ᠬᠢᠲᠠᠳ (ᠮᠣᠩᠭᠣᠯ) ᠡᠮ ᠡᠮᠨᠡᠯᠭᠡ ᠵᠢᠨ 《ᠡᠮ ᠡᠮᠨᠡᠯᠭᠡ᠎ᠵᠢᠨ ᠳᠠᠬᠢᠨ᠎ᠢᠶᠠᠷ ᠨᠡᠮᠡᠭ᠌ᠳᠡᠭᠦᠯᠬᠦ᠌ ᠲᠥᠯᠥᠪᠯᠡᠭᠡ》 ᠡᠬᠢᠯᠡᠪᠡ
2023-05-24 15:30:38
ᠵᠣᠬᠢᠶᠠᠭ᠍ᠴᠢ᠄
​ᠤᠷᠭᠤᠮᠠᠯ
ᠣᠩᠱᠢᠭ᠍ᠰᠠᠨ ᠣᠳᠠᠭ᠎ᠠ᠄
★★★☆☆

ᠦᠪᠡᠷᠳᠡᠭᠡᠨ ᠵᠠᠰᠠᠬᠤ ᠤᠷᠤᠨ ᠤ᠋ ᠡᠷᠡᠬᠦᠯ ᠬᠠᠮᠠᠭᠠᠯᠠᠯ ᠡᠷᠡᠬᠦᠯ ᠮᠡᠨᠳᠦ᠎ᠵᠢᠨ ᠵᠦᠪᠯᠡᠯ ᠡᠴᠡ ᠤᠢᠯᠠᠭᠠᠭᠰᠠᠨ᠎ᠵᠢᠡᠷ᠂ ᠪᠡᠭᠡᠵᠢᠩ ᠥᠪᠥᠷ ᠮᠣᠩᠭᠣᠯ ᠤ᠋ᠨ ᠬᠠᠮᠵᠢᠯᠴᠠᠭᠠᠨ ᠤ᠋ ᠬᠢᠳᠠᠳ (ᠮᠣᠩᠭᠣᠯ)ᠡᠮ ᠡᠮᠨᠡᠯᠭᠡ ᠵᠢᠨ 《ᠡᠮ ᠡᠮᠨᠡᠯᠭᠡ᠎ᠵᠢᠨ ᠳᠠᠬᠢᠨ᠎ᠢᠶᠠᠷ ᠨᠡᠮᠡᠭ᠌ᠳᠡᠭᠦᠯᠬᠦ᠌ ᠲᠥᠯᠥᠪᠯᠡᠭᠡ》 ᠡᠬᠢᠯᠡᠪᠡ᠃

ᠤᠢᠯᠠᠭᠠᠭᠰᠠᠨ᠎ᠵᠢᠡᠷ᠂ ᠮᠠᠨ ᠤ᠋ ᠣᠷᠣᠨ ᠭᠤᠷᠪᠠᠳᠤᠭᠠᠷ ᠳᠡᠰ ᠤ᠋ᠨ ᠡᠮᠨᠡᠯᠭᠡ ᠵᠢᠨ ᠬᠣᠷᠢᠶ᠎ᠠ ᠵᠢᠨ ᠲᠤᠰᠭᠠᠶ ᠰᠠᠯᠠᠭᠠᠨ ᠤ᠋ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠪᠡᠷ ᠭᠤᠤᠯᠳᠠᠯᠭ᠎ᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠦ᠍ ᠵᠢᠨ ᠵᠥᠪᠯᠡᠯ ᠬᠢᠭᠡᠳ ᠪᠡᠭᠡᠵᠢᠩ ᠬᠣᠲᠠ ᠵᠢᠨ ᠬᠢᠲᠠᠳ ᠡᠮᠨᠡᠯᠭᠡ ᠵᠢᠨ ᠬᠠᠮᠢᠶᠠᠷᠤᠯᠲᠠ ᠵᠢᠨ ᠲᠣᠪᠴᠢᠶ᠎ᠠ 《 ᠪᠡᠭᠡᠵᠢᠩ ᠦᠪᠦᠷ ᠮᠤᠩᠭᠤᠯ ᠤ᠋ᠨ ᠡᠷᠡᠭᠦᠯ ᠮᠡᠨᠳᠦ᠍ ᠵᠢᠨ ᠠᠵᠢᠯᠯᠠᠭ᠎ᠠ》 ᠵᠢᠨ ᠠᠭᠤᠯᠭ᠎ᠠ᠎ᠶ᠋ᠢ ᠬᠦᠨᠵᠡᠭᠡᠢᠷᠡᠬᠦᠯᠵᠦ᠂ ᠪᠡᠭᠡᠵᠢᠩ ᠥᠪᠥᠷ ᠮᠣᠩᠭᠣᠯ ᠤ᠋ᠨ ᠬᠠᠮᠵᠢᠯᠴᠠᠭᠠᠨ ᠤ᠋ ᠬᠢᠳᠠᠳ (ᠮᠣᠩᠭᠣᠯ)ᠡᠮ ᠡᠮᠨᠡᠯᠭᠡ ᠵᠢᠨ 《ᠡᠮ ᠡᠮᠨᠡᠯᠭᠡ᠎ᠵᠢᠨ ᠳᠠᠬᠢᠨ᠎ᠢᠶᠠᠷ ᠨᠡᠮᠡᠭ᠌ᠳᠡᠭᠦᠯᠬᠦ᠌ ᠲᠥᠯᠥᠪᠯᠡᠭᠡ》᠎ᠶ᠋ᠢ ᠡᠬᠢᠯᠡᠭᠦᠯᠦᠨ ᠬᠡᠷᠡᠭ᠌ᠵᠢᠭᠦᠯᠪᠡ᠃ ᠪᠡᠭᠡᠵᠢᠩ᠎ᠦᠨ ᠴᠢᠨᠠᠷ ᠰᠠᠢᠲᠠᠶ ᠬᠢᠲᠠᠳ ᠡᠮ ᠡᠮᠨᠡᠯᠭᠡ ᠵᠢᠨ ᠲᠤᠰᠭᠠᠶ ᠮᠡᠷᠭᠡᠵᠢᠯᠲᠡᠨ᠎ᠦ ᠪᠦᠯᠬᠦᠮ ᠵᠢᠡᠷ ᠴᠡᠭ ᠪᠣᠯᠭᠠᠵᠤ᠂ ᠮᠠᠨ ᠤ᠋ ᠣᠷᠣᠨ ᠤ᠋ ᠬᠢᠲᠠᠳ (ᠮᠣᠩᠭᠣᠯ)ᠡᠮ ᠡᠮᠨᠡᠯᠭᠡ ᠵᠢᠨ ᠭᠤᠤᠯᠳᠠᠯᠭ᠎ᠠ᠎ᠲᠠᠶ ᠲᠤᠰᠭᠠᠶ ᠰᠠᠯᠠᠭᠠᠨ ᠤ᠋ ᠱᠤᠭᠤᠮ᠎ᠢ ᠳᠠᠢᠴᠢᠯᠠᠨ᠂ ᠮᠠᠨ ᠤ᠋ ᠣᠷᠣᠨ ᠤ᠋ ᠬᠢᠲᠠᠳ (ᠮᠣᠩᠭᠣᠯ) ᠡᠮ ᠡᠮᠨᠡᠯᠭᠡ᠂ ᠡᠮᠴᠢᠯᠡᠭᠡ᠂ ᠱᠢᠨᠵᠢᠯᠡᠬᠦ᠌ ᠤᠬᠠᠭᠠᠨ ᠤ᠋ ᠰᠤᠳᠤᠯᠭᠠᠨ᠂ ᠵᠢᠭᠠᠨ ᠰᠤᠷᠭᠠᠯᠲᠠ ᠵᠢᠨ ᠦᠶ᠋ᠯᠡᠴᠢᠯᠡᠭᠡᠨ᠎ᠦ ᠲᠦᠪᠰᠢᠨ ᠢ᠋  ᠳᠡᠭᠡᠭ᠌ᠰᠢᠯᠡᠭᠦᠯᠬᠦ᠌ ᠪᠡᠷ ᠲᠥᠯᠥᠪᠯᠡᠵᠦ᠍᠂ ᠮᠠᠨ ᠤ᠋ ᠣᠷᠣᠨ ᠤ᠋ ᠴᠢᠨᠠᠷ ᠰᠠᠢᠲᠠᠶ ᠥᠨᠳᠥᠷ  ᠪᠦᠲᠦᠮᠵᠢᠲᠡᠶ ᠡᠮᠴᠢᠯᠡᠭᠡᠨ᠎ᠦ ᠦᠶ᠋ᠯᠡᠴᠢᠯᠡᠭᠡᠨ᠎ᠦ ᠱᠢᠰᠲ᠋ᠧᠮ᠎ᠢ ᠲᠦᠷᠭᠡᠳᠭᠡᠨ ᠪᠠᠢᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ᠍ ᠵᠢᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠥᠨ᠎ᠠ᠃ ᠡᠭᠦᠨ᠎ᠦ ᠬᠠᠮᠲᠤ᠂ ᠥᠪᠡᠷᠲᠡᠭᠡᠨ ᠵᠠᠰᠠᠬᠤ ᠣᠷᠣᠨ ᠤ᠋ ᠡᠷᠡᠭᠦᠯ ᠬᠠᠮᠠᠭᠠᠯᠠᠯ  ᠡᠷᠡᠭᠦᠯ ᠮᠡᠨᠳᠦ᠍ ᠵᠢᠨ ᠵᠥᠪᠯᠡᠯ ᠡᠴᠡ ᠪᠡᠭᠡᠵᠢᠩ ᠥᠪᠥᠷ ᠮᠣᠩᠭᠣᠯ ᠤ᠋ᠨ ᠬᠠᠮᠵᠢᠯᠴᠠᠭᠠᠨ ᠤ᠋ 《ᠡᠮ ᠡᠮᠨᠡᠯᠭᠡ᠎ᠵᠢᠨ ᠳᠠᠬᠢᠨ᠎ᠢᠶᠠᠷ ᠨᠡᠮᠡᠭ᠌ᠳᠡᠭᠦᠯᠬᠦ᠌ ᠲᠥᠯᠥᠪᠯᠡᠭᠡ》 ᠪᠠ 《ᠪᠡᠭᠡᠵᠢᠩ ᠦᠪᠦᠷ ᠮᠤᠩᠭᠤᠯ᠎ᠦᠨ ᠡᠷᠡᠭᠦᠯ ᠮᠡᠨᠳᠦ᠍ ᠵᠢᠨ ᠠᠵᠢᠯᠯᠠᠭ᠎ᠠ》ᠵᠢᠨ ᠠᠭᠤᠯᠭ᠎ᠠ᠎ᠶ᠋ᠢ ᠨᠢᠭᠡᠳᠦᠯᠲᠡᠶ  ᠲᠥᠯᠥᠪᠵᠢᠭᠦᠯᠵᠦ᠍᠂ ᠳᠠᠪᠠᠭᠤᠯᠢᠭ᠎ᠢᠶᠠᠨ ᠪᠠᠳᠠᠷᠠᠭᠤᠯᠬᠤ᠂ ᠤᠷᠤᠨ ᠪᠠᠢᠷᠢ ᠰᠤᠯᠪᠢᠴᠢᠨ ᠬᠦᠭᠵᠢᠬᠦ ᠰᠡᠳᠬᠢᠴᠡ ᠶᠣᠰᠣᠭᠠᠷ᠂ ᠮᠠᠨ ᠤ᠋ ᠣᠷᠣᠨ ᠤ᠋ ᠬᠢᠲᠠᠳ (ᠮᠣᠩᠭᠣᠯ) ᠡᠮ ᠡᠮᠨᠡᠯᠭᠡ᠂ ᠱᠢᠨᠵᠢᠯᠡᠬᠦ᠌ ᠤᠬᠠᠭᠠᠨ ᠤ᠋ ᠰᠤᠳᠤᠯᠭᠠᠨ᠂ ᠵᠢᠭᠠᠨ ᠰᠤᠷᠭᠠᠯᠲᠠ ᠵᠢᠨ ᠦᠶ᠋ᠯᠡᠴᠢᠯᠡᠭᠡᠨ᠎ᠦ ᠴᠢᠳᠠᠪᠤᠷᠢ ᠪᠠ  ᠲᠦᠪᠱᠢᠨ᠎ᠢ  ᠪᠥᠬᠥ᠌  ᠲᠠᠯ᠎ᠠ᠎ᠪᠠᠷ  ᠳᠠᠢᠴᠢᠯᠠᠨ ᠳᠡᠭᠡᠭ᠌ᠰᠢᠯᠡᠭᠦᠯᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号