ᠮᠣᠩᠭᠣᠯ ᠡᠮᠨᠡᠯᠭᠡ ᠵᠢᠨ ᠰᠤᠪᠢᠯᠠᠯᠲᠠ ᠵᠢᠨ ᠡᠭᠦᠳᠡᠨ ᠡᠮᠨᠡᠯᠭᠡ ᠤᠯᠠᠨ ᠲᠦᠮᠡᠨ᠎ᠳᠤ ᠦᠢᠯᠡᠴᠢᠯᠡᠭᠡ ᠬᠠᠡᠭᠭᠠᠵᠤ ᠡᠬᠢᠯᠠᠯ᠎ᠠ
2023-04-08 11:29:46
ᠵᠣᠬᠢᠶᠠᠭ᠍ᠴᠢ᠄
ᠤᠷᠭᠤᠮᠠᠯ
ᠣᠩᠱᠢᠭ᠍ᠰᠠᠨ ᠣᠳᠠᠭ᠎ᠠ᠄
★★★☆☆

ᠲᠦᠷᠦᠬᠦᠭᠡᠨ᠂ ᠥᠪᠥᠷ ᠮᠣᠩᠭᠣᠯ᠎ᠤᠨ ᠣᠯᠠᠨ ᠤᠯᠤᠰ᠎ᠤᠨ ᠮᠣᠩᠭᠣᠯ ᠡᠮᠨᠡᠯᠭᠡ ᠵᠢᠨ ᠬᠣᠷᠢᠶᠠᠨ᠎ᠤ ᠮᠣᠩᠭᠣᠯ ᠡᠮᠨᠡᠯᠭᠡ ᠵᠢᠨ ᠰᠤᠪᠢᠯᠠᠯᠲᠠ ᠵᠢᠨ ᠡᠭᠦᠳᠡᠨ ᠡᠮᠨᠡᠯᠭᠡ ᠤᠯᠠᠨ ᠲᠦᠮᠡᠨ᠎ᠳᠦ  ᠦᠢᠯᠡᠴᠢᠯᠡᠭᠡ ᠬᠠᠩᠭᠠᠵᠤ ᠡᠬᠢᠯᠠᠪᠠ᠃

ᠤᠢᠯᠠᠭᠠᠭᠰᠠᠨ᠎ᠵᠢᠡᠷ᠂ ᠮᠣᠩᠭᠣᠯ ᠡᠮᠨᠡᠯᠭᠡ ᠵᠢᠨ ᠰᠤᠪᠢᠯᠠᠯᠲᠠ ᠵᠢᠨ ᠡᠭᠦᠳᠡᠨ ᠡᠮᠨᠡᠯᠭᠡ ᠪᠤᠯ ᠮᠣᠩᠭᠣᠯ ᠡᠮᠨᠡᠯᠭᠡ ᠵᠢᠨ ᠪᠦᠬᠦᠯᠢ ᠴᠣᠭ᠍ᠴᠠ ᠵᠢᠨ ᠦᠵᠡᠯᠲᠡ᠎ᠪᠡᠷ ᠭᠤᠤᠯ ᠪᠣᠯᠭᠠᠵᠤ ᠂ ᠠᠵᠢᠭ᠍ᠯᠠᠬᠤ ᠂ ᠦᠨᠦᠷᠯᠡᠬᠦ᠌ ᠂ ᠠᠰᠠᠭᠤᠬᠤ ᠵᠡᠷᠭᠡ ᠠᠷᠭ᠎ᠠ ᠪᠡᠷ ᠬᠤᠪᠢᠰᠤᠩᠭᠤᠶ ᠪᠡᠷ ᠰᠤᠪᠢᠯᠠᠵᠤ᠂ ᠡᠪᠡᠳᠴᠢᠲᠡᠨ᠎ᠳᠦ ᠵᠣᠬᠢᠴᠠᠩᠭᠤᠶ ᠮᠣᠩᠭᠣᠯ ᠡᠮᠨᠡᠯᠭᠡ ᠵᠢᠨ ᠣᠨᠴᠠᠯᠢᠭ᠍ᠲᠤ ᠰᠤᠪᠢᠯᠠᠯᠲᠠ ᠵᠢᠨ ᠮᠡᠷᠭᠡᠵᠢᠯ ᠬᠠᠩᠭᠠᠨ᠂ ᠡᠷᠡᠭᠦᠯ ᠮᠡᠨᠳᠦ᠍ ᠵᠢᠨ ᠵᠦᠪᠯᠡᠯᠭᠡ᠂ ᠮᠣᠩᠭᠣᠯ ᠡᠮᠨᠡᠯᠭᠡ ᠵᠢᠨ ᠢᠳᠡᠭᠡᠨ ᠤᠮᠳᠠᠭᠠᠨ᠂ ᠠᠵᠢᠯᠯᠠᠵᠤ ᠠᠮᠠᠷᠠᠬᠤ᠂ ᠰᠠᠨᠠᠭ᠎ᠠ ᠰᠡᠳᠭᠢᠯ ᠎ᠢ ᠠᠮᠤᠷᠵᠢᠭᠤᠯᠬᠤ᠂ ᠮᠣᠩᠭᠣᠯ ᠡᠮᠨᠡᠯᠭᠡ ᠵᠢᠨ ᠪᠡᠶ᠎ᠡ ᠰᠤᠪᠢᠯᠠᠯᠲᠠ᠎ᠵᠢᠨ ᠡᠷᠡᠭᠦᠯᠵᠢᠯ ᠤ᠋ᠨ ᠮᠡᠳᠡᠯᠭᠡ ᠵᠢᠴᠢ ᠮᠣᠩᠭᠣᠯ ᠡᠮᠨᠡᠯᠭᠡ ᠵᠢᠨ ᠪᠡᠶ᠎ᠡ ᠰᠤᠪᠢᠯᠠᠬᠤ ᠴᠢᠳᠠᠪᠤᠷᠢ ᠵᠢ ᠨᠢᠭᠡ ᠴᠣᠭ᠍ᠴᠠᠵᠢᠭᠤᠯᠤᠭ᠍ᠰᠠᠨ ᠮᠣᠩᠭᠣᠯ ᠡᠮᠨᠡᠯᠭᠡ ᠵᠢᠨ ᠶᠡᠷᠦᠩᠬᠡᠢᠯᠡᠭ᠌ᠰᠡᠨ ᠰᠤᠪᠢᠯᠠᠯᠲᠠ ᠵᠢᠨ ᠦᠶ᠋ᠯᠡᠴᠢᠯᠡᠭᠡ ᠪᠣᠯᠤᠨ᠎ᠠ ᠃  ᠣᠳᠣ᠎ᠵᠢᠨ ᠮᠣᠩᠭᠣᠯ ᠡᠮᠨᠡᠯᠭᠡ ᠵᠢᠨ ᠰᠤᠪᠢᠯᠠᠯᠲᠠ ᠵᠢᠨ ᠮᠡᠷᠭᠡᠵᠢᠯ᠎ᠳᠦ ᠂ ᠰᠣᠷᠣᠭᠤᠯ ᠲᠠᠯᠪᠢᠬᠤ ᠵᠠᠰᠠᠯ ᠂ ᠳᠠᠮ ᠲᠥᠭᠡᠨᠡᠬᠦ᠌ ᠵᠠᠰᠠᠯ ᠂ ᠪᠦᠯᠢᠶᠡᠨ ᠲᠥᠭᠡᠨᠡᠬᠦ᠌ ᠵᠠᠰᠠᠯ ᠂ ᠬᠠᠯᠠᠵᠦ ᠲᠥᠭᠡᠨᠡᠬᠦ᠌ ᠵᠠᠰᠠᠯ ᠂ ᠢᠯᠢᠵᠦ ᠨᠤᠬᠤᠯᠠᠬᠤ ᠵᠠᠰᠠᠯ ᠂ ᠮᠣᠩᠭᠣᠯ ᠡᠮ ᠤ᠋ᠨ ᠬᠠᠯᠠᠭᠤᠨ ᠵᠢᠩ ᠲᠠᠯᠪᠢᠬᠤ ᠵᠠᠰᠠᠯ ᠂  ᠳᠤᠮᠨᠠᠬᠤ ᠵᠠᠰᠠᠯ ᠂ ᠬᠢᠯᠭᠠᠰᠤᠨ ᠵᠡᠭᠦᠦ᠎ᠵᠢᠨ ᠵᠠᠰᠠᠯ ᠂ ᠬᠤᠰᠤᠬᠤ ᠵᠠᠰᠠᠯ ᠂ ᠰᠠᠮ ᠰᠣᠷᠣᠭᠤᠯᠳᠠᠬᠤ ᠵᠠᠰᠠᠯ᠂ ᠴᠢᠬᠢᠨ᠎ᠤ ᠪᠠᠯᠴᠢᠷ᠎ᠤᠨ ᠨᠠᠭᠠᠬᠤ ᠵᠠᠰᠠᠯ ᠂ ᠬᠦᠬᠦᠨ᠎ᠤ ᠢᠯᠢᠬᠦ ᠵᠠᠰᠠᠯ ᠂ ᠬᠠᠷᠱᠢᠭᠤᠯᠤᠭ᠍ᠴᠢ ᠵᠢᠨ ᠪᠠᠢᠴᠠᠭᠠᠯᠲᠠ ᠵᠡᠷᠭᠡ ᠪᠠᠭᠳᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号