
ᠲᠦᠷᠦᠬᠦᠬᠡᠨ᠂ ᠥᠪᠥᠷ ᠮᠣᠩᠭᠣᠯ᠎ᠤᠨ ᠮᠣᠩᠭᠣᠯ ᠡᠮ ᠡᠮᠨᠡᠯᠭᠡ᠎ᠶᠢᠨ ᠢᠨᠵᠧᠨᠧᠷᠢᠩ᠎ᠦᠨ ᠮᠡᠷᠭᠡᠵᠢᠯ᠎ᠦᠨ ᠰᠤᠳᠤᠯᠭᠠᠨ᠎ᠤ ᠬᠦᠷᠢᠶᠡᠯᠡᠩ᠎ᠦᠨ ᠮᠣᠩᠭᠣᠯ ᠡᠮ ᠡᠮᠨᠡᠯᠭᠡ᠎ᠶᠢᠨ ᠰᠣᠶᠣᠯ᠎ᠢ ᠤᠯᠠᠮᠵᠢᠯᠠᠬᠤ ᠪᠠ ᠰᠢᠨ᠎ᠡ᠎ᠶᠢ ᠡᠭᠦᠳᠬᠦ ᠰᠤᠳᠤᠯᠭᠠᠨ᠎ᠤ ᠠᠺᠠᠳᠧᠮᠢᠴᠢ ᠲᠤᠰᠬᠠᠢ ᠮᠡᠷᠭᠡᠵᠢᠯᠲᠡᠨ᠎ᠦ ᠠᠵᠢᠯᠯᠠᠬᠤ ᠥᠷᠲᠡᠭᠡ ᠲᠦᠩᠯᠢᠶᠣᠣ ᠬᠣᠲᠠ᠎ᠳᠤ ᠫᠠᠢᠰᠠ ᠪᠠᠨ ᠰᠡᠭᠥᠪᠡ᠃
ᠣᠢᠯᠠᠭᠠᠭᠰᠠᠨ᠎ᠢᠶᠠᠷ᠂ ᠠᠺᠠᠳᠧᠮᠢᠴᠢ ᠲᠤᠰᠬᠠᠢ ᠮᠡᠷᠭᠡᠵᠢᠯᠲᠡᠨ᠎ᠦ ᠠᠵᠢᠯᠯᠠᠬᠤ ᠥᠷᠲᠡᠭᠡ ᠪᠠᠢᠭᠤᠯᠤᠭᠳᠠᠭᠰᠠᠨ᠎ᠤ ᠳᠠᠷᠠᠭ᠎ᠠ᠂ ᠥᠪᠥᠷ ᠮᠣᠩᠭᠣᠯ ᠤᠨ ᠮᠣᠩᠭᠣᠯ ᠡᠮ ᠡᠮᠨᠡᠯᠭᠡ᠎ᠶᠢᠨ ᠢᠨᠵᠧᠨᠧᠷᠢᠩ᠎ᠦᠨ ᠮᠡᠷᠭᠡᠵᠢᠯ᠎ᠦᠨ ᠰᠤᠳᠤᠯᠭᠠᠨ᠎ᠤ ᠬᠦᠷᠢᠶᠡᠯᠡᠩ ᠨᠢ ᠤᠯᠤᠰ᠎ᠤᠨ ᠳᠣᠲᠣᠭᠠᠳᠤ ᠭᠠᠳᠠᠭᠠᠳᠤ᠎ᠶᠢᠨ ᠮᠣᠩᠭᠣᠯ ᠡᠮ ᠡᠮᠨᠡᠯᠭᠡ᠎ᠶᠢᠨ ᠠᠺᠠᠳᠧᠮᠢᠴᠢ ᠲᠤᠰᠬᠠᠢ ᠮᠡᠷᠭᠡᠵᠢᠯᠲᠡᠨ᠎ᠳᠦ ᠲᠦᠰᠢᠭᠯᠡᠨ᠂ ᠮᠣᠩᠭᠣᠯ ᠡᠮ ᠡᠮᠨᠡᠯᠭᠡ᠎ᠶᠢᠨ ᠲᠤᠯᠭᠤᠷ ᠪᠢᠴᠢᠭ᠎ᠦᠨ ᠰᠤᠳᠤᠯᠭᠠᠨ᠂ ᠮᠣᠩᠭᠣᠯ ᠡᠮ ᠡᠮᠨᠡᠯᠭᠡ᠎ᠶᠢᠨ ᠰᠢᠨ᠎ᠡ ᠦᠢᠯᠡᠳᠬᠦᠨ᠎ᠢ ᠰᠤᠳᠤᠯᠤᠨ ᠨᠡᠭᠡᠭᠡᠬᠦ ᠪᠠ ᠮᠣᠩᠭᠣᠯ ᠡᠮ ᠡᠮᠨᠡᠯᠭᠡ᠎ᠶᠢᠨ ᠣᠯᠠᠨ ᠤᠯᠤᠰ᠎ᠤᠨ ᠬᠠᠮᠲᠤᠷᠠᠯᠴᠠᠭᠠᠨ᠎ᠤ ᠭᠤᠷᠪᠠᠨ ᠲᠠᠪᠴᠠᠩ᠎ᠤᠨ ᠪᠦᠲᠦᠭᠡᠨ ᠪᠠᠢᠭᠤᠯᠤᠯᠲᠠ᠎ᠶᠢ ᠬᠦᠴᠦᠯᠡᠨ ᠠᠬᠢᠭᠤᠯᠵᠤ᠂ ᠮᠣᠩᠭᠣᠯ ᠡᠮ ᠡᠮᠨᠡᠯᠭᠡ᠎ᠶᠢᠨ ᠬᠥᠭᠵᠢᠯᠲᠡ ᠵᠢ ᠲᠦᠷᠭᠡᠳᠬᠡᠨ᠂ ᠡᠪᠡᠳᠴᠢᠲᠡᠨ᠎ᠳᠦ ᠨᠠᠩ ᠰᠠᠢᠨ ᠦᠢᠯᠡᠴᠢᠯᠡᠭᠡ ᠬᠠᠩᠭᠠᠬᠤ ᠪᠤᠯᠤᠨ᠎ᠠ᠃
ᠶᠣᠰᠣᠯᠠᠯ ᠳᠡᠭᠡᠷ᠎ᠡ᠂ ᠲᠦᠩᠯᠢᠶᠣᠣ ᠬᠤᠳᠠ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠬᠢᠭᠡᠳ ᠥᠪᠥᠷ ᠮᠣᠩᠭᠣᠯ᠎ᠤᠨ ᠮᠣᠩᠭᠣᠯ ᠡᠮ ᠡᠮᠨᠡᠯᠭᠡ᠎ᠶᠢᠨ ᠢᠨᠵᠧᠨᠧᠷᠢᠩ᠎ᠦᠨ ᠮᠡᠷᠭᠡᠵᠢᠯ᠎ᠦᠨ ᠰᠤᠳᠤᠯᠭᠠᠨ᠎ᠤ ᠬᠦᠷᠢᠶᠡᠯᠡᠩ ᠨᠢ ᠪᠠᠰᠠ ᠠᠵᠤ ᠥᠢᠯᠡᠰ ᠪᠠ ᠵᠢᠭᠠᠨ ᠰᠤᠷᠭᠠᠯᠲᠠ᠎ᠶᠢ ᠠᠭᠤᠰᠤᠯᠴᠠᠭᠤᠯᠬᠤ ᠵᠥᠪᠯᠡᠯᠴᠡᠭᠡᠷ ᠲᠣᠬᠢᠷᠠᠯᠴᠠᠬᠤ ᠵᠢᠨ ᠬᠠᠮᠲᠤ᠂ ᠮᠣᠩᠭᠣᠯ ᠡᠮ ᠡᠮᠨᠡᠯᠭᠡ᠎ᠶᠢᠨ ᠠᠵᠤ ᠠᠬᠤᠢᠯᠠᠯ ᠶᠠᠬᠡ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠢᠭᠤᠯᠤᠮᠵᠢ ᠬᠠᠮᠵᠢᠯᠴᠠᠨ ᠰᠢᠨ᠎ᠡ᠎ᠶᠢ ᠡᠭᠦᠳᠬᠦ ᠲᠥᠪ᠂ ᠮᠣᠩᠭᠣᠯ ᠡᠮ ᠡᠮᠨᠡᠯᠭᠡ᠎ᠶᠢᠨ ᠠᠵᠤ ᠥᠢᠯᠡᠰ ᠪᠠ ᠰᠤᠷᠭᠠᠨ ᠬᠥᠮᠦᠵᠢᠯ᠎ᠢ ᠠᠭᠤᠰᠤᠯᠴᠠᠭᠤᠯᠥᠨ ᠲᠣᠭᠠᠴᠢᠯᠠᠭᠤᠯᠬᠤ ᠰᠢᠨ᠎ᠡ᠎ᠶᠢ ᠡᠭᠦᠳᠬᠦ ᠲᠥᠪ᠂ ᠮᠣᠩᠭᠣᠯ ᠡᠮ ᠡᠮᠨᠡᠯᠭᠡ᠎ᠶᠢᠨ ᠳᠠᠳᠤᠯᠭ᠎ᠠ ᠪᠣᠯᠪᠠᠰᠤᠷᠠᠯ᠎ᠤᠨ ᠰᠠᠭᠤᠷᠢᠨ᠂ ᠣᠶᠤᠲᠠᠳ᠎ᠲᠦ ᠠᠵᠢᠯ ᠣᠯᠭᠣᠬᠤ ᠰᠠᠭᠤᠷᠢᠨ᠂ 《ᠬᠣᠣᠰ ᠬᠢᠷᠢ ᠬᠡᠮ᠎ᠲᠠᠢ》 ᠪᠠᠭ᠍ᠰᠢ᠎ᠶᠢ ᠬᠥᠮᠥᠵᠢᠭᠦᠯᠦᠨ ᠪᠣᠯᠪᠠᠰᠤᠷᠠᠭᠤᠯᠬᠤ ᠰᠠᠭᠤᠷᠢᠨ᠂ ᠤᠯᠠᠮᠵᠢᠯᠠᠯᠲᠤ ᠰᠣᠶᠣᠯ᠎ᠢ ᠤᠯᠠᠮᠵᠢᠯᠠᠨ ᠵᠠᠯᠭᠠᠮᠵᠢᠯᠠᠬᠤ ᠰᠠᠭᠤᠷᠢᠨ ᠵᠡᠷᠭᠡ 2 ᠲᠥᠪ 4 ᠰᠠᠭᠤᠷᠢᠨ ᠪ ᠫᠠᠢᠰᠠ᠎ᠶᠢ ᠰᠡᠬᠦᠭᠰᠡᠨ ᠪᠠᠢᠨ᠎ᠠ᠃
ᠲᠤᠰ ᠰᠤᠨᠢᠨᠦ ᠰᠤᠷᠪᠤᠯᠵᠢᠯᠠᠬᠴᠢ ᠪᠤᠤ ᠴᠢᠡᠭ ᠱᠸᠡᠭ ᠰᠡᠬᠦᠳᠡᠷᠯᠡᠪᠡ