《ᠳᠥᠷᠪᠡ ᠳ᠋ᠤ᠌ ᠣᠷᠣᠬᠤ》 ᠨᠠᠷᠠᠲᠤ ᠲᠡᠮᠳᠡᠭ᠎ᠢ ᠡᠭᠦᠳᠴᠤ ᠺᠤᠮᠫᠠᠨᠢ ᠵᠢᠨ ᠨᠠᠮ᠎ᠤᠨ ᠪᠠᠢᠭᠤᠯᠤᠯᠲᠠ ᠵᠢ ᠴᠢᠩᠭᠠᠳᠬᠠᠨ᠎ᠠ
2023-04-24 10:48:26
ᠵᠣᠬᠢᠶᠠᠭ᠍ᠴᠢ᠄
ᠸᠠᠩ ᠵᠢᠶᠠ ᠴᠢᠶᠦ᠋ᠩ
ᠣᠩᠱᠢᠭ᠍ᠰᠠᠨ ᠣᠳᠠᠭ᠎ᠠ᠄
★★★☆☆

ᠠᠯᠠᠱᠠ ᠵᠢᠨ ᠴᠠᠬᠢᠯᠭᠠᠨ ᠬᠠᠩᠭᠠᠬᠤ ᠺᠣᠮᠫᠠᠨᠢ ᠨᠠᠮ᠎ᠤᠨ ᠪᠠᠶ᠋ᠢᠭᠤᠯᠤᠯᠲᠠ ᠵᠢᠨ ᠰᠢᠨ᠎ᠡ ᠶ᠋ᠢ ᠡᠭᠦᠳᠴᠦ᠂ ᠨᠠᠮ᠎ᠤᠨ ᠬᠡᠰᠢᠭᠦᠨ ᠬᠣᠰᠢᠭᠤ ᠲᠣᠭᠣᠷᠢᠭ᠋᠎ᠲᠤ ᠣᠷᠣᠬᠤ᠂ ᠦᠢᠯᠡᠳᠪᠦᠷᠢ ᠵᠢᠨ ᠲᠣᠭᠣᠷᠢᠭ᠋᠎ᠲᠤ ᠣᠷᠣᠬᠤ᠂ ᠭᠠᠴᠠᠭ᠎ᠠ ᠳᠤᠰᠬᠤᠨ᠎ᠳᠤ ᠣᠷᠣᠬᠤ᠂ ᠨᠡᠢᠭᠡᠮ ᠲᠣᠭᠣᠷᠢᠭ᠋᠎ᠲᠤ ᠣᠷᠣᠬᠤ 《ᠳᠥᠷᠪᠡ ᠳ᠋ᠤ᠌ ᠣᠷᠣᠬᠤ》 ᠠᠵᠢᠯᠯᠠᠭ᠎ᠠ ᠪᠠᠷ ᠳᠠᠮᠵᠢᠨ᠂ ᠣᠯᠠᠨ ᠲᠦᠮᠡᠨ᠎ᠤ ᠳᠡᠷᠭᠡᠳᠡ ᠬᠦᠷᠴᠦ᠂ ᠨᠠᠮ᠎ᠤᠨ ᠰᠢᠨ᠎ᠡ ᠶ᠋ᠢ ᠡᠭᠦᠳᠬᠦ ᠣᠨᠣᠯ᠎ᠢ ᠤᠬᠠᠭᠤᠯᠤᠨ ᠲᠠᠢᠯᠪᠤᠷᠢᠯᠠᠵᠤ᠂ ᠤᠯᠠᠨ ᠲᠦᠮᠡᠨ᠎ᠤ ᠬᠦᠰᠡᠯ ᠱᠠᠭᠠᠷᠳᠠᠯᠭ᠎ᠠ ᠳ᠋ᠤ᠌ ᠴᠢᠭᠯᠡᠭᠦᠯᠦᠨ ᠰᠠᠢᠨ ᠳᠤᠷ᠎ᠠ ᠵᠢᠨ ᠦᠢᠯᠡᠴᠢᠯᠡᠭᠡᠨ᠎ᠤ ᠠᠵᠢᠯᠯᠠᠭ᠎ᠠ ᠥᠷᠨᠢᠭᠦᠯᠵᠦ᠂ ᠡᠬᠢ ᠪᠠᠶᠠᠯᠢᠭ᠋᠎ᠢ ᠬᠠᠮᠲᠤ᠎ᠪᠠᠷ ᠡᠳ᠋ᠯᠡᠬᠦ᠂ ᠳᠠᠪᠠᠭᠤᠯᠢᠭ᠋ ᠲᠠᠯ᠎ᠠ ᠪᠡᠨ ᠬᠠᠷᠢᠯᠴᠠᠨ ᠨᠥᠬᠥᠪᠦᠷᠢᠯᠡᠬᠦ᠂ ᠬᠠᠮᠵᠢᠯᠴᠠᠭᠰᠠᠨ ᠥᠨᠳᠥᠷ ᠪᠦᠳᠦᠮᠵᠢ ᠶᠡᠬᠡ ᠲᠠᠢ ᠲᠦᠷᠰᠦ ᠪᠠᠢᠳᠠᠯ᠎ᠢ ᠪᠤᠢ ᠪᠤᠯᠭᠠᠵᠤ᠂ ᠤᠯᠠᠨ ᠲᠦᠮᠡᠨ ᠬᠠᠮᠢᠭ᠎ᠠ ᠪᠠᠢᠪᠠᠯ ᠨᠠᠮ᠎ᠤᠨ ᠬᠠᠢᠷ᠎ᠠ ᠬᠠᠯᠠᠮᠵᠢ ᠲᠡᠨᠳᠡ ᠪᠠᠢᠬᠤ ᠶ᠋ᠢ ᠪᠡᠶᠡᠯᠡᠭᠦᠯᠪᠡ᠃

ᠠᠯᠠᠱᠠ ᠵᠢᠨ ᠴᠠᠬᠢᠯᠭᠠᠨ ᠬᠠᠩᠭᠠᠬᠤ ᠺᠣᠮᠫᠠᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠠᠶᠤᠯᠭᠦᠢ ᠦᠢᠯᠡᠳᠪᠦᠷᠢᠯᠡᠯ᠂ ᠴᠠᠬᠢᠯᠭᠠᠨ ᠲᠣᠣᠷ᠎ᠤᠨ ᠪᠦᠲᠦᠭᠡᠨ ᠪᠠᠢᠭᠤᠯᠤᠯᠲᠠ᠂ ᠴᠢᠨᠠᠷ ᠰᠠᠢᠲᠠᠢ ᠦᠢᠯᠡᠴᠢᠯᠡᠭᠡ᠂ ᠡᠵᠡᠩᠨᠡᠯᠲᠡ ᠬᠠᠮᠢᠶᠠᠷᠤᠯᠲᠠ᠂ ᠦᠨᠳᠦᠰᠦᠲᠡᠨ᠎ᠤ ᠪᠦᠯᠬᠦᠮᠳᠡᠯ ᠵᠡᠷᠭᠡ ᠠᠭᠤᠯᠭ᠎ᠠ᠎ᠪᠠᠷ ᠭᠤᠤᠯ  ᠪᠣᠯᠭᠠᠵᠤ ᠂ ᠨᠢᠭᠡ ᠡᠴᠡ ᠤᠯᠠᠨ ᠡᠰᠢᠴᠢᠯᠡᠭᠰᠡᠨ ᠢᠵᠢᠯ ᠲᠥᠪᠲᠦ ᠲᠣᠭᠣᠷᠢᠭ᠋ ᠤ᠋ᠨ ᠠᠭᠤᠯᠤᠭᠳᠠᠬᠤᠨ᠎ᠤ ᠪᠦᠲᠦᠴᠡ᠎ᠶᠢ ᠪᠦᠷᠢᠯᠳᠦᠭᠦᠯᠵᠦ᠂ ᠭᠤᠷᠪᠠᠨ ᠱᠠᠲᠤᠨ᠎ᠤ ᠵᠢᠭ᠍ᠰᠠᠭᠠᠯ᠎ᠤᠨ ᠭᠠᠵᠠᠷ᠎ᠲᠤ ᠲᠦᠰᠢᠭᠯᠡᠨ᠂ ᠨᠠᠮ᠎ᠤᠨ ᠬᠡᠰᠢᠭᠦᠨ ᠺᠠᠳ᠋ᠷ᠎ᠤᠨ 《ᠳᠥᠷᠪᠡ ᠳ᠋ᠤ᠌ ᠣᠷᠣᠬᠤ》 ᠠᠵᠢᠯ᠎ᠤᠨ ᠵᠠᠬᠪᠤᠷ᠎ᠤᠨ ᠰᠢᠨ᠎ᠡ ᠶ᠋ᠢ ᠡᠭᠦᠳᠴᠤ᠂ 《ᠲᠡᠮᠡᠭᠡᠲᠦ ᠨᠤᠲᠤᠭ᠎ᠤᠨ ᠬᠡᠷᠡᠯ ᠭᠡᠭᠡ》 ᠰᠠᠢᠨ ᠳᠤᠷ᠎ᠠ ᠵᠢᠨ ᠦᠢᠯᠡᠴᠢᠯᠡᠭᠡ ᠪᠠᠷ ᠳᠠᠮᠵᠢᠭᠤᠯᠤᠨ ᠨᠠᠮ᠎ᠤᠨ ᠬᠡᠰᠢᠭᠦᠨ ᠤᠯᠠᠨ ᠲᠦᠮᠡᠨ ᠲᠠᠢ ᠬᠠᠷᠢᠯᠴᠠᠬᠤ ᠬᠦᠬᠦᠷᠭᠡ ᠬᠤᠯᠪᠤᠭᠠᠰᠤ ᠶ᠋ᠢ ᠪᠠᠢᠭᠤᠯᠵᠤ᠂ ᠨᠠᠮ᠎ᠤᠨ ᠪᠠᠢᠭᠤᠯᠤᠯᠲᠠ᠎ᠪᠡᠷ ᠠᠵᠤ ᠠᠬᠤᠢᠯᠠᠯ᠎ᠤᠨ ᠴᠢᠨᠠᠷ ᠰᠠᠢᠲᠠᠢ ᠬᠥᠭᠵᠢᠯᠲᠡ ᠵᠢᠨ ᠬᠠᠮᠲᠤᠷᠠᠯ ᠬᠦᠴᠦᠨ᠎ᠢ ᠨᠢᠭ᠍ᠲᠠᠷᠠᠭᠤᠯᠪᠠ᠃ ᠨᠠᠮ᠎ᠤᠨ ᠰᠢᠨ᠎ᠡ ᠶ᠋ᠢ ᠡᠭᠦᠳᠬᠦ ᠣᠨᠣᠯ᠎ᠤᠨ ᠤᠬᠠᠭᠤᠯᠭ᠎ᠠ᠎ᠲᠠᠢ ᠤᠶᠠᠯᠳᠤᠭᠤᠯᠤᠨ᠂ ᠴᠠᠬᠢᠯᠭᠠᠨ ᠬᠦᠴᠦᠨ᠎ᠤ ᠠᠷᠠᠳ᠎ᠲᠤ ᠲᠥᠬᠥᠮ ᠦᠵᠡᠭᠦᠯᠵᠦ ᠠᠰᠢᠭ᠋ ᠬᠦᠷᠲᠡᠭᠡᠬᠦ ᠠᠷᠭ᠎ᠠ ᠬᠡᠮᠵᠢᠶ᠎ᠡ ᠶ᠋ᠢ ᠬᠡᠷᠡᠭᠵᠢᠭᠦᠯᠵᠦ᠂ ᠴᠠᠬᠢᠯᠭᠠᠨ᠎ᠤ ᠰᠦᠢᠳᠬᠡᠯ ᠴᠠᠬᠢᠯᠭᠠᠨ᠎ᠤ ᠦᠨ᠎ᠡ ᠵᠢᠨ ᠲᠥᠷᠥ᠍ ᠵᠢᠨ ᠪᠣᠳᠣᠯᠭ᠎ᠠ᠂ ᠴᠠᠬᠢᠯᠭᠠᠨ᠎ᠢ ᠠᠮᠤᠷ ᠲᠦᠪᠰᠢᠨ᠎ᠢᠶᠡᠷ ᠬᠡᠷᠡᠭᠯᠡᠬᠦ ᠶᠡᠷᠦ ᠵᠢᠨ ᠮᠡᠳᠡᠯᠭᠡ ᠵᠡᠷᠭᠡ ᠶ᠋ᠢ ᠤᠬᠠᠭᠠᠤᠯᠵᠦ᠂ ᠺᠤᠮᠫᠠᠨᠢ ᠵᠢᠨ ᠨᠠᠮ᠎ᠤᠨ ᠬᠡᠰᠢᠭᠦᠨ ᠺᠠᠳ᠋ᠷ᠎ᠤᠨ ᠣᠯᠠᠨ ᠵᠦᠢᠯ᠎ᠤᠨ ᠰᠠᠢᠨ ᠳᠤᠷ᠎ᠠ ᠵᠢᠨ ᠦᠢᠯᠡᠴᠢᠯᠡᠭᠡᠨ᠎ᠤ ᠠᠵᠢᠯᠯᠠᠭ᠎ᠠ᠎ᠪᠠᠷ ᠳᠠᠮᠵᠢᠭᠤᠯᠤᠨ᠂ ᠣᠨᠣᠯ᠎ᠤᠨ ᠤᠬᠠᠭᠤᠯᠭ᠎ᠠ ᠲᠠᠢᠯᠤᠮᠵᠢ ᠶ᠋ᠢ ᠠᠷᠠᠳ᠎ᠲᠤ ᠠᠰᠢᠭ᠋ ᠬᠦᠷᠲᠡᠭᠡᠬᠦ ᠦᠢᠯᠡᠴᠢᠯᠡᠭᠡ᠂ ᠰᠣᠶᠣᠯ᠎ᠤᠨ ᠠᠮᠢᠳᠤᠷᠠᠯ᠂ ᠠᠬᠤᠢ ᠪᠠᠢᠳᠠᠯ᠎ᠤᠨ ᠪᠡᠶᠡᠳᠡᠨ ᠣᠢᠯᠠᠭᠠᠯᠲᠠ ᠵᠡᠷᠭᠡ᠎ᠳᠤ ᠠᠭᠤᠰᠬᠠᠨ ᠣᠷᠣᠭᠤᠯᠵᠤ᠂ ᠣᠨᠣᠯ᠎ᠤᠨ ᠤᠬᠠᠭᠤᠯᠭ᠎ᠠ ᠪᠠ ᠦᠵᠡᠯ ᠰᠠᠨᠠᠭᠠᠨ᠎ᠤ ᠬᠥᠮᠦᠵᠢᠯ᠎ᠢ ᠣᠯᠠᠨ ᠲᠦᠮᠡᠨ᠎ᠲᠠᠢ ᠨᠠᠩ ᠣᠢᠷᠠᠲᠤᠭᠤᠯᠵᠤ᠂ ᠨᠠᠩ ᠠᠮᠢᠵᠢᠷᠠᠯ᠎ᠤᠨ ᠬᠦᠴᠦᠨ᠎ᠲᠠᠢ᠂ ᠨᠠᠩ ᠬᠠᠯᠠᠭᠤᠨ ᠳᠤᠯᠠᠭᠠᠨ ᠪᠣᠯᠭᠠᠪᠠ᠃ ᠤᠯᠠᠨ ᠡᠰᠢᠴᠢᠯᠡᠭᠰᠡᠨ ᠨᠠᠮ᠎ᠤᠨ ᠬᠡᠰᠢᠬᠦᠨ᠎ᠤ ᠰᠠᠢᠨ ᠳᠤᠷ᠎ᠠ ᠵᠢᠨ ᠦᠢᠯᠡᠴᠢᠯᠡᠭᠡᠨ᠎ᠤ ᠡᠩᠨᠡᠭᠡ ᠶ᠋ᠢ ᠪᠠᠢᠭᠤᠯᠵᠤ᠂ ᠰᠢᠨ᠎ᠡ ᠴᠠᠭ ᠦᠶ᠎ᠡ ᠵᠢᠨ ᠤᠬᠠᠭᠤᠯᠤᠨ ᠲᠠᠢᠯᠪᠤᠷᠢᠯᠠᠭ᠍ᠴᠢ᠂ ᠶᠣᠰᠣ᠌ ᠰᠤᠷᠲᠠᠬᠤᠨ᠎ᠤ ᠵᠢᠱ᠌ᠢᠶᠡᠴᠢ᠂ ᠳᠡᠷᠭᠡᠳᠡᠬᠢ ᠰᠠᠢᠨ ᠬᠥᠮᠥᠨ ᠵᠡᠷᠭᠡ ᠶ᠋ᠢ ᠣᠷᠣᠯᠴᠠᠭᠤᠯᠵᠤ᠂ ᠤᠨᠤᠯ᠎ᠤᠨ ᠤᠬᠠᠭᠤᠯᠭ᠎ᠠ᠂ ᠴᠢᠨᠠᠷ ᠰᠠᠢᠲᠠᠢ ᠦᠢᠯᠡᠴᠢᠯᠡᠭᠡ᠂ ᠮᠣᠳᠣ᠌ ᠲᠠᠷᠢᠵᠤ ᠤᠢᠵᠢᠭᠤᠯᠬᠤ᠂ ᠨᠣᠭᠣᠭᠠᠷᠠᠭᠤᠯᠤᠯᠲᠠ ᠶ᠋ᠢ ᠬᠠᠮᠠᠭᠠᠯᠠᠬᠤ ᠵᠡᠷᠭᠡ ᠭᠣᠣᠯ ᠢᠨᠵᠧᠨᠧᠷᠢᠩ᠎ᠤᠨ ᠲᠣᠭᠣᠷᠢᠨ᠎ᠳᠤ ᠰᠠᠢᠨ ᠲᠤᠷ᠎ᠠ ᠵᠢᠨ ᠠᠵᠢᠯᠯᠠᠭ᠎ᠠ ᠶ᠋ᠢ ᠢᠳᠡᠪᠬᠢᠲᠡᠢ ᠥᠷᠨᠢᠭᠦᠯᠪᠡ᠃ ᠤᠳᠤ ᠪᠤᠯᠳᠠᠯ᠎ᠠ᠂ ᠨᠠᠮ᠎ᠤᠨ ᠬᠡᠰᠢᠭᠦᠨ ᠺᠠᠳ᠋ᠷ᠎ᠤᠨ ᠤᠯᠠᠨ ᠲᠦᠮᠡᠨ ᠳ᠋ᠦ ᠦᠢᠯᠡᠴᠢᠯᠡᠬᠦ ᠦᠷᠳᠡᠬᠡ ᠵᠢ 27  ᠪᠠᠢᠭᠤᠯᠵᠤ᠂ ᠰᠢᠨ᠎ᠡ ᠴᠠᠭ ᠦᠶ᠎ᠡ ᠵᠢᠨ ᠪᠣᠯᠪᠠᠰᠤᠨ᠎ᠤ ᠦᠢᠯᠡᠳᠦᠯᠭᠡ ᠵᠢᠨ ᠰᠠᠢᠨ ᠳᠤᠷ᠎ᠠ ᠵᠢᠨ ᠦᠢᠯᠡᠴᠢᠯᠡᠭᠡᠨ᠎ᠤ ᠡᠩᠨᠡᠭᠡ ᠶ᠋ᠢ 29 ᠪᠠᠢᠭᠤᠯᠵᠤ᠂ ᠨᠡᠶ᠋ᠢᠲᠡ 497 ᠰᠠᠢᠨ ᠲᠤᠷᠠᠴᠤᠳ᠎ᠢ ᠵᠣᠬᠢᠶᠠᠨ ᠪᠠᠢᠭᠤᠯᠵᠤ᠂ ᠡᠯ᠎ᠡ ᠲᠥᠷᠥᠯ᠎ᠤᠨ ᠠᠵᠢᠯᠯᠠᠭ᠎ᠠ ᠶ᠋ᠢ ᠨᠡᠶ᠋ᠢᠲᠡ 790 ᠭᠠᠷᠤᠢ ᠤᠳᠠᠭ᠎ᠠ ᠥᠷᠨᠢᠭᠦᠯᠵᠦ ᠂ 8 ᠲᠦᠮᠡ ᠭᠠᠷᠤᠢ ᠬᠥᠮᠥᠨ  ᠳ᠋ᠤ᠌ ᠠᠰᠢᠭ᠋ ᠬᠦᠷᠲᠡᠭᠡᠪᠠ᠃

《ᠳᠥᠷᠪᠡ ᠳ᠋ᠤ᠌ ᠣᠷᠣᠬᠤ》 ᠨᠠᠮ᠎ᠤᠨ ᠪᠠᠢᠭᠤᠯᠤᠯᠲᠠ ᠵᠢᠨ ᠠᠵᠢᠯ᠎ᠤᠨ ᠵᠠᠬᠪᠤᠷ᠎ᠤᠨ ᠨᠠᠷᠠᠲᠤ ᠲᠡᠮᠳᠡᠭ᠎ᠢ ᠡᠬᠦᠳᠦᠭᠰᠡᠨ ᠡᠴᠡ ᠨᠠᠭᠠᠰᠢ᠂ ᠠᠯᠠᠱᠠ ᠵᠢᠨ ᠴᠠᠬᠢᠯᠭᠠᠨ ᠬᠠᠩᠭᠠᠬᠤ ᠺᠣᠮᠫᠠᠨᠢ ᠨᠢ ᠨᠡᠢᠭᠡᠮ ᠵᠢᠷᠤᠮ᠎ᠤᠨ ᠭᠣᠣᠯᠯᠠᠬᠤ ᠥᠷᠲᠡᠭ᠎ᠤᠨ ᠦᠵᠡᠯᠲᠡ ᠶ᠋ᠢ ᠦᠢᠯᠡᠳᠦᠯᠭᠡᠵᠢᠭᠦᠯᠵᠦ᠂ ᠬᠣᠰᠢᠭᠤ ᠲᠣᠭᠣᠷᠢᠭ᠋᠎ᠤᠨ ᠡᠯ᠎ᠡ ᠨᠢᠭᠡᠴᠢ᠂ ᠠᠵᠤ ᠠᠬᠤᠢᠯᠠᠯ ᠵᠡᠷᠭᠡ ᠬᠦᠴᠦᠨ᠎ᠲᠠᠢ ᠬᠣᠯᠪᠤᠭᠠᠯᠠᠨ᠂ ᠬᠣᠰᠢᠭᠤ ᠲᠣᠭᠣᠷᠢᠭ᠋᠂ ᠦᠢᠯᠡᠳᠪᠦᠷᠢ ᠵᠢᠨ ᠲᠣᠭᠣᠷᠢᠭ᠋᠂ ᠭᠠᠴᠠᠭ᠎ᠠ ᠳᠤᠰᠬᠤᠨ᠂ ᠨᠡᠢᠭᠡᠮ ᠲᠣᠭᠣᠷᠢᠭ᠋᠎ᠤᠨ ᠣᠯᠠᠨ ᠲᠦᠮᠡᠨ᠎ᠤ ᠳᠡᠷᠭᠡᠳᠡ ᠬᠦᠷᠴᠦ᠂ ᠨᠠᠮ᠎ᠤᠨ ᠰᠢᠨ᠎ᠡ ᠶ᠋ᠢ ᠡᠭᠦᠳᠬᠦ ᠣᠨᠣᠯ᠎ᠢ ᠤᠬᠠᠭᠤᠯᠤᠨ ᠲᠠᠢᠯᠪᠤᠷᠢᠯᠠᠵᠤ᠂ ᠣᠯᠠᠨ ᠲᠦᠮᠡᠨ᠎ᠤ ᠬᠦᠰᠡᠯ ᠱᠠᠭᠠᠷᠳᠠᠯᠭ᠎ᠠ᠎ᠳᠤ ᠴᠢᠭᠯᠡᠭᠦᠯᠦᠨ ᠰᠠᠢᠨ ᠳᠤᠷ᠎ᠠ ᠵᠢᠨ ᠦᠢᠯᠡᠴᠢᠯᠡᠭᠡᠨ᠎ᠤ ᠠᠵᠢᠯᠯᠠᠭ᠎ᠠ ᠶ᠋ᠢ ᠨᠠᠷᠢᠯᠢᠭ᠋ ᠤᠨᠤᠴᠠᠲᠠᠢ ᠥᠷᠨᠢᠭᠦᠯᠵᠦ᠂ ᠬᠣᠰᠢᠭᠤ ᠲᠣᠭᠣᠷᠢᠭ᠋᠎ᠲᠤ ᠣᠷᠣᠵᠤ᠂ ᠦᠨᠳᠦᠰᠦᠲᠡᠨ ᠨᠦ᠍ᠭᠦᠳ ᠪᠦᠯᠬᠦᠮᠳᠡᠨ ᠲᠡᠮᠡᠴᠡᠵᠦ ᠬᠠᠮᠲᠤ ᠪᠠᠷ ᠤᠷᠤᠭᠰᠢᠯᠠᠭᠰᠠᠨ ᠪᠠᠢᠳᠠᠯ᠎ᠢ ᠪᠤᠢ ᠪᠣᠯᠭᠠᠵᠦ᠂ ᠦᠢᠯᠡᠳᠪᠦᠷᠢ ᠵᠢᠨ ᠲᠣᠭᠣᠷᠢᠭ᠋᠎ᠲᠤ ᠣᠷᠣᠵᠤ᠂ ᠴᠢᠨᠠᠷ ᠰᠠᠢᠲᠠᠢ ᠦᠢᠯᠡᠴᠢᠯᠡᠭᠡ ᠪᠡᠷ ᠤ᠌ᠭ ᠰᠠᠨᠠᠭ᠎ᠠ᠎ᠪᠠᠨ ᠦᠢᠯᠡᠳᠦᠯᠭᠡᠵᠢᠭᠦᠯᠵᠦ᠂ ᠭᠠᠴᠠᠭ᠎ᠠ ᠳᠤᠰᠬᠤᠨ᠎ᠳᠤ ᠣᠷᠣᠵᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠵᠦ᠂ ᠨᠡᠢᠭᠡᠮ ᠲᠣᠭᠣᠷᠢᠭ᠋᠎ᠲᠤ ᠣᠷᠣᠵᠤ᠂ ᠰᠠᠭᠤᠭᠠᠯᠢ ᠠᠷᠠᠳ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠰᠠᠨ ᠡᠶ᠎ᠡ ᠨᠠᠢᠷᠲᠠᠢ ᠲᠦᠷᠰᠦ ᠪᠠᠢᠳᠠᠯ᠎ᠢ ᠪᠤᠢ ᠪᠤᠯᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠮᠦᠩᠭᠦᠨᠬᠤᠸᠠᠷ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号