨ ᠵᠠᠷᠴᠢᠮ ᠪᠠ ᠭᠦᠢᠴᠡᠳᠭᠡᠬᠦ᠌ ᠴᠢᠬᠤᠯᠠ ᠲᠤᠱᠢᠶᠠᠯ ᠬᠠᠷᠢᠭᠤᠴᠠᠯᠭ᠎ᠠ ᠮᠥᠨ᠂ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶ᠋ᠢᠨ ᠬᠥᠭ᠌ᠵᠢᠯᠲᠡ᠎ᠶ᠋ᠢᠨ ᠴᠢᠬᠤᠯᠠ ᠠᠭᠤᠯᠭ᠎ᠠ ᠪᠠ ᠴᠢᠬᠤᠯᠠ ᠪᠠᠲᠤᠯᠠᠭ᠎ᠠ ᠮᠥᠨ᠃ ᠨᠠᠮ᠎ᠤᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠬᠤ ᠨᠢ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠪᠣᠳᠠᠲᠠᠶ ᠠᠵᠢᠯᠯᠠᠭ᠎ᠠ ᠳᠤᠮᠳᠠ ᠨᠠᠢᠳᠠᠪᠤᠷᠢᠵᠢᠭᠤᠯᠵᠤ᠂ ᠤᠯᠤᠰ᠎ᠤᠨ ᠥᠮᠴᠢᠯᠡᠯ᠎ᠦᠨ ᠡᠳ᠋ ᠬᠥᠷᠥᠩᠭᠡ᠎ᠶ᠋ᠢᠨ ᠥᠷᠲᠡᠭ᠎ᠢ ᠪᠠᠲᠤᠯᠠᠵᠤ ᠥᠷᠲᠡᠭ᠎ᠢ ᠨᠡᠮᠡᠭ᠌ᠳᠡᠭᠦᠯᠬᠦ᠌᠎ᠳᠦ ᠠᠱᠢᠭ᠍ᠲᠠᠶ ᠪᠠᠢᠵᠤ᠂ ᠨᠠᠮ᠎ᠠᠴᠠ ᠤᠯᠤᠰ᠎ᠤᠨ ᠥᠮᠴᠢᠯᠡᠯ᠎ᠦᠨ ᠠᠵᠤ ᠠᠬᠤᠢᠯᠠᠯ ᠤᠨ ᠬᠥᠭ᠌ᠵᠢᠯᠲᠡ᠎ᠶ᠋ᠢᠨ ᠪᠣᠭᠣᠮᠲᠠ᠎ᠶ᠋ᠢ ᠰᠠᠬᠢᠬᠤ ᠪᠠ ᠴᠢᠭ᠌ᠯᠡᠯ ᠢ ᠲᠣᠭ᠍ᠲᠠᠭᠠᠬᠤ᠎ᠶ᠋ᠢ ᠪᠠᠲᠤᠯᠠᠵᠤ᠂ ᠠᠵᠤ ᠠᠬᠤᠢᠯᠠᠯ᠎ᠢ ᠪᠤᠵᠠᠭᠠᠢᠷᠠᠭᠤᠯᠤᠨ ᠱᠢᠯᠢᠳᠡᠭ᠌ᠵᠢᠭᠦᠯᠵᠦ᠍ ᠬᠦᠴᠦᠷᠬᠡᠭ᠌ᠵᠢᠭᠦᠯᠬᠦ᠌᠎ᠳᠦ ᠠᠱᠢᠭ᠍ᠲᠠᠶ ᠶᠤᠮ᠃
ᠨᠠᠮ᠎ᠤᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠬᠤ ᠨᠢ ᠮᠥᠩᠭᠥᠨ ᠭᠦᠢᠯᠭᠡᠭᠡᠨ᠎ᠦ ᠠᠵᠤ ᠠᠬᠤᠢᠯᠠᠯ᠎ᠤᠨ ᠳᠣᠲᠣᠭᠠᠳᠤ᠎ᠶ᠋ᠢᠨ ᠲᠦᠷᠢᠮ ᠲᠣᠭ᠍ᠲᠠᠭᠠᠯ᠂ ᠤᠳᠤᠷᠢᠳᠭᠤ ᠺᠠᠳ᠋ᠷ᠎ᠤᠨ ᠰᠤᠷᠲᠠᠯ᠂ ᠵᠣᠬᠢᠶᠠᠨ ᠪᠠᠢᠭᠤᠯᠤᠯᠲᠠ᠎ᠶ᠋ᠢᠨ ᠰᠠᠬᠢᠯᠭ᠎ᠠ ᠪᠠᠲᠤ᠎ᠶ᠋ᠢᠨ ᠪᠠᠢᠭᠤᠯᠤᠯᠲᠠ᠎ᠶ᠋ᠢ ᠨᠡᠩ ᠨᠠᠮᠴᠢ ᠴᠢᠨᠠᠷᠲᠠᠶ ᠪᠣᠯᠭᠠᠵᠤ᠂ ᠠᠵᠤ ᠠᠬᠤᠢᠯᠠᠯ᠎ᠤᠨ ᠨᠠᠮ᠎ᠤᠨ ᠲᠥᠪ ᠬᠣᠷᠢᠢ᠎ᠠ᠎ᠲᠠᠶ ᠢᠮᠠᠭ᠍ᠲᠠ ᠨᠢᠭᠡᠳᠦᠯᠲᠡᠢ ᠪᠠᠢᠬᠤ᠎ᠶ᠋ᠢ ᠪᠠᠲᠤᠯᠠᠵᠤ᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠠᠮᠢᠳᠤᠯᠢᠭ ᠬᠦᠴᠦᠨ᠎ᠢ ᠨᠡᠮᠡᠭ᠌ᠳᠡᠭᠦᠯᠵᠦ᠍ ᠴᠢᠳᠠᠬᠤ ᠮᠥᠷᠲᠡᠭᠡᠨ ᠪᠠᠰᠠ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶ᠋ᠢᠨ ᠳᠤᠮᠳᠠ ᠰᠠᠢ᠌ᠨ ᠰᠠᠢᠬᠠᠨ ᠡᠮᠬᠢ ᠵᠢᠷᠤᠮ᠎ᠲᠠᠶ ᠬᠥᠭ᠌ᠵᠢᠬᠦ᠌᠎ᠶ᠋ᠢ ᠠᠬᠢᠭᠤᠯᠵᠤ ᠴᠢᠳᠠᠨ᠎ᠠ᠃