ᠮᠠᠨ᠎ᠤ ᠤᠷᠤᠨ᠎ᠤ 《 ᠪᠠᠭ᠍ᠪᠠᠭᠠᠶ ᠴᠡᠴᠡᠭ 》 ᠡᠮᠡᠭ᠌ᠲᠡᠢᠴᠦᠳ ᠬᠡᠸ᠋ᠬᠡᠳ᠎ᠦᠨ ᠡᠷᠬᠡ ᠠᠱᠢᠭ᠎ᠢ ᠬᠠᠮᠠᠭᠠᠯᠠᠬᠤ ᠦᠶ᠋ᠯᠡᠴᠢᠯᠡᠭᠡᠨ᠎ᠦ ᠲᠥᠷᠥᠯ ᠵᠦᠶ᠋ᠯ 200 ᠭᠠᠷᠤᠶ ᠲᠦᠮᠡᠨ ᠬᠦᠮᠦᠨ ᠳ᠋ᠤ ᠠᠱᠢᠭ ᠭᠥᠷᠳᠡᠭᠡᠯ᠎ᠠ
2023-05-21 11:10:07
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

ᠦᠪᠡᠷᠲᠡᠬᠡᠨ ᠵᠠᠰᠠᠬᠤ ᠤᠷᠤᠨ᠎ᠤ ᠡᠮᠡᠭᠳᠡᠢᠴᠤᠳ᠎ᠤᠨ ᠬᠤᠯᠪᠤᠭ᠎ᠠ 2017 ᠣᠨ᠎ᠡᠴᠡ ᠡᠬᠢᠯᠡᠨ《ᠪᠠᠭ᠍ᠪᠠᠭᠠᠶ ᠴᠡᠴᠡᠭ》ᠡᠮᠡᠭ᠌ᠲᠡᠢᠴᠦᠳ ᠬᠡᠸ᠋ᠬᠡᠳ᠎ᠦᠨ ᠡᠷᠬᠡ ᠠᠱᠢᠭ᠎ᠢ ᠬᠠᠮᠠᠭᠠᠯᠠᠬᠤ ᠦᠶ᠋ᠯᠡᠴᠢᠯᠡᠭᠡᠨ᠎ᠦ ᠲᠥᠷᠥᠯ ᠵᠦᠶ᠋ᠯ᠎ᠢ  ᠬᠡᠷᠡᠭ᠌ᠵᠢᠭᠦᠯᠦᠭᠰᠡᠨ ᠡᠴᠡ ᠨᠠᠭᠠᠰᠢ ᠰᠢᠨ᠎ᠡ ᠴᠠᠭ ᠦᠶ᠎ᠡ ᠰᠢᠨ᠎ᠡ ᠪᠠᠢᠳᠠᠯ ᠳ᠋ᠤ ᠵᠤᠬᠢᠴᠠᠭᠤᠯᠤᠨ ᠂ ᠡᠭᠡ ᠤᠯᠤᠰ᠎ᠤᠨ ᠤᠮᠠᠷᠠᠳᠤ ᠬᠢᠯᠢ ᠳ᠋ᠤ ᠡᠮᠡᠭ᠌ᠲᠡᠢᠴᠦᠳ᠎ᠦᠨ ᠬᠤᠯᠪᠤᠭ᠎ᠠ ᠵᠢᠨ ᠣᠨᠴᠠᠯᠢᠭ᠎ᠲᠠᠶ᠂ ᠲᠦᠭ ᠲᠦᠮᠡᠨ ᠬᠡᠷ ᠪᠦᠯᠢ ᠳ᠋ᠦ ᠠᠱᠢᠭ ᠭᠥᠷᠳᠡᠭᠡᠭᠰᠡᠨ᠂ ᠨᠡᠢᠭᠡᠮ ᠲᠤᠭᠤᠷᠢᠭ ᠦᠨᠳᠦᠰᠦᠨ ᠱᠠᠳᠤᠨ᠎ᠤ ᠵᠠᠰᠠᠯᠳᠠ ᠳ᠋ᠤ ᠦᠢᠯᠡᠴᠢᠯᠡᠭᠰᠡᠨ᠂ ᠣᠯᠠᠨ ᠲᠦᠮᠡᠨ᠎ᠦ ᠬᠦᠷᠢᠶᠡᠯᠡᠯ᠎ᠢ ᠣᠯᠤᠭ᠍ᠰᠠᠨ ᠨᠡᠢᠲᠡ᠎ᠶ᠋ᠢᠨ ᠠᠰᠠᠷᠠᠮᠵᠢ᠎ᠶ᠋ᠢᠨ ᠨᠠᠷᠠᠲᠤ ᠲᠥᠷᠥᠯ ᠲᠡᠮᠳᠡᠭ᠌ᠲᠦ᠍ ᠵᠢ ᠡᠬᠦᠳᠴᠤ᠂ ᠣᠲᠣᠬᠠᠨ ᠪᠣᠯᠲᠠᠯ᠎ᠠ ᠨᠡᠢᠲᠡ 700 ᠲᠦᠮᠡᠨ ᠲᠥᠭᠥᠷᠢᠭ᠎ᠦᠨ ᠲᠤᠰᠭᠠᠶ ᠪᠡᠯᠡ ᠮᠦᠩᠬᠦ ᠵᠠᠷᠤᠴᠠᠭᠤᠯᠵᠤ ᠂ 244 ᠵᠦᠢᠯ᠎ᠤᠨ《ᠪᠠᠭ᠍ᠪᠠᠭᠠᠶ ᠴᠡᠴᠡᠭ》 ᠲᠥᠷᠥᠯ ᠵᠦᠶ᠋ᠯ᠎ᠢ ᠬᠡᠷᠡᠭᠵᠢᠭᠦᠯᠵᠦ ᠂ ᠣᠷᠣᠭ ᠬᠡᠷ ᠪᠦᠯᠢ᠎ᠶ᠋ᠢᠨ ᠵᠠᠭᠤᠷᠠᠯᠳᠤᠭᠠᠨ᠎ᠢ 1.1 ᠲᠦᠮᠡ ᠭᠠᠷᠤᠶ ᠡᠶᠡᠳᠡᠭᠦᠯᠵᠦ ᠂᠎ᠡᠯ᠎ᠡ ᠲᠥᠷᠥᠯ᠎ᠦᠨ ᠠᠵᠢᠯᠯᠠᠭ᠎ᠠ᠎ᠶ᠋ᠢ 3600 ᠭᠠᠷᠤᠶ ᠤᠳᠠᠭ᠎ᠠ ᠥᠷᠨᠢᠭᠦᠯᠵᠦ᠍ ᠂ 45 ᠲᠦᠮᠡ ᠭᠠᠷᠤᠶ ᠬᠥᠮᠦᠨ ᠳ᠋ᠤ ᠱᠢᠭᠤᠳ ᠠᠱᠢᠭ ᠭᠥᠷᠳᠡᠭᠡᠵᠦ ᠂ 200 ᠭᠠᠷᠤᠶ ᠲᠦᠮᠡᠨ ᠬᠦᠮᠦᠨ ᠳ᠋ᠤ ᠳᠠᠮ᠎ᠢᠶᠠᠷ ᠠᠱᠢᠭ ᠭᠥᠷᠳᠡᠭᠡᠵᠡᠢ᠃

ᠲᠤᠰ ᠲᠦᠷᠦᠯ ᠵᠦᠢᠯ ᠨᠢ ᠡᠮᠡᠭᠳᠡᠢᠴᠦᠳ ᠬᠡᠦᠭᠡᠳ ᠪᠠ ᠬᠡᠷ ᠪᠦᠯᠢ ᠵᠢᠨ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠳ᠋ᠤ ᠠᠩᠬᠠᠷᠤᠯ ᠵᠢᠡᠨ ᠲᠦᠪᠯᠡᠷᠡᠬᠦᠯᠵᠦ᠂ ᠭᠡᠷ ᠵᠠᠭᠤᠷ᠎ᠠ ᠵᠢᠨ ᠶᠠᠪᠤᠳᠠᠯ᠎ᠢ  ᠵᠤᠬᠢᠴᠠᠭᠤᠯᠬᠤ᠂  ᠬᠡᠤᠭᠡᠳ᠎ᠤᠨ ᠦᠪᠡᠷ᠎ᠢ  ᠪᠠᠨ ᠬᠠᠮᠠᠭᠠᠯᠠᠬᠤ ᠤᠬᠠᠮᠰᠠᠷ᠎ᠢ ᠲᠡᠭᠡᠭᠰᠢᠯᠡᠬᠦᠯᠬᠦ᠂ ᠡᠮᠡᠭᠳᠡᠢᠴᠦᠳ ᠭᠡᠦᠭᠡᠳ᠎ᠤᠨ ᠬᠠᠤᠯᠢ ᠲᠦᠭᠡᠮᠡᠯᠵᠢᠬᠦᠯᠬᠦ ᠠᠵᠢᠯᠯᠠᠭ᠎ᠠ ᠦᠷᠨᠢᠬᠦᠯᠬᠦ᠂ ᠬᠠᠤᠯᠢ ᠴᠠᠭᠠᠵᠠ ᠵᠢᠨ ᠲᠤᠰᠠᠯᠠᠮᠵᠢ ᠦᠵᠡᠬᠦᠯᠬᠦ᠂ ᠰᠡᠳᠬᠢᠴᠡ ᠵᠢᠨ ᠬᠠᠯᠠᠮᠵᠢᠯᠠᠯ ᠬᠦᠷᠳᠡᠭᠡᠬᠦ ᠵᠡᠷᠭᠡ ᠦᠢᠯᠡᠴᠢᠯᠡᠭᠡ ᠵᠢ ᠨᠡᠢᠭᠡᠮ ᠲᠤᠭᠤᠷᠢᠭ᠎ᠤᠨ ᠠᠷᠠᠳ᠎ᠤᠨ ᠶᠠᠪᠤᠳᠠᠯ᠂ ᠦᠨᠳᠦᠰᠦᠨ ᠱᠠᠳᠤᠨ᠎ᠤ ᠵᠠᠰᠠᠯᠳᠠ ᠲᠠᠢ ᠪᠦᠳᠦᠮᠵᠢᠳᠡᠢ ᠠᠭᠤᠰᠤᠯᠴᠠᠭᠤᠯᠵᠤ᠂ ᠦᠢᠯᠡᠴᠢᠯᠡᠭᠡᠨ᠎ᠤ ᠨᠡᠢᠳᠡ ᠵᠢᠨ ᠠᠰᠠᠷᠠᠮᠵᠢ ᠵᠢᠨ ᠴᠢᠨᠠᠷ᠂ ᠲᠦᠷᠦᠯ ᠲᠡᠮᠳᠡᠭᠳᠦ ᠴᠢᠨᠠᠷ᠂ ᠦᠷᠭᠡᠨ ᠲᠡᠯᠭᠡᠷ ᠴᠢᠨᠠᠷ᠂  ᠰᠢᠨ᠎ᠡ ᠵᠢ ᠡᠬᠦᠳᠬᠦ ᠴᠢᠨᠠᠷ ᠪᠠ ᠲᠤᠰᠬᠠᠢ ᠮᠡᠷᠭᠡᠵᠢᠯ᠎ᠤᠨ ᠴᠢᠨᠠᠷ᠎ᠢ  ᠴᠢᠩᠭᠠᠳᠬᠠᠨ ᠂ ᠡᠮᠡᠭᠳᠡᠢᠴᠦᠳ ᠬᠡᠦᠭᠡᠳ᠎ᠤᠨ ᠡᠷᠭᠡ ᠠᠰᠢᠭ᠎ᠢ ᠬᠠᠮᠠᠭᠠᠯᠠᠬᠤ ᠠᠵᠢᠯ᠎ᠢ ᠦᠨᠡᠨ ᠬᠦ᠌ ᠪᠠᠢᠩᠭᠤᠵᠢᠭᠤᠯᠤᠨ ᠨᠠᠢᠳᠠᠪᠤᠷᠢᠵᠢᠭᠤᠯᠪᠠ᠃ ᠬᠦᠯᠦᠨ ᠪᠤᠢᠷ ᠬᠤᠳᠠ ᠵᠢᠨ ᠡᠮᠡᠭᠳᠡᠢᠴᠤᠳ᠎ᠤᠨ ᠬᠤᠯᠪᠤᠭ᠎ᠠ 《ᠨᠢᠭᠡ ᠦᠷᠳᠡᠭᠡᠴᠢᠯᠡᠭᠰᠡᠨ ᠮᠠᠶᠢᠬ᠎ᠤᠨ ᠤᠯᠠᠨ ᠨᠡᠢᠲᠡ ᠵᠢᠨ ᠬᠠᠤᠯᠢ ᠴᠠᠭᠠᠵᠠ ᠵᠢᠨ ᠦᠢᠯᠡᠴᠢᠯᠡᠭᠡ  ᠪᠡᠷ ᠤᠷᠤᠬ ᠬᠡᠷ ᠪᠦᠯᠢ ᠵᠢᠨ ᠵᠤᠯ ᠵᠢᠷᠭᠠᠯ᠎ᠢ ᠬᠠᠮᠠᠭᠠᠯᠠᠨ᠎ᠠ》ᠬᠡᠬᠦ 《ᠪᠠᠭᠪᠠᠭᠠᠢ ᠴᠡᠴᠡᠭ》 ᠲᠦᠷᠦᠯ ᠵᠦᠢᠯ᠎ᠢ ᠬᠡᠷᠡᠭᠵᠢᠭᠦᠯᠵᠦ᠂ ᠤᠷᠢᠳ ᠬᠤᠵᠢᠳ 14 ᠬᠤᠭᠤᠴᠠᠭᠠᠨ᠎ᠤ ᠬᠠᠤᠯᠢ ᠴᠠᠭᠠᠵᠠ᠎ᠶ᠋ᠢᠨ ᠤᠬᠠᠭᠤᠯᠭ᠎ᠠ᠎ᠶ᠋ᠢᠨ ᠠᠵᠢᠯᠯᠠᠭ᠎ᠠ ᠥᠷᠨᠢᠭᠦᠯᠬᠦ ᠵᠢᠨ ᠬᠠᠮᠳᠤ᠂ 《ᠬᠠᠤᠯᠢ ᠲᠦᠭᠡᠮᠡᠯᠵᠢᠭᠦᠯᠬᠦ᠌ ᠬᠢᠴᠢᠶᠡᠯ᠎ᠦᠨ ᠲᠠᠩᠬᠢᠮ》 ᠂《ᠡᠮᠡᠭ᠌ᠲᠡᠢᠴᠦᠳ ᠬᠡᠦᠬᠡᠳ᠎ᠦᠨ ᠬᠠᠤᠯᠢ ᠴᠠᠭᠠᠵᠠ᠎ᠶ᠋ᠢᠨ ᠦᠶ᠋ᠯᠡᠴᠢᠯᠡᠭᠡᠨ᠎ᠦ ᠴᠣᠩᠬᠣᠪᠴᠢ》 ᠵᠢ ᠨᠡᠭᠡᠭᠡᠵᠦ᠂   6000  ᠭᠠᠷᠤᠢ ᠬᠥᠮᠦᠨ ᠤᠳᠠᠭ᠎ᠠ᠎ᠳᠤ ᠠᠰᠢᠭ ᠬᠦᠷᠳᠡᠭᠡᠪᠡ᠃ ᠪᠤᠭᠤᠳᠤ ᠬᠤᠳᠠ  ᠵᠢᠨ ᠬᠦᠨᠳᠡᠯᠡᠨ ᠲᠤᠭᠤᠷᠢᠭ ᠬᠡᠦᠭᠡᠳ᠎ᠤᠨ ᠦᠪᠡᠷ᠎ᠢ ᠪᠡᠨ ᠬᠠᠮᠠᠭᠠᠯᠠᠬᠤ ᠤᠬᠠᠮᠰᠠᠷ᠎ᠢ ᠲᠡᠭᠡᠭᠰᠢᠯᠡᠬᠦᠯᠬᠦ ᠲᠤᠭᠤᠷᠢᠨ ᠳ᠋ᠤ《ᠪᠠᠭᠪᠠᠭᠠᠢ ᠴᠡᠴᠡᠭ》ᠲᠦᠷᠦᠯ ᠵᠦᠢᠯ᠎ᠢ ᠬᠡᠷᠡᠭᠵᠢᠬᠦᠯᠵᠦ᠂ ᠭᠤᠤᠯᠳᠠᠭᠤ ᠶᠠᠳᠠᠭᠤ ᠬᠦᠴᠢᠷᠳᠡᠯᠳᠡᠢ ᠬᠡᠷ ᠪᠦᠯᠢ᠂ ᠬᠡᠷ ᠲᠡᠭᠡᠨ ᠬᠤᠴᠤᠷᠤᠭᠰᠠᠨ ᠬᠡᠦᠭᠡᠳ᠂ ᠡᠪᠦᠭᠡ ᠡᠮᠡᠭᠡ ᠨᠢ ᠬᠠᠷᠠᠵᠤ ᠬᠠᠷᠠᠭᠠᠯᠵᠠᠵᠤ ᠪᠠᠢᠭ᠎ᠠ ᠬᠡᠦᠭᠡᠳ ᠲᠸ᠋ ᠴᠢᠭᠯᠡᠬᠦᠯᠵᠦ᠂ ᠬᠡᠦᠭᠡᠳ᠎ᠤᠨ ᠡᠷᠭᠡ ᠠᠰᠢᠬ ᠎ᠢ ᠬᠠᠮᠠᠭᠠᠯᠠᠬᠤ ᠮᠡᠳᠡᠯᠭᠡ ᠵᠢ ᠲᠦᠭᠡᠮᠡᠯᠵᠢᠬᠦᠯᠵᠦ᠂  ᠰᠤᠷᠭᠠᠭᠤᠯᠢ᠂ ᠬᠡᠷ᠎ᠤᠨ ᠠᠬᠠᠮᠠᠳ᠂ ᠨᠡᠢᠭᠡᠮ᠎ᠬᠠᠮᠳᠤ ᠪᠡᠷ ᠨᠠᠰᠤᠨ ᠳ᠋ᠤ ᠦᠯᠦ ᠬᠦᠷᠦᠭᠰᠡᠳ᠎ᠤᠨ ᠬᠠᠤᠯᠢ ᠪᠤᠰᠤ ᠬᠠᠯᠳᠠᠯᠭ᠎ᠠ ᠡᠴᠡ ᠰᠡᠷᠭᠡᠢᠯᠡᠬᠦ ᠂ ᠨᠠᠰᠤᠨ ᠳ᠋ᠤ ᠦᠯᠦ ᠬᠦᠷᠦᠭᠰᠡᠳ ᠎ᠤᠨ ᠪᠡᠶ᠎ᠡ ᠰᠡᠳᠬᠢᠴᠡ ᠵᠢᠨ ᠡᠷᠡᠬᠦᠯ ᠮᠡᠨᠳᠦ ᠵᠢ ᠬᠠᠮᠠᠭᠠᠯᠠᠬᠤ  ᠬᠠᠮᠳᠤ ᠵᠢᠨ ᠬᠦᠴᠦᠨ᠎ᠢ  ᠲᠠᠢᠴᠢᠯᠠᠵᠠᠢ;ᠲᠦᠩᠯᠢᠶᠤᠤ ᠬᠤᠳᠠ ᠵᠢᠨ ᠬᠤᠷᠴᠢᠨ ᠵᠡᠬᠦᠨ ᠭᠠᠷᠤᠨ ᠬᠤᠢᠳᠤ ᠬᠤᠰᠢᠭᠤ 《 ᠪᠠᠶᠠᠷ ᠪᠠᠶᠠᠰᠤᠯ ᠲᠠᠢ ᠦᠰᠦᠨ ᠪᠤᠢᠵᠢᠶ᠎ᠠ》 ᠭᠡᠬᠦ 《ᠪᠠᠭᠪᠠᠭᠠᠢ ᠴᠡᠴᠡᠭ》ᠲᠦᠷᠦᠯ ᠵᠦᠢᠯ᠎ᠢ ᠬᠡᠷᠡᠭᠵᠢᠬᠦᠯᠵᠦ᠂ 《ᠬᠡᠷ᠎ᠤᠨ ᠰᠤᠷᠭᠠᠯ ᠬᠡᠷ᠎ᠤᠨ ᠰᠤᠷᠳᠠᠯ᠎ᠤᠨ ᠲᠠᠢᠯᠤᠮᠵᠢ》᠂《ᠡᠶ᠎ᠡ ᠵᠤᠬᠢᠴᠠᠩᠭᠤᠢ ᠬᠡᠷ ᠪᠦᠯᠢ ᠵᠤᠯ ᠵᠢᠷᠭᠠᠯᠳᠤ ᠠᠮᠢᠳᠤᠷᠠᠯ》᠂《ᠡᠴᠢᠭᠡ ᠡᠭᠡ ᠪᠤᠯᠤᠭᠰᠠᠳ ᠦᠷ᠎ᠡ ᠬᠡᠦᠭᠡᠳ ᠲᠠᠢ ᠪᠠᠨ ᠬᠠᠮᠳᠤ ᠦᠰᠦᠨ ᠪᠤᠢᠵᠢᠶ᠎ᠠ》 ᠵᠡᠷᠭᠡ ᠭᠤᠤᠯ ᠰᠡᠳᠦᠪᠳᠤ ᠪᠢᠴᠢᠯ ᠬᠢᠴᠢᠶᠡᠯ᠎ᠤᠨ ᠲᠠᠩᠬᠢᠮ᠂ ᠰᠦᠯᠵᠢᠶᠡᠨ᠎ᠤ ᠰᠢᠭᠤᠳ ᠨᠡᠪᠳᠡᠷᠡᠬᠦᠯᠭᠡ  ᠵᠢ 34 ᠤᠳᠠᠭ᠎ᠠ ᠡᠷᠬᠢᠯᠡᠵᠦ 3000 ᠭᠠᠷᠤᠢ ᠬᠦᠮᠦᠨ ᠤᠳᠠᠭ᠎ᠠ ᠳ᠋ᠤ ᠬᠦᠮᠦᠵᠢᠯ ᠬᠦᠷᠳᠡᠭᠡᠵᠡᠢ᠃ ᠬᠢᠩᠭᠠᠨ ᠠᠢᠮᠠᠭ᠎ᠤᠨ ᠡᠮᠡᠭᠳᠡᠢᠴᠦᠳ᠎ᠤᠨ ᠬᠤᠯᠪᠤᠭ᠎ᠠ《ᠬᠠᠤᠯᠢ ᠴᠠᠭᠠᠵᠠ ᠵᠢᠨ ᠢᠳᠡᠪᠬᠢ ᠬᠦᠴᠦᠨ᠎ᠢ ᠲᠠᠮᠵᠢᠭᠤᠯᠵᠤ ᠬᠦᠮᠦᠰ᠎ᠤᠨ ᠰᠡᠳᠬᠢᠯ᠎ᠢ ᠲᠤᠯᠠᠭᠠᠴᠠᠭᠤᠯᠤᠨ᠎ᠠ》 ᠬᠡᠬᠦ   《 ᠪᠠᠭᠪᠠᠭᠠᠢ ᠴᠡᠴᠡᠭ 》 ᠲᠦᠷᠦᠯ ᠵᠦᠢᠯ᠎ᠢ ᠬᠡᠷᠡᠭᠵᠢᠬᠦᠯᠵᠦ᠂  ᠲᠦᠷᠦᠯ ᠵᠦᠢᠯ᠎ᠢ ᠨᠡᠢᠭᠡᠮ ᠲᠤᠭᠤᠷᠢᠭ᠂ ᠰᠤᠷᠭᠠᠭᠤᠯᠢ ᠳ᠋ᠤ ᠤᠷᠤᠭᠤᠯᠵᠤ᠂ ᠬᠠᠤᠯᠢᠴᠢ ᠵᠢ ᠬᠦᠳᠡᠭᠡ ᠪᠠᠭᠤᠯᠭᠠᠨ᠂ 10 ᠭᠠᠴᠠᠭ᠎ᠠ ᠲᠤᠰᠬᠤᠨ ᠲᠠᠢ ᠬᠠᠤᠯᠢ ᠴᠠᠭᠠᠵᠠ ᠵᠨ ᠵᠦᠪᠯᠡᠭᠴᠢ ᠵᠢᠨ ᠬᠡᠷ᠎ᠡ ᠲᠤᠭᠳᠠᠵᠤ ᠬᠠᠤᠯᠢ ᠴᠠᠭᠠᠵᠠ ᠵᠢᠨ ᠦᠢᠯᠡᠴᠢᠯᠡᠭᠡ ᠬᠠᠩᠭᠠᠵᠤ᠂  2213 ᠬᠦᠮᠦᠨ ᠳ᠋ᠤ ᠠᠰᠢᠭ ᠬᠦᠷᠳᠡᠭᠡᠭᠰᠡᠨ ᠪᠠᠢᠨ᠎ᠠ᠃

ᠰᠦᠨ ᠯᠠᠨ ᠪᠤᠯ ᠤᠯᠠᠭᠠᠨᠬᠠᠳᠠ ᠬᠤᠳᠠ ᠵᠢᠨ ᠶᠤᠸᠠᠨ ᠪᠤᠤ ᠱᠠᠨ ᠲᠤᠭᠤᠷᠢᠬ᠎ᠤᠨ《ᠪᠠᠭ᠍ᠪᠠᠭᠠᠶ ᠴᠡᠴᠡᠭ》ᠲᠦᠷᠦᠯ ᠵᠦᠢᠯ᠎ᠤᠨ ᠨᠢᠭᠡᠳᠦᠭᠡᠷ ᠪᠦᠯᠦᠭ᠎ᠤᠨ ᠰᠠᠢᠨ ᠲᠤᠷ᠎ᠠ ᠵᠢᠨ ᠤᠬᠠᠭᠤᠯᠤᠨ ᠲᠠᠢᠯᠪᠤᠷᠢᠯᠠᠬᠤ ᠬᠡᠰᠢᠭᠦᠨ ᠪᠤᠯᠤᠨ᠎ᠠ᠃ ᠤᠬᠠᠭᠤᠯᠤᠨ ᠲᠠᠢᠯᠪᠤᠷᠢᠯᠠᠬᠤ ᠲᠤᠮᠳᠠ ᠲᠡᠷᠡ ᠬᠡᠷ᠎ᠤᠨ ᠠᠬᠠᠮᠠᠳ᠎ᠤᠨ ᠬᠡᠤᠬᠡᠳ ᠵᠢᠡᠨ ᠬᠠᠮᠠᠭᠠᠯᠠᠬᠤ ᠤᠬᠠᠮᠰᠠᠷ᠎ᠢ ᠲᠡᠭᠡᠭᠰᠢᠯᠡᠭᠦᠯᠬᠦ  ᠎ᠶᠢ ᠲᠤᠯᠭᠠᠮ ᠱᠠᠭᠠᠷᠳᠠᠵᠤ ᠪᠠᠢᠭ᠎ᠠ ᠵᠢ ᠤᠯᠵᠤ ᠮᠡᠳᠡᠨ᠂ ᠦᠨᠳᠦᠰᠦᠨ ᠱᠠᠲᠤᠨ ᠳ᠋ᠦ ᠬᠦᠨᠵᠡᠭᠡᠢᠷᠡᠨ᠂ ᠬᠡᠤᠬᠡᠳ᠂ ᠬᠡᠷ᠎ᠤᠨ ᠠᠬᠠᠮᠠᠳ ᠲᠸ᠋ ᠨᠠᠰᠤᠨ ᠳ᠋ᠤ ᠦᠯᠦ ᠬᠦᠷᠦᠭᠰᠡᠳ᠎ᠢ ᠬᠠᠮᠠᠭᠠᠯᠠᠬᠤ ᠬᠦᠮᠦᠵᠢᠯ᠎ᠤᠨ ᠬᠢᠴᠢᠶᠡᠯ ᠤᠷᠤᠬᠰᠠᠨ ᠪᠠᠢᠯ᠎ᠠ᠃ ᠰᠦᠨ ᠯᠠᠨ ᠪᠣᠯ ᠲᠣᠭ᠎ᠠ ᠲᠣᠮᠰᠢ ᠦᠭᠡᠢ《ᠪᠠᠭ᠍ᠪᠠᠭᠠᠢ ᠴᠡᠴᠡᠭ》 ᠲᠦᠷᠦᠯ ᠵᠦᠢᠯ᠎ᠢ ᠭᠦᠢᠴᠡᠳᠭᠡᠬᠦ᠌ ᠪᠦᠯᠬᠦᠮ᠎ᠦᠨ ᠦᠢ ᠲᠦᠮᠡᠨ ᠪᠦᠷᠢᠯᠳᠦᠬᠦᠨ᠎ᠦ ᠬᠤᠷᠢᠶᠠᠩᠭᠤᠢ ᠳᠦᠷᠢ ᠪᠣᠯᠤᠨ᠎ᠠ᠃ ᠥᠪᠥᠷ ᠮᠣᠩᠭᠣᠯ᠎ᠤᠨ ᠲᠠᠯ᠎ᠠ ᠨᠤᠲᠤᠭ ᠲᠸ᠋  《ᠪᠠᠭ᠍ᠪᠠᠭᠠᠢ ᠴᠡᠴᠡᠭ 》 ᠭᠠᠵᠠᠷ ᠰᠠᠢ ᠦᠭᠡᠢ ᠪᠠᠳᠠᠷᠠᠨ ᠲᠡᠯᠭᠡᠷᠡᠵᠦ᠂  ᠮᠠᠨ᠎ᠤ ᠤᠷᠤᠨ᠎ᠤ ᠡᠮᠡᠭ᠌ᠲᠡᠢᠴᠦᠳ ᠬᠡᠦᠬᠡᠳ᠎ᠦᠨ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠬᠤ᠂ ᠡᠮᠡᠭ᠌ᠲᠡᠢᠴᠦᠳ ᠬᠡᠦᠬᠡᠳ᠎ᠲᠦ ᠦᠢᠯᠡᠴᠢᠯᠡᠬᠦ᠌ ᠪᠠ ᠭᠡᠷ ᠤ᠋ᠨ ᠬᠥᠮᠦᠵᠢᠯ ᠭᠡᠷ᠎ᠦᠨ ᠰᠤᠷᠭᠠᠯ ᠭᠡᠷ᠎ᠦᠨ ᠰᠤᠷᠲᠠᠯ᠎ᠤᠨ ᠪᠠᠢᠭᠤᠯᠤᠯᠲᠠ᠎ᠶ᠋ᠢ ᠠᠬᠢᠭᠤᠯᠵᠤ᠂   ᠨᠠᠩ ᠣᠯᠠᠨ ᠬᠡᠷ ᠪᠦᠯᠢ᠎ᠶ᠋ᠢᠨ ᠠᠰᠠᠭᠤᠳᠠᠯ᠎ᠢ ᠱᠢᠶ᠋ᠳᠪᠦᠷᠢᠯᠡᠵᠦ᠍᠂ 《ᠵᠢᠵᠢᠭ》 ᠲᠦᠷᠦᠯ ᠵᠤᠢᠯ ᠵᠢᠡᠷ 《 ᠶᠡᠭᠡ 》 ᠨᠡᠢᠭᠡᠮ᠎ᠦᠨ ᠲᠣᠭ᠍ᠲᠠᠭᠤᠨ᠎ᠢ  ᠬᠠᠮᠠᠭᠠᠯᠠᠵᠤ ᠪᠠᠢᠨ᠎ᠠ ᠃  2022 ᠤᠨ ᠳ᠋ᠤ  ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ 143 ᠲᠦᠮᠡᠨ ᠲᠥᠭᠥᠷᠢᠭ ᠎ᠤᠨ ᠪᠡᠯᠡ ᠮᠦᠩᠬᠦ ᠵᠠᠷᠤᠴᠠᠭᠤᠯᠵᠤ᠂ 48 ᠲᠦᠷᠦᠯ ᠵᠦᠢᠯ᠎ᠢ ᠬᠡᠷᠡᠭ᠌ᠵᠢᠭᠦᠯᠵᠦ᠂ ᠭᠡᠷ ᠪᠦᠯᠢ᠎ᠶ᠋ᠢᠨ ᠵᠥᠷᠢᠴᠡᠯ ᠵᠠᠭᠤᠷᠠᠯᠳᠤᠭᠠᠨ᠎ᠢ 1000 ᠭᠠᠷᠤᠶ ᠤᠳᠠᠭ᠎ᠠ ᠡᠶᠡᠳᠡᠭᠦᠯᠵᠦ᠂ 3800 ᠭᠠᠷᠤᠶ ᠬᠥᠮᠦᠨ᠎ᠳᠦ ᠰᠡᠳᠭᠢᠴᠡ ᠵᠢᠨ ᠵᠦᠪᠯᠡᠯᠭᠡ᠂ ᠬᠠᠤᠯᠢ ᠴᠠᠭᠠᠵᠠ᠎ᠶ᠋ᠢᠨ ᠵᠦᠪᠯᠡᠯᠭᠡ ᠬᠠᠩᠭᠠᠵᠤ᠂ 1200 ᠭᠠᠷᠤᠢ  ᠤᠳᠠᠭ᠎ᠠ ᠬᠠᠤᠯᠢ ᠴᠠᠭᠠᠵᠠ᠎ᠶ᠋ᠢᠨ ᠲᠤᠰᠠᠯᠠᠮᠵᠢ᠎ᠦᠵᠡᠬᠦᠯᠵᠦ᠂ ᠭᠡᠷ ᠪᠦᠯᠢ᠎ᠶ᠋ᠢᠨ ᠬᠥᠮᠦᠵᠢᠯ᠂ ᠰᠡᠳᠭᠢᠴᠡ᠎ᠶ᠋ᠢᠨ ᠡᠷᠡᠭᠦᠯ ᠮᠡᠨᠳᠦ᠂ ᠨᠠᠰᠤᠨ᠎ᠳᠤ ᠦᠯᠦ᠍ ᠬᠦᠷᠦᠭ᠌ᠰᠡᠳ᠎ᠦᠨ ᠠᠮᠤᠷ ᠲᠦᠪᠱᠢᠨ᠎ᠦ ᠬᠠᠮᠠᠭᠠᠯᠠᠯᠲᠠ᠂ ᠬᠠᠤᠯᠢ ᠲᠦᠭᠡᠮᠡᠯᠵᠢᠭᠦᠯᠬᠦ᠌ ᠤᠬᠠᠭᠤᠯᠭ᠎ᠠ᠎ᠶ᠋ᠢᠨ ᠲᠠᠢᠯᠤᠮᠵᠢ ᠵᠡᠷᠭᠡ ᠠᠵᠢᠯᠯᠠᠭ᠎ᠠ ᠵᠢ 400 ᠭᠠᠷᠤᠶ ᠲᠠᠯᠠᠪᠠᠶ ᠤᠳᠠᠭ᠎ᠠ ᠡᠷᠬᠢᠯᠡᠵᠦ᠂ ᠡᠯ᠎ᠡ ᠲᠥᠷᠥᠯ᠎ᠦᠨ ᠤᠬᠠᠭᠤᠯᠭ᠎ᠠ ᠵᠢᠨ ᠮᠠᠲ᠋ᠧᠷᠢᠶᠠᠯ᠎ᠢ 4 ᠲᠦᠮᠡ ᠭᠠᠷᠤᠶ ᠬᠤᠪᠢ ᠲᠠᠷᠬᠠᠭᠠᠵᠤ᠂ ᠬᠠᠤᠯᠢ ᠲᠦᠭᠡᠮᠡᠯᠵᠢᠭᠦᠯᠬᠦ᠂ ᠡᠷᠬᠡ ᠠᠱᠢᠭ᠎ᠢᠶᠠᠨ ᠬᠠᠮᠠᠭᠠᠯᠠᠬᠤ ᠮᠡᠳᠡᠯᠭᠡ᠎ᠶ᠋ᠢᠨ  ᠪᠢᠴᠢᠯ ᠸᠢᠳᠢᠣ᠋ ᠵᠢ 60 ᠬᠤᠭᠤᠴᠠᠭ᠎ᠠ ᠦᠢᠯᠡᠳᠦᠨ ᠨᠡᠪᠲᠡᠷᠡᠭᠦᠯᠵᠦ᠂ ᠨᠡᠢᠳᠡ 91 ᠲᠦᠮᠡ ᠭᠠᠷᠤᠶ ᠬᠥᠮᠦᠨ ᠤᠳᠠᠭ᠎ᠠ᠎ᠳᠤ ᠠᠰᠢᠭ ᠬᠦᠷᠳᠡᠭᠡᠵᠡᠢ᠃  ᠤᠢᠯᠠᠭᠠᠬᠰᠠᠨ ᠵᠢᠡᠷ᠂ ᠡᠨᠡ ᠵᠢᠯ᠂ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ160 ᠲᠦᠮᠡᠨ ᠲᠥᠭᠥᠷᠢᠭ᠎ᠦᠨ ᠪᠠᠯᠠ ᠣᠷᠣᠭᠤᠯᠵᠤ᠂ 60 ᠵᠦᠢᠯ᠎ᠤᠨ《ᠪᠠᠭ᠍ᠪᠠᠭᠠᠶ ᠴᠡᠴᠡᠭ》 ᠡᠮᠡᠭ᠌ᠲᠡᠢᠴᠦᠳ ᠬᠡᠦᠬᠡᠳ᠎ᠦᠨ ᠡᠷᠬᠡ ᠠᠱᠢᠭ᠎ᠤᠨ ᠦᠢᠯᠡᠴᠢᠯᠡᠭᠡᠨ ᠎ᠤ ᠲᠥᠷᠥᠯ ᠵᠦᠶ᠋ᠯ᠎ᠢ ᠬᠡᠷᠡᠭ᠌ᠵᠢᠭᠦᠯᠵᠦ᠂  ᠡᠷᠬᠡ ᠠᠱᠢᠭ᠎ᠢᠶᠠᠨ ᠬᠠᠮᠠᠭᠠᠯᠠᠬᠤ  ᠬᠠᠢᠷ᠎ᠠ   ᠬᠠᠯᠠᠮᠵᠢ  ᠶ᠋ᠢ  ᠲᠦᠭ ᠲᠦᠮᠡᠨ ᠠᠢᠯ ᠡᠷᠦᠬᠡ᠎ᠳᠦ  ᠬᠥᠷᠬᠡᠬᠥ ᠪᠤᠯᠤᠨ᠎ᠠ ᠃

ᠲᠦᠷᠦᠭᠦᠬᠡᠨ᠂ 《 ᠪᠠᠭ᠍ᠪᠠᠭᠠᠶ ᠴᠡᠴᠡᠭ 》 ᠡᠮᠡᠭ᠌ᠲᠡᠢᠴᠦᠳ ᠬᠡᠸ᠋ᠬᠡᠳ᠎ᠦᠨ ᠡᠷᠬᠡ ᠠᠱᠢᠭ᠎ᠤᠨ ᠦᠶ᠋ᠯᠡᠴᠢᠯᠡᠭᠡᠨ᠎ᠦ ᠲᠥᠷᠥᠯ ᠵᠦᠶ᠋ᠯ  ᠵᠠᠰᠠᠭ᠎ᠤᠨ ᠣᠷᠳᠣᠨ᠎ᠤ ᠦᠶ᠋ᠯᠡᠴᠢᠯᠡᠭᠡ ᠬᠤᠳᠠᠯᠳᠤᠨ ᠠᠪᠬᠤ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ᠎ᠢᠶᠡᠷ ᠦᠨᠡᠯᠡᠭ᠌ᠳᠡᠵᠦ᠂ 80 ᠲᠦᠮᠡᠨ ᠲᠥᠭᠥᠷᠢᠭ ᠎ᠤᠨ ᠱᠠᠨᠭᠨᠠᠯ ᠬᠥᠷᠲᠡᠪᠡ ᠃ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ ᠵᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠡᠴᠡ᠄《ᠡᠨᠡ ᠨᠢ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠠᠴᠠ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠣᠷᠣᠭ ᠬᠡᠷ ᠪᠦᠯᠢ᠎ᠶ᠋ᠢᠨ ᠬᠦᠷᠢᠶᠡᠨ᠎ᠳᠡᠬᠢ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠡᠭᠦᠷᠭᠡ ᠴᠢᠳᠠᠪᠬᠢ ᠡᠬᠦᠷᠭᠡᠯᠡᠯ ᠬᠠᠷᠢᠭᠤᠴᠠᠯᠭ᠎ᠠ ᠵᠢ ᠭᠦᠶ᠋ᠴᠡᠳ ᠨᠤᠲᠠᠯᠠᠵᠤ ᠪᠠᠢᠬᠤ ᠵᠢ ᠬᠠᠷᠠᠭᠤᠯᠵᠤ ᠪᠠᠢᠬᠤ ᠪᠥᠭᠡᠳ ᠡᠮᠡᠭᠳᠡᠢᠴᠦᠳ ᠬᠡᠦᠭᠡᠳ᠎ᠤᠨ ᠡᠷᠭᠡ ᠠᠰᠢᠭ᠎ᠢ  ᠬᠠᠮᠠᠭᠠᠯᠠᠬᠤ ᠠᠵᠢᠯ᠎ᠢ  ᠪᠠᠢᠩᠭᠤ᠎ᠶ᠋ᠢᠨ ᠴᠢᠨᠠᠷᠲᠠᠶ ᠦᠨᠳᠦᠰᠦᠨ ᠱᠠᠲᠤᠨ᠎ᠳᠤ ᠨᠠᠢᠳᠠᠪᠤᠷᠢᠵᠢᠭᠤᠯᠬᠤ᠎ᠳᠤ ᠬᠦᠴᠦᠲᠡᠶ ᠪᠠᠲᠤᠯᠠᠭ᠎ᠠ ᠬᠠᠩᠭᠠᠭ᠍ᠰᠠᠨ ᠪᠠᠢᠨ᠎ᠠ᠃ ᠪᠢᠳᠡ᠂ ᠨᠠᠮ ᠵᠠᠰᠠᠭ᠎ᠤᠨ ᠡᠮᠡᠭᠳᠡᠢᠴᠦᠳ ᠬᠡᠦᠭᠡᠳ᠎ᠤᠨ ᠡᠷᠬᠡ᠎ᠠᠰᠢᠭ᠎ᠢ ᠬᠠᠮᠠᠭᠠᠯᠠᠬᠤ ᠤᠳᠤᠷᠢᠳᠤᠮᠵᠢ ᠲᠣᠭ᠍ᠲᠠᠴᠠ᠎ᠶ᠋ᠢᠨ ᠦᠢᠯᠡᠳᠦᠯ᠎ᠢ ᠰᠠᠢᠲᠤᠷ ᠪᠠᠳᠠᠷᠠᠭᠤᠯᠵᠤ᠂ ᠨᠡᠢᠭᠡᠮ᠎ᠦᠨ ᠵᠣᠬᠢᠶᠠᠨ ᠪᠠᠢᠭᠤᠯᠤᠯᠲᠠ᠎ᠶ᠋ᠢᠨ ᠡᠮᠡᠭ᠌ᠲᠡᠢᠴᠦᠳ ᠬᠡᠦᠬᠡᠳ ᠪᠠ ᠭᠡᠷ ᠪᠦᠯᠢ᠎ᠳᠦ ᠲᠤᠰᠭᠠᠢ ᠮᠡᠷᠭᠡᠵᠢᠯ᠎ᠦᠨ ᠬᠠᠯᠠᠮᠵᠢᠯᠠᠯ ᠳᠡᠮᠵᠢᠯᠭᠡ ᠬᠦᠷᠳᠡᠭᠡᠬᠦ᠎ᠶ᠋ᠢ  ᠳᠡᠮᠵᠢᠨ᠎ᠠ》ᠬᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号