ᠦᠪᠠᠷᠲᠠᠬᠡᠨ ᠵᠠᠰᠠᠬᠤ ᠤᠷᠤᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠱᠢᠰᠲᠧᠮ ᠤ᠋ᠨ ᠬᠢᠨ 《ᠣᠯᠠᠨ ᠲᠦᠮᠡᠨ᠎ᠳᠦ ᠲᠠᠭᠠᠱᠢᠶᠠᠭ᠍ᠳᠠᠭ᠍ᠰᠠᠨ ᠨᠡᠢᠭᠡᠮ᠎ᠦᠨ ᠪᠠᠲᠤᠯᠠᠭ᠎ᠠ᠎ᠶ᠋ᠢᠨ ᠦᠶ᠋ᠯᠡᠴᠢᠯᠡᠭᠡ᠎ᠶ᠋ᠢ ᠪᠣᠶ ᠪᠣᠯᠭᠠᠬᠤ》 ᠪᠠᠷ ᠬᠠᠷᠠᠯᠲᠠ ᠪᠣᠯᠭᠠᠨ᠂ 《ᠪᠥᠬᠥ᠌ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ᠎ᠦᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠠᠵᠢᠯ᠎ᠤᠨ ᠲᠥᠰᠦᠯ》 ᠢ᠋ ᠳᠠᠷᠤᠮᠠᠯᠯᠠᠨ ᠲᠠᠷᠬᠠᠭᠠᠵᠤ᠂《ᠪᠠᠭᠤᠷᠠᠭᠤᠯᠬᠤ᠂ ᠪᠤᠴᠠᠭᠠᠬᠤ᠂ ᠨᠥᠬᠥᠪᠥᠷᠢᠯᠠᠬᠦ᠂ ᠦᠷᠬᠡᠳᠬᠡᠬᠦ》 ᠨᠡᠢᠯᠡᠮᠡᠯ ᠮᠠᠶᠢᠭ᠎ᠤᠨ ᠠᠵᠤ ᠠᠬᠤᠢᠯᠠᠯ᠎ᠢ ᠬᠠᠪᠰᠤᠷᠴᠤ᠌ ᠬᠦᠴᠢᠷᠳᠡᠯ᠎ᠢ ᠨᠢ ᠱᠢᠶ᠋ᠳᠪᠦᠷᠢᠯᠡᠬᠦ᠌ ᠲᠥᠷᠥ᠎ᠶ᠋ᠢᠨ ᠪᠣᠳᠣᠯᠭ᠎ᠠ᠎ᠶ᠋ᠢ ᠥᠷᠭᠡᠳᠭᠡᠨ᠂ ᠠᠵᠤ ᠠᠬᠤᠢᠯᠠᠯ᠎ᠳᠦ ᠲᠥᠷᠥ᠎ᠶ᠋ᠢᠨ ᠪᠣᠳᠣᠯᠭ᠎ᠠ᠎ᠶ᠋ᠢᠨ ᠠᠱᠢᠭ᠎ᠢ 78.7 ᠳ᠋ᠦᠩᠱᠢᠭᠤᠷ ᠲᠥᠭᠥᠷᠢᠭ ᠬᠦᠷᠲᠠᠬᠡᠵᠠᠢ᠃
《ᠲᠥᠷᠥ᠎ᠶ᠋ᠢᠨ ᠪᠣᠳᠣᠯᠭ᠎ᠠ ᠵᠢ ᠡᠷᠢᠬᠦ》 ᠡᠴᠠ 《ᠲᠥᠷᠥ᠎ᠶ᠋ᠢᠨ ᠪᠣᠳᠣᠯᠭ᠎ᠠ᠎ᠶ᠋ᠢ ᠡᠭᠦᠳᠡᠨ ᠳ᠋ᠤᠨᠢ ᠬᠦᠷᠬᠡᠬᠦ》 ᠪᠣᠯᠭᠠᠨ ᠬᠤᠪᠢᠷᠠᠭᠤᠯᠵᠦ᠂ ᠠᠵᠤ ᠠᠬᠤᠢᠯᠠᠯ᠎ᠤᠨ ᠳᠤᠳᠤᠨᠤ 《ᠦᠢᠯᠡᠴᠢᠯᠡᠭ᠌ᠴᠢ》 ᠪᠣᠯᠪᠠ᠃ ᠪᠦᠬᠦ ᠤᠷᠤᠨ᠎ᠤ ᠡᠯ᠎ᠡ ᠱᠠᠲᠤᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠤᠨ ᠬᠢᠨ ᠶᠡᠷᠦᠩᠬᠡᠶ ᠱᠦᠵᠢ ᠰᠢ ᠵᠢᠨ ᠫᠢᠩ᠎ᠦᠨ《ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ ᠪᠣᠯᠤᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯᠲᠠᠨ᠎ᠢ ᠢᠮᠠᠭ᠍ᠲᠠ ᠬᠡᠷ᠎ᠤᠨ ᠵᠢᠡᠨ ᠬᠦᠮᠦᠨ ᠰᠢᠭ ᠦᠵᠡᠬᠦ᠌》 ᠴᠢᠬᠤᠯᠠ ᠥᠭᠦᠯᠡᠯᠲᠡ᠎ᠶ᠋ᠢ ᠦᠨᠡᠨ ᠬᠥ᠌ ᠨᠠᠢᠳᠠᠪᠤᠷᠢᠵᠢᠭᠤᠯᠵᠤ᠂ ᠠᠵᠤ ᠠᠬᠤᠢᠯᠠᠯ᠎ᠳᠤ ᠦᠶ᠋ᠯᠡᠴᠢᠯᠡᠬᠦ᠌ ᠪᠣᠯ ᠳᠠᠷᠤᠶ ᠬᠥᠭ᠌ᠵᠢᠯᠲᠡ᠎ᠳᠦ ᠦᠶ᠋ᠯᠡᠴᠢᠯᠡᠬᠦ᠌᠂ ᠶᠡᠬᠡ ᠲᠠᠯ᠎ᠠ᠎ᠳᠤ ᠦᠶ᠋ᠯᠡᠴᠢᠯᠡᠬᠦ᠌ ᠠᠵᠢᠯ᠎ᠤᠨ ᠣᠢᠯᠠᠭᠠᠭ᠍ᠳᠠᠬᠤᠨ᠎ᠢ ᠪᠠᠲᠤ ᠱᠤᠭᠤᠵᠤ᠂ ᠰᠠᠨᠠᠭᠠᠴᠢᠯᠠᠭ᠎ᠠ᠎ᠠᠴᠠ᠎ᠪᠠᠨ ᠦᠶ᠋ᠯᠡᠴᠢᠯᠡᠬᠦ᠌᠂ ᠣᠨᠢᠨ ᠳᠡᠭᠡᠷ᠎ᠡ᠎ᠨᠢ ᠦᠶ᠋ᠯᠡᠴᠢᠯᠡᠬᠦ᠌᠎ᠶ᠋ᠢ ᠪᠠᠷᠢᠮᠲᠠᠯᠠᠵᠤ᠂ ᠭᠤᠷᠪᠠᠨ ᠲᠠᠯ᠎ᠠ᠎ᠠᠴᠠ ᠪᠣᠳᠠᠲᠠᠶ ᠠᠷᠭ᠎ᠠ ᠬᠡᠮᠵᠢᠶ᠎ᠡ ᠠᠪᠴᠤ᠌᠂ ᠪᠣᠳᠠᠲᠤ ᠦᠷ᠎ᠡ ᠪᠦᠲᠦᠮᠵᠢ᠎ᠶ᠋ᠢ ᠡᠷᠬᠢᠮᠯᠡᠪᠠ᠃ ᠠᠵᠤ ᠠᠬᠤᠢᠯᠠᠯ᠎ᠢ ᠬᠠᠪᠰᠤᠷᠤᠨ ᠠᠵᠢᠯᠴᠢᠨ ᠬᠡᠷᠡᠭ᠌ᠯᠡᠬᠦ᠌ ᠬᠠᠮᠢᠶᠠᠷᠤᠯᠲᠠ᠂ ᠴᠠᠯᠢᠩ ᠬᠥᠯᠥᠰᠥ᠎ᠶ᠋ᠢᠨ ᠬᠤᠪᠢᠶᠠᠷᠢᠯᠠᠯᠲᠠ᠂ ᠠᠮᠠᠷᠠᠬᠤ ᠪᠠ ᠠᠮᠠᠷᠠᠯᠲᠠ᠎ᠶ᠋ᠢᠨ ᠴᠢᠯᠥᠭᠡ ᠠᠪᠬᠤ ᠵᠡᠷᠭᠡ ᠲᠦᠷᠢᠮ᠎ᠢ ᠲᠤᠬᠲᠠᠭᠠᠨ ᠪᠦᠷᠢᠨᠱᠢᠬᠦᠯᠵᠦ᠍᠂ ᠠᠵᠤ ᠠᠬᠤᠢᠯᠠᠯ᠎ᠤᠨ ᠬᠥᠳᠡᠯᠮᠦᠷᠢ᠎ᠶ᠋ᠢᠨ ᠵᠠᠭᠤᠷᠠᠯᠳᠤᠭᠠᠨ᠎ᠢ ᠡᠶᠡᠳᠡᠭᠦᠯᠬᠦ᠌ ᠺᠣᠮᠢᠰ ᠪᠠᠢᠭᠤᠯᠬᠤ᠎ᠶ᠋ᠢ ᠠᠬᠢᠭᠤᠯᠵᠤ᠂ ᠠᠵᠤ ᠠᠬᠤᠢᠯᠠᠯ᠎ᠢ ᠬᠠᠪᠰᠤᠷᠤᠨ ᠡᠶ᠎ᠡ ᠵᠤᠬᠢᠴᠠᠨᠭᠭᠤᠢ ᠬᠥᠳᠡᠯᠮᠦᠷᠢ᠎ᠶ᠋ᠢᠨ ᠬᠠᠷᠢᠴᠠᠭ᠎ᠠ᠎ᠶ᠋ᠢ ᠪᠠᠢᠭᠤᠯᠵᠤ᠂ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠰᠠᠢ᠌ᠨ ᠰᠠᠢᠬᠠᠨ ᠣᠷᠴᠢᠨ ᠨᠥᠬᠥᠴᠡᠯ᠎ᠢ ᠪᠤᠢ ᠪᠣᠯᠭᠠᠵᠠᠢ;《ᠲᠥᠷᠥ᠎ᠶ᠋ᠢᠨ ᠪᠣᠳᠣᠯᠭ᠎ᠠ ᠵᠢ ᠡᠷᠢᠬᠦ》᠎ᠡᠴᠠ《ᠲᠥᠷᠥ᠎ᠶ᠋ᠢᠨ ᠪᠣᠳᠣᠯᠭ᠎ᠠ᠎ᠶ᠋ᠢ ᠡᠭᠦᠳᠡᠨ ᠳ᠋ᠤᠨᠢ ᠬᠦᠷᠬᠡᠬᠦ》 ᠪᠣᠯᠭᠠᠨ ᠬᠤᠪᠢᠷᠠᠭᠤᠯᠵᠤ᠂ ᠠᠵᠤ ᠠᠬᠤᠢᠯᠠᠯ ᠪᠠ ᠣᠯᠠᠨ ᠲᠦᠮᠡᠨ᠎ᠢ ᠦᠨᠡᠨ ᠬᠦ᠌ ᠬᠠᠪᠰᠤᠷᠤᠨ ᠪᠣᠳᠠᠲᠠᠶ ᠠᠰᠠᠭᠤᠳᠠᠯ᠎ᠢ᠎ᠨᠢ ᠱᠢᠶ᠋ᠳᠪᠦᠷᠢᠯᠡᠵᠦ᠍ ᠥᠭ᠌ᠪᠠ; ᠪᠥᠬᠥ᠌ ᠣᠷᠣᠨ᠎ᠤ ᠡᠯ᠎ᠡ ᠱᠠᠲᠤᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ᠎ᠢ ᠪᠠᠢᠩᠭᠤᠵᠢᠭᠤᠯᠤᠨ ᠵᠣᠬᠢᠶᠠᠨ ᠪᠠᠢᠭᠤᠯᠵᠤ 《ᠦᠨᠳᠦᠰᠦᠨ ᠱᠠᠲᠤᠨ᠎ᠳᠤ ᠬᠦᠷᠴᠦ᠍ ᠲᠥᠷᠥ᠎ᠶ᠋ᠢᠨ ᠪᠣᠳᠣᠯᠭ᠎ᠠ ᠬᠦᠷᠭᠡᠬᠦ᠌》 ᠂ 《ᠠᠵᠤ ᠠᠬᠤᠢᠯᠠᠯ᠎ᠳᠤ ᠬᠦᠷᠴᠦ᠍ ᠬᠡᠷᠡᠭ᠌ᠴᠡᠭᠡ ᠱᠠᠭᠠᠷᠳᠠᠯᠭ᠎ᠠ᠎ᠶ᠋ᠢ ᠰᠤᠷᠪᠤᠯᠵᠢᠯᠠᠬᠤ》᠂ 《ᠦᠨᠳᠦᠰᠦᠨ ᠱᠠᠲᠤᠨ᠎ᠳᠤ ᠬᠦᠷᠴᠦ᠍ ᠦᠶ᠋ᠯᠡᠴᠢᠯᠡᠭᠡ᠎ᠶ᠋ᠢ ᠱᠢᠯᠢᠳᠡᠭ᠌ᠵᠢᠭᠦᠯᠬᠦ᠌ 》 ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠍᠂ ᠠᠵᠤ ᠠᠬᠤᠢᠯᠠᠯ ᠳ᠋ᠤ 《 ᠲᠥᠷᠥ᠎ᠶ᠋ᠢᠨ ᠪᠣᠳᠣᠯᠭ᠎ᠠ ᠬᠦᠷᠭᠡᠬᠦ᠌᠂ ᠬᠡᠷᠡᠭ᠌ᠴᠡᠭᠡ ᠱᠠᠭᠠᠷᠳᠠᠯᠭ᠎ᠠ᠎ᠶ᠋ᠢ ᠰᠤᠷᠪᠤᠯᠵᠢᠯᠠᠬᠤ᠂ ᠦᠶ᠋ᠯᠡᠴᠢᠯᠡᠭᠡ᠎ᠶ᠋ᠢ ᠱᠢᠯᠢᠳᠡᠭ᠌ᠵᠢᠭᠦᠯᠬᠦ᠌ 》 ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠬᠤ᠎ᠶ᠋ᠢ ᠠᠬᠢᠭᠤᠯᠵᠠᠢ᠃
《ᠠᠵᠤ ᠠᠬᠤᠢᠯᠠᠯ᠎ᠳᠤ ᠶᠠᠭᠤ ᠬᠡᠷᠡᠭ᠌ᠰᠡᠬᠦ᠌᠂ ᠶᠠᠮᠠᠷ ᠠᠰᠠᠭᠤᠳᠠᠯ᠎ᠢ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠡᠴᠡ ᠱᠢᠶ᠋ᠳᠪᠦᠷᠢᠯᠡᠬᠦ᠌ ᠴᠢᠬᠤᠯᠠᠲᠠᠶ ᠪᠣᠯ ᠪᠢᠳᠡ ᠲᠡᠭᠦᠨ᠎ᠢ ᠬᠢᠨ᠎ᠠ᠃ ᠲᠤᠰᠭᠠᠶ ᠠᠵᠢᠯᠲᠠᠨᠦᠶ᠋ᠯᠡᠴᠢᠯᠡᠬᠦ᠌ᠪᠡᠷ ᠳᠠᠮᠵᠢᠨ ᠠᠵᠤ ᠠᠬᠤᠢᠯᠠᠯ᠎ᠳᠤ ᠲᠡᠷᠡ ᠳᠠᠷᠤᠶᠳᠤᠨᠢ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠬᠠᠷᠠᠭᠠᠯᠵᠠᠯ ᠦᠵᠡᠭᠦᠯᠬᠦ᠌ ᠲᠥᠷᠥ᠎ᠶ᠋ᠢᠨ ᠪᠣᠳᠣᠯᠭ᠎ᠠ᠎ᠶ᠋ᠢ ᠬᠦᠷᠲᠡᠭᠡᠵᠦ᠍᠂ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ 〈ᠡᠴᠦᠰ᠎ᠦᠨ ᠨᠢᠭᠡ ᠺᠢᠯᠣᠮᠧᠲ᠋ᠷ〉 ᠤᠨ ᠠᠵᠢᠯ᠎ᠢ ᠯᠠᠪᠳᠠᠭᠤᠨ ᠪᠠᠲᠤᠲᠠᠶ ᠬᠢᠵᠤ ᠪᠠᠢᠨ᠎ᠠ》 ᠬᠡᠵᠤ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ᠎ᠦᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠭᠠᠵᠠᠷ᠎ᠤᠨ ᠳᠠᠷᠤᠭ᠎ᠠ ᠵᠠᠩ ᠬᠠᠶ ᠲᠤᠤ ᠰᠤᠷᠪᠤᠯᠵᠢᠯᠠᠭᠴᠢ ᠳ᠋ᠤ ᠶᠠᠷᠢᠨ᠎ᠠ᠃
ᠴᠢᠳᠠᠪᠤᠷᠢᠲᠠᠨ᠎ᠢ ᠤᠷᠢᠨ ᠠᠵᠤ ᠠᠬᠤᠢᠯᠠᠯ᠎ᠢ ᠲᠤᠰᠠᠯᠠᠬᠤ 《ᠴᠠᠭ ᠤ᠋ᠨ ᠬᠤᠷ᠎ᠠ》 ᠶ᠋ᠢ ᠰᠠᠢᠲᠤᠷ ᠣᠷᠣᠭᠤᠯᠪᠠ᠃ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠵᠦ᠍᠂ ᠠᠵᠤ ᠠᠬᠤᠢᠯᠠᠯ᠎ᠤᠨ ᠬᠥᠭ᠌ᠵᠢᠯᠲᠡ᠎ᠳᠦ ᠬᠦᠴᠦᠨ ᠨᠡᠮᠡᠷᠢᠯᠡᠬᠦ᠌᠎ᠳᠦ 《 ᠬᠡᠮᠡᠷᠯᠢᠭ ᠳᠡᠭᠡᠷ᠎ᠡ ᠬᠤᠸᠠᠷ ᠬᠠᠳᠭᠤᠬᠤ》 ᠬᠡᠷᠡᠭ᠌ᠲᠡᠢ ᠮᠥᠷᠲᠡᠭᠡᠨ ᠨᠡᠩ ᠴᠤ᠌ 《ᠳᠠᠭᠠᠷᠠᠭ᠍ᠰᠠᠨ ᠬᠥᠮᠦᠨ᠎ᠳᠦ ᠳᠠᠬᠤ ᠬᠦᠷᠭᠡᠬᠦ᠌》 ᠬᠡᠷᠡᠭ᠌ᠲᠡᠢ᠃ ᠮᠠᠨ᠎ᠤ ᠤᠷᠤᠨ ᠠᠵᠤ ᠠᠬᠤᠢᠯᠠᠯ᠎ᠳᠤ ᠬᠦᠴᠦᠨ ᠨᠡᠮᠡᠷᠢᠯᠡᠬᠦ ᠳᠡᠭᠡᠳᠦ ᠲᠠᠰ ᠳᠠᠪᠬᠤᠷᠭ᠎ᠠ᠎ᠶ᠋ᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ᠂ 《ᠴᠢᠳᠠᠪᠤᠷᠢᠲᠠᠨ + ᠲᠥᠷᠥᠯ ᠵᠦᠶ᠋ᠯ 》 ᠤ᠋ᠨ ᠴᠢᠳᠠᠪᠤᠷᠢᠲᠠᠨ ᠤᠷᠢᠬᠤ ᠵᠠᠭ᠍ᠪᠤᠷ᠎ᠢ ᠬᠡᠷᠡᠭ᠌ᠵᠢᠭᠦᠯᠪᠠ; ᠡᠯ᠎ᠡ ᠠᠵᠢᠯ ᠲᠥᠷᠥᠯ᠎ᠦᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠬᠥᠮᠦᠨ ᠬᠡᠷᠡᠭ᠌ᠯᠡᠬᠦ᠌ ᠨᠢᠭᠡᠴᠢ᠎ᠲᠡᠶ ᠬᠠᠮᠵᠢᠯᠴᠠᠨ᠂ ᠭᠤᠤᠯᠳᠠᠯᠭ᠎ᠠ᠎ᠲᠠᠶ ᠠᠵᠤ ᠠᠬᠤᠢᠯᠠᠯ᠎ᠤᠨ ᠬᠡᠯᠬᠢᠶᠡᠵᠢᠭ᠌ᠰᠡᠨ ᠴᠢᠳᠠᠪᠤᠷᠢᠲᠠᠨ ᠣᠷᠣᠭᠤᠯᠤᠨ ᠬᠥᠮᠦᠵᠢᠭᠦᠯᠵᠦ᠍ ᠱᠠᠩᠨᠠᠨ ᠳᠡᠮᠵᠢᠬᠦ᠌ ᠠᠵᠢᠯ᠎ᠢ ᠵᠣᠬᠢᠶᠠᠨ ᠪᠠᠢᠭᠤᠯᠤᠨ ᠥᠷᠨᠢᠭᠦᠯᠵᠦ᠍᠂ ᠠᠷᠠᠳ᠎ᠤᠨ ᠡᠵᠡᠩᠨᠡᠯᠳᠡ ᠵᠢᠨ ᠠᠵᠤ ᠠᠬᠤᠢᠯᠠᠯ᠎ᠤᠨ ᠮᠡᠷᠭᠡᠵᠢᠯ᠎ᠦᠨ ᠴᠣᠯᠠ ᠭᠤᠶᠤᠴᠢᠯᠠᠨ ᠮᠡᠳᠡᠭᠦᠯᠬᠦ᠌ ᠵᠠᠮ ᠮᠥᠷ᠎ᠢ ᠱᠢᠯᠤᠭᠤᠳᠭᠠᠨ᠂ ᠠᠵᠤ ᠠᠬᠤᠢᠯᠠᠯ᠎ᠤᠨ ᠫᠤᠰᠲ ᠳ᠋ᠣᠺᠲ᠋ᠣᠷ᠎ᠤᠨ ᠠᠵᠢᠯ᠎ᠤᠨ ᠥᠷᠲᠡᠭᠡ ᠪᠠᠢᠭᠤᠯᠬᠤ᠎ᠳᠤ ᠪᠠᠯᠠ ᠮᠥᠩᠭᠥ᠎ᠶ᠋ᠢᠨ ᠳᠡᠮᠵᠢᠯᠭᠡ ᠦᠵᠡᠭᠦᠯᠵᠦ᠍᠂ ᠠᠵᠤ ᠠᠬᠤᠢᠯᠠᠯ᠎ᠤᠨ ᠬᠥᠭ᠌ᠵᠢᠯᠲᠡ᠎ᠳᠦ ᠬᠦᠴᠦᠲᠡᠶ ᠴᠢᠳᠠᠪᠤᠷᠢᠲᠠᠨ᠎ᠤ ᠲᠤᠯᠭᠠᠭᠤᠷᠢᠯᠠᠯ ᠬᠠᠩᠭᠠᠵᠠᠢ; ᠠᠵᠤ ᠠᠬᠤᠢᠯᠠᠯ᠎ᠤᠨ ᠤᠷ᠎ᠠ ᠮᠡᠷᠭᠡᠵᠢᠯ ᠤ᠋ᠨ ᠴᠢᠳᠠᠪᠤᠷᠢᠲᠠᠨ᠎ᠢ ᠬᠥᠮᠦᠵᠢᠭᠦᠯᠬᠦ᠌ ᠨᠥᠭᠡᠴᠡ᠎ᠶ᠋ᠢ ᠴᠢᠩᠭᠠᠳᠭᠠᠨ᠂ ᠮᠡᠷᠭᠡᠵᠢᠯ᠎ᠦᠨ ᠠᠵᠢᠯᠴᠢᠨ᠎ᠤ ᠶᠡᠬᠡ ᠳᠡᠭᠡᠳᠦ ᠰᠤᠷᠭᠠᠭᠤᠯᠢ᠎ᠶ᠋ᠢ ᠵᠣᠬᠢᠶᠠᠨ ᠪᠠᠢᠭᠤᠯᠵᠤ ᠪᠠᠢᠭᠠᠳ ᠠᠷᠠᠯᠵᠢᠶᠠᠴᠢᠨ ᠤᠷᠢᠵᠤ ᠪᠠᠯᠠ ᠮᠦᠩᠬᠦ ᠤᠷᠤᠭᠤᠯᠤᠨ ᠠᠪᠴᠢᠷᠠᠬᠤ ᠠᠵᠤ ᠠᠬᠤᠢᠯᠠᠯ᠎ᠯᠤᠭ᠎ᠠ ᠱᠢᠭᠤᠳ ᠵᠣᠯᠭᠠᠭᠤᠯᠵᠤ᠂ 《 ᠨᠡᠷ᠎ᠡ ᠬᠠᠳᠠᠬᠤ ᠠᠩᠭᠢ 》᠂ 《ᠵᠠᠬᠢᠶᠠᠯᠠᠭ᠎ᠠ᠎ᠶ᠋ᠢᠨ ᠠᠩᠭᠢ 》 ᠭᠠᠷᠭᠠᠬᠤ᠎ᠪᠠᠷ ᠳᠠᠮᠵᠢᠨ᠂ ᠨᠥᠭᠡᠴᠡ ᠠᠵᠤ ᠠᠬᠤᠢᠯᠠᠯ᠎ᠳᠤ ᠬᠡᠷᠡᠭ᠌ᠰᠡᠬᠦ᠌ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠲᠤᠢᠯ᠎ᠦᠨ ᠣᠨᠣᠪᠴᠢᠲᠠᠶ᠎ᠪᠠᠷ ᠬᠥᠮᠦᠵᠢᠭᠦᠯᠪᠠ; ᠠᠵᠤ ᠠᠬᠤᠢᠯᠠᠯ᠎ᠤᠨ ᠠᠵᠢᠯ᠎ᠤᠨ ᠪᠠᠢᠷᠢ᠎ᠳᠤ ᠭᠠᠷᠬᠤ᠎ᠠᠴᠠ ᠡᠮᠦᠨᠡᠬᠢ ᠪᠣᠯᠪᠠᠰᠤᠷᠠᠯ᠂ ᠠᠵᠢᠯ᠎ᠤᠨ ᠪᠠᠢᠷᠢ᠎ᠶ᠋ᠢᠨ ᠮᠡᠷᠭᠡᠵᠢᠯ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠪᠣᠯᠪᠠᠰᠤᠷᠠᠯ ᠥᠷᠨᠢᠭᠦᠯᠬᠦ᠌᠎ᠶ᠋ᠢ ᠳᠡᠮᠵᠢᠵᠤ᠂ ᠠᠵᠤ ᠠᠬᠤᠢᠯᠠᠯ᠎ᠤᠨ ᠠᠵᠢᠯᠴᠢᠨ ᠬᠡᠷᠡᠭ᠌ᠯᠡᠬᠦ᠌ ᠥᠪᠡᠷ᠎ᠦᠨ ᠥᠷᠲᠡᠭ᠎ᠢ ᠪᠠᠭᠤᠷᠠᠭᠤᠯᠪᠠ; ᠠᠵᠢᠯ ᠠᠯᠳᠠᠯᠲᠠ᠎ᠶ᠋ᠢᠨ ᠳᠠᠭᠠᠳᠭᠠᠯ᠎ᠤᠨ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠬᠤ᠂ ᠠᠵᠢᠯ ᠠᠯᠳᠠᠯᠲᠠ᠎ᠶ᠋ᠢᠨ ᠳᠠᠭᠠᠳᠭᠠᠯ ᠪᠠ ᠠᠵᠢᠯ᠎ᠠᠴᠠ ᠪᠣᠯᠤᠭ᠍ᠰᠠᠨ ᠭᠡᠮᠲᠦᠯ᠎ᠦᠨ ᠳᠠᠭᠠᠳᠭᠠᠯ᠎ᠤᠨ ᠰᠦᠶ᠋ᠳᠭᠡᠯ᠎ᠦᠨ ᠨᠣᠷᠮ᠎ᠠ᠎ᠶ᠋ᠢ ᠱᠠᠲᠤᠴᠢ ᠴᠢᠨᠠᠷᠲᠠᠶ᠎ᠪᠠᠷ ᠪᠠᠭᠤᠷᠠᠭᠤᠯᠬᠤ᠂ ᠦᠶ᠋ᠯᠡᠰ ᠪᠤᠰᠬᠠᠬᠤ ᠪᠠᠲᠤᠯᠠᠭᠠᠲᠤ ᠵᠢᠭᠡᠯᠡᠯᠭᠡ ᠲᠠᠯᠪᠢᠬᠤ ᠵᠡᠷᠭᠡ ᠠᠵᠤ ᠠᠬᠤᠢᠯᠠᠯ᠎ᠢ ᠬᠠᠪᠰᠤᠷᠤᠨ ᠬᠦᠴᠢᠷᠳᠡᠯ᠎ᠢ᠎ᠨᠢ ᠱᠢᠶ᠋ᠳᠪᠦᠷᠢᠯᠡᠬᠦ᠌ ᠲᠥᠷᠥ᠎ᠶ᠋ᠢᠨ ᠪᠣᠳᠣᠯᠭ᠎ᠠ᠎ᠶ᠋ᠢ ᠦᠷᠭᠦᠯᠵᠢᠯᠡᠨ ᠨᠠᠷᠢᠯᠢᠭ ᠨᠠᠢᠳᠠᠪᠤᠷᠢᠵᠢᠭᠤᠯᠵᠤ᠂ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠶ᠋ᠢ 《 ᠡᠷᠲᠡ ᠪᠣᠳᠠᠲᠠᠢᠵᠢᠭᠤᠯᠵᠤ᠂ ᠲᠦᠷᠭᠡᠨ ᠦᠷ᠎ᠡ ᠪᠦᠲᠦᠮᠵᠢ ᠤᠯᠬᠤ》 ᠶ᠋ᠢ ᠦᠷᠭᠦᠯᠵᠢᠯᠡᠨ ᠠᠬᠢᠭᠤᠯᠵᠠᠢ᠃
《ᠥᠩᠭᠡᠷᠡᠭ᠌ᠰᠡᠨ᠎ᠳᠦ ᠠᠵᠤ ᠠᠬᠤᠢᠯᠠᠯ᠎ᠤᠨ ᠪᠦᠲᠦᠴᠡ᠎ᠶ᠋ᠢᠨ ᠴᠢᠨᠠᠷᠲᠠᠶ ᠠᠵᠢᠯ ᠬᠦᠨᠳᠦ ᠨᠣᠴᠢᠲᠠᠶ ᠳᠤᠲᠠᠭ᠍ᠳᠠᠵᠤ᠂ ᠲᠤᠷᠱᠢᠯᠭ᠎ᠠ᠎ᠲᠠᠶ ᠮᠡᠷᠭᠡᠵᠢᠯ᠎ᠦᠨ ᠠᠵᠢᠯᠴᠢᠨ ᠡᠯᠰᠡᠬᠦ᠌᠎ᠳᠦ ᠬᠦᠴᠢᠷᠲᠡᠶ ᠪᠦᠬᠡᠳ ᠠᠵᠤ ᠠᠬᠤᠢᠯᠠᠯ ᠥᠪᠡᠷᠢ᠋ᠢᠡᠨ ᠬᠥᠮᠦᠵᠢᠭᠦᠯᠬᠦ᠌᠎ᠳᠦ ᠶᠡᠬᠡ ᠬᠦᠴᠦ᠍ ᠵᠠᠷᠤᠴᠠᠭᠤᠯᠵᠤ ᠪᠠᠢᠪᠠ᠂ ᠣᠲᠣ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠡᠴᠡ ᠠᠵᠤ ᠠᠬᠤᠢᠯᠠᠯ᠎ᠳᠦ ᠬᠦᠴᠦᠨ ᠨᠡᠮᠡᠷᠢᠯᠡᠠ᠂ ᠪᠠᠴᠢᠮ ᠬᠡᠷᠡᠭ᠌ᠴᠡᠭᠡ᠎ᠲᠡᠶ ᠤᠷ᠎ᠠ ᠮᠡᠷᠭᠡᠵᠢᠯ ᠤ᠋ᠨ ᠴᠢᠳᠠᠪᠤᠷᠢᠲᠠᠨ᠎ᠢ ᠬᠥᠮᠦᠵᠢᠭᠦᠯᠬᠦ᠌ ᠠᠷᠭ᠎ᠠ ᠬᠡᠮᠵᠢᠶ᠎ᠡ᠎ᠶ᠋ᠢ ᠨᠡᠢᠲᠡᠯᠡᠵᠦ᠍᠂ ᠠᠵᠢᠯ ᠮᠡᠷᠭᠡᠵᠢᠯ᠎ᠦᠨ ᠪᠣᠯᠪᠠᠰᠤᠷᠠᠯ᠎ᠤᠨ ᠨᠥᠬᠥᠪᠥᠷᠢ ᠥᠭ᠌ᠴᠦ᠂ ᠠᠵᠤ ᠠᠬᠤᠢᠯᠠᠯ᠎ᠤᠨ ᠮᠡᠷᠭᠡᠵᠢᠯ᠎ᠦᠨ ᠠᠵᠢᠯᠴᠢᠨ ᠡᠯᠰᠡᠬᠦ᠌᠎ᠳᠦ ᠬᠦᠴᠢᠷᠲᠡᠶ ᠪᠠᠢᠬᠤ ᠠᠰᠠᠭᠤᠳᠠᠯ᠎ᠢ ᠪᠦᠲᠦᠮᠵᠢᠲᠡᠶ ᠨᠠᠮᠳᠠᠭᠤᠯᠵᠤ᠂ ᠵᠢᠩᠬᠢᠨᠢ ᠮᠥᠩᠭᠥ᠌᠎ᠪᠡᠷ ᠠᠵᠤ ᠠᠬᠤᠢᠯᠠᠯ᠎ᠳᠤ ᠴᠢᠳᠠᠪᠤᠷᠢᠲᠠᠨ ᠬᠥᠮᠦᠵᠢᠭᠦᠯᠦᠨ ᠥᠭ᠌ᠴᠦ᠂ ᠳᠠᠷᠤᠭᠠᠰᠤ᠎ᠶ᠋ᠢ ᠬᠥᠩᠭᠡᠷᠡᠭᠦᠯᠪᠡ 》 ᠭᠡᠵᠦ᠍ ᠳ᠋ᠡ ᠲᠠᠩ ᠪᠥᠯᠥᠭᠯᠡᠯ ᠤᠨ ᠲᠣᠭ᠍ᠲᠠᠬᠤ ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶ᠋ᠢᠨ ᠪᠣᠯᠪᠠᠰᠤᠷᠠᠯ᠎ᠤᠨ ᠠᠵᠢᠯ᠎ᠤᠨ ᠬᠠᠷᠢᠭᠤᠴᠠᠯᠭᠠᠲᠠᠨ ᠱᠠ ᠰᠸ᠋ ᠱᠢᠶᠠ ᠬᠡᠯᠡᠪᠡ᠃
ᠶᠠᠪᠤᠴᠠ᠎ᠶ᠋ᠢ ᠳᠥᠭᠥᠮᠴᠢᠯᠡᠵᠦ᠍ ᠦᠶ᠋ᠯᠡᠴᠢᠯᠡᠭᠡᠨ᠎ᠦ 《ᠱᠢᠭᠤᠳ ᠨᠡᠪᠲᠡᠷᠡᠬᠦ᠌ ᠲᠡᠷᠭᠡ 》 ᠶ᠋ᠢ ᠰᠠᠢᠲᠤᠷ ᠨᠡᠪᠲᠡᠷᠡᠬᠥᠯᠪᠡ ᠃ ᠮᠠᠨ᠎ᠤ ᠤᠷᠤᠨ ᠠᠵᠢᠯ ᠶᠠᠪᠤᠳᠠᠯ ᠭᠦᠶ᠋ᠴᠡᠳᠭᠡᠬᠦ᠌ ᠶᠠᠪᠤᠴᠠ᠎ᠶᠢ ᠦᠷᠭᠦᠯᠵᠢᠯᠡᠨ ᠳᠥᠭᠥᠮᠴᠢᠯᠡᠨ᠂ 75 ᠵᠦᠶ᠋ᠯ᠎ᠦᠨ ᠦᠶ᠋ᠯᠡᠴᠢᠯᠡᠭᠡ᠎ᠳᠦ 179 ᠬᠤᠪᠢ ᠠᠵᠢᠯ ᠶᠠᠪᠤᠳᠠᠯ ᠭᠦᠶ᠋ᠴᠡᠳᠭᠡᠬᠦ᠌ ᠮᠠᠲ᠋ᠧᠷᠢᠶᠠᠯ᠎ᠢ ᠪᠠᠭᠠᠰᠭᠠᠵᠤ᠂ 106 ᠵᠦᠶ᠋ᠯ᠎ᠦᠨ ᠦᠶ᠋ᠯᠡᠴᠢᠯᠡᠭᠡ᠎ᠳᠦ 1317 ᠠᠵᠢᠯᠯᠠᠬᠤ ᠡᠳᠦᠷ ᠪᠠᠭᠠᠰᠭᠠᠵᠤ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠦᠶ᠋ᠯᠡᠴᠢᠯᠡᠭᠡ᠎ᠶ᠋ᠢ ᠨᠠᠩ ᠳᠥᠭᠥᠮ ᠳᠥᠲᠡ ᠪᠣᠯᠭᠠᠬᠤ᠎ᠶ᠋ᠢ ᠠᠬᠢᠭᠤᠯᠪᠠ; 《ᠨᠢᠭᠡ ᠶᠠᠪᠤᠳᠠᠯ᠎ᠢ ᠨᠢᠭᠡ ᠯᠡ ᠤᠳᠠᠭ᠎ᠠ᠎ᠳᠤ ᠭᠦᠶ᠋ᠴᠡᠳᠭᠡᠬᠦ᠌》 ᠶ᠋ᠢ ᠠᠬᠢᠭᠤᠯᠵᠤ᠂ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠡᠷᠭᠢᠯᠡᠨ ᠪᠠᠢᠭᠤᠯᠬᠤ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠦᠶ᠋ᠯᠡᠴᠢᠯᠡᠭᠡᠨ᠎ᠦ ᠵᠦᠶ᠋ᠯᠡᠰ᠎ᠲᠦ ᠬᠣᠯᠪᠣᠭ᠍ᠳᠠᠬᠤ ᠵᠦᠶ᠋ᠯᠡᠰ᠎ᠢ ᠡᠮᠬᠢᠯᠡᠨ ᠨᠡᠢᠯᠡᠭᠦᠯᠵᠦ᠍᠂ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠂ ᠡᠮ ᠡᠮᠨᠡᠯᠭᠡ᠎ᠶ᠋ᠢᠨ ᠳᠠᠭᠠᠳᠭᠠᠯ᠂ ᠭᠠᠢᠯᠢ᠎ᠶ᠋ᠢᠨ ᠶᠠᠪᠤᠳᠠᠯ ᠵᠡᠷᠭᠡ ᠰᠠᠯᠠᠭ᠎ᠠ ᠮᠥᠴᠢᠷ᠎ᠲᠡᠶ ᠬᠠᠮᠲᠤᠷᠠᠨ᠂ ᠠᠵᠢᠯ ᠶᠠᠪᠤᠲᠠᠯ᠎ᠢ ᠲᠥᠪᠯᠡᠷᠡᠭᠦᠯᠦᠨ ᠭᠦᠶ᠋ᠴᠡᠳᠭᠡᠬᠦ᠌᠎ᠶ᠋ᠢ ᠠᠬᠢᠭᠤᠯᠵᠠᠢ; ᠰᠦᠯᠵᠢᠶᠡᠨ ᠳᠡᠭᠡᠷᠡᠬᠢ ᠪᠠ ᠪᠤᠲᠠᠲᠤ ᠴᠤᠭᠴᠠ ᠵᠢᠨ ᠦᠶ᠋ᠯᠡᠴᠢᠯᠡᠭᠡ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠤ᠂《ᠪᠥᠬᠥ᠌ ᠦᠶ᠋ᠯᠡᠴᠢᠯᠡᠭᠡ᠎ᠪᠡᠨ ᠰᠦᠯᠵᠢᠶᠡᠨ᠎ᠳᠦ ᠭᠠᠷᠭᠠᠬᠤ》 ᠶ᠋ᠢ ᠦᠷᠭᠦᠯᠵᠢᠯᠡᠨ ᠠᠬᠢᠭᠤᠯᠵᠤ᠂ ᠰᠦᠯᠵᠢᠶ᠎ᠡ᠎ᠪᠡᠷ ᠠᠵᠢᠯ ᠶᠠᠪᠤᠳᠠᠯ ᠭᠦᠶ᠋ᠴᠡᠳᠭᠡᠬᠦ᠌ ᠲᠢᠩᠬᠢᠮ᠂ APP ᠦᠶ᠋ᠯᠡᠴᠢᠯᠡᠭᠡᠨ᠎ᠦ ᠴᠢᠳᠠᠮᠵᠢ᠎ᠶ᠋ᠢ ᠳᠣᠭᠢᠷᠠᠭᠤᠯᠤᠨ ᠱᠢᠯᠢᠳᠡᠭ᠌ᠵᠢᠭᠦᠯᠤᠨ᠂ ᠰᠦᠯᠵᠢᠶ᠎ᠡ᠎ᠪᠡᠷ ᠭᠠᠷᠲᠠᠨ ᠭᠦᠶ᠋ᠴᠡᠳᠭᠡᠬᠦ᠌ ᠦᠶ᠋ᠯᠡᠴᠢᠯᠡᠭᠡᠨ᠎ᠦ ᠡᠵᠡᠯᠡᠬᠦ᠌ ᠬᠠᠷᠢᠴᠠᠯ᠎ᠢ ᠯᠠᠪᠳᠠᠭᠤᠨ᠎ᠢᠶᠠᠷ ᠳᠡᠭᠡᠭ᠌ᠰᠢᠯᠡᠭᠦᠯᠪᠠ; ᠪᠥᠬᠥ᠌ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠬᠢᠨᠠᠨ ᠵᠥᠪᠱᠢᠶᠡᠷᠡᠯ ᠪᠠ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠵᠦᠶ᠋ᠯᠡᠰ᠎ᠦᠨ ᠲᠣᠳᠣᠷᠬᠠᠶ ᠬᠠᠭᠤᠳᠠᠰᠤ᠎ᠶ᠋ᠢ 227 ᠨᠠᠢᠷᠠᠭᠤᠯᠤᠨ ᠵᠣᠬᠢᠶᠠᠵᠤ ᠨᠡᠢᠲᠡᠯᠡᠵᠤ᠂《ᠰᠦᠯᠵᠢᠶᠡᠨ ᠳᠡᠭᠡᠷ᠎ᠡ ᠭᠦᠶ᠋ᠴᠡᠳᠭᠡᠬᠦ᠌》 211 ᠵᠦᠶ᠋ᠯ᠂ 《ᠠᠯᠠᠭᠠᠨ ᠳᠡᠭᠡᠷ᠎ᠡ ᠭᠦᠶ᠋ᠴᠡᠳᠭᠡᠬᠦ᠌》85 ᠵᠦᠶ᠋ᠯ ᠂ 《 ᠨᠢᠭᠡ ᠴᠣᠩᠬᠤᠪᠴᠢ᠎ᠪᠠᠷ ᠭᠦᠶ᠋ᠴᠡᠳᠭᠡᠬᠦ᠌》164 ᠵᠦᠶ᠋ᠯ᠂ 《ᠮᠤᠵᠢ ᠠᠯᠤᠰᠯᠠᠨ ᠨᠡᠢᠳᠡᠮ ᠭᠦᠶ᠋ᠴᠡᠳᠭᠡᠬᠦ᠌ 》30 ᠵᠦᠶ᠋ᠯ ᠢ᠋ ᠪᠠᠶᠠᠯᠡᠬᠦᠯᠵᠤ᠂ ᠰᠦᠯᠵᠢᠶᠡᠨ ᠳᠡᠭᠡᠷ᠎ᠡ ᠭᠦᠶ᠋ᠴᠡᠳᠭᠡᠬᠦ᠌ ᠦᠶ᠋ᠯᠡᠴᠢᠯᠡᠭᠡᠨ᠎ᠦ ᠡᠵᠡᠯᠡᠬᠦ᠌ ᠬᠠᠷᠢᠴᠠᠯ᠎ᠢ 60% ᠪᠣᠯᠲᠠᠯ᠎ᠠ ᠳᠡᠭᠡᠭ᠌ᠰᠢᠯᠡᠭᠦᠯᠦᠨ᠂ ᠠᠵᠤ ᠠᠬᠤᠢᠯᠠᠯ᠎ᠤᠨ ᠣᠯᠠᠨ ᠲᠦᠮᠡᠨ᠎ᠦ ᠠᠵᠢᠯ ᠶᠠᠪᠤᠳᠠᠯ ᠭᠦᠶ᠋ᠴᠡᠳᠭᠡᠬᠦ᠌ ᠳᠥᠭᠥᠮ ᠳᠥᠲᠡ ᠵᠢᠨ ᠬᠡᠮᠵᠢᠶ᠎ᠡ ᠂ ᠬᠠᠨᠤᠮᠵᠢ᠎ᠶ᠋ᠢᠨ ᠬᠡᠮᠵᠢᠶ᠎ᠡ ᠵᠢ ᠦᠷᠭᠦᠯᠵᠢᠯᠡᠨ ᠳᠡᠭᠡᠭ᠌ᠰᠢᠯᠡᠭᠦᠯᠵᠠᠢ᠃
《 ᠡᠨᠡ ᠵᠢᠯ᠂ ᠪᠢᠳᠡ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠬᠠᠩᠭᠠᠯᠭ᠎ᠠ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠦᠶ᠋ᠯᠡᠴᠢᠯᠡᠭᠡᠨ᠎ᠦ ᠪᠠᠷᠢᠮᠵᠢᠶ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠬᠦ᠌᠂ ᠰᠦᠯᠵᠢᠶᠡᠨ ᠳᠡᠭᠡᠷᠡᠬᠢ ᠪᠠ ᠪᠤᠲᠠᠲᠤ ᠴᠤᠭᠴᠠ ᠵᠢᠨ ᠦᠶ᠋ᠯᠡᠴᠢᠯᠡᠭᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠵᠡᠷᠭᠡ ᠲᠠᠯ᠎ᠠ᠎ᠪᠠᠷ ᠦᠷᠭᠦᠯᠵᠢᠯᠡᠨ ᠬᠦᠴᠦᠯᠡᠵᠦ᠍᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠦᠶ᠋ᠯᠡᠴᠢᠯᠡᠭᠡ᠎ᠶ᠋ᠢ ᠲᠦᠷᠭᠡᠨ ᠭᠦᠶ᠋ᠴᠡᠳᠭᠡᠬᠦ᠌᠂ ᠲᠥᠬᠥᠮ ᠭᠦᠶ᠋ᠴᠡᠳᠭᠡᠬᠦ᠌᠎ᠶ᠋ᠢ ᠠᠬᠢᠭᠤᠯᠤᠨ᠎ᠠ》 ᠬᠡᠵᠤ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ᠎ᠦᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠭᠠᠵᠠᠷ᠎ᠤᠨ ᠳᠠᠷᠤᠭ᠎ᠠ ᠵᠠᠩ ᠬᠠᠶ ᠲᠤᠤ ᠶᠠᠷᠢᠨ᠎ᠠ᠃